2025 《ᠥᠪᠥᠷ ᠮᠣᠩᠭᠣᠯ᠎ᠢ ᠣᠢᠯᠠᠭᠠᠬᠤᠢ》 ᠣᠨ᠎ᠤ ᠬᠤᠷᠠᠯ ᠬᠥᠬᠡᠬᠣᠲᠠ᠎ᠳᠤ ᠶᠠᠪᠤᠭ᠍ᠳᠠᠪᠠ
2025-11-30 13:42:41
ᠵᠣᠬᠢᠶᠠᠭ᠍ᠴᠢ᠄
ᠯᠢᠦ ᠶᠠᠨ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 29 ᠤ᠋ ᠡᠳᠦᠷ᠂ 2025 《ᠥᠪᠥᠷ ᠮᠣᠩᠭᠣᠯ᠎ᠢ ᠣᠢᠯᠠᠭᠠᠬᠤᠢ》 ᠣᠨ᠎ᠤ ᠬᠤᠷᠠᠯ ᠬᠥᠬᠡᠬᠣᠲᠠ᠎ᠳᠤ ᠶᠠᠪᠤᠭ᠍ᠳᠠᠪᠠ᠃ ᠣᠨ᠎ᠤ ᠬᠤᠷᠠᠯ᠎ᠳᠤ ᠲᠤᠰᠭᠠᠶ ᠮᠡᠷᠭᠡᠵᠢᠯᠲᠡᠨ ᠡᠷᠳᠡᠮᠲᠡᠨ᠂ ᠨᠡᠷ᠎ᠡ ᠬᠦᠨᠳᠦᠲᠦ ᠵᠠᠭᠤᠴᠢᠯᠠᠭᠤᠷ᠎ᠤᠨ ᠬᠥᠮᠦᠰ ᠵᠢᠴᠢ ᠡᠯ᠎ᠡ ᠡᠲᠡᠭᠡᠳ᠎ᠦᠨ ᠲᠥᠯᠥᠭᠡᠯᠡᠭ᠌ᠴᠢᠳ ᠬᠤᠷᠠᠨ ᠴᠤᠭ᠍ᠯᠠᠷᠠᠵᠤ᠂ ᠥᠪᠥᠷ ᠮᠣᠩᠭᠣᠯ᠎ᠤᠨ ᠳᠦᠷᠢ ᠲᠥᠷᠬᠦ᠌᠎ᠵᠢ ᠲᠡᠯᠭᠡᠨ ᠦᠵᠡᠬᠦᠯᠬᠦ ᠱᠢᠨ᠎ᠡ ᠠᠷᠭ᠎ᠠ ᠵᠠᠮ᠂ ᠥᠪᠥᠷ ᠮᠣᠩᠭᠣᠯ᠎ᠤᠨ ᠦᠯᠢᠭᠡᠷ᠎ᠢ ᠰᠠᠢᠲᠤᠷ ᠶᠠᠷᠢᠬᠤ ᠳ᠋ᠤ ᠬᠦᠴᠤᠨ ᠨᠠᠮᠠᠷᠢᠯᠡᠬᠦ᠂ ᠥᠪᠥᠷ ᠮᠣᠩᠭᠣᠯ᠎ᠤᠨ ᠳᠠᠭᠤᠨ᠎ᠢ ᠰᠠᠢᠲᠤᠷ ᠤᠯᠠᠮᠵᠢᠯᠠᠬᠤ ᠲᠤᠬᠠᠢ ᠬᠠᠮᠳᠤ ᠪᠡᠷ ᠰᠤᠳᠤᠯᠤᠨ ᠶᠠᠷᠢᠯᠴᠠᠪᠠ᠃

ᠣᠨ᠎ᠤ ᠬᠤᠷᠠᠯ᠎ᠡᠴᠡ ᠲᠤᠰᠭᠠᠶ ᠮᠡᠷᠭᠡᠵᠢᠯᠲᠡᠨ ᠡᠷᠳᠡᠮᠲᠡᠨ᠎ᠢ ᠤᠷᠢᠵᠤ᠂ ᠥᠪᠥᠷ ᠮᠣᠩᠭᠣᠯ᠎ᠤᠨ ᠳᠠᠮᠵᠢᠭᠤᠯᠭ᠎ᠠ᠎ᠶ᠋ᠢᠨ ᠨᠢᠭᠤᠴᠠ ᠨᠣᠮᠧᠷ ᠬᠢᠭᠡᠳ ᠬᠥᠭ᠌ᠵᠢᠯᠲᠡ᠎ᠶ᠋ᠢᠨ ᠳᠠᠯᠳᠠ ᠬᠦᠴᠦᠨ᠎ᠢ ᠣᠯᠠᠨ ᠲᠠᠯ᠎ᠠ᠎ᠡᠴᠡ ᠲᠠᠢᠯᠪᠤᠷᠢᠯᠠᠪᠠ᠃ ᠨᠡᠢᠲᠡᠯᠡᠭ᠌ᠰᠡᠨ 《ᠥᠪᠥᠷ ᠮᠣᠩᠭᠣᠯ ᠶᠠᠭᠠᠬᠢᠬᠤ ᠳ᠋ᠠᠭᠠᠨ》 ᠭᠡᠬᠦ ᠨᠣᠮ ᠨᠢ ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ᠎ᠶ᠋ᠢᠨ ᠰᠣᠳᠣᠨ ᠪᠦᠲᠦᠭᠡᠯ᠎ᠦᠳ᠎ᠢ ᠴᠤᠭ᠍ᠯᠠᠭᠤᠯᠵᠤ᠂ ᠥᠪᠥᠷ ᠮᠣᠩᠭᠣᠯ᠎ᠤᠨ 《ᠬᠥᠭ᠌ᠵᠢᠯᠲᠡ᠎ᠶ᠋ᠢᠨ ᠨᠢᠭᠤᠴᠠ ᠨᠣᠮᠧᠷ》 ᠲᠤ᠌ ᠬᠠᠷᠢᠭᠤᠯᠲᠠ ᠥᠭ᠌ᠴᠦ᠂ ᠰᠣᠨᠢᠨ ᠮᠡᠳᠡᠭᠡᠨ᠎ᠦ ᠳᠠᠮᠵᠢᠭᠤᠯᠭ᠎ᠠ᠎ᠶ᠋ᠢᠨ ᠥᠷᠲᠡᠭ᠎ᠦᠨ ᠬᠡᠯᠬᠢᠶ᠎ᠡ᠎ᠶ᠋ᠢ ᠪᠦᠲᠦᠮᠵᠢᠲᠡᠶ ᠤᠷᠲᠤᠳᠭᠠᠪᠠ; ᠨᠡᠢᠲᠡᠯᠡᠭ᠌ᠰᠡᠨ ᠥᠪᠥᠷ ᠮᠣᠩᠭᠣᠯ᠎ᠤᠨ 8 ᠳᠠᠮᠵᠢᠭᠤᠯᠭ᠎ᠠ᠎ᠶ᠋ᠢᠨ ᠨᠡᠷ᠎ᠡ᠎ᠶ᠋ᠢᠨ ᠬᠠᠭᠤᠳᠠᠰᠤ ᠨᠢ ᠥᠪᠥᠷ ᠮᠣᠩᠭᠣᠯ᠎ᠤᠨ ᠳᠠᠮᠵᠢᠭᠤᠯᠭ᠎ᠠ᠎ᠶ᠋ᠢᠨ ᠬᠢᠯᠠᠰ ᠴᠡᠭ ᠬᠢᠭᠡᠳ ᠳᠠᠪᠠᠭᠤᠯᠢᠭ ᠡᠬᠢ ᠪᠠᠶᠠᠯᠢᠭ᠎ᠢ ᠣᠨᠣᠪᠴᠢᠲᠠᠢ ᠬᠠᠮᠤᠷᠴᠤ᠌᠂ ᠥᠪᠥᠷ ᠮᠣᠩᠭᠣᠯ᠎ᠤᠨ ᠲᠦᠷᠦᠯ ᠲᠡᠮᠳᠡᠭ᠎ᠦᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠬᠦ᠌᠎ᠳᠦ ᠬᠦᠴᠦᠲᠡᠢ ᠲᠤᠯᠭᠠᠭᠤᠷᠢᠯᠠᠯ ᠬᠠᠩᠭᠠᠪᠠ᠃

ᠣᠨ᠎ᠤ ᠬᠤᠷᠠᠯ᠎ᠤᠨ ᠠᠬᠤᠶ ᠲᠠᠯᠠᠪᠠᠶ᠎ᠳᠤ᠂ ᠥᠪᠥᠷ ᠮᠣᠩᠭᠣᠯ᠎ᠤᠨ 12 ᠠᠢᠮᠠᠭ ᠬᠣᠲᠠ ᠪᠣᠯᠤᠨ ᠭᠤᠤᠯᠳᠠᠯᠭ᠎ᠠ᠎ᠲᠠᠶ ᠠᠵᠤ ᠠᠬᠤᠢᠯᠠᠯ ᠲᠡᠰ ᠲᠠᠷᠠᠭᠠᠯᠠᠨ ᠭᠤᠤᠯ ᠰᠡᠳᠦᠪᠲᠦ ᠲᠠᠨᠢᠯᠴᠠᠭᠤᠯᠭ᠎ᠠ᠎ᠥᠷᠨᠢᠭᠦᠯᠵᠦ᠍᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠬᠢᠭᠡᠳ ᠳᠠᠮᠵᠢᠭᠤᠯᠭ᠎ᠠ᠎ᠶ᠋ᠢᠨ ᠳᠠᠯᠳᠠ ᠬᠦᠴᠦᠨ᠎ᠢ ᠪᠥᠬᠥ᠌ ᠲᠠᠯ᠎ᠠ᠎ᠪᠠᠷ ᠢᠯᠡᠷᠡᠭᠦᠯᠪᠡ᠃ ᠡᠭᠦᠨ᠎ᠡᠴᠡ ᠭᠠᠳᠠᠨ᠎ᠠ᠂ 《ᠥᠪᠥᠷ ᠮᠣᠩᠭᠣᠯ᠎ᠳᠤ ᠪᠢᠴᠢᠭᠰᠡᠨ ᠰᠢᠯᠦᠭ》 ᠭᠡᠬᠦ ᠢᠷᠠᠭᠤ ᠨᠠᠢᠷᠠᠭ᠎ᠤᠨ ᠡᠬᠡ ᠪᠢᠴᠢᠭ ᠡᠯᠰᠡᠬᠦ᠌᠂ 《ᠰᠦᠯᠵᠢᠶᠡᠨ ᠤᠳᠤᠳ ᠤ᠋ᠨ ᠬᠠᠷᠠᠭᠠᠨ ᠳ᠋ᠡᠬᠢ ᠥᠪᠥᠷ ᠮᠣᠩᠭᠣᠯ》 ᠭᠡᠬᠦ᠌ ᠭᠤᠤᠯ ᠰᠡᠳᠦᠪᠲᠦ ᠵᠣᠬᠢᠶᠠᠨ ᠪᠦᠲᠦᠭᠡᠯᠭᠡ᠎ᠶ᠋ᠢᠨ ᠬᠣᠶᠠᠷ ᠶᠡᠬᠡ ᠠᠵᠢᠯᠯᠠᠭ᠎ᠠ᠎ᠶ᠋ᠢᠨ ᠦᠷ᠎ᠡ ᠪᠦᠲᠦᠭᠡᠯ᠎ᠢ ᠲᠤᠬᠠᠶ᠎ᠶ᠋ᠢᠨ ᠲᠠᠯᠠᠪᠠᠶ᠎ᠳᠤ ᠳᠡᠯᠭᠡᠨ ᠦᠵᠡᠭᠦᠯᠵᠦ᠍᠂ ᠤᠳᠭ᠎ᠠ ᠵᠣᠬᠢᠶᠠᠯ ᠪᠠ ᠬᠠᠷᠠᠭᠠᠨ ᠰᠡᠷᠡᠯ᠎ᠦᠨ ᠬᠤᠤᠰ ᠢᠯᠡᠷᠡᠬᠦᠯᠤᠯ᠎ᠢᠶᠡᠷ ᠥᠪᠥᠷ ᠮᠣᠩᠭᠣᠯ᠎ᠤᠨ ᠰᠣᠶᠣᠯ᠎ᠤᠨ ᠷᠢᠳᠢ ᠱᠢᠳᠢ ᠪᠠ ᠴᠠᠭ ᠦᠶ᠎ᠡ᠎ᠶ᠋ᠢᠨ ᠬᠡᠪ ᠨᠠᠮᠪᠠ᠎ᠶ᠋ᠢ ᠠᠮᠢᠳᠤᠯᠢᠭ ᠰᠠᠢᠬᠠᠨ ᠢᠯᠡᠷᠡᠭᠦᠯᠪᠡ᠃

ᠲᠤᠰ ᠤᠳᠠᠭ᠎ᠠ᠎ᠶ᠋ᠢᠨ ᠣᠨ᠎ᠤ ᠬᠤᠷᠠᠯ ᠨᠢ 《ᠬᠥᠭ᠌ᠵᠢᠯᠲᠡ᠎ᠳᠦ ᠳᠠᠮᠵᠢᠭᠤᠯᠭ᠎ᠠ᠎ᠶ᠋ᠢᠨ ᠵᠢᠭᠦᠷ ᠤᠷᠭᠤᠭᠤᠯᠬᠤ》 ᠪᠡᠷ ᠭᠣᠣᠯ ᠰᠡᠳᠦᠪ ᠪᠣᠯᠭᠠᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠂ ᠰᠣᠶᠣᠯ᠎ᠤᠨ ᠷᠢᠳᠢ ᠱᠢᠳᠢ ᠬᠢᠭᠡᠳ ᠴᠠᠭ ᠦᠶ᠎ᠡ᠎ᠶ᠋ᠢᠨ ᠴᠤᠭ ᠵᠢᠪᠬᠤᠭ᠎ᠠ᠎ᠶ᠋ᠢ ᠪᠦᠬᠦ᠌ ᠲᠠᠯ᠎ᠠ᠎ᠪᠠᠷ ᠢᠯᠡᠷᠡᠭᠦᠯᠵᠦ᠍᠂ ᠥᠪᠥᠷ ᠮᠣᠩᠭᠣᠯ᠎ᠢ ᠣᠢᠯᠠᠭᠠᠬᠤ᠂ ᠥᠪᠥᠷ ᠮᠣᠩᠭᠣᠯ᠎ᠢ ᠬᠠᠢᠷᠠᠯᠠᠬᠤ᠂ ᠥᠪᠥᠷ ᠮᠣᠩᠭᠣᠯ᠎ᠲᠠᠶ ᠭᠠᠷ ᠬᠣᠯᠪᠣᠯᠴᠠᠬᠤ ᠰᠣᠯᠢᠯᠴᠠᠭᠠᠨ᠎ᠤ ᠬᠥᠭᠥᠷᠭᠡ᠎ᠶ᠋ᠢ ᠴᠣᠭ᠍ᠴᠠᠯᠠᠬᠤ᠎ᠪᠠᠷ ᠵᠣᠷᠢᠯᠲᠠ ᠪᠣᠯᠭᠠᠪᠠ᠃ ᠣᠨ᠎ᠤ ᠬᠤᠷᠠᠯ᠎ᠨᠢ ᠥᠨᠳᠥᠷ ᠲᠦᠪᠱᠢᠨ ᠪᠥᠬᠥᠶ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠡᠯ᠎ᠡ ᠲᠠᠯ᠎ᠠ᠎ᠶ᠋ᠢᠨ ᠣᠶᠤᠨ ᠤᠬᠠᠭᠠᠨ ᠪᠠ ᠬᠦᠴᠦᠨ ᠴᠢᠳᠠᠯ᠎ᠢ ᠨᠢᠬᠳᠠᠷᠠᠭᠤᠯᠤᠨ᠂ ᠥᠪᠥᠷ ᠮᠣᠩᠭᠣᠯ᠎ᠤᠨ ᠥᠯᠢᠭᠡᠷ᠎ᠢ ᠰᠠᠢᠲᠤᠷ ᠶᠠᠷᠢᠬᠤ ᠲᠠᠮᠵᠢᠭᠤᠯᠭ᠎ᠠ ᠵᠢᠨ ᠵᠢᠱ᠌ᠢᠶ᠎ᠡ᠎ᠶ᠋ᠢ ᠰᠣᠯᠢᠯᠴᠠᠵᠤ᠂ ᠥᠪᠥᠷ ᠮᠣᠩᠭᠣᠯ᠎ᠢ᠋ ᠤᠢᠯᠠᠭᠠᠬᠤ ᠱᠢᠨ᠎ᠡ᠎ᠶ᠋ᠢ ᠡᠭᠦᠳᠬᠦ᠌ ᠠᠷᠭ᠎ᠠ ᠵᠠᠮ᠎ᠢ ᠰᠦᠪᠡᠭ᠌ᠴᠢᠯᠡᠵᠤ᠂ ᠳᠤᠮᠳᠠᠳᠤ ᠤᠯᠤᠰ᠎ᠤᠨ ᠥᠯᠢᠭᠡᠷ᠎ᠢ ᠰᠠᠢᠲᠤᠷ ᠶᠠᠷᠢᠬᠤ᠎ᠳᠤ ᠥᠪᠥᠷ ᠮᠣᠩᠭᠣᠯ᠎ᠤᠨ ᠦᠶ᠋ᠯᠡᠳᠦᠯᠭᠡ᠎ᠶ᠋ᠢ ᠬᠠᠩᠭᠠᠪᠠ᠃

ᠥᠪᠥᠷ ᠮᠣᠩᠭᠣᠯ ᠡᠭᠡ ᠤᠯᠤᠰ᠎ᠤᠨ 《ᠤᠮᠠᠷᠠᠲᠤ ᠶᠡᠬᠡ ᠬᠠᠭᠠᠯᠭ᠎ᠠ》 ᠪᠠᠢᠵᠤ᠂ ᠨᠤᠲᠤᠭ ᠳᠡᠪᠢᠰᠭᠡᠷ ᠥᠷᠭᠡᠨ ᠠᠭᠤᠳᠠᠮ ᠦᠵᠡᠰᠭᠦᠯᠡᠩᠲᠦ ᠰᠠᠢᠬᠠᠨ᠂ ᠪᠠᠢᠭᠠᠯᠢ᠎ᠶ᠋ᠢᠨ ᠡᠬᠢ ᠪᠠᠶᠠᠯᠢᠭ ᠡᠯᠪᠡᠭ ᠳᠡᠯᠪᠡᠭ᠂ ᠳᠠᠪᠠᠭᠤᠯᠢᠭ ᠠᠵᠤ ᠦᠢᠯᠡᠰ ᠢᠯᠡ ᠲᠣᠳᠣ᠂ ᠨᠡᠭᠡᠭᠡᠯᠳᠠ᠎ᠶ᠋ᠢᠨ ᠬᠠᠨᠳᠤᠰᠢ ᠪᠠᠢᠳᠠᠯ ᠡᠷᠴᠢ ᠬᠦᠴᠤᠨ ᠲᠠᠢ᠂ ᠰᠣᠶᠣᠯ᠎ᠤᠨ ᠠᠭᠤᠯᠤᠭ᠍ᠳᠠᠬᠤᠨ ᠭᠦᠨ ᠵᠤᠵᠠᠭᠠᠨ᠂ ᠦᠨᠳᠦᠰᠦᠲᠡᠨ᠎ᠦ ᠪᠦᠯᠬᠦᠮᠳᠡᠯ ᠡᠶ᠎ᠡ ᠵᠣᠬᠢᠴᠠᠩᠭᠤᠢ ᠪᠠᠢᠵᠤ᠂ ᠨᠡᠷ᠎ᠡ ᠨᠢᠳᠡᠷ᠎ᠲᠡᠬᠡᠨ ᠨᠡᠢᠴᠡᠭ᠌ᠰᠡᠨ ᠰᠣᠨᠢᠨ ᠮᠡᠳᠡᠭᠡᠨ᠎ᠦ 《ᠪᠠᠶᠠᠨ ᠠᠭᠤᠷᠬᠠᠢ》 ᠪᠣᠯᠤᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠤᠬᠠᠭᠤᠯᠬᠤ ᠰᠠᠯᠠᠭ᠎ᠠ ᠮᠥᠴᠢᠷ᠎ᠦᠨ ᠬᠦᠴᠦᠲᠡᠢ ᠠᠬᠢᠭᠤᠯᠤᠯ ᠳᠣᠣᠷ᠎ᠠ᠂ ᠥᠪᠥᠷ ᠮᠣᠩᠭᠣᠯ᠎ᠤᠨ ᠤᠯᠤᠰ᠎ᠤᠨ ᠳᠣᠲᠣᠭᠠᠳᠤ ᠭᠠᠳᠠᠭᠠᠳᠤ᠎ᠳ᠋ᠡᠬᠢ ᠢᠷᠠᠭᠤ ᠠᠯᠳᠠᠷ᠎ᠤᠨ ᠬᠡᠮᠵᠢᠶ᠎ᠡ ᠲᠠᠰᠤᠷᠠᠯᠳᠠ ᠦᠭᠡᠢ ᠳᠡᠭᠡᠭ᠌ᠰᠢᠯᠡᠵᠦ᠍᠂ ᠨᠥᠯᠥᠭᠡᠯᠡᠬᠦ᠌ ᠬᠦᠴᠦᠨ ᠨᠢ ᠤᠯᠠᠮ᠎ᠠᠴᠠ ᠤᠯᠠᠮ ᠶᠡᠬᠡ ᠪᠣᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号