ᠡᠨᠡ ᠬᠡᠳᠦᠨ ᠡᠳᠦᠷ᠂ ᠬᠥᠯᠥᠨ ᠪᠣᠶ᠋ᠢᠷ ᠬᠣᠲᠠ᠎ᠶᠢᠨ ᠴᠢᠬᠤᠯᠠ ᠶᠡᠬᠡ ᠲᠥᠷᠥᠯ ᠵᠦᠢᠯ᠎ᠢ ᠬᠠᠮᠲᠤᠷᠠᠨ ᠬᠢᠨᠠᠵᠤ ᠵᠥᠪᠰᠢᠶᠡᠷᠡᠬᠦ ᠠᠵᠢᠯ᠎ᠤᠨ ᠲᠣᠭᠲᠠᠴᠠ᠎ᠶᠢᠨ ᠠᠯᠪᠠᠨ ᠭᠡᠷ᠎ᠦᠨ ᠨᠡᠢᠲᠡᠯᠡᠭᠰᠡᠨ 《ᠪᠡᠯᠡ ᠣᠷᠣᠭᠤᠯᠤᠯᠲᠠ᠎ᠶᠢᠨ ᠲᠥᠷᠥᠯ ᠵᠦᠢᠯ᠎ᠦᠨ ᠡᠮᠦᠨᠡᠬᠢ ᠬᠤᠭᠤᠴᠠᠭᠠᠨ᠎ᠤ ᠭᠠᠷᠳᠠᠮ᠎ᠢ ᠬᠢᠨᠠᠨ ᠵᠥᠪᠰᠢᠶᠡᠷᠡᠵᠦ ᠭᠦᠢᠴᠡᠳᠬᠡᠬᠦ 〈ᠲᠦᠭᠵᠢᠷᠡᠯ〉᠂ 〈ᠰᠠᠭᠠᠳ ᠳᠠᠢ〉 ᠠᠰᠠᠭᠤᠳᠠᠯ ᠢ᠋ ᠢᠯᠡ ᠪᠡᠷ ᠴᠤᠬᠯᠠᠭᠤᠯᠬᠤ ᠲᠤᠬᠠᠢ ᠠᠯᠪᠠᠨ ᠵᠠᠷ》 ᠣᠯᠠᠨ᠎ᠤ ᠠᠩᠬᠠᠷᠤᠯ᠎ᠢ ᠳᠠᠳᠠᠪᠠ᠃ ᠬᠥᠯᠥᠨ ᠪᠣᠶ᠋ᠢᠷ ᠬᠣᠲᠠ᠎ᠶᠢᠨ ᠬᠡᠪᠴᠢᠶᠡᠨ᠎ᠳᠦ ᠲᠦᠷᠦᠯ ᠵᠦᠢᠯ᠎ᠳᠤ ᠪᠡᠯᠡ ᠤᠷᠤᠭᠤᠯᠤᠬᠰᠠᠨ ᠡᠯ᠎ᠡ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠵᠢᠴᠢ ᠪᠥᠬᠥ ᠬᠣᠲᠠ᠎ᠶᠢᠨ ᠡᠯ᠎ᠡ ᠱᠠᠲᠤᠨ᠎ᠤ ᠠᠵᠢᠯ ᠲᠥᠷᠥᠯ᠎ᠦᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷᠲᠸ᠋ ᠬᠠᠨᠳᠤᠭᠤᠯᠤᠨ ᠠᠰᠠᠭᠤᠲᠠᠯ ᠢ᠋ ᠴᠤᠬᠯᠠᠭᠤᠯᠵᠦ᠂ ᠴᠤᠬᠯᠠᠭᠤᠯᠬᠤ ᠠᠭᠤᠯᠭ᠎ᠠ ᠨᠢ ᠲᠥᠷᠥ᠎ᠶᠢᠨ ᠪᠣᠳᠣᠯᠭ᠎ᠠ᠂ ᠠᠵᠢᠯ᠎ᠤᠨ ᠲᠡᠰ ᠲᠠᠷᠠᠭᠠᠯᠠᠯ᠂ ᠴᠢᠬᠤᠯᠠ ᠨᠥᠬᠥᠴᠡᠯ᠂ ᠱᠠᠭᠠᠷᠳᠠᠯᠭ᠎ᠠ ᠵᠡᠷᠭᠡ ᠨᠢ ᠲᠣᠳᠣᠷᠬᠠᠢ ᠪᠤᠰᠤ᠂ ᠲᠣᠪᠴᠢ ᠠᠪᠰᠠᠷᠬᠠᠨ ᠪᠢᠰᠢ᠂ ᠢᠯᠠᠩᠭᠤᠶ᠎ᠠ ᠠᠳᠠᠯᠢ ᠪᠤᠰᠤ ᠰᠠᠯᠠᠭ᠎ᠠ ᠮᠥᠴᠢᠷ ᠪᠤᠶᠤ ᠵᠠᠩᠭᠢᠯᠠᠭ᠎ᠠ᠎ᠶᠢᠨ ᠱᠠᠭᠠᠷᠳᠠᠯᠭ᠎ᠠ ᠬᠠᠷᠢᠯᠴᠠᠨ ᠵᠥᠷᠢᠴᠡᠯᠳᠦᠭᠰᠡᠨ ᠠᠰᠠᠭᠤᠳᠠᠯ ᠵᠡᠷᠭᠡ ᠪᠣᠯᠣᠨ᠎ᠠ ᠃
ᠣᠢᠯᠠᠭᠠᠭᠰᠠᠨ᠎ᠢᠶᠠᠷ᠂ ᠴᠢᠬᠤᠯᠠ ᠶᠡᠬᠡ ᠲᠥᠷᠥᠯ ᠵᠦᠢᠯ᠎ᠢ ᠬᠠᠮᠲᠤᠷᠠᠨ ᠬᠢᠨᠠᠵᠤ ᠵᠥᠪᠰᠢᠶᠡᠷᠡᠬᠦ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ 《ᠳᠤᠲᠠᠭᠤ᠎ᠶᠢ ᠪᠠᠭᠲᠠᠭᠠᠵᠤ ᠭᠥᠯᠢᠶᠡᠨ ᠠᠪᠴᠤ ᠰᠢᠢᠳᠪᠦᠷᠢᠯᠡᠬᠦ᠂ ᠬᠠᠮᠲᠤᠷᠠᠨ ᠬᠢᠨᠠᠵᠦ ᠵᠥᠪᠰᠢᠶᠡᠷᠡᠬᠦ》 ᠵᠢ ᠪᠥᠬᠥ ᠲᠠᠯ᠎ᠠ᠎ᠪᠠᠷ ᠠᠬᠢᠭᠤᠯᠬᠤ᠎ᠶᠢᠨ ᠲᠥᠯᠥᠭᠡ᠂ ᠬᠥᠯᠥᠨ ᠪᠣᠶ᠋ᠢᠷ ᠬᠣᠲᠠ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠵᠦ᠂ ᠠᠯᠢ ᠣᠯᠠᠨ ᠠᠵᠢᠯᠯᠠᠭ᠎ᠠ᠎ᠶᠢ ᠦᠳᠲᠡᠷ ᠲᠦᠷᠭᠡᠨ ᠬᠡᠷᠡᠭᠵᠢᠭᠦᠯᠦᠭᠰᠡᠨ ᠪᠠᠢᠨ᠎ᠠ᠃
ᠬᠥᠯᠥᠨ ᠪᠣᠶ᠋ᠢᠷ ᠬᠣᠲᠠ᠎ᠶᠢᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠵᠠᠰᠠᠭ᠎ᠤᠨ ᠶᠠᠪᠤᠲᠠᠯ᠎ᠤᠨ ᠦᠢᠯᠡᠴᠢᠯᠡᠭᠡ ᠪᠠ ᠳ᠋ᠠᠢᠲ᠋ᠠ ᠢ᠋ᠢᠨ ᠬᠠᠮᠢᠶᠠᠷᠤᠯᠲᠠ ᠢ᠋ᠢᠨ ᠲᠤᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠢ᠋ᠢᠨ ᠲᠤᠪᠴᠢᠶ᠎ᠠ᠂ ᠣᠷᠣᠨ ᠰᠠᠭᠤᠴᠠ ᠪᠠ ᠬᠤᠲᠠ ᠬᠦᠲᠡᠭᠡ ᠢ᠋ᠢᠨ ᠪᠦᠲᠦᠭᠡᠨ ᠪᠠᠢᠭᠤᠯᠤᠯᠲᠠ ᠢ᠋ᠢᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠤᠪᠴᠢᠶ᠎ᠠ᠂ ᠤᠰᠤᠨ ᠠᠰᠢᠭ᠍ᠯᠠᠯᠲᠠ ᠢ᠋ᠢᠨ ᠲᠤᠪᠴᠢᠶ᠎ᠠ᠂ ᠡᠨᠧᠷᠭᠢ ᠢ᠋ᠢᠨ ᠲᠤᠪᠴᠢᠶ᠎ᠠ᠂ ᠣᠶ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠸᠯᠸᠢᠰ᠎ᠤᠨ ᠲᠣᠪᠴᠢᠶ᠎ᠠ ᠵᠡᠷᠭᠡ 11 ᠰᠠᠯᠠᠭ᠎ᠠ ᠮᠥᠴᠢᠷ᠎ᠦᠨ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠬᠦᠴᠦᠨ᠎ᠢ ᠢᠳᠡᠪᠬᠢᠲᠡᠢ ᠵᠣᠬᠢᠴᠠᠭᠤᠯᠵᠤ ᠬᠠᠮᠲᠤᠷᠠᠨ ᠬᠢᠨᠠᠵᠤ ᠵᠥᠪᠰᠢᠶᠡᠷᠡᠬᠦ ᠲᠤᠰᠬᠠᠢ ᠠᠵᠢᠯ᠎ᠤᠨ ᠳᠤᠭᠤᠢᠯᠠᠩ᠎ᠢ ᠪᠦᠷᠢᠯᠳᠦᠭᠦᠯᠵᠦ᠂ 11 ᠰᠠᠷ᠎ᠠ᠎ᠶᠢᠨ 6 ᠤ᠋ ᠡᠳᠦᠷ ᠬᠣᠲᠠ᠎ᠶᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠢᠩᠬᠢᠮ᠎ᠳᠦ ᠰᠠᠭᠤᠵᠦ ᠲᠥᠪᠯᠡᠷᠡᠨ ᠠᠵᠢᠯᠯᠠᠵᠤ᠂ ᠬᠣᠲᠠ᠎ᠶᠢᠨ ᠱᠠᠲᠤᠨ᠎ᠤ ᠴᠢᠬᠤᠯᠠ ᠶᠡᠬᠡ ᠲᠥᠷᠥᠯ ᠵᠦᠢᠯ᠎ᠢ ᠬᠠᠮᠲᠤᠷᠠᠨ ᠬᠢᠨᠠᠵᠤ ᠵᠥᠪᠰᠢᠶᠡᠷᠡᠬᠦ ᠪᠣᠳᠠᠲᠤ ᠴᠣᠭᠴᠠ ᠵᠢᠨ ᠠᠵᠢᠯᠯᠠᠭ᠎ᠠ᠎ᠨᠢ ᠵᠢᠩᠬᠢᠨᠢ᠎ᠪᠡᠷ ᠡᠬᠢᠯᠡᠭᠦᠯᠪᠡ᠃ ᠲᠣᠰ ᠡᠳᠦᠷ᠎ᠲᠦ᠂ ᠳᠤᠭᠤᠢᠯᠠᠩ᠎ᠤᠨ ᠳᠣᠲᠣᠷᠠᠬᠢ ᠬᠥᠮᠥᠰ᠎ᠲᠦ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠵᠦ᠂ ᠬᠠᠮᠲᠤᠷᠠᠨ ᠬᠢᠨᠠᠵᠤ ᠵᠥᠪᠰᠢᠶᠡᠷᠡᠬᠦ ᠠᠵᠢᠯ᠎ᠤᠨ ᠲᠡᠰ ᠲᠠᠷᠠᠭᠠᠯᠠᠯ᠂ ᠬᠢᠨᠠᠨ ᠵᠥᠪᠰᠢᠶᠡᠷᠡᠬᠦ ᠵᠦᠢᠯᠡᠰ᠎ᠦᠨ ᠨᠠᠷᠢᠨ ᠲᠠᠩᠰᠠ ᠵᠢᠴᠢ ᠬᠠᠮᠲᠤᠷᠠᠨ ᠠᠵᠢᠯᠯᠠᠬᠤ ᠲᠣᠭᠲᠠᠴᠠ᠎ᠶᠢ ᠭᠣᠣᠯᠳᠠᠯᠭ᠎ᠠ᠎ᠲᠠᠢ ᠲᠠᠢᠯᠪᠤᠷᠢᠯᠠᠵᠤ᠂ ᠡᠯ᠎ᠡ ᠭᠣᠭᠴᠣᠭ᠎ᠠ᠎ᠶᠢ ᠵᠠᠪᠰᠠᠷ ᠦᠭᠡᠢ ᠵᠣᠯᠭᠠᠭᠤᠯᠬᠤ᠎ᠶᠢ ᠦᠨᠡᠨ ᠬᠦ᠌ ᠪᠠᠲᠤᠯᠠᠵᠦ ᠪᠠᠢᠨ᠎ᠠ᠃
ᠡᠭᠦᠨ᠎ᠦ ᠬᠠᠮᠲᠤ ᠬᠥᠯᠥᠨ ᠪᠣᠶ᠋ᠢᠷ ᠬᠣᠲᠠ᠎ᠶᠢᠨ ᠠᠵᠢᠯ᠎ᠤᠨ ᠲᠣᠭᠲᠠᠴᠠ᠎ᠶᠢᠨ ᠪᠣᠳᠠᠲᠤ ᠪᠠᠢᠳᠠᠯ᠎ᠲᠠᠢ ᠪᠠᠨ ᠤᠶᠠᠯᠳᠤᠭᠤᠯᠤᠨ᠂ ᠲᠣᠰ ᠲᠣᠰ ᠬᠢᠨᠠᠨ ᠵᠥᠪᠰᠢᠶᠡᠷᠡᠬᠦ ᠲᠠᠰ ᠳᠠᠪᠬᠤᠷᠭ᠎ᠠ ᠪᠠ ᠬᠢᠨᠠᠨ ᠵᠥᠪᠰᠢᠶᠡᠷᠡᠬᠦ ᠵᠦᠢᠯᠡᠰ ᠬᠣᠶᠠᠷ ᠲᠠᠯ᠎ᠠ ᠠ᠋ᠴᠠ 2 ᠲᠥᠷᠥᠯ᠎ᠦᠨ 11 ᠬᠢᠨᠠᠨ ᠵᠥᠪᠰᠢᠶᠡᠷᠡᠬᠦ ᠡᠬᠡ ᠲᠠᠩᠰᠠ᠎ᠶᠢ ᠰᠠᠯᠭᠠᠨ ᠲᠣᠭᠲᠠᠭᠠᠵᠤ᠂ ᠬᠥᠨᠳᠡᠯᠡᠨ ᠭᠤᠯᠳᠤ ᠴᠢᠭᠯᠡᠯ᠎ᠢᠶᠡᠷ ᠪᠦᠬᠦᠨ᠎ᠢ ᠬᠠᠮᠤᠷᠤᠭᠰᠠᠨ ᠬᠢᠨᠠᠨ ᠵᠥᠪᠰᠢᠶᠡᠷᠡᠬᠦ ᠵᠦᠢᠯᠡᠰ᠎ᠦᠨ ᠬᠠᠮᠢᠶᠠᠷᠤᠯᠲᠠ᠎ᠶᠢ ᠦᠨᠡᠨ ᠬᠦ᠌ ᠪᠠᠲᠤᠯᠠᠵᠤ᠂ ᠲᠥᠷᠥᠯ ᠵᠦᠢᠯ᠎ᠢ ᠬᠢᠨᠠᠨ ᠵᠥᠪᠰᠢᠶᠡᠷᠡᠬᠦ ᠪᠥᠬᠥ ᠶᠠᠪᠤᠴᠠ᠎ᠶᠢ ᠬᠥᠳᠡᠯᠦᠩᠭᠦᠢ᠎ᠪᠡᠷ ᠮᠥᠷᠳᠡᠬᠦ ᠪᠠ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠪᠡ᠃
ᠡᠭᠦᠨ᠎ᠡᠴᠡ ᠭᠠᠳᠠᠨ᠎ᠠ᠂ ᠬᠥᠯᠥᠨ ᠪᠣᠶ᠋ᠢᠷ ᠬᠣᠲᠠ ᠪᠠᠰᠠ ᠡᠷᠲᠡ᠎ᠡᠴᠡ ᠠᠮᠵᠢᠨ ᠠᠳᠬᠤᠵᠤ᠂ ᠳᠠᠷᠠᠭ᠎ᠠ ᠵᠢᠯ᠎ᠦᠨ ᠰᠢᠨ᠎ᠡ᠎ᠪᠡᠷ ᠪᠠᠷᠢᠯᠭ᠎ᠠ ᠡᠬᠢᠯᠡᠭᠦᠯᠬᠦ᠎ᠪᠡᠷ ᠪᠠᠢᠭ᠎ᠠ ᠴᠢᠬᠤᠯᠠ ᠶᠡᠬᠡ ᠲᠥᠷᠥᠯ ᠵᠦᠢᠯ᠎ᠢ ᠤᠷᠢᠳᠴᠢᠯᠠᠨ ᠲᠣᠭᠲᠠᠭᠠᠵᠤ᠂ ᠡᠭᠦᠨ᠎ᠳᠦ ᠬᠣᠲᠠ᠎ᠶᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠬᠢᠭᠤᠯᠤᠭᠰᠠᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭ᠍ᠯᠠᠯᠲᠠ᠂ ᠬᠢᠯᠢ ᠢ᠋ᠢᠨ ᠪᠣᠭᠣᠮᠲᠠ᠂ ᠠᠵᠤ ᠦᠢᠯᠡᠳᠪᠦᠷᠢ ᠵᠡᠷᠭᠡ ᠬᠦᠷᠢᠶᠡᠨ᠎ᠳᠡᠬᠢ ᠴᠢᠬᠤᠯᠠ ᠶᠡᠬᠡ ᠲᠥᠷᠥᠯ ᠵᠦᠢᠯ ᠪᠠ ᠭᠣᠣᠯᠳᠠᠯᠭ᠎ᠠ᠎ᠲᠠᠢ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠲᠥᠷᠥᠯ ᠵᠦᠢᠯ ᠵᠢᠴᠢ ᠲᠣᠭᠲᠠᠭᠠᠭᠰᠠᠨ ᠪᠥᠬᠥ ᠬᠣᠲᠠ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠥᠬᠥ ᠲᠠᠯ᠎ᠠ᠎ᠳᠤ ᠬᠣᠯᠪᠣᠭᠳᠠᠬᠤ ᠭᠣᠣᠯᠳᠠᠯᠭ᠎ᠠ᠎ᠲᠠᠢ ᠲᠥᠷᠥᠯ ᠵᠦᠢᠯ᠎ᠦᠨ ᠳᠣᠲᠣᠷ᠎ᠠ ᠠ᠋ᠴᠠ ᠨᠥᠬᠥᠴᠡᠯ᠎ᠳᠦ ᠨᠡᠢᠴᠡᠬᠦ ᠲᠥᠷᠥᠯ ᠵᠦᠢᠯ᠎ᠢ ᠰᠢᠯᠢᠨ ᠰᠣᠩᠭᠣᠵᠤ᠂ ᠴᠢᠬᠤᠯᠠ ᠶᠡᠬᠡ ᠲᠥᠷᠥᠯ ᠵᠦᠢᠯ᠎ᠢ ᠬᠠᠮᠲᠤᠷᠠᠨ ᠬᠢᠨᠠᠵᠤ ᠵᠥᠪᠰᠢᠶᠡᠷᠡᠬᠦ ᠲᠥᠷᠥᠯ ᠵᠦᠢᠯ᠎ᠦᠨ ᠨᠠᠷᠢᠨ ᠳᠠᠩᠰᠠ (ᠶᠡᠷᠦᠩᠬᠡᠢ ᠪᠡᠯᠡ ᠣᠷᠣᠭᠤᠯᠤᠯᠲᠠ ᠨᠢ 5 ᠳ᠋ᠦᠩᠰᠢᠭᠤᠷ ᠲᠥᠭᠥᠷᠢᠭ᠎ᠡᠴᠡ ᠳᠡᠭᠡᠭᠰᠢᠬᠢ ᠲᠥᠷᠥᠯ ᠵᠦᠢᠯ) ᠵᠢ ᠡᠮᠬᠢᠯᠡᠨ ᠪᠦᠷᠢᠯᠳᠦᠭᠦᠯᠪᠡ᠃ ᠣᠳᠣᠬᠠᠨ᠎ᠳᠤ ᠨᠢᠭᠡᠨᠲᠡ 40 ᠲᠦᠷᠦᠯ ᠵᠦᠢᠯ ᠢ᠋ ᠡᠮᠬᠢᠯᠡᠨ ᠬᠠᠮᠲᠤᠷᠠᠨ ᠬᠢᠨᠠᠵᠤ ᠵᠥᠪᠰᠢᠶᠡᠷᠡᠬᠦ ᠲᠦᠷᠦᠯ ᠵᠦᠢᠯ᠎ᠳᠤ ᠣᠷᠣᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 669 ᠳ᠋ᠦᠩᠰᠢᠭᠤᠷ ᠲᠥᠭᠥᠷᠢᠭ᠎ᠲᠦ ᠬᠦᠷᠴᠦ᠂ ᠵᠢᠯ᠎ᠳᠤ 139 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠬᠤ᠎ᠪᠡᠷ ᠲᠥᠯᠥᠪᠯᠡᠵᠦ ᠪᠠᠢᠨ᠎ᠠ᠃ ᠬᠠᠮᠲᠤᠷᠠᠨ ᠬᠢᠨᠠᠵᠤ ᠵᠥᠪᠰᠢᠶᠡᠷᠡᠬᠦ ᠲᠥᠷᠥᠯ ᠵᠦᠢᠯ᠎ᠦᠨ ᠨᠠᠷᠢᠨ ᠳᠠᠩᠰᠠ᠎ᠶᠢᠨ ᠬᠢᠨᠠᠨ ᠵᠥᠪᠰᠢᠶᠡᠷᠡᠬᠦ ᠴᠢᠬᠤᠯᠠᠲᠠᠢ ᠡᠯ᠎ᠡ ᠵᠦᠢᠯ᠎ᠦᠨ ᠡᠮᠦᠨᠡᠬᠢ ᠬᠤᠭᠤᠴᠠᠭᠠᠨ᠎ᠤ ᠭᠠᠷᠳᠠᠮ ᠵᠢᠴᠢ ᠢᠯᠡ᠎ᠪᠡᠷ ᠴᠤᠭᠯᠠᠭᠤᠯᠤᠭᠰᠠᠨ 《ᠲᠦᠭᠵᠢᠷᠡᠯ》᠂ 《ᠰᠠᠭᠠᠳ ᠳᠠᠢ》ᠠᠰᠠᠭᠤᠳᠠᠯ᠎ᠤᠨ ᠲᠣᠭᠣᠷᠢᠨ᠎ᠳᠤ ᠲᠤᠰᠬᠠᠢ ᠵᠦᠢᠯ᠎ᠦᠨ ᠠᠵᠢᠯ᠎ᠤᠨ ᠡᠬᠡ ᠲᠠᠩᠰᠠ᠎ᠪᠠᠷ ᠳᠠᠮᠵᠢᠨ ᠪᠥᠬᠥ ᠶᠠᠪᠤᠴᠠ᠎ᠪᠠᠷ ᠮᠥᠷᠳᠡᠨ ᠬᠠᠮᠢᠶᠠᠷᠬᠤ᠎ᠶᠢ ᠬᠡᠷᠡᠭᠵᠢᠭᠦᠯᠵᠦ ᠪᠤᠢ᠃