ᠣᠢᠷ᠎ᠠ ᠵᠢᠨ ᠵᠢᠯ ᠡᠴᠡ ᠨᠠᠭᠠᠰᠢ᠂ ᠣᠷᠳᠣᠰ ᠬᠤᠳᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠦᠬᠦ ᠳᠠᠯ᠎ᠠ ᠪᠡᠷ ᠪᠦᠳᠦᠭᠡᠨ ᠪᠠᠢᠭᠤᠯᠬᠤ ᠬᠡᠪ ᠳᠠᠭᠤᠷᠢᠶᠠᠯ ᠤ᠋ᠨ ᠭᠠᠵᠠᠷ ᠤᠷᠤᠨ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠳᠤ ᠴᠤᠭᠴᠠᠯᠠᠬᠤ ᠵᠢᠱ᠌ᠢᠶ᠎ᠡ ᠦᠵᠡᠭᠦᠯᠬᠦ ᠭᠠᠵᠠᠷ ᠤᠷᠤᠨ᠂ ᠦᠨᠳᠦᠰᠦᠲᠡᠨ ᠤ᠋ ᠣᠷᠣᠨ ᠤ᠋ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ ᠵᠢᠨ ᠬᠥᠲᠥᠯᠥᠨ ᠳᠠᠭᠠᠭᠤᠯᠬᠤ ᠭᠠᠵᠠᠷ ᠤᠷᠤᠨ᠂ ᠦᠨᠳᠦᠰᠦᠲᠡᠨ ᠤ᠋ ᠪᠦᠯᠬᠦᠮᠳᠡᠯ ᠲᠠᠪᠰᠢᠯᠳᠠ ᠵᠢᠨ ᠵᠣᠯ ᠵᠢᠷᠭᠠᠯᠳᠤ ᠳᠤᠳᠤᠨᠤ ᠬᠤᠳᠠ》 ᠵᠢ ᠪᠠᠢᠭᠤᠯᠬᠤ (ᠳᠤᠷᠤᠭᠰᠢ 《ᠭᠤᠷᠪᠠᠨ ᠭᠠᠵᠠᠷ ᠤᠷᠤᠨ ᠨᠢᠭᠡ ᠬᠤᠳᠠ ᠵᠢ ᠪᠠᠢᠭᠤᠯᠬᠤ》 ᠭᠡᠵᠦ ᠳᠦᠬᠦᠮᠴᠢᠯᠡᠨ᠎ᠡ) ᠬᠠᠷᠠᠯᠲᠠ ᠵᠢ ᠪᠠᠲᠤ ᠴᠣᠭᠴᠠᠯᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠪᠠᠢᠭᠤᠯᠤᠯᠲᠠ ᠵᠢ ᠤᠯᠤᠰ ᠲᠦᠷᠦ᠂ ᠠᠵᠤ ᠠᠬᠤᠢ᠂ ᠰᠣᠶᠣᠯ᠂ ᠨᠡᠢᠭᠡᠮ ᠤ᠋ᠨ ᠪᠠᠢᠭᠤᠯᠤᠯᠲᠠ ᠵᠢᠨ ᠪᠦᠬᠦ ᠶᠠᠪᠤᠴᠠ ᠳ᠋ᠤ ᠲᠤᠭᠤᠰᠢᠯᠠᠭᠤᠯᠤᠨ᠂ ᠤᠯᠠᠨ ᠡᠰᠢᠲᠦ ᠦᠢᠯᠡᠳᠦᠯᠭᠡ ᠪᠡᠷ ᠦᠨᠳᠦᠰᠦᠲᠡᠨ ᠨᠦ᠍ᠭᠦᠳ ᠢ᠋ ᠠᠨᠠᠷ ᠤ᠋ᠨ ᠦᠷ᠎ᠡ ᠰᠢᠭ ᠨᠢᠭ᠍ᠲᠠᠷᠠᠨ ᠪᠦᠯᠬᠦᠮᠳᠡᠭᠦᠯᠬᠦ ᠵᠢ ᠠᠬᠢᠭᠤᠯᠵᠤ᠂ ᠦᠨᠳᠦᠰᠦᠲᠡᠨᠤ ᠪᠦᠯᠬᠦᠮᠳᠡᠯ ᠲᠠᠪᠰᠢᠯᠳᠠ ᠵᠢᠨ 《ᠳᠤᠳᠤᠨᠤ ᠬᠤᠳᠠ ᠵᠢᠨ ᠰᠢᠨ᠎ᠠ ᠬᠠᠭᠤᠳᠠᠰᠤ》 ᠶ᠋ᠢ ᠪᠢᠴᠢᠭᠯᠡᠵᠦ ᠪᠠᠢᠨ᠎ᠠ᠃
ᠪᠥᠬᠥ ᠤᠯᠤᠰ ᠤ᠋ᠨ ᠠᠩᠬᠠᠳᠠᠭ᠍ᠴᠢ ᠬᠣᠲᠠ ᠪᠡᠷ ᠠᠴᠢᠶᠠᠯᠠᠪᠤᠷᠢ ᠪᠣᠯᠭᠠᠭᠰᠠᠨ 4A ᠲᠠᠰ ᠤ᠋ᠨ ᠵᠢᠭᠤᠯᠴᠢᠯᠠᠯ ᠤ᠋ᠨ ᠦᠵᠡᠮᠵᠢ ᠵᠢᠨ ᠣᠷᠣᠨ ᠪᠣᠯᠤᠭᠰᠠᠨ ᠤ᠋ ᠬᠤᠪᠢ ᠳ᠋ᠤ᠂ ᠬᠢᠶ᠎ᠠ ᠪᠠᠭ᠍ᠰᠢ ᠳᠤᠭᠤᠷᠢᠭ ᠨᠢ ᠤᠬᠠᠭᠤᠯᠭ᠎ᠠ ᠬᠥᠮᠦᠵᠢᠯ ᠢ᠋ ᠬᠣᠲᠠ ᠵᠢᠨ ᠣᠷᠣᠨ ᠵᠠᠢ ᠪᠦᠬᠦᠨ ᠳ᠋ᠤ ᠠᠭᠤᠰᠬᠠᠨ ᠣᠷᠣᠭᠤᠯᠵᠤ᠂ ᠤᠯᠠᠭᠠᠨᠮᠦ᠋ᠷᠡᠨ ᠨᠠᠭᠤᠷ ᠤ᠋ᠨ ᠡᠷᠭᠢ ᠳᠠᠭᠠᠤ᠂ ᠦᠨᠳᠦᠰᠦᠲᠡᠨ ᠤ᠋ ᠪᠦᠯᠬᠦᠮᠳᠡᠯ ᠤ᠋ᠨ ᠭᠣᠣᠯ ᠰᠡᠳᠦᠪᠲᠦ ᠴᠡᠴᠡᠷᠯᠢᠭ ᠵᠡᠷᠭᠡ ᠭᠠᠵᠠᠷ ᠲᠤ᠌ ᠦᠩᠬᠡᠳᠦ ᠳ᠋ᠧᠩ ᠤ᠋ᠨ ᠦᠵᠡᠬᠦᠯᠭᠡ᠂ ᠭᠣᠣᠯ ᠰᠡᠳᠦᠪᠲᠦ ᠱᠤᠭᠤᠮᠠᠯ ᠵᠡᠷᠭᠡ ᠪᠡᠷ ᠳᠠᠮᠵᠢᠭᠤᠯᠤᠨ ᠬᠠᠮᠲᠤ ᠶ᠋ᠢᠨ ᠰᠣᠶᠣᠯ ᠶ᠋ᠢᠡᠨ ᠡᠭᠦᠳᠦᠭᠰᠡᠨ ᠲᠡᠦᠬᠡ ᠵᠡᠷᠭᠡ ᠵᠢ ᠳᠡᠯᠭᠡᠨ ᠬᠠᠷᠠᠭᠤᠯᠵᠤ᠂ ᠵᠢᠭᠤᠯᠴᠢᠯᠠᠭᠰᠠᠳ ᠢ᠋ ᠲᠣᠭᠣᠷᠢᠨ ᠦᠵᠡᠬᠦ ᠳᠤᠮᠳᠠ ᠪᠡᠨ 《ᠲᠠᠪᠤᠨ ᠬᠠᠮᠳᠤ ᠵᠢᠨ ᠳᠠᠨᠢᠯᠳᠠ》 ᠪᠠᠨ ᠴᠢᠩᠭᠠᠳᠬᠠᠬᠤ ᠵᠢ ᠠᠬᠢᠭᠤᠯᠵᠠᠢ᠃
ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠴᠠᠭ ᠦᠶ᠎ᠡ ᠶ᠋ᠢᠨ ᠤᠷᠴᠢᠨ ᠳ᠋ᠤ᠂ ᠦᠨᠳᠦᠰᠦᠨ ᠱᠠᠲᠤᠨ ᠤ᠋ ᠵᠠᠰᠠᠯᠲᠠ ᠪᠣᠯ ᠦᠨᠳᠦᠰᠦᠲᠡᠨ ᠤ᠋ ᠭᠠᠵᠠᠷ ᠣᠷᠣᠨ ᠤ᠋ ᠨᠡᠢᠭᠡᠮ ᠤ᠋ᠨ ᠠᠭᠤᠰᠤᠯᠴᠠᠯ ᠢ᠋ ᠠᠬᠢᠭᠤᠯᠬᠤ ᠭᠣᠣᠯ ᠠᠷᠭ᠎ᠠ ᠵᠠᠮ ᠮᠥᠨ᠂ 《ᠬᠠᠮᠲᠤ ᠰᠠᠭᠤᠵᠤ ᠬᠠᠮᠲᠤ ᠴᠡᠩᠭᠡᠯᠳᠦᠬᠦ》 ᠨᠡᠢᠭᠡᠮ ᠤ᠋ᠨ ᠪᠠᠢᠷᠢᠰᠢᠯ ᠢ᠋ ᠪᠠᠶ᠋ᠢᠭᠤᠯᠬᠤ ᠳ᠋ᠤ ᠰᠢᠰᠲ᠋ᠧᠮ ᠤ᠋ᠨ ᠴᠢᠨᠠᠷᠲᠠᠢ ᠲᠤᠯᠭᠠᠭᠤᠷᠢᠯᠠᠯ ᠬᠠᠩᠭᠠᠳᠠᠭ᠃ ᠣᠷᠳᠣᠰ ᠬᠤᠳᠠ ᠦᠨᠳᠦᠰᠦᠲᠡᠨ ᠤ᠋ ᠶᠠᠪᠤᠳᠠᠯ ᠢ᠋ ᠬᠠᠮᠲᠤ ᠪᠠᠷ ᠪᠠᠶ᠋ᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠢᠭᠡᠮ ᠤ᠋ᠨ ᠵᠠᠰᠠᠯᠲᠠ ᠵᠢᠨ ᠪᠠᠢᠷᠢᠰᠢᠯ ᠳ᠋ᠤ ᠣᠷᠣᠭᠤᠯᠵᠤ᠂ ᠬᠠᠮᠲᠤ ᠵᠢᠨ ᠴᠣᠭᠴᠠ ᠵᠢᠨ ᠪᠠᠢᠭᠤᠯᠤᠯᠲᠠ ᠵᠢᠨ ᠳᠦᠷᠢᠮ ᠤ᠋ᠨ ᠰᠠᠭᠤᠷᠢ ᠵᠢ ᠪᠠᠲᠤᠳᠬᠠᠵᠠᠢ᠃ ᠪᠦᠬᠦ ᠬᠤᠳᠠ ᠳ᠋ᠤ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠵᠢ ᠠᠬᠢᠭᠤᠯᠬᠤ ᠬᠤᠷᠠᠯ ᠢ᠋ 1088 ᠤᠳᠠᠭ᠎ᠠ ᠬᠤᠷᠠᠯᠳᠤᠭᠤᠯᠵᠤ᠂ 78 ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ) ᠳ᠋ᠤ ᠴᠥᠮ ᠨᠢᠭᠡᠳᠦᠮᠡᠯ ᠹᠷᠣᠨᠲ ᠤ᠋ᠨ ᠭᠡᠰᠢᠭᠦᠨ ᠲᠣᠬᠢᠷᠠᠭᠤᠯᠤᠨ᠂ ᠨᠢᠭᠡᠳᠦᠮᠡᠯ ᠹᠷᠣᠨᠲ ᠤ᠋ᠨ ᠬᠡᠰᠢᠬᠦᠨ 9235 ᠬᠥᠮᠥᠨ ᠢ᠋ ᠰᠣᠩᠭᠣᠨ ᠳᠤᠬᠢᠷᠠᠭᠤᠯᠵᠤ᠂ 《ᠣᠷᠳᠣᠰ ᠬᠤᠳᠠ ᠵᠢᠨ ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ) ᠵᠢᠨ ᠨᠢᠭᠡᠳᠦᠮᠡᠯ ᠹᠷᠣᠨᠲ ᠤ᠋ᠨ ᠭᠡᠰᠢᠭᠦᠨ ᠤ᠋ ᠲᠤᠰᠢᠶᠠᠯ ᠬᠠᠷᠢᠭᠤᠴᠠᠯᠭ᠎ᠠ ᠪᠡᠨ ᠭᠦᠢᠴᠡᠳᠬᠡᠬᠦ ᠵᠦᠭᠯᠡᠭᠦᠷ (ᠲᠤᠷᠰᠢᠨ ᠬᠡᠷᠡᠭᠵᠢᠭᠦᠯᠬᠦ)》 ᠢ᠋ ᠳᠠᠷᠤᠮᠠᠯᠯᠠᠨ ᠳᠠᠷᠬᠠᠭᠠᠵᠤ᠂ ᠨᠢᠭᠡᠳᠦᠮᠡᠯ ᠹᠷᠣᠨᠲ ᠤ᠋ᠨ ᠭᠡᠰᠢᠭᠦᠨ ᠤ᠋ ᠨᠡᠢᠭᠡᠮ ᠤ᠋ᠨ ᠵᠠᠰᠠᠯᠲᠠ ᠳ᠋ᠤ ᠣᠷᠣᠯᠴᠠᠬᠤ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠢᠯᠠᠪᠠ᠃ 《ᠣᠶᠤᠨᠲᠤ ᠠᠨᠠᠷ ᠤ᠋ᠨ ᠦᠷ᠎ᠡ》 ᠮᠡᠳᠡᠭᠡ ᠵᠠᠩᠭᠢᠴᠢᠯᠠᠯᠲᠠ ᠵᠢᠨ ᠲᠠᠪᠴᠠᠩ ᠢ᠋ ᠪᠠᠢᠭᠤᠯᠤᠨ᠂ 《ᠳ᠋ᠦᠸᠧ ᠳ᠋ᠦᠸᠧ ᠫᠢᠩ + ᠵᠠᠭᠠᠯᠳᠤᠯᠭ᠎ᠠ ᠵᠢ ᠭᠥᠯᠢᠶᠡᠮᠡᠭᠴᠡ ᠳᠠᠷᠤᠢ ᠭᠦᠢᠴᠡᠳᠬᠡᠬᠦ + ᠵᠠᠭᠤᠴᠢᠯᠠᠭᠤᠷ ᠶ᠋ᠢᠡᠷ ᠬᠢᠨᠠᠯᠲᠠ ᠲᠠᠯᠪᠢᠬᠤ》 ᠵᠡᠷᠭᠡ ᠦᠨᠳᠦᠰᠦᠨ ᠱᠠᠲᠤᠨ ᠤ᠋ ᠵᠠᠰᠠᠯᠲᠠ ᠵᠢᠨ ᠵᠠᠭᠪᠤᠷ ᠢ᠋ ᠪᠠᠢᠭᠤᠯᠵᠤ᠂ ᠦᠨᠳᠦᠰᠦᠨ ᠱᠠᠲᠤᠨ ᠤ᠋ 《ᠰᠠᠭᠤᠷᠢ ᠳ᠋ᠠᠢᠲ᠋ᠠ ᠬᠥᠮᠥᠷᠭᠡ》 ᠵᠢ ᠨᠡᠭᠡᠭᠡᠨ ᠠᠰᠢᠭᠯᠠᠵᠤ᠂ ᠦᠨᠳᠦᠰᠦᠲᠡᠨ ᠤ᠋ ᠱᠠᠰᠢᠨ ᠰᠤᠷᠲᠠᠬᠤᠨ ᠤ᠋ ᠬᠦᠷᠢᠶᠡᠨ ᠳ᠋ᠡᠬᠢ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠢᠯᠡᠵᠤ᠂ ᠬᠣᠲᠠ ᠵᠢᠨ ᠬᠡᠪᠴᠢᠶᠡᠨ ᠳ᠋ᠡᠬᠢ ᠨᠡᠢᠭᠡᠮ ᠤ᠋ᠨ ᠵᠠᠰᠠᠯᠲᠠ ᠵᠢᠨ ᠣᠳᠣᠬᠢᠴᠢᠯᠠᠯᠲᠠ ᠵᠢᠨ ᠲᠤᠷᠰᠢᠯᠲᠠ ᠵᠢᠨ ᠬᠢᠷᠢ ᠲᠡᠩᠴᠡᠭᠰᠡᠨ ᠬᠣᠲᠠ ᠪᠡᠷ ᠠᠮᠵᠢᠯᠲᠠ ᠲᠠᠢ ᠦᠨᠡᠯᠡᠭᠳᠡᠪᠡ᠃
ᠨᠡᠢᠭᠡᠮ ᠲᠣᠭᠣᠷᠢᠭ᠋ ᠪᠣᠯ ᠦᠨᠳᠦᠰᠦᠲᠡᠨ ᠤ᠋ ᠪᠦᠯᠬᠦᠮᠳᠡᠯ ᠤ᠋ᠨ 《ᠬᠠᠮᠤᠭ ᠤ᠋ᠨ ᠪᠠᠭ᠎ᠠ ᠨᠢᠭᠡᠴᠢ》 ᠪᠤᠯᠬᠤ ᠶᠤᠮ᠃ ᠬᠢᠶ᠎ᠠ ᠪᠠᠭ᠍ᠰᠢ ᠲᠣᠭᠣᠷᠢᠭ᠋ ᠤ᠋ᠨ ᠴᠢᠩ ᠴᠦᠨ ᠱᠠᠨ ᠵᠡᠭᠡᠯᠢ ᠭᠤᠳᠤᠮᠵᠢ ᠵᠢᠨ ᠱᠧᠨ ᠬᠤᠧᠠ ᠺᠠᠩ ᠴᠧᠩ ᠨᠡᠢᠭᠡᠮ ᠲᠣᠭᠣᠷᠢᠭ᠋ ᠤ᠋ᠨ ᠬᠠᠷᠢᠶᠠᠨ ᠳ᠋ᠠᠬᠢ 7 ᠰᠠᠭᠤᠭᠠᠯᠢ ᠲᠣᠭᠣᠷᠢᠭ᠋ ᠪᠣᠯ ᠤᠯᠤᠰ ᠤ᠋ᠨ ᠡᠨᠧᠷᠭᠢ ᠵᠢᠨ ᠪᠦᠯᠦᠭᠯᠡᠯ ᠤ᠋ᠨ ᠱᠧᠨ ᠳ᠋ᠦᠩ ᠨᠡᠭᠦᠷᠡᠰᠦᠨ ᠤ᠋ ᠺᠤᠮᠫᠠᠨᠢ ᠶ᠋ᠢᠨ ᠠᠵᠢᠯᠲᠠᠨ ᠠᠵᠢᠯᠴᠢᠨ ᠵᠢᠴᠢ ᠳᠡᠳᠡᠨ ᠤ᠋ ᠭᠡᠷ ᠪᠦᠯᠢ ᠵᠢᠨ ᠬᠢᠨ ᠤ᠋ ᠠᠮᠢᠳᠤᠷᠠᠯ ᠤ᠋ᠨ ᠲᠣᠭᠣᠷᠢᠭ᠋ ᠤᠴᠢᠷ ᠡᠴᠡ ᠪᠦᠬᠦ ᠤᠯᠤᠰ ᠤ᠋ᠨ ᠡᠯ᠎ᠡ ᠭᠠᠵᠠᠷ ᠡᠴᠡ ᠬᠦᠷᠦᠯᠴᠡᠨ ᠢᠷᠡᠭᠰᠡᠨ ᠮᠣᠩᠭᠣᠯ᠂ ᠬᠢᠲᠠᠳ᠂ ᠮᠠᠨᠵᠤ᠂ ᠢ ᠵᠡᠷᠭᠡ 11 ᠦᠨᠳᠦᠰᠦᠲᠡᠨ ᠤ᠋ ᠰᠠᠭᠤᠭᠠᠯᠢ ᠠᠷᠠᠳ ᠲᠥᠪᠯᠡᠷᠡᠨ ᠰᠠᠭᠤᠷᠢᠰᠢᠵᠤ ᠪᠠᠢᠳᠠᠭ᠃ ᠭᠦᠢᠵᠧᠦ ᠮᠤᠵᠢ ᠵᠢᠨ ᠪᠢ ᠵᠢᠶᠸ ᠬᠤᠳᠠ ᠡᠴᠡ ᠡᠨᠳᠡ ᠢᠷᠡᠵᠦ ᠰᠠᠭᠤᠷᠢᠰᠢᠭᠰᠠᠨ ᠢ ᠦᠨᠳᠦᠰᠦᠲᠡᠨ ᠤ᠋ ᠵᠧᠦ ᠵᠢᠶᠠ ᠪᠤᠯ ᠱᠧᠨ ᠬᠤᠧᠠ ᠺᠠᠩ ᠴᠧᠩ ᠨᠡᠢᠭᠡᠮ ᠳᠤᠭᠤᠷᠢᠭ ᠤ᠋ᠨ ᠳᠤᠤᠷᠵᠢᠯᠦᠨ ᠠᠵᠢᠯᠳᠠᠨ ᠪᠤᠯᠤᠨ᠎ᠠ᠃ ᠳᠡᠷᠡ 10 ᠵᠢᠯ ᠤ᠋ᠨ ᠡᠮᠦᠨ᠎ᠡ ᠨᠥᠬᠥᠷ ᠶ᠋ᠢᠠᠨ ᠳᠠᠭᠠᠨ ᠡᠨᠳᠡ ᠢᠷᠡᠵᠦ ᠰᠠᠭᠤᠷᠢᠰᠢᠵᠠᠢ᠂ 2022 ᠣᠨ ᠡᠴᠨ ᠨᠡᠢᠭᠡᠮ ᠲᠣᠭᠣᠷᠢᠭ᠋ ᠤ᠋ᠨ ᠳᠤᠤᠷᠵᠢᠯᠦᠨ ᠠᠵᠢᠯᠳᠠᠨ ᠠᠵᠢᠯ ᠢ᠋ ᠡᠬᠦᠷᠭᠡᠯᠡᠨ ᠬᠢᠵᠦ᠂ ᠨᠡᠢᠭᠡᠮ ᠳᠤᠭᠤᠷᠢᠭ ᠡᠴᠡ ᠡᠷᠬᠢᠯᠡᠨ ᠪᠠᠢᠭᠤᠯᠤᠭᠰᠠᠨ 《ᠳᠤᠳᠤᠨᠤ ᠬᠤᠳᠠ ᠵᠢᠨ ᠠᠭᠤᠷᠬᠠᠢ ᠵᠢᠨ ᠠᠵᠢᠯᠴᠢᠨᠤ ᠪᠦᠰᠡᠭᠦᠢ ᠵᠢᠨ ᠬᠠᠪᠰᠤᠷᠤᠨ ᠳᠤᠰᠠᠯᠠᠬᠤ ᠪᠦᠯᠬᠦᠮ》 ᠳ᠋ᠤ ᠢᠳᠡᠪᠬᠢᠲᠡᠢ ᠣᠷᠣᠯᠴᠠᠨ᠂ ᠡᠯ᠎ᠡ ᠦᠨᠳᠦᠰᠦᠲᠡᠨ ᠤ᠋ ᠰᠠᠭᠤᠭᠠᠯᠢ ᠠᠷᠠᠳ ᠤ᠋ᠨ ᠬᠥᠷᠰᠢ ᠵᠡᠷᠭᠡᠯᠡᠳᠡᠭᠡ ᠠᠢᠯ ᠰᠠᠭᠠᠬᠠᠯᠳᠠ ᠶ᠋ᠢᠨ ᠬᠢᠨ ᠤ᠋ ᠬᠦᠴᠢᠷᠳᠡᠯ ᠢ᠋ ᠰᠢᠢᠳᠪᠦᠷᠢᠯᠡᠵᠦ ᠳᠤᠰᠠᠯᠠᠵᠤ ᠪᠤᠢ᠃
ᠣᠨᠴᠠᠯᠢᠭ᠍ᠲᠤ ᠠᠵᠢᠯᠯᠠᠭ᠎ᠠ ᠪᠣᠯ ᠦᠨᠳᠦᠰᠦᠲᠡᠨ ᠨᠦ᠍ᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠬᠤ 《ᠬᠥᠭᠥᠷᠭᠡ》 ᠪᠤᠯᠬᠤ ᠶᠤᠮ᠃ 2024 ᠣᠨ ᠳ᠋ᠤ ᠣᠷᠳᠣᠰ ᠤ᠋ᠨ ᠲᠠᠯ᠎ᠠ ᠨᠤᠲᠤᠭ ᠤ᠋ᠨ ᠲᠣᠰᠬᠣᠨ ᠤ᠋ ᠠᠯᠠᠭᠠᠳᠠᠬᠤ ᠪᠥᠮᠪᠥᠭᠡ ᠵᠢᠴᠢ ᠬᠠᠳᠤᠨ ᠭᠣᠣᠯ ᠳᠠᠭᠠᠤ ᠵᠢᠨ ᠶᠢᠰᠦᠨ ᠮᠤᠵᠢ ᠣᠷᠣᠨ ᠤ᠋ ᠮᠠᠯᠴᠢᠨ ᠲᠠᠷᠢᠶᠠᠴᠢᠨ ᠤ᠋ ᠠᠯᠠᠭᠠᠳᠠᠬᠤ ᠪᠥᠮᠪᠥᠭᠡ ᠵᠢᠨ ᠤᠷᠢᠯᠭ᠎ᠠ ᠵᠢᠨ ᠤᠷᠤᠯᠳᠤᠭᠠᠨ ᠤᠳᠤᠭ ᠤ᠋ᠨ ᠡᠮᠦᠨᠡᠲᠦ ᠬᠣᠰᠢᠭᠤᠨ ᠤ᠋ ᠣᠯᠵᠠᠴᠢ ᠪᠠᠯᠭᠠᠰᠤᠨ ᠳ᠋ᠤ᠌ ᠶᠠᠪᠤᠭᠳᠠᠵᠤ᠂ 103 ᠲᠥᠯᠥᠭᠡᠯᠡᠭᠴᠢᠳ ᠤ᠋ᠨ ᠠᠩᠭᠢ᠂ 1030 ᠡᠯ᠎ᠡ ᠦᠨᠳᠦᠰᠦᠲᠡᠨ ᠤ᠋ ᠲᠠᠮᠢᠷᠴᠢᠨ ᠴᠤᠭᠯᠠᠷᠠᠨ᠂ ᠮᠣᠩᠭᠣᠯ ᠦᠨᠳᠦᠰᠦᠲᠡᠨ᠂ ᠬᠢᠲᠠᠳ ᠦᠨᠳᠦᠰᠦᠲᠡᠨ ᠤ᠋ ᠲᠠᠮᠢᠷᠴᠢᠨ ᠪᠠᠢᠬᠤ ᠪᠡᠷ ᠪᠠᠷᠠᠬᠤ ᠦᠭᠡᠢ᠂ ᠪᠠᠰᠠ ᠬᠣᠲᠣᠩ ᠦᠨᠳᠦᠰᠦᠲᠡᠨ᠂ ᠲᠥᠪᠡᠳ ᠦᠨᠳᠦᠰᠦᠲᠡᠨ᠂ ᠳ᠋ᠦᠩᠰᠢᠶᠠᠩ ᠦᠨᠳᠦᠰᠦᠲᠡᠨ ᠤ᠋ ᠲᠠᠮᠢᠷᠴᠢᠨ ᠤᠷᠤᠯᠴᠠᠵᠠᠢ᠃ ᠡᠯ᠎ᠡ ᠦᠨᠳᠦᠰᠦᠳᠡᠨ ᠤ᠋ ᠲᠠᠮᠢᠷᠴᠢᠳ ᠤᠷᠤᠯᠳᠤᠭᠠᠨ ᠤ᠋ ᠲᠠᠯᠠᠪᠤᠷ ᠲᠤ᠌ ᠵᠤᠷᠢᠭ ᠨᠢᠭᠡᠳᠡᠢ ᠬᠠᠮᠵᠢᠯᠴᠠᠵᠤ᠂ ᠤᠷ᠎ᠠ ᠮᠡᠷᠭᠡᠵᠢᠯ ᠶ᠋ᠢᠡᠨ ᠰᠣᠯᠢᠯᠴᠠᠨ᠂ ᠣᠷᠣᠨ ᠨᠤᠲᠤᠭ ᠤ᠋ᠨ ᠵᠠᠩ ᠳᠠᠳᠭᠠᠯ ᠶ᠋ᠢᠡᠨ ᠪᠠᠶᠠᠷᠳᠠᠢ ᠬᠤᠪᠢᠶᠠᠯᠴᠠᠵᠠᠭᠠᠪᠠ᠃ ᠪᠠᠰᠠ 7 ᠲᠦᠮᠡ ᠭᠠᠷᠤᠢ ᠬᠥᠮᠥᠨ ᠢ᠋ ᠳᠠᠳᠠᠨ ᠠᠪᠴᠢᠷᠠᠵᠤ ᠤᠷᠤᠯᠳᠤᠭᠠᠨ ᠢ᠋ ᠰᠣᠨᠢᠷᠬᠠᠭᠤᠯᠤᠨ᠂ ᠡᠷᠬᠢᠨ ᠲᠣᠭᠣᠷᠢᠨ ᠤ᠋ 311 ᠡᠷᠦᠬᠡ ᠬᠤᠳᠠᠯᠳᠤᠭ᠎ᠠ ᠳᠡᠯᠭᠡᠭᠦᠷ ᠤ᠋ᠨ ᠪᠣᠷᠤᠯᠠᠭᠤᠯᠭ᠎ᠠ ᠵᠢᠨ ᠬᠡᠮᠵᠢᠶ᠎ᠡ 600 ᠲᠦᠮᠡᠨ ᠲᠥᠭᠥᠷᠢᠭ ᠢ᠋ ᠳᠠᠪᠠᠵᠤ᠂ ᠣᠯᠵᠠᠴᠢ ᠪᠠᠯᠭᠠᠰᠤ ᠶ᠋ᠢᠨ ᠢᠳᠡᠭᠡᠨ ᠤᠮᠳᠠᠭᠠᠨ ᠤ᠋ ᠪᠣᠷᠤᠯᠠᠭᠤᠯᠭ᠎ᠠ ᠵᠢᠨ ᠬᠡᠮᠵᠢᠶ᠎ᠡ 3000 ᠲᠦᠮᠡᠨ ᠲᠥᠭᠥᠷᠢᠭ ᠲᠤ᠌ ᠬᠦᠷᠴᠦ᠂ ᠲᠤᠬᠠᠢ ᠵᠢᠨ ᠭᠠᠵᠠᠷ ᠤ᠋ᠨ 《ᠪᠡᠶ᠎ᠡ ᠵᠢᠨ ᠲᠠᠮᠢᠷ ᠰᠣᠶᠣᠯ ᠵᠢᠭᠤᠯᠴᠢᠯᠠᠯ》 ᠤ᠋ᠨ ᠠᠭᠤᠰᠤᠯᠴᠠᠨ ᠬᠥᠭᠵᠢᠬᠦ ᠵᠢ ᠠᠬᠢᠭᠤᠯᠵᠠᠢ᠃
ᠡᠭᠦᠨ ᠡᠴᠡ ᠭᠠᠳᠠᠨ᠎ᠠ᠂ ᠴᠢᠩᠭᠢᠰ ᠤ᠋ᠨ ᠣᠩᠭᠣᠨ ᠤ᠋ ᠵᠢᠭᠤᠯᠴᠢᠯᠠᠯ ᠤ᠋ᠨ ᠣᠷᠣᠨ ᠨᠢ ᠵᠢᠯ ᠪᠦᠷᠢ ᠲᠠᠯ᠎ᠠ ᠨᠤᠲᠤᠭ ᠤ᠋ᠨ ᠴᠠᠭᠠᠰᠤᠨ ᠰᠢᠪᠠᠭᠤᠨ ᠦ ᠨᠠᠢᠷ ᠂ ᠲᠠᠯ᠎ᠠ ᠨᠤᠲᠤᠭ ᠤ᠋ᠨ ᠨᠠᠭᠠᠳᠤᠮ ᠵᠡᠷᠭᠡ ᠠᠵᠢᠯᠯᠠᠭ᠎ᠠ ᠵᠢ 20 ᠭᠠᠷᠤᠢ ᠤᠳᠠᠭ᠎ᠠ ᠥᠷᠨᠢᠭᠦᠯᠵᠦ᠂ ᠨᠠᠭᠠᠳᠤᠮ ᠤ᠋ᠨ ᠬᠤᠷᠠᠯ ᠳ᠋ᠤ ᠦᠨᠳᠦᠰᠦᠲᠡᠨ ᠨᠦ᠍ᠭᠦᠳ ᠤ᠋ᠨ ᠬᠤᠪᠴᠠᠰᠤ ᠵᠠᠰᠠᠯ ᠤ᠋ᠨ ᠦᠵᠡᠭᠦᠯᠭᠡ᠂ ᠣᠯᠠᠨ ᠦᠨᠳᠦᠰᠦᠲᠡᠨ ᠤ᠋ ᠨᠠᠢᠷᠠᠯ ᠳᠠᠭᠤᠤ ᠵᠡᠷᠭᠡ ᠤᠨᠴᠠᠯᠢᠭᠳᠤ ᠠᠵᠢᠯᠯᠠᠭ᠎ᠠ ᠵᠢ ᠰᠢᠨ᠎ᠡ ᠪᠡᠷ ᠨᠡᠮᠡᠵᠠᠢ᠃ ᠵᠢᠶᠦ᠋ᠨ ᠸᠠᠩ ᠤ᠋ᠨ ᠣᠷᠳᠣᠨ ᠤ᠋ ᠵᠢᠭᠤᠯᠴᠢᠯᠠᠯ ᠤ᠋ᠨ ᠦᠵᠡᠮᠵᠢ ᠵᠢᠨ ᠣᠷᠣᠨ ᠨᠢ 《ᠵᠡᠬᠦᠳᠦᠨ ᠳ᠋ᠡᠭᠡᠨ ᠵᠢᠶᠦ᠋ᠨ ᠸᠠᠩ ᠤ᠋ᠨ ᠣᠷᠳᠣᠨ ᠳ᠋ᠤ ᠬᠠᠷᠢᠭᠰᠠᠨ ᠨᠢ》 ᠭᠡᠬᠦ ᠪᠣᠳᠠᠲᠤ ᠦᠵᠡᠭᠳᠡᠯᠳᠤ ᠲᠣᠭᠯᠠᠯᠲᠠ ᠵᠢ ᠳᠤᠬᠢᠷᠠᠭᠤᠯᠵᠤ᠂ ᠴᠢᠩ ᠤᠯᠤᠰ ᠤ᠋ᠨ ᠰᠡᠭᠦᠯᠴᠢ ᠢᠷᠭᠡᠨ ᠤᠯᠤᠰ ᠤ᠋ᠨ ᠡᠬᠢᠨ ᠤ᠋ ᠦᠶ᠎ᠡ ᠵᠢᠨ ᠮᠣᠩᠭᠣᠯ ᠬᠢᠲᠠᠳ ᠵᠡᠷᠭᠡ ᠦᠨᠳᠦᠰᠦᠲᠡᠨ ᠤ᠋ ᠠᠷᠠᠯᠵᠢᠶ᠎ᠠ ᠬᠤᠳᠠᠯᠳᠤᠭ᠎ᠠ ᠰᠣᠶᠣᠯ ᠤ᠋ᠨ ᠰᠣᠯᠢᠯᠴᠠᠭ᠎ᠠ ᠵᠢ ᠬᠠᠷᠠᠭᠤᠯᠤᠭᠰᠠᠨ ᠪᠠᠢᠨ᠎ᠠ᠃ ᠡᠵᠡᠨ ᠬᠣᠷᠣᠭ᠎ᠠ ᠬᠣᠰᠢᠭᠤᠨ ᠤ᠋ ᠠᠨᠠᠷ ᠤ᠋ᠨ ᠦᠷ᠎ᠡ ᠴᠤᠭᠯᠠᠭ᠎ᠠ ᠮᠠᠢᠮᠠᠢ ᠶ᠋ᠢᠨ ᠵᠠᠬ᠎ᠠ ᠨᠢ ᠰᠠᠷ᠎ᠠ ᠪᠦᠷᠢ ᠵᠢᠨ ᠪᠢᠯᠢᠭ ᠤ᠋ᠨ ᠤᠯᠠᠷᠢᠯ ᠤ᠋ᠨ ᠰᠢᠨ᠎ᠡ ᠵᠢᠨ ᠨᠠᠶ᠋ᠮᠠᠨ᠂ ᠠᠷᠪᠠᠨ ᠨᠠᠶ᠋ᠮᠠᠨ᠂ ᠬᠣᠷᠢᠨ ᠨᠠᠶ᠋ᠮᠠᠨ ᠳ᠋ᠤ ᠶᠠᠪᠤᠭᠳᠠᠵᠤ᠂ ᠱᠠᠨᠰᠢ ᠨᠢᠩᠰᠢᠶᠠ ᠵᠡᠷᠭᠡ ᠭᠠᠵᠠᠷ ᠤ᠋ᠨ ᠬᠤᠳᠠᠯᠳᠤᠭᠠᠴᠢᠳ ᠢ᠋ ᠲᠠᠲᠠᠨ ᠠᠪᠴᠢᠷᠠᠵᠤ᠂ ᠦᠨᠳᠦᠰᠦᠲᠡᠨ ᠨᠦ᠍ᠭᠦᠳ ᠤ᠋ᠨ ᠣᠯᠠᠨ ᠲᠦᠮᠡᠨ ᠢ᠋ ᠨᠡᠶ᠋ᠢᠲᠡ 5 ᠲᠦᠮᠡ ᠭᠠᠷᠤᠢ ᠬᠥᠮᠥᠨ ᠤᠳᠠᠭ᠎ᠠ ᠭᠥᠯᠢᠶᠡᠨ ᠠᠪᠴᠠᠢ᠃
ᠤᠷᠳᠤᠰ ᠬᠤᠳᠠ ᠵᠢᠭᠤᠯᠴᠢᠯᠠᠯ ᠤ᠋ᠨ ᠦᠵᠡᠮᠵᠢ ᠵᠢᠨ ᠣᠷᠣᠨ ᠢ᠋ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠤᠯᠠᠮᠵᠢᠯᠠᠨ ᠳᠡᠯᠭᠡᠷᠡᠭᠦᠯᠬᠦ 《ᠴᠣᠩᠬᠣᠪᠴᠢ》 ᠪᠣᠯᠭᠠᠭᠰᠠᠨ ᠪᠠᠢᠨ᠎ᠠ᠃ 2024 ᠣᠨ ᠳ᠋ᠤ᠂ ᠣᠷᠳᠣᠰ ᠬᠤᠳᠠ 《ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠳᠤ ᠴᠤᠭᠴᠠᠯᠠᠬᠤ ᠵᠢᠭᠤᠯᠴᠢᠯᠠᠯ ᠤ᠋ᠨ ᠦᠵᠡᠮᠵᠢ ᠵᠢᠨ ᠣᠷᠣᠨ ᠳ᠋ᠤ ᠣᠷᠣᠬᠤ ᠵᠢ ᠠᠬᠢᠭᠤᠯᠬᠤ ᠮᠡᠳᠡᠭᠳᠡᠯ》 ᠢ᠋ ᠳᠠᠷᠤᠮᠠᠯᠯᠠᠨ ᠲᠠᠷᠬᠠᠭᠠᠵᠤ᠂ 4A ᠲᠡᠰ ᠡᠴᠡ ᠳᠡᠭᠡᠭᠰᠢᠬᠢ 30 ᠦᠵᠡᠮᠵᠢ ᠵᠢᠨ ᠣᠷᠣᠨ ᠤ᠋ ᠵᠢᠭᠤᠯᠴᠢᠯᠠᠯ ᠤ᠋ᠨ ᠱᠤᠭᠤᠮ ᠢ᠋ ᠲᠡᠰ ᠳᠡᠪᠰᠢᠭᠦᠯᠦᠨ᠂ ᠲᠠᠢᠯᠪᠦᠷᠢ ᠦᠭᠡ ᠵᠢ ᠰᠢᠯᠢᠳᠡᠭᠵᠢᠭᠦᠯᠵᠦ᠂ 8 ᠦᠨᠳᠦᠰᠦᠲᠡᠨ ᠤ᠋ ᠠᠭᠤᠰᠤᠯᠴᠠᠯ ᠤ᠋ᠨ ᠵᠢᠱ᠌ᠢᠶ᠎ᠡ ᠦᠵᠡᠭᠦᠯᠬᠦ ᠵᠢᠭᠤᠯᠴᠢᠯᠠᠯ ᠤ᠋ᠨ ᠱᠤᠭᠤᠮ ᠢ᠋ ᠪᠠᠢᠭᠤᠯᠤᠨ᠂ ᠭᠣᠣᠯ ᠰᠡᠳᠦᠪᠲᠦ ᠴᠡᠴᠡᠷᠯᠢᠭ᠂ ᠠᠭᠤᠳᠠᠮ ᠲᠠᠯᠠᠪᠠᠢ᠂ ᠵᠡᠭᠡᠯᠢ ᠲᠣᠭᠣᠷᠢᠭ᠋ ᠵᠡᠷᠭᠡ ᠰᠣᠶᠣᠯ ᠤ᠋ᠨ ᠠᠴᠢᠶᠠᠯᠠᠪᠤᠷᠢ ᠵᠢ 98 ᠪᠠᠢᠭᠤᠯᠵᠤ᠂ ᠵᠢᠭᠤᠯᠴᠢᠯᠠᠭᠰᠠᠳ ᠲᠤ᠌ ᠦᠨᠳᠦᠰᠦᠲᠡᠨ ᠤ᠋ ᠪᠦᠯᠬᠦᠮᠳᠡᠯ ᠤ᠋ᠨ ᠷᠢᠳᠢ ᠰᠢᠳᠢ ᠵᠢ ᠮᠡᠳᠡᠷᠡᠭᠦᠯᠵᠠᠢ᠃
2024 ᠣᠨ ᠪᠣᠯᠲᠠᠯ᠎ᠠ᠂ ᠣᠷᠳᠣᠰ ᠬᠣᠲᠠ ᠨᠢᠭᠡᠨᠲᠡ ᠪᠥᠬᠥ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠢᠭᠡᠴᠢ 6᠂ ᠵᠢᠱ᠌ᠢᠶ᠎ᠡ ᠦᠵᠡᠭᠦᠯᠬᠦ ᠬᠣᠰᠢᠭᠤ ᠳᠤᠭᠤᠷᠢᠭ 1᠂ ᠪᠥᠬᠥ ᠣᠷᠣᠨ ᠤ᠋ ᠵᠢᠱ᠌ᠢᠶ᠎ᠡ ᠦᠵᠡᠭᠦᠯᠬᠦ ᠨᠢᠭᠡᠴᠢ 58᠂ ᠵᠢᠱ᠌ᠢᠶ᠎ᠡ ᠦᠵᠡᠭᠦᠯᠬᠦ ᠬᠣᠰᠢᠭᠤ ᠳᠤᠭᠤᠷᠢᠭ 3᠂ ᠬᠣᠲᠠ ᠵᠢᠨ ᠲᠠᠰ ᠤ᠋ᠨ ᠵᠢᠱ᠌ᠢᠶ᠎ᠡ ᠦᠵᠡᠭᠦᠯᠬᠦ ᠨᠢᠭᠡᠴᠢ 200 ᠭᠠᠷᠤᠢ ᠵᠢ ᠪᠦᠳᠦᠭᠡᠨ ᠪᠠᠢᠭᠤᠯᠵᠤ᠂ 《ᠱᠠᠲᠤ ᠱᠠᠲᠤ ᠪᠡᠷ ᠵᠢᠱ᠌ᠢᠶ᠎ᠡ ᠦᠵᠡᠭᠦᠯᠬᠦ᠂ ᠭᠠᠵᠠᠷ ᠪᠣᠯᠭᠠᠨ ᠳ᠋ᠤ ᠭᠢᠯᠠᠰ ᠴᠡᠭ ᠲᠠᠢ ᠪᠠᠢᠬᠤ》 ᠪᠠᠢᠷᠢᠰᠢᠯ ᠢ᠋ ᠪᠣᠢ ᠪᠣᠯᠭᠠᠵᠠᠢ᠃
ᠡᠳᠦᠭᠡ᠂ ᠰᠢᠨ᠎ᠡ ᠭᠠᠷᠤᠭᠠᠨ ᠳ᠋ᠤ ᠡᠷᠡᠯᠭᠡᠭᠯᠡᠨ ᠤᠷᠤᠭᠰᠢᠯᠠᠵᠤ ᠪᠠᠢᠭ᠎ᠠ ᠣᠷᠳᠣᠰ ᠬᠤᠳᠠ ᠶᠠᠭ ᠡᠷᠡᠰ ᠪᠠᠲᠤ ᠵᠣᠷᠢᠭ᠋ ᠪᠠ ᠪᠤᠳᠠᠳᠤ ᠠᠷᠭ᠎ᠠ ᠬᠡᠮᠵᠢᠶ᠎ᠡ ᠪᠡᠷ ᠦᠨᠳᠦᠰᠦᠲᠡᠨ ᠨᠦ᠍ᠭᠦᠳ ᠤ᠋ᠨ ᠤᠯᠠᠨ ᠲᠦᠮᠡᠨ ᠤ᠋ ᠭᠠᠷ ᠭᠠᠷ ᠶ᠋ᠢᠡᠨ ᠬᠣᠯᠪᠣᠯᠴᠠᠨ ᠤᠷᠤᠭᠰᠢᠯᠠᠬᠤ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠭᠦᠨ ᠦᠨᠳᠦᠰᠦᠯᠡᠭᠦᠯᠦᠨ᠂ ᠨᠡᠩ ᠰᠦᠷᠯᠢᠭ ᠰᠠᠢᠬᠠᠨ ᠦᠨᠳᠦᠰᠦᠲᠡᠨ ᠤ᠋ ᠪᠦᠯᠬᠦᠮᠳᠡᠯ ᠤ᠋ᠨ ᠰᠢᠨ᠎ᠡ ᠬᠠᠭᠤᠳᠠᠰᠤ ᠵᠢ ᠬᠠᠮᠲᠤ ᠪᠠᠷ ᠵᠢᠷᠤᠭᠯᠠᠵᠤ ᠪᠠᠢᠨ᠎ᠠ᠃