ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ
2025-11-30 13:12:24
ᠵᠣᠬᠢᠶᠠᠭ᠍ᠴᠢ᠄
ᠪᠠᠢ ᠯᠢᠶᠠᠨ ᠵᠤᠤ ᠰᠢ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 27 ᠡᠴᠡ 28᠎ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃

ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠤᠬᠠᠭᠤᠯᠬᠤ ᠬᠡᠯᠲᠡᠰ᠎ᠦᠨ ᠪᠠᠢᠩᠭᠤ᠎ᠶ᠋ᠢᠨ ᠳᠡᠳ᠋ ᠳᠠᠷᠤᠭ᠎ᠠ᠂ ᠰᠣᠨᠢᠨ ᠮᠡᠳᠡᠭᠡ ᠬᠡᠪᠯᠡᠯ᠎ᠦᠨ ᠲᠣᠪᠴᠢᠶ᠎ᠠ (ᠬᠡᠪᠯᠡᠯ᠎ᠦᠨ ᠡᠷᠬᠡ᠎ᠶ᠋ᠢᠨ ᠲᠣᠪᠴᠢᠶ᠎ᠠ) ᠶ᠋ᠢᠨ ᠳᠠᠷᠤᠭ᠎ᠠ ᠹᠦ᠋ ᠯᠸᠢ ᠶᠡᠷᠦᠩᠬᠡᠶ ᠱᠦᠵᠢ ᠰᠢ ᠵᠢᠨ ᠫᠢᠩ᠎ᠦᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠪᠥᠬᠥᠳᠡ ᠬᠤᠷᠠᠯ᠎ᠡᠴᠡ ᠪᠠᠲᠤᠯᠠᠭ᠍ᠰᠠᠨ 《ᠰᠠᠨᠠᠭᠤᠯᠭ᠎ᠠ》᠎ᠳ᠋ᠤ ᠠᠩᠬᠠᠷᠤᠯ᠎ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠶ ᠤᠶᠠᠯᠳᠤᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠯᠤᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠭᠦᠨᠵᠡᠭᠡᠶ ᠣᠢᠯᠠᠭᠠᠵᠤ ᠡᠵᠡᠮᠱᠢᠬᠦ᠌᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠠᠬᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠲᠤᠬᠠᠢ ᠨᠠᠮ᠎ᠤᠨ ᠲᠥᠪ ᠬᠣᠷᠢᠶ᠎ᠠ᠎ᠶᠢᠨ ᠦᠨᠳᠦᠰᠦᠨ ᠮᠠᠭᠠᠳᠯᠠᠯᠲᠠ᠎ᠶ᠋ᠢ ᠭᠦᠨᠵᠡᠭᠡᠢ ᠲᠠᠨᠢᠬᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠠᠯ᠎ᠠ᠎ᠪᠠᠷ᠂ ᠪᠠᠭ᠍ᠰᠢ ᠰᠤᠷᠤᠭ᠍ᠴᠢ᠎ᠶ᠋ᠢᠨ ᠠᠵᠢᠯ ᠰᠤᠷᠤᠯᠴᠠᠯᠭ᠎ᠠ᠎ᠶ᠋ᠢᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠪᠦᠬᠦ᠌ ᠲᠠᠯ᠎ᠠ᠎ᠪᠠᠷ ᠲᠣᠳᠣᠷᠬᠠᠢᠯᠠᠨ ᠥᠭᠦᠯᠡᠭ᠌ᠰᠡᠨ ᠪᠥᠭᠡᠳ ᠠᠮᠢᠳᠤᠯᠢᠭ᠎ᠢᠶᠠᠷ ᠲᠠᠢᠯᠪᠤᠷᠢᠯᠠᠪᠠ᠃

ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠳᠡᠳ᠋ ᠫᠷᠤᠹᠧᠰᠰᠤᠷ ᠮᠠ ᠯᠢ᠄ 《ᠮᠡᠳᠡᠭᠦᠯᠦᠯᠲᠡ᠎ᠶ᠋ᠢᠨ ᠬᠤᠷᠠᠯ᠎ᠨᠢ ᠲᠤᠢᠯ᠎ᠤᠨ ᠣᠨᠣᠪᠴᠢᠲᠠᠶ ᠪᠥᠭᠡᠳ ᠭᠦᠨᠵᠡᠭᠡᠶ ᠪᠠᠢᠵᠤ᠂ ᠪᠢᠳᠡᠨ᠎ᠦ ᠲᠠᠷᠠᠭᠠᠴᠢ᠎ᠶ᠋ᠢᠨ ᠤᠬᠠᠭᠤᠯᠤᠨ ᠲᠠᠢᠯᠪᠤᠷᠢᠯᠠᠬᠤ ᠪᠠ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠵᠢᠭᠠᠨ ᠰᠤᠷᠭᠠᠯᠲᠠ᠎ᠶ᠋ᠢᠨ ᠱᠢᠨ᠎ᠡ ᠰᠠᠪᠠᠬᠦᠨ ᠪᠣᠷᠣ ᠮᠠᠲ᠋ᠧᠷᠢᠶᠠᠯ ᠪᠣᠯᠵᠠᠢ᠃ ᠪᠢ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠵᠠᠯᠠᠭᠤ ᠰᠤᠷᠤᠭ᠍ᠴᠢᠳ᠎ᠤᠨ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ ᠪᠠ ᠦᠢᠯᠡ ᠠᠵᠢᠯᠯᠠᠭ᠎ᠠ᠎ᠶ᠋ᠢᠨ ᠤᠬᠠᠮᠰᠠᠷ ᠪᠣᠯᠭᠠᠨ ᠬᠤᠪᠢᠷᠠᠭᠤᠯᠬᠤ᠎ᠶ᠋ᠢ ᠴᠢᠷᠮᠠᠢᠨ ᠠᠬᠢᠭᠤᠯᠵᠤ᠂ ᠬᠠᠮᠲᠤ ᠰᠤᠷᠤᠭ᠍ᠴᠢᠳ᠎ᠤᠨ ᠴᠠᠭ ᠦᠶ᠎ᠡ᠎ᠶ᠋ᠢᠨ ᠬᠡᠷᠡᠭ᠌ᠴᠡᠭᠡ᠎ᠶ᠋ᠢ ᠣᠢᠯᠠᠭᠠᠵᠤ᠂ ᠬᠦᠰᠡᠯᠡᠩ ᠢᠲᠡᠭᠡᠯ ᠪᠢᠰᠢᠷᠠᠯ᠎ᠢᠶᠠᠨ ᠪᠠᠲᠤᠳᠭᠠᠨ᠂ ᠴᠠᠭᠠᠷᠠᠭ᠍ᠰᠠᠨ ᠡᠷᠳᠡᠮ ᠴᠢᠳᠠᠪᠤᠷᠢ᠎ᠶ᠋ᠢ ᠳᠠᠪᠲᠠᠨ ᠪᠣᠯᠪᠠᠰᠤᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠲᠦᠯᠦᠨ ᠵᠢᠯᠣᠭᠣᠳᠤᠨ᠎ᠠ》 ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠭᠤᠤ ᠯᠢ ᠫᠢᠩ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠳᠤᠮᠳᠠᠬᠢ ᠴᠢᠬᠤᠯᠠ ᠪᠠᠢᠷᠢ ᠰᠠᠭᠤᠷᠢ᠎ᠶ᠋ᠢ ᠣᠨᠣᠪᠴᠢᠲᠠᠢ ᠡᠵᠡᠮᠳᠡᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ᠂ ᠭᠣᠣᠯ ᠬᠠᠷᠠᠯᠲᠠ᠂ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠭᠦᠨᠵᠡᠭᠡᠢ ᠣᠢᠯᠠᠭᠠᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠠᠯ᠎ᠠ᠎ᠪᠠᠷ ᠤᠬᠠᠭᠤᠯᠤᠨ ᠲᠠᠢᠯᠪᠤᠷᠢᠯᠠᠪᠠ᠃

ᠥᠪᠥᠷ ᠮᠣᠩᠭᠣᠯ᠎ᠤᠨ ᠡᠮᠡᠭ᠌ᠲᠡᠢᠴᠦᠳ᠎ᠦᠨ ᠵᠠᠭᠤᠴᠢᠯᠠᠭᠤᠷ᠎ᠤᠨ ᠰᠦᠯᠵᠢᠶᠡᠨ᠎ᠦ ᠠᠵᠢᠯ᠎ᠤᠨ ᠲᠥᠪ᠎ᠦᠨ ᠳᠡᠳ᠋ ᠡᠷᠬᠢᠯᠡᠭ᠌ᠴᠢ ᠬᠠᠨ ᠰᠠᠷᠠᠨ᠎ᠠ᠄《ᠤᠬᠠᠭᠤᠯᠤᠨ ᠲᠠᠢᠯᠪᠤᠷᠢᠯᠠᠭᠰᠠᠨ᠎ᠨᠢ ᠣᠨᠣᠯ᠎ᠤᠨ ᠦᠨᠳᠦᠷᠴᠡ᠎ᠲᠠᠢ ᠪᠥᠭᠡᠳ ᠦᠶ᠋ᠯᠡᠳᠦᠯᠭᠡ᠎ᠶ᠋ᠢᠨ ᠭᠦᠨᠴᠡ᠎ᠲᠡᠶ ᠪᠠᠢᠵᠤ᠂ ᠪᠢᠳᠡᠨ᠎ᠦ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠭᠤᠰᠤᠯᠴᠠᠭᠤᠯᠤᠨ ᠲᠤᠭᠤᠱᠢᠯᠠᠭᠤᠯᠬᠤ᠎ᠳᠤ ᠬᠦᠴᠦᠲᠡᠶ ᠵᠢᠯᠣᠭᠣᠳᠣᠯᠭ᠎ᠠ ᠬᠠᠩᠭᠠᠪᠠ᠃ ᠪᠢ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠡᠮᠡᠭ᠌ᠲᠡᠢᠴᠦᠳ ᠬᠡᠦᠬᠡᠳ᠎ᠦᠨ ᠦᠢᠯᠡᠰ ᠪᠣᠯᠤᠨ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠠᠭᠤᠰᠤᠯᠴᠠᠭᠤᠯᠵᠦ᠍᠂ 〈ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠰᠦᠭ ᠰᠦᠨᠡᠰᠦ᠎ᠶ᠋ᠢ ᠱᠤᠭᠤᠬᠤ ᠬᠦᠳᠦᠯᠦᠨ ᠳᠠᠭᠠᠭᠤᠯᠬᠤ ᠢᠨᠵᠧᠨᠧᠷᠢᠩ〉 ᠢ᠋ ᠭᠦᠨᠵᠡᠭᠡᠢᠷᠡᠭᠦᠯᠵᠦ᠍᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ᠎ᠶᠢᠨ ᠤᠬᠠᠭᠤᠯᠭ᠎ᠠ᠎ᠶ᠋ᠢᠨ ᠰᠠᠭᠤᠷᠢᠨ᠎ᠢ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠵᠦ᠍᠂ ᠤᠯᠠᠨ ᠡᠱᠢᠵᠢᠭ᠌ᠰᠡᠨ ᠤᠬᠠᠭᠤᠯᠭ᠎ᠠ ᠪᠣᠯᠤᠨ ᠪᠣᠰᠣᠭ᠎ᠠ ᠴᠣᠭ᠍ᠴᠠᠲᠤ ᠲᠠᠢᠯᠪᠤᠷᠢᠯᠠᠯᠲᠠ᠎ᠪᠠᠷ ᠳᠠᠮᠵᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠪᠠᠷ ᠡᠮᠡᠭ᠌ᠲᠡᠢᠴᠦᠳ᠎ᠦᠨ ᠦᠵᠡᠯ ᠰᠠᠨᠠᠭ᠎ᠠ᠎ᠶ᠋ᠢ ᠨᠡᠩ ᠰᠠᠢᠲᠤᠷ ᠬᠦᠳᠦᠯᠦᠨ ᠳᠠᠭᠠᠭᠤᠯᠵᠤ᠂ ᠭᠡᠷ ᠪᠦᠯᠢ᠎ᠶ᠋ᠢᠨ ᠠᠮᠢᠳᠤᠷᠠᠯ᠎ᠳᠤ ᠠᠭᠤᠰᠤᠯᠴᠠᠭᠤᠯᠤᠨ᠎ᠠ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号