ᠬᠥᠬᠡᠬᠣᠲᠠ ᠶ᠋ᠢᠨ ᠵᠢᠨ ᠱᠢᠶᠠ ᠬᠤᠳᠠᠯᠳᠤᠭᠠᠨ ᠤ᠋ ᠠᠭᠤᠳᠠᠮ ᠲᠠᠯᠠᠪᠠᠶ ᠶ᠋ᠢᠨ ᠯᠸ ᠡᠯ ᠮᠧᠶ ᠬᠡᠲᠦ ᠳᠡᠯᠭᠡᠭᠦᠷ ᠤ᠋ᠨ ᠲᠦᠭᠦᠬᠡᠶ ᠰᠤᠷᠭᠤᠭ ᠢᠳᠡᠭᠡᠨ ᠤ᠋ ᠲᠣᠭᠣᠷᠢᠭ ᠲᠦ᠍᠂ ᠠᠵᠢᠯᠲᠠᠳ 《ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ ᠤ᠋ᠨ ᠬᠣᠨᠢ 》 ᠭᠡᠬᠦ᠌ ᠱᠤᠰᠢᠭ᠎ᠠ ᠳᠠᠷᠤᠮᠠᠯᠯᠠᠭ᠍ᠰᠠᠨ ᠨᠢᠭᠡ ᠪᠦᠯᠦᠭ ᠬᠦᠶ᠋ᠲᠡᠨ ᠰᠣᠷᠭᠣᠭ ᠬᠣᠨᠢᠨ ᠮᠢᠬᠠᠨ ᠤ᠋ ᠪᠦᠲᠦᠭᠡᠭᠳᠡᠬᠦᠨ ᠢ᠋ ᠲᠡᠭ᠌ᠰᠢᠭᠡᠨ ᠵᠡᠷᠭᠡᠯᠡᠵᠦ ᠶᠠᠭᠠᠷᠠᠵᠠᠭᠠᠨ᠎ᠠ᠃
ᠬᠣᠶᠠᠷ ᠰᠠᠷ᠎ᠠ ᠶ᠋ᠢᠨ ᠡᠮᠦᠨ᠎ᠡ᠂ ᠥᠪᠥᠷ ᠮᠣᠩᠭᠣᠯ ᠤ᠋ᠨ ᠮᠦ᠍ ᠯᠠᠢ ᠭᠸ ᠲᠠᠷᠢᠶᠠᠯᠠᠩ ᠮᠠᠯ ᠠᠵᠤ ᠠᠬᠤᠶ ᠶ᠋ᠢᠨ ᠬᠢᠵᠠᠭᠠᠷᠲᠤ ᠺᠣᠮᠫᠠᠨᠢ ᠬᠡᠲᠦ ᠳᠡᠯᠭᠡᠭᠦᠷ ᠲᠠᠢ ᠭᠡᠷ᠎ᠡ ᠲᠣᠭ᠍ᠲᠠᠵᠦ᠂ ᠲᠣᠰ ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠦᠷᠦᠯ ᠲᠡᠮᠲᠡᠭ ᠤ᠋ᠨ ᠵᠢᠩᠬᠢᠨᠢ ᠪᠡᠷ ᠬᠥᠬᠡᠬᠣᠲᠠ ᠶ᠋ᠢᠨ ᠬᠡᠯᠬᠢᠶᠡᠳᠤ ᠬᠤᠳᠠᠯᠳᠤᠭᠠᠨ ᠤ᠋ ᠬᠡᠲᠦ ᠳᠡᠯᠭᠡᠭᠦᠷᠲᠦ ᠤᠷᠤᠭ᠍ᠰᠠᠨ ᠢ᠋ ᠬᠠᠷᠠᠭᠤᠯᠪᠠ᠃ ᠣᠢᠷ᠎ᠠ ᠳ᠋ᠤ᠂ ᠮᠦ᠍ ᠯᠠᠢ ᠭᠸ ᠵᠢᠨ ᠬᠣᠨᠢᠨ ᠮᠢᠬᠠᠨ ᠤ᠋ ᠪᠦᠲᠦᠭᠡᠭ᠌ᠳᠡᠬᠦᠨ 《ᠥᠪᠥᠷ ᠮᠣᠩᠭᠣᠯ ᠤ᠋ᠨ ᠤᠬᠢ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠬᠠᠩᠭᠠᠯᠭ᠎ᠠ ᠶ᠋ᠢᠨ ᠬᠡᠯᠬᠢᠶ᠎ᠡ ᠶ᠋ᠢᠨ ᠦᠵᠡᠭᠦᠯᠭᠡ ᠶ᠋ᠢᠨ ᠲᠢᠩᠬᠢᠮ》 ᠤ᠋ᠨ ᠪᠠᠷᠠᠭᠠᠨ ᠤ᠋ ᠲᠠᠯᠪᠢᠭᠤᠷ ᠳᠡᠭᠡᠷ᠎ᠡ ᠳᠡᠯᠭᠡᠭᠳᠡᠪᠡ᠃
ᠪᠤᠷᠤᠯᠠᠭᠤᠯᠭ᠎ᠠ ᠶ᠋ᠢᠨ ᠠᠷᠭ᠎ᠠ ᠵᠠᠮ ᠢ᠋ ᠵᠠᠯᠭᠠᠭᠠᠪᠠᠷ ᠥᠷᠭᠡᠳᠭᠡᠭ᠌ᠰᠡᠨ ᠶᠠᠪᠤᠳᠠᠯ ᠨᠢ 《ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ ᠤ᠋ᠨ ᠬᠣᠨᠢ 》 ᠵᠢᠨ ᠲᠥᠷᠥᠯ ᠲᠡᠮᠳᠡᠭ ᠢ ᠡᠬᠦᠳᠬᠦ ᠠᠬᠢᠴᠠ ᠲᠦᠷᠭᠡᠳᠴᠦ᠍ ᠪᠠᠢᠬᠤ ᠵᠢ ᠬᠠᠷᠠᠭᠤᠯᠵᠤ ᠪᠠᠢᠨ᠎ᠠ᠃ ᠡᠨᠡ ᠵᠢᠯ ᠤ᠋ᠨ 7 ᠰᠠᠷ᠎ᠠ ᠶ᠋ᠢᠨ 31 ᠤ᠋ ᠡᠳᠦᠷ᠂ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠠᠩᠬᠠᠳᠠᠭ᠍ᠴᠢ 《ᠪᠥᠬᠥ᠌ ᠣᠷᠣᠨ ᠪᠦᠰᠡ ᠶ᠋ᠢᠨ ᠪᠣᠬᠢᠷᠲᠤᠯ ᠥᠬᠡᠶ》 ᠲᠤᠷᠱᠢᠯᠲᠠ ᠶ᠋ᠢᠨ ᠴᠡᠭ ᠤ᠋ᠨ ᠬᠣᠱᠢᠭᠤ ᠱᠢᠶᠠᠨ ᠪᠣᠯᠪᠠ᠃ ᠡᠨᠡ ᠨᠢ ᠪᠡᠯᠴᠢᠭᠡᠷᠯᠠᠭᠦᠯᠦᠯᠳᠡ ᠡᠴᠡ ᠡᠴᠦᠰ ᠤ᠋ᠨ ᠪᠣᠷᠣᠯᠠᠭᠤᠯᠭ᠎ᠠ ᠬᠦᠷᠲᠡᠯ᠎ᠡ᠂ ᠬᠣᠨᠢᠨ ᠮᠢᠬᠠᠨ ᠤ᠋ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠪᠣᠬᠢᠷᠲᠤᠯ ᠥᠬᠡᠶ ᠪᠠᠢᠬᠤ ᠪᠠ ᠪᠠᠷᠢᠮᠵᠢᠶᠠᠵᠢᠭᠤᠯᠤᠯᠲᠠ ᠲᠣᠭ᠍ᠲᠠᠴᠠ ᠶ᠋ᠢᠨ ᠴᠢᠨᠠᠷᠲᠠᠶ ᠪᠠᠲᠤᠯᠠᠭ᠎ᠠ ᠲᠠᠢ ᠪᠣᠯᠤᠭ᠍ᠰᠠᠨ ᠢ᠋ ᠬᠠᠷᠠᠭᠤᠯᠵᠤ ᠪᠠᠢᠨ᠎ᠠ ᠃ 2024 ᠣᠨ ᠤ᠋ ᠰᠡᠭᠦᠯᠴᠢ ᠪᠡᠷ ᠶᠠᠪᠤᠭᠳᠠᠭᠰᠠᠨ ᠠᠷᠪᠠᠨ ᠨᠢᠭᠡᠳᠦᠭᠡᠷ ᠬᠤᠭᠤᠴᠠᠭᠠᠨ ᠤ᠋ ᠥᠪᠥᠷ ᠮᠣᠩᠭᠣᠯ ᠤ᠋ᠨ ᠲᠦᠷᠦᠯ ᠲᠡᠮᠲᠡᠭ ᠤ᠋ᠨ ᠶᠡᠬᠡ ᠬᠤᠷᠠᠯ ᠳᠡᠭᠡᠷ᠎ᠡ᠂ 《ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ ᠤ᠋ᠨ ᠬᠣᠨᠢ 》 ᠵᠢᠨ ᠲᠦᠷᠦᠯ ᠲᠡᠮᠳᠡᠭ 2024 ᠣᠨ ᠤ᠋ ᠥᠪᠥᠷ ᠮᠣᠩᠭᠣᠯ ᠤ᠋ᠨ ᠨᠠᠷᠠᠲᠤ ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠦᠷᠦᠯ ᠲᠡᠮᠲᠡᠭ ᠲᠦ᠍ ᠰᠣᠩᠭᠣᠭ᠍ᠳᠠᠵᠤ᠂ ᠲᠦᠷᠦᠯ ᠲᠡᠮᠲᠡᠭ ᠤ᠋ᠨ ᠵᠢᠱ᠌ᠢᠯᠲᠡ ᠥᠷᠲᠡᠭ ᠨᠢ 41.97 ᠳ᠋ᠦᠩᠱᠢᠭᠤᠷ ᠲᠥᠭᠥᠷᠢᠭ ᠲᠦ᠍ ᠬᠦᠷᠴᠡᠶ᠃
2020 ᠣᠨ ᠤ᠋ 9 ᠰᠠᠷ᠎ᠠ ᠳ᠋ᠤ ᠲᠦᠷᠦᠯ ᠳᠡᠮᠳᠡᠭ ᠢ᠋ ᠠᠩᠬ᠎ᠠ ᠤᠳᠠᠭ᠎ᠠ ᠨᠡᠢᠲᠡᠯᠡᠭᠰᠡᠨ ᠡᠴᠡ ᠤᠳᠤᠬᠠᠨ ᠤ᠋ ᠵᠢᠱ᠌ᠢᠯᠲᠡ ᠦᠷᠳᠡᠭ ᠨᠢ 40 ᠳ᠋ᠦᠩᠱᠢᠭᠤᠷ ᠲᠥᠭᠥᠷᠢᠭ ᠢ᠋ ᠳᠠᠪᠠᠬᠤ ᠪᠤᠯᠲᠠᠯ᠎ᠠ᠂ 《ᠳᠠᠷᠬᠠᠨ ᠮᠤᠤᠮᠢᠩᠭᠠᠨ ᠤ᠋ ᠲᠠᠯ᠎ᠠ ᠨᠤᠲᠤᠭ ᠤ᠋ᠨ ᠬᠤᠨᠢ 》 ᠭᠤᠴᠤ ᠰᠠᠢᠬᠠᠨ ᠬᠢᠷᠢ ᠭᠡᠮ ᠤ᠋ᠨ ᠦᠰᠦᠷᠦᠯᠲᠡ ᠵᠢ ᠪᠡᠶᠡᠯᠡᠭᠦᠯᠪᠡ᠃ ᠭᠡᠪᠡᠴᠦ᠍ ᠥᠨᠳᠥᠷ ᠵᠢᠱ᠌ᠢᠯᠲᠡ ᠪᠠ ᠥᠨᠳᠥᠷ ᠬᠦᠰᠡᠯ ᠡᠷᠡᠮᠡᠯᠵᠡᠯ ᠤ᠋ᠨ ᠡᠮᠦᠨ᠎ᠡ ᠂ ᠥᠷᠢᠰᠥᠯᠳᠦᠭᠡᠨ ᠴᠦ᠍ ᠲᠤᠯᠭᠠᠷᠠᠵᠤ ᠪᠠᠢᠨ᠎ᠠ᠃
《 ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ ᠤ᠋ᠨ ᠬᠣᠨᠢ 》 ᠭᠡᠨᠡᠳᠲᠡ ᠪᠡᠷ ᠨᠡᠷ᠎ᠡ ᠠᠯᠳᠠᠷᠰᠢᠬᠰᠠᠨ ᠪᠢᠰᠢ᠃ ᠠᠯᠢ ᠡᠷᠲᠡ ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠦᠷᠦᠯ ᠲᠡᠮᠳᠡᠭ ᠢ᠋ ᠴᠤᠬᠴᠠᠯᠠᠬᠤ ᠡᠴᠡ ᠡᠮᠦᠨ᠎ᠡ᠂ ᠲᠡᠷᠡ ᠨᠢ ᠨᠢᠭᠡᠨᠲᠡ ᠱᠢᠯᠢᠳᠡᠭ ᠶᠠᠰᠤ ᠴᠢᠨᠠᠷ ᠲᠠᠭᠠᠨ ᠲᠦᠱᠢᠭ᠌ᠯᠡᠨ᠂ ᠤᠷᠢᠳ ᠬᠣᠵᠢᠳ ᠤᠯᠤᠰ ᠤ᠋ᠨ ᠭᠠᠵᠠᠷ ᠵᠦᠶ ᠶ᠋ᠢᠨ ᠢᠯᠠᠷᠬᠡᠢᠯᠡᠯᠲᠦ ᠪᠦᠲᠦᠭᠡᠭᠳᠡᠬᠦᠨ ᠤ᠋ ᠭᠡᠷᠡᠴᠢᠯᠡᠯ᠂ ᠤᠯᠤᠰ ᠤ᠋ᠨ ᠨᠠᠷᠠᠲᠤ ᠣᠨᠴᠠᠯᠢᠬᠲᠤ ᠱᠢᠯᠢᠳᠡᠭ ᠱᠢᠨ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠭᠡᠷᠡᠴᠢᠯᠡᠯ᠂ ᠳᠤᠮᠳᠠᠳᠤ ᠤᠯᠤᠰ ᠤ᠋ᠨ ᠨᠠᠷᠠᠲᠤ ᠲᠠᠸᠠᠷ ᠤ᠋ᠨ ᠲᠡᠮᠳᠡᠭ ᠵᠡᠷᠭᠡ ᠣᠯᠠᠨ ᠵᠦᠶ᠋ᠯ ᠤ᠋ᠨ ᠢᠷᠠᠭᠤ ᠠᠯᠳᠠᠷ ᠢ᠋ ᠣᠯᠤᠭ᠍ᠰᠠᠨ ᠪᠥᠭᠡᠳ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠲᠦᠷᠦᠯ ᠲᠡᠮᠳᠡᠭ ᠤ᠋ᠨ ᠭᠠᠷᠴᠠᠭ ᠤ᠋ᠨ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠦᠷᠦᠯ ᠲᠡᠮᠳᠡᠭ ᠲᠦ᠍ ᠰᠣᠩᠭᠣᠭ᠍ᠳᠠᠭ᠍ᠰᠠᠨ ᠪᠠᠢᠨ᠎ᠠ᠃ 2020 ᠣᠨ ᠤ᠋ 9 ᠰᠠᠷ᠎ᠠ ᠶ᠋ᠢᠨ 24 ᠤ᠋ ᠡᠳᠦᠷ᠂ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤᠨ ᠤ᠋ ᠬᠤᠨᠭᠭᠤᠷᠲᠠᠯᠠ ᠪᠣᠬᠢᠷᠲᠤᠯ ᠥᠬᠡᠶ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠣᠷᠢᠭ ᠤ᠋ᠨ ᠨᠡᠭᠡᠭᠡᠯᠲᠡ ᠶ᠋ᠢᠨ ᠶᠣᠰᠣᠯᠠᠯ ᠳᠡᠭᠡᠷ᠎ᠡ 《ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ ᠤ᠋ᠨ ᠬᠣᠨᠢ 》 ᠵᠢᠨ ᠲᠦᠷᠦᠯ ᠲᠡᠮᠳᠡᠭ ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠦᠷᠦᠯ ᠲᠡᠮᠳᠡᠭ ᠪᠣᠯᠤᠭ᠍ᠰᠠᠨ ᠤ᠋ ᠬᠤᠪᠢ ᠳ᠋ᠤ ᠠᠩᠬ᠎ᠠ ᠤᠳᠠᠭ᠎ᠠ ᠣᠯᠠᠨ ᠤ᠋ ᠡᠮᠦᠨ᠎ᠡ ᠢᠯᠡᠷᠡᠵᠦ᠍᠂ ᠡᠭᠦᠨ ᠡᠴᠡ ᠡᠬᠢᠯᠡᠨ ᠱᠢᠰᠲ᠋ᠧᠮᠵᠢᠭ᠌ᠰᠡᠨ᠂ ᠵᠠᠬ᠎ᠠ ᠳᠡᠯᠭᠡᠭᠦᠷᠴᠢᠯᠡᠭ᠌ᠰᠡᠨ ᠲᠦᠷᠦᠯ ᠲᠡᠮᠳᠡᠭ ᠤ᠋ᠨ ᠡᠵᠡᠩᠨᠡᠯᠲᠡ ᠶ᠋ᠢᠨ ᠱᠢᠨ᠎ᠡ ᠱᠠᠲᠤ ᠦᠶ᠎ᠡ ᠵᠢ ᠡᠬᠢᠯᠡᠭᠦᠯᠪᠡ; 2025 ᠣᠨ ᠤ᠋ 5 ᠰᠠᠷ᠎ᠠ ᠳ᠋ᠤ᠂ 《ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ ᠤ᠋ᠨ ᠬᠣᠨᠢ 》 ᠪᠠᠰᠠ 2024 ᠤᠨ ᠤ᠋ ᠳᠤᠮᠳᠠᠳᠤ ᠤᠯᠤᠰ ᠤ᠋ᠨ ᠭᠠᠵᠠᠷ ᠵᠦᠶ ᠶ᠋ᠢᠨ ᠢᠯᠡᠷᠬᠡᠢᠯᠡᠯᠲᠦ ᠮᠠᠯᠤᠨ ᠠᠰᠢᠬ ᠰᠢᠮ᠎ᠠ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠲᠦᠷᠦᠯ ᠲᠡᠮᠳᠡᠭ ᠤ᠋ᠨ TOP100 ᠨᠡᠷᠡᠰ ᠤ᠋ᠨ ᠵᠢᠭ᠍ᠰᠠᠭᠠᠯᠲᠠ ᠳ᠋ᠤ ᠠᠮᠵᠢᠯᠲᠠ ᠲᠠᠢ ᠪᠠᠷ ᠰᠣᠩᠭᠣᠭ᠍ᠳᠠᠵᠤ᠂ ᠲᠦᠷᠦᠯ ᠲᠡᠮᠳᠡᠭ ᠤ᠋ᠨ ᠠᠯᠳᠠᠷᠱᠢᠯ ᠪᠠ ᠢᠷᠠᠭᠤ ᠠᠯᠳᠠᠷ ᠤ᠋ᠨ ᠬᠡᠮᠵᠢᠶ᠎ᠡ ᠨᠢ ᠳᠠᠬᠢᠨᠲᠠ ᠳᠡᠭᠡᠭ᠌ᠰᠢᠯᠡᠪᠡ ᠃
ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤ ᠠᠷᠢᠭᠤᠨ ᠴᠡᠪᠡᠷ ᠠᠭᠠᠷ᠂ ᠥᠷᠭᠡᠨ ᠠᠭᠤᠳᠠᠮ ᠪᠡᠯᠴᠢᠭᠡᠷ ᠂ ᠪᠠᠢᠭᠠᠯᠢᠯᠢᠭ ᠮᠠᠯᠵᠢᠬᠤ ᠣᠷᠴᠢᠨ ᠲᠠᠢ ᠪᠠᠢᠵᠤ ᠂ ᠮᠢᠬ᠎ᠠ ᠨᠢ ᠰᠣᠷᠭᠣᠭ ᠵᠥᠭᠡᠯᠡᠨ᠂ ᠠᠮᠲᠠ ᠰᠠᠢᠲᠠᠶ᠂ ᠱᠢᠮ᠎ᠡ ᠲᠡᠵᠢᠭᠡᠯ ᠡᠯᠪᠡᠭ ᠪᠡᠯᠴᠢᠭᠡᠷ ᠤ᠋ᠨ ᠬᠣᠨᠢ ᠵᠢ ᠪᠣᠢᠵᠢᠭᠤᠯᠪᠠ᠃ ᠣᠳᠣᠬᠠᠨ ᠳ᠋ᠤ ᠪᠥᠬᠥ᠌ ᠬᠣᠱᠢᠭᠤ ᠵᠢᠯ ᠪᠦᠷᠢ 90 ᠲᠦᠮᠡ ᠱᠢᠬᠠᠮ ᠬᠤᠨᠢ ᠬᠤᠳᠠᠯᠳᠤᠵᠤ᠂ ᠲᠡᠵᠢᠭᠡᠵᠦ᠍ ᠪᠠᠢᠭ᠎ᠠ ᠬᠣᠨᠢ 100 ᠲᠦᠮᠡ ᠱᠢᠬᠠᠮ ᠪᠠᠢᠨ᠎ᠠ ᠭᠡᠵᠦ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤᠨ ᠤ᠋ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶᠠᠨ ᠤ᠋ ᠳᠡᠳ᠋ ᠳᠠᠷᠤᠭ᠎ᠠ ᠯᠢᠦ ᠭᠦᠸᠧ ᠳ᠋ᠦᠩ ᠲᠠᠨᠢᠯᠴᠠᠭᠤᠯᠪᠠ᠃ ᠲᠡᠷᠡ᠄《ᠭᠠᠳᠠᠷ ᠣᠷᠣᠨ ᠤ᠋ ᠵᠠᠬ᠎ᠠ ᠳᠡᠯᠭᠡᠭᠦᠷ ᠳᠡᠭᠡᠷ᠎ᠡ ᠢᠯᠠᠩᠭᠤᠶ᠎ᠠ ᠳᠡᠭᠡᠳᠦ ᠲᠠᠰ ᠤ᠋ᠨ ᠢᠳᠡᠭᠡᠨ ᠤᠮᠳᠠᠭᠠᠨ ᠤ᠋ ᠲᠠᠯᠠᠪᠤᠷ ᠲᠦ᠍ ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ ᠤ᠋ᠨ ᠬᠣᠨᠢ ᠮᠠᠰᠢ ᠬᠦᠷᠢᠶᠡᠯᠡᠯ ᠲᠠᠢ᠃ ᠭᠡᠪᠡᠴᠦ᠍ ᠪᠢᠳᠡᠨ ᠤ᠋ ᠥᠩᠭᠡᠷᠡᠭ᠌ᠰᠡᠨ ᠤ᠋ ᠲᠦᠷᠦᠯ ᠲᠡᠮᠳᠡᠭ ᠤ᠋ᠨ ᠪᠠᠢᠭᠤᠯᠤᠯᠲᠠ ᠬᠣᠴᠣᠷᠤᠩᠭᠤᠶ ᠪᠠᠢᠬᠰᠠᠨ ᠡᠴᠡ ᠰᠠᠢᠨ ᠪᠦᠲᠦᠭᠡᠭᠳᠡᠬᠦᠨ ᠢ᠋ᠶ᠋ᠡᠨ ᠰᠠᠢᠨ ᠦᠨ᠎ᠡ ᠪᠡᠷ ᠬᠤᠳᠠᠯᠳᠤᠵᠤ ᠳᠡᠢᠯᠬᠦ ᠦᠭᠡᠢ ᠪᠠᠢᠵᠠᠢ 》 ᠭᠡᠪᠡ ᠃
ᠲᠦᠷᠦᠯ ᠲᠡᠮᠳᠡᠭ ᠤ᠋ᠨ ᠵᠢᠱ᠌ᠢᠯᠲᠡ ᠥᠷᠲᠡᠭ 41.97 ᠳ᠋ᠦᠩᠱᠢᠭᠤᠷ ᠲᠥᠭᠥᠷᠢᠭ ᠲᠦ᠍ ᠬᠦᠷᠦᠭ᠌ᠰᠡᠨ ᠪᠣᠯᠪᠠᠴᠤ᠌ 《ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ ᠤ᠋ ᠲᠠᠯ᠎ᠠ ᠨᠤᠲᠤᠭ ᠤ᠋ᠨ ᠬᠣᠨᠢ》 ᠵᠢᠨ ᠲᠦᠷᠦᠯ ᠲᠡᠮᠳᠡᠭ ᠬᠠᠲᠠᠭᠤ ᠴᠢᠩᠭ᠎ᠠ ᠥᠷᠢᠰᠥᠯᠳᠦᠭᠡᠨ ᠳ᠋ᠤ ᠲᠤᠯᠭᠠᠷᠠᠵᠤ ᠪᠠᠢᠨ᠎ᠠ᠃ ᠤᠯᠠᠮᠵᠢᠯᠠᠯᠲᠤ ᠪᠣᠷᠣᠯᠠᠭᠤᠯᠭ᠎ᠠ ᠶ᠋ᠢᠨ ᠵᠠᠭ᠍ᠪᠤᠷ ᠭᠤᠤᠯᠯᠠᠬᠤ ᠪᠠᠢᠷᠢ ᠵᠢ ᠡᠵᠡᠯᠡᠵᠦ᠍᠂ ᠣᠳᠣᠬᠠᠨ ᠳ᠋ᠤ ᠣᠯᠠᠩᠬᠢ ᠠᠵᠤ ᠠᠬᠤᠢᠯᠠᠯ ᠮᠥᠨ ᠬᠦ᠌ ᠠᠩᠬᠠᠨ ᠤ᠋ ᠪᠦᠬᠦᠯᠢ ᠬᠣᠨᠢ ᠪᠤᠶᠤ ᠳᠥᠭᠥᠮᠬᠡᠨ ᠬᠡᠰᠡᠭ᠌ᠯᠡᠬᠦ᠌ ᠬᠡᠯᠪᠡᠷᠢ ᠪᠡᠷ ᠪᠣᠷᠣᠯᠠᠭᠤᠯᠵᠤ᠂ ᠪᠦᠲᠦᠭᠡᠭᠳᠡᠬᠦᠨ ᠤ᠋ ᠭᠦᠨᠵᠡᠭᠡᠶ ᠪᠣᠯᠪᠠᠰᠤᠷᠠᠭᠤᠯᠤᠯᠲᠠ᠂ ᠪᠣᠭᠣᠳᠠᠯ ᠤ᠋ᠨ ᠵᠢᠷᠤᠭ ᠲᠥᠰᠦᠯ ᠪᠠ ᠲᠦᠷᠦᠯ ᠲᠡᠮᠳᠡᠭ ᠤ᠋ᠨ ᠤᠬᠠᠭᠤᠯᠭ᠎ᠠ ᠳ᠋ᠤ ᠢᠯᠡᠷᠬᠡᠶ ᠳᠤᠲᠠᠭᠤᠳᠠᠯ ᠣᠷᠣᠱᠢᠵᠤ ᠪᠠᠢᠨ᠎ᠠ᠃ 《ᠮᠠᠨ ᠤ᠋ ᠣᠯᠠᠩᠬᠢ ᠠᠵᠤ ᠠᠬᠤᠢᠯᠠᠯ 〈ᠲᠦᠭᠦᠬᠡᠶ ᠮᠠᠲ᠋ᠧᠷᠢᠶᠠᠯ ᠬᠤᠳᠠᠯᠳᠤᠬᠤ 〉 ᠱᠠᠲᠤᠨ ᠳ᠋ᠤ ᠵᠣᠭ᠍ᠰᠣᠩᠭᠢᠷᠠᠵᠤ᠂ ᠲᠦᠷᠦᠯ ᠲᠡᠮᠳᠡᠭ ᠤ᠋ᠨ ᠦᠨ᠎ᠡ ᠦᠰᠭᠡᠬᠦ ᠦᠢᠯᠡᠳᠦᠯ ᠢ᠋ ᠪᠠᠳᠠᠷᠠᠭᠤᠯᠵᠤ ᠳᠡᠢᠯᠵᠦ ᠦᠭᠡᠢ ᠪᠠᠢᠨ᠎ᠠ 》 ᠭᠡᠵᠦ᠍ ᠯᠢᠦ ᠭᠦᠸᠧ ᠳ᠋ᠦᠩ ᠬᠡᠯᠡᠪᠡ᠃ ᠵᠠᠬ᠎ᠠ ᠳᠡᠯᠭᠡᠭᠦᠷ ᠤ᠋ᠨ ᠡᠮᠬᠢ ᠵᠠᠮᠪᠠᠷᠠᠭ᠎ᠠ ᠦᠬᠡᠢ ᠪᠠᠢᠳᠠᠯ ᠣᠯᠠᠨᠲᠠ ᠡᠭᠦᠰᠴᠦ ᠪᠠᠢᠭ᠎ᠠ ᠨᠢ ᠪᠠᠰᠠ ᠤᠮᠳᠤᠭᠠᠢᠯᠠᠵᠤ ᠪᠣᠯᠤᠰᠢ ᠦᠭᠡᠢ ᠠᠰᠠᠭᠤᠳᠠᠯ ᠪᠤᠯᠤᠨ᠎ᠠ᠃ 《 ᠵᠠᠬ᠎ᠠ ᠳᠡᠯᠭᠡᠭᠦᠷ ᠳᠡᠭᠡᠷ᠎ᠡ ᠭᠠᠳᠠᠨ᠎ᠠ ᠣᠷᠣᠨ ᠤ᠋ ᠬᠣᠨᠢᠨ ᠮᠢᠬ᠎ᠠ ᠪᠡᠷ 〈ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ ᠤ᠋ᠨ ᠬᠣᠨᠢ 〉 ᠵᠢ ᠤᠷᠤᠯᠠᠭᠤᠯᠬᠤ ᠦᠵᠡᠭ᠌ᠳᠡᠯ ᠣᠷᠣᠱᠢᠵᠤ ᠂ ᠦᠨ᠎ᠡ ᠬᠠᠩᠰᠢ ᠶ᠋ᠢᠨ ᠱᠢᠰᠲ᠋ᠧᠮ ᠡᠷᠦᠶ ᠬᠤᠷᠤᠶ ᠥᠬᠡᠶ᠂ ᠮᠥᠷᠳᠡᠬᠦ ᠱᠢᠰᠲ᠋ᠧᠮ ᠬᠠᠷᠠᠬᠠᠨ ᠲᠡᠭᠦᠯᠳᠡᠷᠵᠢᠭᠡᠳᠦᠶ ᠪᠠᠢᠨ᠎ᠠ᠃ ᠵᠠᠷᠢᠮ ᠬᠠᠤᠯᠢ ᠪᠤᠰᠤ ᠠᠷᠠᠯᠵᠢᠶᠠᠴᠢᠨ ᠰᠦᠯᠵᠢᠶᠡᠨ ᠳᠡᠭᠡᠷ᠎ᠡ ᠪᠠ ᠲᠤᠬᠠᠢ ᠶ᠋ᠢᠨ ᠲᠠᠯᠠᠪᠠᠢ ᠳ᠋ᠤ ᠮᠠᠭᠤ ᠪᠠᠷ ᠰᠠᠢᠨ ᠢ᠋ ᠣᠷᠣᠯᠠᠭᠤᠯᠵᠤ᠂ ᠲᠦᠷᠦᠯ ᠲᠡᠮᠲᠡᠭ ᠤ᠋ᠨ ᠳᠦᠷᠢ ᠲᠥᠷᠬᠦ᠌ ᠵᠢ ᠬᠦᠨᠳᠦ ᠨᠣᠴᠢᠲᠠᠶ ᠬᠣᠬᠢᠷᠠᠭᠤᠯᠵᠤ ᠪᠠᠢᠨ᠎ᠠ 》 ᠭᠡᠵᠦ ᠥᠪᠥᠷ ᠮᠣᠩᠭᠣᠯ ᠤ᠋ᠨ ᠲᠢᠶᠠᠨ ᠢᠦᠶ ᠮᠥ᠍ ᠭᠧ ᠲᠠᠷᠢᠶᠠᠯᠠᠩ ᠮᠠᠯ ᠠᠵᠤ ᠠᠬᠤᠶ ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠥᠭ᠌ᠵᠢᠯᠲᠡ ᠶ᠋ᠢᠨ ᠬᠢᠵᠠᠭᠠᠷᠲᠤ ᠺᠣᠮᠫᠠᠨᠢ ᠶ᠋ᠢᠨ ᠬᠠᠤᠯᠢ ᠶ᠋ᠢᠨ ᠡᠷᠬᠡᠲᠡᠨ ᠂ ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ ᠤ᠋ᠨ ᠬᠣᠨᠢᠨ ᠤ᠋ ᠠᠵᠢᠯ ᠲᠥᠷᠥᠯ ᠤ᠋ᠨ ᠨᠡᠢᠭᠡᠮᠯᠢᠭ ᠤ᠋ᠨ ᠳᠠᠷᠤᠭ᠎ᠠ ᠯᠢᠦ ᠹᠸᠢ ᠬᠡᠯᠡᠪᠡ᠃ ᠡᠭᠦᠨ ᠡᠴᠡ ᠭᠠᠳᠠᠨ᠎ᠠ ᠂ ᠠᠵᠤ ᠦᠶ᠋ᠯᠡᠰ ᠤ᠋ᠨ ᠬᠡᠯᠬᠢᠶ᠎ᠡ ᠶ᠋ᠢᠨ ᠬᠠᠮᠵᠢᠯᠴᠠᠭ᠎ᠠ ᠬᠦᠷᠦᠯᠴᠡᠬᠦ᠌ ᠥᠬᠡᠶ ᠪᠠᠢᠵᠤ᠂ ᠲᠡᠵᠢᠭᠡᠨ ᠦᠷᠡᠵᠢᠭᠦᠯᠬᠦ᠌᠂ ᠠᠯᠠᠵᠤ ᠨᠢᠲᠤᠯᠬᠤ ᠂ ᠡᠳ᠋ᠱᠢᠭᠦᠯᠬᠦ᠌ ᠡᠴᠡ ᠠᠪᠤᠭᠠᠳ ᠪᠣᠷᠣᠯᠠᠭᠤᠯᠬᠤ ᠬᠦᠷᠲᠡᠯ᠎ᠡ᠂ ᠡᠯ᠎ᠡ ᠭᠣᠭ᠍ᠴᠣᠭᠠ ᠳ᠋ᠤ ᠥᠨᠳᠥᠷ ᠪᠦᠲᠦᠮᠵᠢᠲᠡᠶ ᠬᠠᠮᠲᠤᠷᠠᠨ ᠬᠥᠳᠡᠯᠦᠯᠴᠡᠬᠦ᠌ ᠲᠤᠬᠲᠠᠴᠠ ᠬᠠᠷᠠᠬᠠᠨ ᠪᠦᠷᠢᠯᠳᠦᠭᠡᠳᠦᠶ ᠡᠴᠡ ᠪᠣᠯᠵᠣ ᠦᠶ᠋ᠯᠡᠳᠬᠦᠨ ᠤ᠋ ᠪᠠᠷᠢᠮᠵᠢᠶᠠᠵᠢᠭᠤᠯᠤᠯᠲᠠ ᠶ᠋ᠢᠨ ᠬᠡᠮᠵᠢᠶ᠎ᠡ ᠳᠤᠤᠷ᠎ᠠ ᠪᠠᠢᠵᠤ᠂ ᠣᠲᠣ ᠦᠶ᠎ᠡ ᠶ᠋ᠢᠨ ᠬᠡᠷᠡᠭ᠌ᠯᠡᠭᠡᠨ ᠤ᠋ ᠲᠣᠭ᠍ᠲᠠᠪᠤᠷᠢᠲᠤ ᠴᠢᠨᠠᠷ᠂ ᠦᠷᠭᠦᠯᠵᠢᠯᠡᠬᠦ᠌ ᠴᠢᠨᠠᠷ ᠤ᠋ᠨ ᠲᠤᠬᠠᠶ ᠱᠠᠭᠠᠷᠳᠠᠯᠭ᠎ᠠ ᠵᠢ ᠬᠠᠩᠭᠠᠵᠤ ᠳᠡᠢᠯᠬᠦ᠌ ᠥᠬᠡᠶ ᠪᠠᠢᠨ᠎ᠠ᠃
ᠡᠳᠡᠭᠡᠷ ᠠᠰᠠᠭᠤᠳᠠᠯ ᠳ᠋ᠤ ᠴᠢᠭ᠌ᠯᠡᠭᠦᠯᠦᠨ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤ ᠱᠢᠰᠲ᠋ᠧᠮ ᠲᠠᠢ ᠠᠷᠭ᠎ᠠ ᠬᠡᠮᠵᠢᠶ᠎ᠡ ᠬᠡᠷᠡᠭᠵᠢᠭᠦᠯᠪᠡ᠃ 8 ᠰᠠᠷ᠎ᠠ ᠶ᠋ᠢᠨ 14 ᠤ᠋ ᠡᠳᠦᠷ ᠂ ᠲᠤᠰ ᠬᠣᠱᠢᠭᠤᠨ ᠤ᠋ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠪᠣᠯᠤᠨ ᠲᠠᠯ᠎ᠠ ᠨᠤᠲᠤᠭ ᠤ᠋ᠨ ᠬᠣᠨᠢᠨ ᠤ᠋ ᠠᠵᠢᠯ ᠲᠥᠷᠥᠯ ᠤ᠋ᠨ ᠨᠡᠢᠭᠡᠮᠯᠢᠭ ᠬᠠᠮᠲᠤᠷᠠᠨ ᠲᠤᠰᠭᠠᠶ ᠰᠡᠳᠦᠪᠲᠦ ᠬᠤᠷᠠᠯ ᠬᠤᠷᠠᠯᠳᠤᠭᠤᠯᠵᠤ᠂ 《ᠴᠢᠩᠭ᠎ᠠ ᠬᠠᠮᠢᠶᠠᠷᠬᠤ + ᠶᠠᠰᠤ ᠴᠢᠨᠠᠷ ᠢ᠋ ᠳᠡᠭᠡᠭ᠌ᠰᠢᠯᠡᠭᠦᠯᠬᠦ᠌ 》ᠪᠡᠷ ᠳᠠᠮᠵᠢᠭᠤᠯᠤᠨ ᠲᠦᠷᠦᠯ ᠲᠡᠮᠳᠡᠭ ᠤ᠋ᠨ ᠢᠲᠡᠭᠡᠭᠦᠯᠬᠦ᠌ ᠬᠦᠴᠦᠨ ᠢ᠋ ᠳᠡᠭᠡᠭ᠌ᠰᠢᠯᠡᠭᠦᠯᠬᠦ᠌ ᠪᠡᠷ ᠲᠣᠳᠣᠷᠬᠠᠶ ᠲᠣᠭ᠍ᠲᠠᠭᠠᠪᠠ᠃ ᠪᠣᠳᠠᠲᠠᠶ ᠠᠷᠭ᠎ᠠ ᠬᠡᠮᠵᠢᠶ᠎ᠡ ᠳ᠋ᠤ ᠲᠤᠰᠭᠠᠶ ᠮᠡᠷᠭᠡᠵᠢᠯ ᠤ᠋ᠨ ᠬᠢᠨᠠᠨ ᠲᠣᠭ᠍ᠲᠠᠭᠠᠬᠤ ᠳᠤᠭᠤᠢᠯᠠᠩ ᠪᠠᠢᠭᠤᠯᠵᠤ᠂ ᠲᠥᠷᠥᠯ ᠲᠡᠮᠳᠡᠭ᠌ ᠢ᠋ ᠬᠡᠷᠡᠭ᠌ᠯᠡᠬᠦ᠌ ᠪᠡᠷ ᠱᠢᠨ᠎ᠡ ᠪᠡᠷ ᠭᠤᠶᠤᠴᠢᠯᠠᠭ᠍ᠰᠠᠨ ᠠᠵᠤ ᠠᠬᠤᠢᠯᠠᠯ ᠳ᠋ᠤ 《 ᠬᠢᠷᠢ ᠬᠡᠮ + ᠲᠤᠬᠠᠶ ᠶ᠋ᠢᠨ ᠲᠠᠯᠠᠪᠤᠷ 》 ᠤ᠋ᠨ ᠬᠤᠤᠰ ᠬᠢᠨᠠᠨ ᠪᠠᠢᠴᠠᠭᠠᠯᠲᠠ ᠬᠢᠬᠦ᠌᠂ ᠡᠷᠬᠡ ᠣᠯᠭᠣᠬᠤ ᠪᠢᠴᠢᠭ ᠤ᠋ᠨ ᠬᠡᠯᠪᠡᠷᠢ ᠮᠠᠶᠢᠭ ᠪᠠ ᠳ᠋ᠤᠭᠠᠷᠯᠠᠬᠤ ᠲᠦᠷᠢᠮ ᠢ᠋ ᠨᠢᠭᠡᠲᠦᠯᠲᠡᠢ ᠪᠤᠯᠭᠠᠬᠤ ᠶ᠋ᠢᠨ ᠬᠠᠮᠲᠤ᠂ ᠪᠣᠬᠢᠷᠲᠤᠯ ᠥᠬᠡᠶ ᠢᠳᠡᠭᠡᠨ᠂ ᠣᠷᠭᠠᠨᠢᠭ ᠪᠦᠲᠦᠭᠡᠭ᠌ᠳᠡᠬᠦᠨ ᠤ᠋ ᠭᠡᠷᠡᠴᠢᠯᠡᠯ ᠢ᠋ ᠳᠠᠮᠵᠢᠭ᠍ᠰᠠᠨ ᠠᠵᠤ ᠠᠬᠤᠢᠯᠠᠯ ᠳ᠋ᠤ ᠤᠷᠢᠳ ᠵᠢᠡᠷ ᠡᠷᠬᠡ ᠣᠯᠭᠣᠬᠤ ᠵᠡᠷᠭᠡ ᠵᠢ ᠪᠠᠭ᠍ᠲᠠᠭᠠᠪᠠ᠃ 《 ᠪᠢᠳᠡ 〈 ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ ᠤ᠋ᠨ ᠬᠣᠨᠢ 〉 ᠨᠢᠭᠡᠪᠦᠷᠢ ᠵᠢ ᠴᠥᠮ ᠥᠪᠡᠷ ᠤ᠋ᠨ ᠪᠡᠶ᠎ᠡ ᠶ᠋ᠢᠨ ᠬᠢᠷᠢ ᠬᠡᠮ ᠤ᠋ᠨ ᠲᠠᠩᠰᠠ ᠡᠪᠬᠡᠮᠡᠯᠲᠡᠶ ᠪᠣᠯᠭᠠᠨ᠎ᠠ 》 ᠭᠡᠵᠦ᠍ ᠯᠢᠦ ᠭᠦᠸᠧ ᠳ᠋ᠦᠩ ᠢᠯᠡᠳᠭᠡᠪᠡ᠃
ᠲᠤᠬᠠᠶ ᠶ᠋ᠢᠨ ᠭᠠᠵᠠᠷ ᠤ᠋ᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠰᠠᠯᠠᠭ᠎ᠠ ᠮᠥᠴᠢᠷ ᠣᠲᠣ ᠶᠠᠭ ᠲᠡᠵᠢᠭᠡᠨ ᠦᠷᠡᠵᠢᠭᠦᠯᠬᠦ᠌᠂ ᠠᠯᠠᠵᠤ ᠨᠢᠲᠤᠯᠬᠤ᠂ ᠡᠳ᠋ᠰᠢᠭᠦᠯᠦᠨ ᠪᠣᠯᠪᠠᠰᠤᠷᠠᠭᠤᠯᠬᠤ ᠡᠴᠡ ᠬᠦᠶ᠋ᠲᠡᠨ ᠬᠡᠯᠬᠢᠶᠡᠲᠦ ᠪᠠᠷᠠᠭᠠᠨ ᠤ᠋ ᠭᠦᠶ᠋ᠯᠭᠡᠭᠡ ᠬᠦᠷᠲᠡᠯᠡᠬᠢ ᠪᠥᠬᠥ᠌ ᠶᠠᠪᠤᠴᠠ ᠶ᠋ᠢᠨ ᠡᠬᠢ ᠡᠭᠦᠰᠦᠯ ᠢ᠋ ᠮᠦᠷᠳᠡᠬᠦ ᠱᠢᠰᠲ᠋ᠧᠮ ᠢ᠋ ᠪᠠᠢᠭᠤᠯᠬᠤ ᠶ᠋ᠢᠨ ᠬᠠᠮᠲᠤ ᠮᠠᠯ ᠤ᠋ᠨ ᠡᠭᠦᠯᠳᠡᠷ ᠢ᠋ ᠰᠠᠢᠵᠢᠷᠠᠭᠤᠯᠬᠤ ᠡᠷᠴᠢᠮ ᠢ᠋ᠶ᠋ᠡᠨ ᠴᠢᠩᠭᠠᠷᠠᠭᠤᠯᠵᠤ᠂ ᠥᠰᠥᠯᠲᠡ ᠶ᠋ᠢᠨ ᠬᠤᠭᠤᠴᠠᠭ᠎ᠠ ᠪᠡᠷ ᠣᠬᠣᠷ᠂ ᠮᠢᠬ᠎ᠠ ᠭᠠᠷᠬᠤ ᠨᠣᠷᠮ᠎ᠠ ᠪᠡᠷ ᠥᠨᠳᠥᠷ ᠮᠢᠬᠠᠨ ᠤ᠋ ᠬᠣᠨᠢᠨ ᠤ᠋ ᠡᠭᠦᠯᠳᠡᠷ ᠪᠣᠢᠵᠢᠭᠤᠯᠵᠤ ᠂ ᠪᠥᠬᠥ᠌ ᠵᠢᠯ ᠤ᠋ᠨ ᠲᠣᠭ᠍ᠲᠠᠭᠤᠨ ᠬᠠᠩᠭᠠᠯᠭ᠎ᠠ ᠵᠢ ᠦᠨᠡᠨ ᠬᠦ᠌ ᠪᠠᠲᠤᠯᠠᠬᠤ ᠪᠠᠷ ᠴᠢᠷᠮᠠᠢᠵᠤ ᠪᠠᠢᠨ᠎ᠠ᠃ ᠪᠤᠷᠤᠯᠠᠭᠤᠯᠭ᠎ᠠ ᠶ᠋ᠢᠨ ᠠᠷᠭ᠎ᠠ ᠵᠠᠮ ᠢ᠋ ᠦᠷᠭᠡᠳᠭᠡᠬᠦ ᠪᠡᠷ ᠬᠦᠴᠦᠯᠡᠵᠦ᠂ ᠪᠦᠲᠦᠭᠡᠭᠳᠡᠬᠦᠨ ᠢ᠋ᠶ᠋ᠡᠨ ᠲᠣᠰ ᠭᠠᠵᠠᠷ ᠤ᠋ᠨ ᠬᠤᠳᠠᠯᠳᠤᠭᠠᠨ ᠤ᠋ ᠬᠡᠲᠦ ᠳᠡᠯᠭᠡᠭᠦᠷ ᠪᠠ ᠬᠠᠩᠭᠠᠯᠭ᠎ᠠ ᠶ᠋ᠢᠨ ᠬᠡᠯᠬᠢᠶ᠎ᠡ ᠶ᠋ᠢᠨ ᠦᠵᠡᠭᠦᠯᠭᠡ ᠶ᠋ᠢᠨ ᠲᠢᠩᠬᠢᠮᠳᠦ ᠳᠡᠯᠭᠡᠭᠰᠡᠨ ᠡᠴᠡ ᠭᠠᠳᠠᠨ᠎ᠠ ᠪᠠᠰᠠ ᠪᠡᠭᠡᠵᠢᠩ᠂ ᠱᠠᠩᠬᠠᠶ᠂ ᠭᠤᠸᠠᠩᠵᠧᠦ᠂ ᠴᠧᠩᠳᠦ᠋ ᠂ ᠴᠦᠩᠴᠢᠩ᠂ ᠱᠧᠨᠵᠧᠨ ᠵᠡᠷᠭᠡ ᠭᠠᠵᠠᠷ ᠲᠦ᠍ ᠲᠦᠷᠦᠯ ᠲᠡᠮᠲᠡᠭ ᠲᠠᠨᠢᠯᠴᠠᠭᠤᠯᠬᠤ ᠠᠷᠠᠯᠵᠢᠶᠠᠴᠢᠨ ᠤᠷᠢᠬᠤ ᠠᠵᠢᠯᠯᠠᠭ᠎ᠠ ᠡᠷᠭᠢᠯᠡᠬᠦ᠌ ᠶ᠋ᠢᠨ ᠬᠠᠮᠲᠤ ᠡᠯ᠎ᠡ ᠲᠥᠷᠥᠯ ᠤ᠋ᠨ ᠦᠵᠡᠰᠭᠦᠯᠡᠩ ᠤ᠋ᠨ ᠴᠤᠭ᠍ᠯᠠᠭᠠᠨ ᠳ᠋ᠤ ᠢᠳᠡᠪᠬᠢᠲᠡᠶ ᠣᠷᠣᠯᠴᠠᠵᠤ᠂ ᠲᠦᠷᠦᠯ ᠲᠡᠮᠲᠡᠭ ᠤ᠋ᠨ ᠨᠡᠷ᠎ᠡ ᠨᠦᠯᠦᠭᠡ ᠵᠢ ᠦᠷᠭᠡᠳᠭᠡᠪᠡ ᠃
ᠬᠡᠲᠦ ᠳᠡᠯᠭᠡᠭᠦᠷ ᠤ᠋ᠨ ᠪᠠᠷᠠᠭᠠᠨ ᠤ᠋ ᠲᠠᠯᠪᠢᠭᠤᠷ ᠡᠴᠡ ᠳᠡᠭᠡᠳᠦ ᠲᠠᠰ ᠤ᠋ᠨ ᠦᠵᠡᠭᠦᠯᠭᠡ ᠶ᠋ᠢᠨ ᠲᠢᠩᠬᠢᠮ ᠬᠦᠷᠲᠡᠯ᠎ᠡ ᠂ ᠲᠣᠰ ᠭᠠᠵᠠᠷ ᠤ᠋ᠨ ᠵᠠᠬ᠎ᠠ ᠳᠡᠯᠭᠡᠭᠦᠷ ᠲᠦ᠍ ᠪᠤᠷᠤᠯᠠᠭᠤᠯᠬᠤ ᠡᠴᠡ ᠪᠥᠬᠥ᠌ ᠤᠯᠤᠰ ᠲᠦ᠍ ᠲᠠᠨᠢᠯᠴᠠᠭᠤᠯᠬᠤ ᠬᠦᠷᠲᠡᠯ᠎ᠡ ᠂ 《 ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ ᠤ᠋ᠨ ᠬᠣᠨᠢ 》ᠵᠢᠨ ᠲᠦᠷᠦᠯ ᠲᠡᠮᠳᠡᠭ ᠶᠠᠭ ᠨᠢᠭᠡ ᠤᠳᠠᠭᠠᠨ ᠤ᠋ ᠭᠦᠨ ᠭᠦᠨᠵᠡᠭᠡᠶ ᠲᠦᠷᠦᠯ ᠲᠡᠮᠲᠡᠭ ᠤ᠋ᠨ ᠬᠤᠪᠢᠰᠤᠯᠲᠠ ᠵᠢ ᠥᠩᠭᠡᠷᠡᠭᠡᠵᠦ᠍ ᠪᠠᠢᠨ᠎ᠠ᠃ 41.97 ᠳ᠋ᠦᠩᠱᠢᠭᠤᠷ ᠲᠥᠭᠥᠷᠢᠭ ᠤ᠋ᠨ ᠵᠢᠱ᠌ᠢᠯᠲᠡ ᠦᠷᠲᠡᠭ ᠨᠢ ᠥᠩᠭᠡᠷᠡᠭ᠌ᠰᠡᠨ ᠤ᠋ ᠨᠤᠲᠠᠯᠠᠯᠲᠠ ᠪᠣᠯᠬᠤ ᠪᠡᠷ ᠪᠠᠷᠠᠬᠤ ᠥᠬᠡᠶ ᠨᠠᠩ ᠴᠤ᠌ ᠢᠷᠡᠭᠡᠳᠦᠶ ᠶ᠋ᠢᠨ ᠬᠦᠰᠡᠯ ᠡᠷᠡᠮᠡᠯᠵᠡᠯ ᠮᠥᠨ᠃
ᠲᠦᠷᠦᠯ ᠲᠡᠮᠳᠡᠭ ᠤ᠋ᠨ ᠪᠠᠢᠭᠤᠯᠤᠯᠲᠠ ᠪᠣᠯ ᠨᠢᠭᠡᠨ ᠤᠳᠠᠭᠠᠨ ᠤ᠋ ᠮᠠᠷᠠᠽᠤᠨ ᠤᠷᠤᠯᠳᠤᠭᠠᠨ ᠮᠥᠨ᠂ ᠠᠯᠬᠤᠮ ᠪᠦᠷᠢ ᠳ᠋ᠡᠭᠡᠨ ᠴᠥᠮ ᠴᠢᠨᠠᠷ ᠴᠢᠨᠰᠠᠭ᠎ᠠ ᠪᠠ ᠨᠡᠷ᠎ᠡ ᠨᠦᠯᠦᠭᠡ᠂ ᠤᠯᠠᠮᠵᠢᠯᠠᠯ ᠪᠠ ᠱᠢᠨ᠎ᠡ ᠵᠢ ᠡᠭᠦᠳᠬᠦ᠌᠂ ᠠᠮᠢ ᠠᠬᠤᠶ ᠪᠠ ᠦᠷ᠎ᠡ ᠠᠱᠢᠭ ᠢ᠋ ᠬᠠᠮᠲᠤ ᠳ᠋ᠤᠨᠢ ᠬᠠᠷᠠᠭᠠᠯᠵᠠᠬᠤ ᠬᠡᠷᠡᠭ᠌ᠲᠡᠶ᠃ ᠡᠬᠢ ᠡᠭᠦᠰᠦᠯ ᠢ᠋ ᠮᠦᠷᠳᠡᠬᠦ ᠱᠢᠰᠲ᠋ᠧᠮ ᠢ᠋ ᠲᠡᠭᠦᠯᠳᠡᠷᠵᠢᠭᠦᠯᠬᠦ᠌᠂ ᠡᠷᠬᠡ ᠣᠯᠭᠣᠬᠤ ᠬᠠᠮᠢᠶᠠᠷᠤᠯᠲᠠ ᠵᠢ ᠴᠢᠩᠳᠠᠯᠠᠬᠤ ᠪᠠ ᠪᠤᠷᠤᠯᠠᠭᠤᠯᠭ᠎ᠠ ᠶ᠋ᠢᠨ ᠠᠷᠭ᠎ᠠ ᠵᠠᠮ ᠢ᠋ ᠥᠷᠭᠡᠳᠭᠡᠬᠦ᠌ ᠵᠢ ᠳᠠᠭᠠᠯᠳᠤᠨ᠂ 《 ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ ᠤ᠋ᠨ ᠬᠣᠨᠢ 》 ᠵᠢᠨ ᠲᠦᠷᠦᠯ ᠲᠡᠮᠳᠡᠭ ᠣᠲᠣ ᠶᠠᠭ ᠠᠯᠬᠤᠮ ᠠᠯᠬᠤᠮ ᠢ᠋ᠶ᠋ᠡᠷ ᠣᠷᠣᠨ ᠪᠦᠰᠡ ᠶ᠋ᠢᠨ ᠬᠢᠵᠠᠭᠠᠷᠯᠠᠯ ᠢ᠋ ᠡᠪᠳᠡᠵᠦ ᠂ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠳᠠᠢᠰᠢ ᠵᠠᠮᠨᠠᠵᠤ ᠪᠠᠢᠨ᠎ᠠ ᠃ ᠡᠨᠡ ᠬᠦ᠌ ᠶᠠᠪᠤᠴᠠ ᠶ᠋ᠢᠨ ᠮᠥᠨ ᠴᠢᠨᠠᠷ ᠨᠢ ᠦᠨᠡᠨᠳᠡᠭᠡᠨ ᠤᠯᠠᠮᠵᠢᠯᠠᠯᠲᠤ ᠮᠠᠯ ᠠᠵᠤ ᠠᠬᠤᠶ ᠵᠢ ᠣᠳᠣ ᠦᠶ᠎ᠡ ᠶ᠋ᠢᠨ ᠬᠡᠷᠡᠭ᠌ᠯᠡᠭᠡᠨ ᠤ᠋ ᠵᠠᠬ᠎ᠠ ᠳᠡᠯᠭᠡᠭᠦᠷ ᠲᠠᠢ ᠬᠡᠷᠬᠢᠨ ᠵᠣᠯᠭᠠᠭᠤᠯᠬᠤ ᠲᠤᠬᠠᠶ ᠨᠢᠭᠡᠨ ᠤᠳᠠᠭᠠᠨ ᠤ᠋ ᠭᠦᠨᠵᠡᠭᠡᠶ ᠲᠤᠷᠱᠢᠯᠲᠠ ᠭᠡᠵᠤ ᠦᠵᠡᠵᠤ ᠪᠣᠯᠤᠨ᠎ᠠ ᠃