— ᠮᠠᠨ ᠤ᠋ ᠤᠷᠤᠨ ᠪᠤᠬᠢᠷᠳᠦᠯ ᠦᠭᠡᠢ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠡᠳ᠋ᠰᠢᠭᠦᠯᠦᠨ ᠪᠤᠯᠪᠠᠰᠤᠷᠠᠭᠤᠯᠬᠤ ᠲᠦᠷᠦᠯ ᠵᠦᠢᠯ ᠤ᠋ᠨ ᠪᠦᠲᠦᠭᠡᠨ ᠪᠠᠢᠭᠤᠯᠤᠯᠲᠠ ᠵᠢ ᠲᠦᠷᠭᠡᠳᠭᠡᠵᠤ ᠪᠠᠢᠨ᠎ᠠ
ᠨᠠᠮᠤᠷ ᠤ᠋ᠨ ᠤᠯᠠᠷᠢᠯ ᠳ᠋ᠦ ᠡᠯᠪᠡᠭ ᠬᠤᠷᠢᠶᠠᠯᠲᠠ ᠪᠠᠨ ᠤᠭᠲᠤᠵᠤ᠂ ᠡᠪᠦᠯ ᠤ᠋ᠨ ᠤᠯᠠᠷᠢᠯ ᠳ᠋ᠦ ᠰᠢᠢᠳᠪᠦᠷᠢᠳᠦ ᠳᠠᠢᠯᠠᠯᠳᠤᠭᠠᠨ ᠬᠢᠨ᠎ᠠ᠃ ᠣᠳᠣᠬᠠᠨ ᠳ᠋ᠦ᠂ ᠦᠪᠦᠷ ᠮᠤᠡᠭᠭᠤᠯ ᠤ᠋ᠨ ᠡᠯ᠎ᠠ ᠭᠠᠵᠠᠷ ᠤ᠋ᠨ ᠬᠢᠨ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰ ᠤ᠋ᠨ ᠵᠠᠩᠭᠢᠯᠠᠭ᠎ᠠ ᠪᠠ ᠭᠣᠣᠯᠳᠠᠯᠭ᠎ᠠ ᠵᠢ ᠠᠳᠭᠤᠨ᠂ 7 ᠶᠡᠬᠡ ᠭᠤᠤᠯᠳᠠᠯᠭ᠎ᠠ ᠲᠠᠶ ᠠᠵᠤ ᠦᠶ᠋ᠯᠡᠰ ᠤ᠋ᠨ ᠬᠡᠯᠬᠢᠶ᠎ᠡ ᠵᠢ ᠬᠦᠴᠦᠯᠡᠨ ᠴᠣᠭ᠍ᠴᠠᠯᠠᠵᠤ᠂ ᠪᠣᠬᠢᠷᠲᠤᠯ ᠥᠬᠡᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠶ᠋ᠯᠡᠰ ᠤ᠋ᠨ ᠪᠦᠯᠦᠭ᠌ᠵᠢᠯ ᠤ᠋ᠨ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢ ᠲᠦᠷᠭᠡᠳᠭᠡᠨ ᠠᠬᠢᠭᠤᠯᠵᠤ᠂ ᠰᠦ ᠰᠠᠭᠠᠯᠢ ᠶ᠋ᠢᠨ ᠦᠶ᠋ᠯᠡᠰ᠂ ᠮᠢᠬᠠᠨ ᠤ᠋ ᠬᠣᠨᠢ ᠵᠡᠷᠭᠡ ᠣᠯᠠᠨ ᠬᠦᠷᠢᠶᠡᠨ ᠳ᠋ᠤ ᠱᠢᠨ᠎ᠡ ᠱᠢᠪᠲᠤᠯᠤᠯᠲᠠ ᠭᠠᠷᠭᠠᠬᠤ ᠪᠡᠷ ᠬᠦᠴᠦᠯᠡᠨ ᠴᠢᠷᠮᠠᠢᠵᠤ ᠪᠠᠢᠨ᠎ᠠ᠃
ᠬᠥᠬᠡᠬᠣᠲᠠ ᠶ᠋ᠢᠨ ᠢᠯᠢ ᠡᠷᠡᠭᠦᠯ ᠮᠡᠨᠳᠦ᠍ ᠶ᠋ᠢᠨ ᠬᠦᠨᠳᠡᠢ ᠶ᠋ᠢᠨ ᠰᠦ᠋ ᠵᠢᠨ ᠲᠠᠯᠬ᠎ᠠ ᠶ᠋ᠢᠨ ᠭᠤᠷᠪᠠᠳᠤᠭᠠᠷ ᠬᠤᠭᠤᠴᠠᠭᠠᠨ ᠤ᠋ 4300 ᠲᠡᠭ᠌ᠰᠢ ᠳᠥᠷᠪᠡᠯᠵᠢᠨ ᠮᠧᠲ᠋ᠷ ᠪᠦᠬᠦᠢ ᠣᠶᠤᠨᠴᠢ ᠦᠶ᠋ᠯᠡᠳᠬᠦ᠌ ᠲᠠᠰᠤᠭ ᠲᠦ᠍᠂ ᠢᠯᠢ ᠪᠦᠯᠦᠭᠯᠠᠯ ᠤ᠋ᠨ ᠱᠢᠨ᠎ᠡ ᠪᠡᠷ ᠣᠷᠣᠭᠤᠯᠵᠤ ᠠᠪᠴᠢᠷᠠᠭᠰᠠᠨ ᠴᠠᠬᠢᠯᠭᠠᠨ ᠶ᠋ᠢᠡᠷ ᠨᠡᠪᠴᠢᠭᠦᠯᠦᠨ ᠢᠯᠭᠠᠷᠠᠭᠤᠯᠬᠤ ᠳᠠᠪᠤᠰᠤ ᠥᠬᠡᠢᠳᠡᠭᠦᠯᠦᠭ᠌ᠰᠡᠨ ᠰᠢᠷᠠᠰᠤ ᠶ᠋ᠢᠨ ᠦᠶ᠋ᠯᠡᠳᠪᠦᠷᠢᠯᠡᠯ ᠤ᠋ᠨ ᠱᠤᠭᠤᠮ ᠨᠢ ᠪᠢᠱᠢᠯᠠᠭ ᠬᠢᠬᠦ ᠦᠶ᠋ᠯᠡᠳᠪᠦᠷᠢᠯᠡᠯ ᠤ᠋ᠨ ᠶᠠᠪᠤᠴᠠ ᠳ᠋ᠠᠬᠢ ᠠᠭ᠍ᠰᠢᠭᠠᠮᠠᠯ ᠰᠢᠷᠠᠰᠤ ᠵᠢ ᠱᠢᠶ᠋ᠳᠪᠦᠷᠢᠯᠡᠵᠦ᠍᠂ ᠲᠤᠰᠬᠠᠢ ᠨᠠᠢᠷᠠᠯᠭ᠎ᠠ ᠲᠠᠶ ᠳᠠᠪᠤᠰᠤ ᠥᠬᠡᠢᠳᠡᠭᠦᠯᠦᠭ᠌ᠰᠡᠨ ᠰᠢᠷᠠᠰᠤ ᠶ᠋ᠢᠨ ᠲᠠᠯᠬ᠎ᠠ ᠵᠢ ᠶᠠᠭᠠᠷᠠᠯᠳᠠᠢ ᠦᠢᠯᠡᠳᠪᠦᠷᠢᠯᠡᠨ᠎ᠡ᠃ ᠳᠠᠪᠤᠰᠤ ᠥᠬᠡᠢᠳᠡᠭᠦᠯᠦᠭ᠌ᠰᠡᠨ ᠰᠢᠷᠠᠰᠤ ᠶ᠋ᠢᠨ ᠲᠠᠯᠬ᠎ᠠ ᠶ᠋ᠢᠨ ᠮᠡᠷᠭᠡᠵᠢᠯ ᠤ᠋ᠨ ᠪᠣᠭᠣᠮᠲᠠ ᠱᠢᠪᠲᠤᠯᠤᠯᠲᠠ ᠵᠢᠴᠢ ᠤᠶᠤᠨᠴᠢᠯᠠᠭ᠍ᠰᠠᠨ ᠦᠶ᠋ᠯᠡᠳᠪᠦᠷᠢᠯᠡᠯ ᠤ᠋ᠨ ᠲᠥᠷᠥᠯ ᠵᠦᠶ᠋ᠯ ᠪᠣᠯ ᠬᠥᠬᠡᠬᠣᠲᠠ ᠶ᠋ᠢᠨ ᠰᠦ ᠶ᠋ᠢᠨ ᠦᠶ᠋ᠯᠡᠰ ᠢ᠋ ᠲᠠᠰ ᠳᠡᠪᠱᠢᠭᠦᠯᠬᠦ᠌ ᠭᠤᠤᠯᠳᠠᠯᠭ᠎ᠠ ᠲᠠᠶ ᠲᠥᠷᠥᠯ ᠵᠦᠶ᠋ᠯ ᠪᠠᠢᠵᠤ᠂ ᠶᠡᠷᠦᠩᠬᠡᠶ ᠪᠠᠯᠠ ᠣᠷᠣᠭᠤᠯᠤᠯᠲᠠ ᠨᠢ 2.2 ᠳ᠋ᠦᠩᠱᠢᠭᠤᠷ ᠲᠥᠭᠥᠷᠢᠭ ᠲᠦ᠍ ᠬᠦᠷᠴᠦ᠍᠂ ᠲᠤᠰᠬᠠᠢ ᠤᠷᠤᠭᠤᠯᠵᠤ ᠠᠪᠴᠢᠷᠠᠭᠰᠠᠨ ᠴᠠᠬᠢᠯᠭᠠᠨ ᠶ᠋ᠢᠡᠷ ᠨᠡᠪᠴᠢᠭᠦᠯᠦᠨ ᠢᠯᠭᠠᠷᠠᠭᠤᠯᠬᠤ ᠳᠠᠪᠤᠰᠤ ᠥᠬᠡᠢᠳᠡᠭᠦᠯᠦᠭ᠌ᠰᠡᠨ ᠰᠢᠷᠠᠰᠤ ᠶ᠋ᠢᠨ ᠪᠦᠷᠢᠨ ᠪᠦᠲᠦᠨ ᠦᠶ᠋ᠯᠡᠳᠪᠦᠷᠢᠯᠡᠯ ᠤ᠋ᠨ ᠱᠤᠭᠤᠮ ᠪᠤᠯ ᠤᠳᠤᠬᠠᠨ ᠳ᠋ᠡᠬᠢ ᠤᠯᠤᠰ ᠤ᠋ᠨ ᠳᠣᠲᠣᠭᠠᠳᠤ ᠶ᠋ᠢᠨ ᠠᠩᠬᠠᠳᠠᠭ᠍ᠴᠢ ᠳᠠᠪᠤᠰᠤ ᠥᠬᠡᠢᠳᠡᠭᠦᠯᠦᠭ᠌ᠰᠡᠨ ᠰᠢᠷᠠᠰᠤ ᠶ᠋ᠢᠨ ᠲᠠᠯᠬ᠎ᠠ ᠶ᠋ᠢᠨ ᠬᠤᠳᠠᠯᠳᠤᠭᠠᠨ ᠤ᠋ ᠦᠶ᠋ᠯᠡᠳᠪᠦᠷᠢᠯᠡᠯ ᠤ᠋ᠨ ᠱᠤᠭᠤᠮ ᠪᠣᠯᠤᠨ᠎ᠠ᠃ ᠤᠳᠤ ᠵᠢᠯ ᠳᠤᠮᠳᠠᠴᠢ ᠪᠡᠷ 4 ᠲᠦᠮᠡᠨ ᠲᠣᠨ ᠱᠢᠬᠢᠷᠯᠢᠭ ᠰᠢᠷᠠᠰᠤ ᠵᠢ ᠰᠢᠢᠳᠪᠦᠷᠢᠯᠡᠨ ᠦᠢᠯᠡᠳᠪᠦᠷᠢᠯᠡᠬᠦ ᠴᠢᠳᠠᠪᠤᠷᠢ ᠵᠢ ᠪᠦᠷᠢᠯᠳᠦᠭᠦᠯᠵᠦ᠂ ᠣᠷᠳᠣ ᠬᠤᠭᠤᠴᠠᠭ᠎ᠠ ᠪᠠᠷ ᠭᠠᠳᠠᠭᠠᠳᠤ ᠡᠴᠡ ᠣᠷᠣᠭᠤᠯᠬᠤ ᠳ᠋ᠦ ᠲᠦᠱᠢᠭ᠌ᠯᠡᠵᠦ᠍ ᠪᠠᠢᠭ᠍ᠰᠠᠨ ᠮᠡᠷᠭᠡᠵᠢᠯ ᠤ᠋ᠨ 《ᠪᠣᠭᠣᠮᠢ》 ᠶ᠋ᠢᠨ ᠠᠰᠠᠭᠤᠳᠠᠯ ᠢ᠋ ᠪᠦᠳᠦᠮᠵᠢᠳᠠᠢ ᠰᠢᠢᠳᠪᠦᠷᠢᠯᠡᠪᠡ᠃
ᠪᠠᠶᠠᠨᠨᠠᠭᠤᠷ ᠬᠣᠲᠠ ᠶ᠋ᠢᠨ ᠤᠷᠠᠳ ᠤ᠋ᠨ ᠳᠤᠮᠳᠠᠳᠤ ᠬᠣᠱᠢᠭᠤᠨ ᠳ᠋ᠦ 1.18 ᠳ᠋ᠦᠩᠱᠢᠭᠤᠷ ᠲᠥᠭᠥᠷᠢᠭ ᠤ᠋ᠨ ᠶᠡᠷᠦᠡᠭᠬᠡᠢ ᠪᠠᠯᠠ ᠤᠷᠤᠭᠤᠯᠤᠯᠲᠠ ᠪᠦᠬᠦᠢ 《ᠤᠷᠠᠳ ᠤ᠋ᠨ ᠦᠨᠦᠷ ᠠᠮᠲᠠ》 ᠣᠯᠠᠨ ᠤᠯᠤᠰ ᠤ᠋ᠨ ᠢᠳᠡᠭᠡᠨ ᠤ᠋ ᠠᠵᠤ ᠦᠶ᠋ᠯᠡᠰ ᠤ᠋ᠨ ᠬᠦᠷᠢᠶᠡᠯᠡᠩ ᠤ᠋ᠨ ᠲᠥᠪ ᠦᠢᠯᠡᠳᠭᠡᠯ ᠭᠠᠵᠠᠷ ᠤ᠋ᠨ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠨᠢᠬᠡᠨᠳᠡ ᠱᠢᠪᠲᠤᠷᠠᠭᠠᠨ ᠳ᠋ᠠᠭᠠᠨ ᠣᠷᠣᠵᠤ᠂ ᠡᠷᠳᠡᠬᠡᠨ ᠠᠰᠢᠬᠯᠠᠯᠳᠠ ᠳ᠋ᠤ ᠤᠷᠤᠭᠤᠯᠬᠤ ᠪᠡᠷ ᠴᠢᠷᠮᠠᠢᠵᠤ ᠪᠠᠢᠨ᠎ᠠ᠃ ᠲᠤᠰ ᠲᠥᠷᠥᠯ ᠵᠦᠶ᠋ᠯ ᠠᠰᠢᠬᠯᠠᠯᠳᠠ ᠳ᠋ᠤ ᠤᠷᠤᠭᠰᠠᠨ ᠤ᠋ ᠳᠠᠷᠠᠭ᠎ᠠ ᠮᠢᠬᠠᠨ ᠤ᠋ ᠬᠣᠨᠢ ᠵᠢᠨ ᠠᠵᠤ ᠦᠶ᠋ᠯᠡᠰ ᠤ᠋ᠨ ᠬᠡᠯᠬᠢᠶ᠎ᠡ ᠵᠢ ᠤᠷᠲᠤᠳᠭᠠᠨ᠂ ᠲᠦᠷᠦᠭᠦᠦ ᠵᠢᠯ ᠳ᠋ᠡᠭᠡᠨ 14550 ᠲᠣᠨ ᠤᠯᠠᠭᠠᠨ ᠢᠳᠡᠭᠡᠨ ᠪᠣᠯᠪᠠᠰᠤᠷᠠᠭᠤᠯᠵᠤ᠂ ᠦᠶ᠋ᠯᠡᠳᠬᠦᠨ ᠤ᠋ ᠥᠷᠲᠡᠭ ᠨᠢ 5.8 ᠳ᠋ᠦᠩᠱᠢᠭᠤᠷ ᠲᠥᠭᠥᠷᠢᠭ ᠢ᠋ ᠳᠠᠪᠠᠵᠤ᠂ ᠪᠥᠬᠥ᠌ ᠬᠣᠱᠢᠭᠤᠨ ᠤ᠋ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠶ᠋ᠯᠡᠰ ᠤ᠋ᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠭᠦᠯᠬᠦ᠌ ᠳ᠋ᠤ ᠬᠦᠴᠦᠨ ᠨᠡᠮᠡᠷᠢᠯᠡᠬᠦ᠌ ᠪᠣᠯᠤᠨ᠎ᠠ᠃
ᠡᠨᠡ ᠵᠢᠯ ᠡᠴᠡ ᠨᠠᠭᠠᠰᠢ᠂ ᠦᠪᠦᠷ ᠮᠤᠡᠭᠭᠤᠯ ᠪᠣᠬᠢᠷᠲᠤᠯ ᠥᠬᠡᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠡᠳ᠋ᠰᠢᠭᠦᠯᠦᠨ ᠪᠤᠯᠪᠠᠰᠤᠷᠠᠭᠤᠯᠬᠤ ᠪᠦᠯᠦᠭᠵᠢᠯ ᠤ᠋ᠨ ᠪᠥᠲᠥᠭᠡᠨ ᠪᠠᠢᠭᠤᠯᠤᠯᠲᠠ ᠶ᠋ᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠍᠂ ᠤᠯᠤᠰ ᠤ᠋ᠨ ᠲᠥᠷᠥᠯ ᠵᠦᠶ᠋ᠯ ᠢ᠋ ᠴᠢᠷᠮᠠᠢᠨ ᠣᠯᠵᠤ᠂ ᠠᠷᠠᠯᠵᠢᠶᠠᠴᠢᠨ ᠤᠷᠢᠵᠤ ᠪᠠᠯᠠ ᠮᠦᠡᠭᠬᠦ ᠤᠷᠤᠭᠤᠯᠤᠨ ᠠᠪᠴᠢᠷᠠᠬᠤ ᠠᠵᠢᠯᠯᠠᠭ᠎ᠠ ᠵᠢ ᠶᠡᠬᠡ ᠪᠡᠷ ᠥᠷᠨᠢᠭᠦᠯᠵᠦ᠍᠂ ᠵᠠᠰᠠᠭ ᠤ᠋ᠨ ᠣᠷᠳᠣᠨ ᠤ᠋ ᠪᠠᠯᠠ ᠣᠷᠣᠭᠤᠯᠤᠯᠲᠠ ᠨᠢ 5000 ᠲᠦᠮᠡᠨ ᠲᠥᠭᠥᠷᠢᠭ ᠡᠴᠡ ᠳᠡᠭᠡᠭ᠌ᠰᠢᠬᠢ ᠠᠵᠤ ᠦᠶ᠋ᠯᠡᠰ ᠤ᠋ᠨ ᠪᠦᠯᠦᠭᠵᠢᠯ ᠤ᠋ᠨ 103 ᠭᠤᠤᠯᠳᠠᠯᠭ᠎ᠠ ᠲᠠᠶ ᠲᠥᠷᠥᠯ ᠵᠦᠶ᠋ᠯ ᠢ᠋ ᠬᠡᠷᠡᠭ᠌ᠵᠢᠭᠦᠯᠵᠦ᠍᠂ ᠨᠡᠢᠭᠡᠮ ᠤ᠋ᠨ ᠪᠠᠯᠠ ᠣᠷᠣᠭᠤᠯᠤᠯᠲᠠ ᠨᠢ ᠳ᠋ᠦᠩᠱᠢᠭᠤᠷ ᠲᠥᠭᠥᠷᠢᠭ ᠡᠴᠡ ᠳᠡᠭᠡᠭ᠌ᠰᠢᠬᠢ 249 ᠭᠤᠤᠯᠳᠠᠯᠭ᠎ᠠ ᠲᠠᠶ ᠲᠥᠷᠥᠯ ᠵᠦᠶ᠋ᠯ ᠢ᠋ ᠬᠡᠷᠡᠭ᠌ᠵᠢᠭᠦᠯᠪᠡ ᠃ ᠪᠠᠰᠠ ᠶᠠᠳᠠᠭᠤ ᠡᠴᠡ ᠠᠡᠭᠬᠢᠵᠢᠷᠠᠭᠤᠯᠬᠤ ᠪᠤᠭᠤᠮᠳᠠ ᠰᠢᠪᠲᠤᠯᠤᠭᠰᠠᠨ ᠦᠷ᠎ᠡ ᠪᠦᠲᠦᠭᠡᠯ ᠢ᠋ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠲᠠᠢ ᠵᠤᠯᠭᠠᠯᠴᠠᠭᠤᠯᠬᠤ ᠪᠡᠯᠡ ᠮᠦᠡᠭᠬᠦ ᠶ᠋ᠢᠨ 1309 ᠲᠦᠷᠦᠯ ᠵᠦᠢᠯ᠂ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭ᠎ᠠ ᠪᠠ ᠴᠢᠬᠤᠯᠠ ᠶᠡᠬᠡ ᠲᠥᠷᠥᠯ ᠵᠦᠶ᠋ᠯ ᠢ᠋ ᠪᠦᠬᠦᠨ ᠢ᠋ ᠪᠠᠷᠢᠯᠭ᠎ᠠ ᠡᠬᠢᠯᠡᠭᠦᠯᠵᠦ᠂ ᠨᠡᠢᠳᠡ 397.1 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠤᠯᠲᠠ ᠵᠢ ᠪᠡᠶᠡᠯᠡᠭᠦᠯᠪᠡ᠃ ᠨᠢᠭᠡᠳᠦᠭᠡᠷ ᠠᠵᠤ ᠦᠢᠯᠡᠰ ᠤ᠋ᠨ ᠲᠣᠭ᠍ᠲᠠᠮᠠᠯ ᠬᠥᠷᠥᠩᠭᠡ ᠶ᠋ᠢᠨ ᠪᠡᠯᠡ ᠣᠷᠣᠭᠤᠯᠤᠯᠲᠠ ᠶ᠋ᠢᠨ ᠨᠡᠮᠡᠭ᠌ᠳᠡᠯ ᠤ᠋ᠨ ᠬᠤᠷᠳᠤᠴᠠ 18.8% ᠳ᠋ᠦ ᠬᠦᠷᠴᠦ᠍᠂ ᠪᠦᠬᠦ᠌ ᠤᠯᠤᠰᠤ᠋ᠨ ᠳᠤᠮᠳᠠᠴᠢ ᠲᠦᠪᠰᠢᠨ ᠡᠴᠡ ᠵᠠᠭᠤᠨ ᠤ᠋ ᠬᠠᠷᠢᠴᠠᠯ ᠶ᠋ᠢᠡᠷ 14.2 ᠬᠤᠪᠢ ᠲᠠᠪᠠᠵᠠᠢ᠃ ᠪᠦᠬᠦ ᠤᠷᠤᠨ ᠤ᠋ ᠡᠯ᠎ᠡ ᠭᠠᠵᠠᠷ ᠤ᠋ᠨᠬᠢᠨ ᠵᠢᠷᠠᠨ ᠡᠳᠦᠷ ᠤ᠋ᠨ ᠰᠢᠢᠳᠪᠦᠷᠢᠲᠦ ᠳᠠᠢᠯᠠᠯᠳᠤᠭᠠᠨ ᠬᠢᠵᠦ᠂ ᠪᠣᠬᠢᠷᠲᠤᠯ ᠥᠬᠡᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠡᠳ᠋ᠰᠢᠭᠦᠯᠦᠨ ᠪᠤᠯᠪᠠᠰᠤᠷᠠᠭᠤᠯᠬᠤ ᠪᠦᠯᠦᠭᠵᠢᠯ ᠤ᠋ᠨ ᠭᠤᠤᠯᠳᠠᠯᠭ᠎ᠠ ᠲᠠᠶ ᠲᠥᠷᠥᠯ ᠵᠦᠶ᠋ᠯ ᠳ᠋ᠤ ᠠᠩᠬᠠᠷᠤᠯ ᠶ᠋ᠢᠡᠨ ᠲᠥᠪᠯᠡᠷᠡᠭᠦᠯᠤᠨ᠂ 《ᠨᠠᠷᠢᠨ ᠳᠠᠡᠭᠰᠠ ᠭᠠᠷᠭᠠᠵᠤ ᠬᠠᠮᠢᠶᠠᠷᠬᠤ᠂ ᠵᠠᠩᠭᠢᠯᠠᠭ᠎ᠠ ᠶ᠋ᠢᠨ ᠴᠡᠭ ᠶ᠋ᠢᠡᠷ ᠠᠬᠢᠭᠤᠯᠬᠤ》 ᠵᠠᠭ᠍ᠪᠤᠷ ᠶ᠋ᠢᠡᠷ ᠰᠡᠭᠦᠯ ᠬᠤᠷᠢᠶᠠᠬᠤ ᠠᠵᠢᠯ ᠶ᠋ᠢᠡᠨ ᠲᠦᠷᠭᠡᠳᠬᠡᠨ ᠠᠬᠢᠭᠤᠯᠵᠤ᠂ ᠡᠨᠡ ᠵᠢᠯ ᠤ᠋ᠨ ᠰᠡᠬᠦᠯᠴᠢ ᠪᠤᠯᠬᠤ ᠳ᠋ᠤ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠡᠳ᠋ᠱᠢᠭᠦᠯᠦᠨ ᠪᠣᠯᠪᠠᠰᠤᠷᠠᠭᠤᠯᠬᠤ ᠨᠣᠷᠮ᠎ᠠ ᠵᠢ 78% ᠳ᠋ᠦ ᠬᠦᠷᠭᠡᠨ᠂ ᠳᠡᠭᠡᠷ᠎ᠡ ᠵᠢᠯ ᠤ᠋ᠨ ᠬᠢ ᠡᠴᠡ ᠵᠠᠭᠤᠨ ᠤ᠋ ᠬᠠᠷᠢᠴᠠᠯ ᠶ᠋ᠢᠡᠷ 3 ᠬᠤᠪᠢ ᠳᠡᠭᠡᠭ᠌ᠰᠢᠯᠡᠭᠦᠯᠵᠦ᠍᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠪᠣᠷᠣᠯᠠᠭᠤᠯᠭ᠎ᠠ ᠶ᠋ᠢᠨ ᠬᠡᠮᠵᠢᠶ᠎ᠠ ᠵᠢ 6000 ᠳ᠋ᠦᠩᠱᠢᠭᠤᠷ ᠲᠥᠭᠥᠷᠢᠭ ᠢ᠋ ᠳᠠᠪᠠᠭᠤᠯᠬᠤ ᠪᠡᠷ ᠴᠢᠷᠮᠠᠢᠵᠤ ᠪᠠᠢᠨ᠎ᠠ᠃
《ᠪᠢᠳᠡ ᠲᠥᠷᠥᠯ ᠵᠦᠶ᠋ᠯ ᠶ᠋ᠢᠡᠷ ᠬᠥᠳᠡᠯᠭᠡᠭᠦᠷ ᠪᠤᠯᠭᠠᠨ᠂ ᠪᠦᠲᠦᠭᠡᠨ ᠪᠠᠢᠭᠤᠯᠵᠤ ᠪᠠᠢᠭ᠎ᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠶ᠋ᠯᠡᠰ ᠤ᠋ᠨ ᠪᠦᠯᠦᠭ᠌ᠵᠢᠯ ᠤ᠋ᠨ ᠴᠢᠬᠤᠯᠠ ᠶᠡᠬᠡ ᠲᠥᠷᠥᠯ ᠵᠦᠶ᠋ᠯ ᠢ᠋ ᠮᠥᠷᠳᠡᠨ ᠦᠶ᠋ᠯᠡᠴᠢᠯᠡᠬᠦ᠌ ᠬᠦᠴᠦᠯᠡᠴᠡ ᠪᠡᠨ ᠴᠢᠩᠭᠠᠳᠭᠠᠵᠤ᠂ ᠲᠦᠭ᠌ᠵᠢᠷᠡᠯ ᠤ᠋ᠨ ᠴᠡᠭ ᠢ᠋ ᠴᠠᠭ ᠲᠤᠬᠠᠶ ᠳ᠋ᠤᠨᠢ ᠰᠢᠢᠳᠪᠦᠷᠢᠯᠡᠨ᠂ ᠲᠥᠷᠥᠯ ᠵᠦᠶ᠋ᠯ ᠤ᠋ᠨ ᠡᠷᠲᠡᠬᠡᠨ ᠪᠠᠷᠢᠯᠭ᠎ᠠ ᠳᠠᠭᠤᠰᠴᠤ᠌᠂ ᠡᠷᠲᠡᠬᠡᠨ ᠠᠱᠢᠭ᠍ᠯᠠᠯᠲᠠ ᠳ᠋ᠦ ᠣᠷᠣᠬᠤ ᠵᠢ ᠠᠬᠢᠭᠤᠯᠤᠨ᠎ᠠ᠃ ᠠᠵᠤ ᠦᠶ᠋ᠯᠡᠰ ᠤ᠋ᠨ ᠬᠡᠯᠬᠢᠶ᠎ᠡ ᠶ᠋ᠢ ᠴᠢᠨᠠᠭᠰᠢᠳᠠ ᠲᠡᠭᠦᠯᠳᠡᠷᠵᠢᠭᠦᠯᠤᠨ᠂ 〈ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠨᠠᠷᠢᠯᠢᠭ ᠪᠤᠯᠪᠠᠰᠤᠷᠠᠭᠤᠯᠬᠤ ᠵᠢ ᠳᠡᠮᠵᠢᠬᠦ ᠠᠷᠭ᠎ᠠ ᠬᠡᠮᠵᠢᠶ᠎ᠡ ᠨᠤᠬᠦᠳ〉 ᠵᠡᠷᠭᠡ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠵᠢ ᠭᠦᠶ᠋ᠴᠡᠳ ᠠᠰᠢᠭᠯᠠᠵᠤ᠂ ᠡᠨᠡ ᠵᠢᠯ ᠤ᠋ᠨ ᠲᠤᠳᠤᠷ᠎ᠠ ᠵᠢᠯ ᠤ᠋ᠨ ᠪᠤᠷᠤᠯᠠᠭᠤᠯᠭ᠎ᠠ ᠶ᠋ᠢᠨ ᠣᠷᠣᠯᠭ᠎ᠠ ᠨᠢ 10 ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢᠯᠠᠯ ᠢ᠋ 1᠂ ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢᠯᠠᠯ ᠢ᠋ 5 ᠡᠴᠡ ᠳᠡᠭᠡᠭ᠌ᠰᠢ ᠱᠢᠨ᠎ᠡ ᠪᠡᠷ ᠪᠤᠢᠵᠢᠭᠤᠯᠵᠤ᠂ ᠦᠶ᠋ᠯᠡᠳᠬᠦᠨ ᠤ᠋ ᠥᠷᠲᠡᠭ ᠢ᠋ ᠨᠡᠡᠭ ᠶᠡᠬᠡ ᠬᠡᠮᠵᠢᠶ᠎ᠡ ᠪᠡᠷ ᠨᠡᠮᠡᠭᠳᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠬᠦᠳᠡᠭᠡ ᠲᠤᠰᠬᠤᠨ ᠤ᠋ ᠠᠵᠤ ᠦᠢᠯᠡᠰ ᠤ᠋ᠨ ᠬᠦᠭᠵᠢᠯᠲᠡ ᠪᠠ ᠠᠲᠠᠷ ᠬᠠᠭᠠᠯᠪᠤᠷᠢᠯᠠᠯᠲᠠ ᠶ᠋ᠢᠨ ᠭᠠᠵᠠᠷ ᠤ᠋ᠨ ᠳᠡᠳ᠋ ᠳᠠᠷᠤᠭ᠎ᠠ ᠯᠢᠦ ᠲᠦᠡᠭ ᠶᠠᠷᠢᠵᠤ ᠪᠠᠢᠯ᠎ᠠ᠃