— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ
ᠪᠦᠬᠦ ᠠᠷᠠᠳ ᠲᠦᠮᠡᠨ ᠬᠠᠮᠲᠤ᠎ᠪᠠᠷ ᠪᠠᠶᠠᠵᠢᠬᠤ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠮᠥᠨ ᠴᠢᠨᠠᠷ᠎ᠤᠨ ᠣᠨᠴᠠᠯᠢᠭ᠋ ᠮᠥᠨ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ᠎ᠡᠴᠡ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠬᠠᠮᠲᠤ᠎ᠪᠠᠷ ᠪᠠᠶᠠᠵᠢᠬᠤ ᠬᠠᠷᠠᠯᠲᠠ ᠱᠠᠭᠠᠷᠳᠠᠯᠭ᠎ᠠ᠎ᠶᠢ ᠪᠠᠲᠤ ᠡᠵᠡᠮᠳᠡᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ᠂ ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠯᠠᠪᠳᠠᠭᠤᠨ᠎ᠢᠶᠠᠷ ᠠᠬᠢᠭᠤᠯᠬᠤ᠎ᠶᠢᠨ ᠲᠣᠭᠣᠷᠢᠨ᠎ᠳᠤ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠦ᠂ ᠲᠦᠭ ᠲᠦᠮᠡᠨ ᠠᠷᠠᠳ ᠲᠦᠮᠡᠨ᠎ᠦ ᠰᠢᠨ᠎ᠡ ᠠᠶᠠᠨ᠎ᠳᠠᠭᠠᠨ ᠡᠷᠡᠯᠬᠡᠭᠯᠡᠨ ᠲᠡᠮᠡᠴᠡᠵᠤ᠂ ᠨᠡᠩ ᠵᠣᠯ ᠵᠢᠷᠭᠠᠯᠲᠤ ᠰᠠᠢᠨ ᠰᠠᠢᠬᠠᠨ ᠠᠮᠢᠳᠤᠷᠠᠯ᠎ᠢ ᠡᠭᠦᠳᠦᠨ ᠪᠠᠶ᠋ᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠭᠦ ᠵᠢ ᠵᠣᠷᠢᠭ᠍ᠵᠢᠭᠤᠯᠪᠠ᠃
ᠠᠷᠠᠳ ᠲᠦᠮᠡᠨ᠎ᠢ ᠵᠣᠯ ᠵᠢᠷᠭᠠᠯ᠎ᠲᠠᠢ ᠠᠮᠢᠳᠤᠷᠠᠭᠤᠯᠬᠤ ᠪᠣᠯ《ᠤᠯᠤᠰ᠎ᠤᠨ ᠶᠡᠬᠡ ᠶᠠᠪᠤᠳᠠᠯ》ᠮᠥᠨ᠂ ᠮᠠᠨ᠎ᠤ ᠨᠠᠮ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠢᠭᠰᠡᠨ ᠠᠯᠢᠪᠠ ᠲᠡᠮᠡᠴᠡᠯ᠎ᠦᠨ ᠦᠨᠳᠦᠰᠦᠨ ᠵᠣᠷᠢᠯᠭ᠎ᠠ ᠪᠣᠯ ᠳᠠᠷᠤᠢ ᠠᠷᠠᠳ ᠲᠦᠮᠡᠨ᠎ᠢ ᠰᠠᠢᠨ ᠰᠠᠢᠬᠠᠨ ᠠᠮᠢᠳᠤᠷᠠᠭᠤᠯᠬᠤ᠎ᠶᠢᠨ ᠲᠥᠯᠥᠭᠡ ᠶᠤᠮ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠤᠭ ᠰᠠᠨᠠᠭ᠎ᠠ᠎ᠪᠠᠨ ᠦᠯᠦ ᠮᠠᠷᠲᠠᠵᠤ᠂ ᠠᠷᠠᠳ ᠲᠦᠮᠡᠨ᠎ᠦ ᠵᠣᠭᠰᠣᠯᠲᠠ᠎ᠡᠴᠡ ᠠᠰᠠᠭᠤᠳᠠᠯ᠎ᠢ ᠪᠣᠳᠣᠯᠬᠢᠯᠠᠬᠤ᠎ᠶᠢ ᠪᠠᠷᠢᠮᠲᠠᠯᠠᠵᠤ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠬᠥᠮᠥᠨ ᠲᠥᠷᠥᠯᠬᠢᠲᠡᠨ᠎ᠦ ᠲᠡᠦᠬᠡᠨ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠣᠯᠵᠤ᠂ ᠴᠢᠨᠡᠭᠡᠯᠢᠭ ᠨᠡᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠬᠠᠮᠲᠤ ᠪᠠᠷ ᠪᠠᠶᠠᠵᠢᠬᠤ᠎ᠶᠢ ᠠᠬᠢᠭᠤᠯᠬᠤ᠎ᠳᠤ ᠰᠠᠢᠨ ᠰᠠᠢᠬᠠᠨ ᠨᠥᠬᠥᠴᠡᠯ᠎ᠢ ᠡᠭᠦᠳᠴᠡᠢ᠃
《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ᠎ᠳᠤ᠂ ᠵᠢᠯ ᠪᠦᠷᠢ ᠬᠣᠲᠠ ᠪᠠᠯᠭᠠᠰᠤᠨ᠎ᠳᠤ 1200 ᠲᠦᠮᠡ᠎ᠡᠴᠡ ᠳᠡᠭᠡᠭᠰᠢ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ 79 ᠨᠠᠰᠤᠨ᠎ᠳᠤ ᠬᠦᠷᠴᠦ᠂ ᠪᠦᠬᠦ ᠤᠯᠤᠰ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳᠠᠰᠤᠯᠤᠨ ᠪᠤᠳᠤᠬᠤ ᠠᠵᠢᠯ 5.6 ᠳ᠋ᠦᠩᠰᠢᠭᠤᠷ ᠬᠥᠮᠥᠨ ᠤᠳᠠᠭ᠎ᠠ᠎ᠳᠤ ᠠᠰᠢᠭ᠋ ᠬᠦᠷᠲᠡᠭᠡᠵᠦ᠂ ᠰᠤᠷᠬᠤ ᠨᠠᠰᠤᠨ᠎ᠡᠴᠡ ᠡᠮᠦᠨᠡᠬᠢ ᠰᠤᠷᠭᠠᠨ ᠬᠥᠮᠦᠵᠢᠯ᠎ᠦᠨ ᠰᠤᠷᠭᠠᠭᠤᠯᠢ᠎ᠳᠤ ᠣᠷᠣᠭᠰᠠᠨ ᠪᠦᠬᠦ ᠨᠤᠷᠮ᠎ᠠ 92% ᠲᠦ᠍ ᠬᠦᠷᠪᠡ ᠁ ᠠᠷᠠᠳ ᠲᠦᠮᠡᠨ᠎ᠳᠦ ᠪᠤᠶᠠᠨ ᠦᠢᠯᠡᠳᠬᠦ᠎ᠶᠢ ᠦᠨᠳᠦᠰᠦᠨ ᠦᠷᠳᠡᠭ᠎ᠦᠨ ᠬᠠᠨᠳᠤᠰᠢ ᠪᠣᠯᠭᠠᠵᠤ᠂ ᠬᠥᠭᠵᠢᠯᠲᠡ᠎ᠶᠢᠨ ᠳᠤᠮᠳᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠲᠦᠪᠰᠢᠨ᠎ᠢ ᠲᠣᠭᠲᠠᠭᠤᠨ᠎ᠢᠶᠠᠷ ᠳᠡᠭᠡᠭᠰᠢᠯᠡᠭᠦᠯᠵᠦ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ ᠢ ᠨᠡᠩ ᠲᠡᠭᠦᠯᠳᠡᠷᠵᠢᠭᠦᠯᠵᠦ᠂ ᠨᠡᠩ ᠪᠠᠲᠤᠯᠠᠭ᠎ᠠ᠎ᠲᠠᠢ᠂ ᠨᠡᠩ ᠦᠷᠭᠦᠯᠵᠢᠯᠡᠬᠦᠢᠴᠡ ᠪᠣᠯᠭᠠᠪᠠ᠃ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠬᠤᠪᠢᠷᠠᠯᠲᠠ᠎ᠶᠢ ᠪᠡᠶ᠎ᠡ᠎ᠪᠡᠷ᠎ᠢᠶᠡᠨ ᠥᠩᠭᠡᠷᠡᠭᠦᠯᠦᠭᠰᠡᠨᠭᠠᠳᠠᠭᠠᠳᠤᠶᠢᠨ ᠨᠠᠢᠵᠠ᠄ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠳᠦ ᠪᠣᠳᠠᠲᠦ ᠶᠠᠪᠤᠳᠠᠯ ᠬᠢᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠪᠦᠬᠦ ᠠᠷᠠᠳ ᠲᠦᠮᠡᠨ᠎ᠢ ᠳᠠᠭᠠᠭᠤᠯᠤᠨ ᠬᠠᠮᠲᠤ ᠪᠠᠷ ᠪᠠᠶᠠᠵᠢᠬᠤ ᠲᠡᠢᠰᠢ ᠤᠷᠤᠭᠰᠢᠯᠠᠵᠤ ᠪᠠᠢᠨ᠎ᠡ ᠭᠡᠵᠦ ᠦᠨᠡᠯᠡᠵᠡᠢ᠃
ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌ ᠪᠣᠯ ᠨᠢᠭᠡᠨ ᠬᠥᠳᠡᠯᠦᠩᠭᠦᠢ᠎ᠶᠢᠨ ᠳᠤᠮᠳᠠ ᠣᠷᠣᠭ᠍ᠰᠢᠯᠠᠨ ᠬᠥᠭ᠌ᠵᠢᠬᠦ᠌ ᠶᠠᠪᠤᠴᠠ ᠮᠥᠨ᠂ ᠡᠷᠬᠡᠪᠰᠢ ᠣᠷᠳᠣ ᠬᠤᠭᠤᠴᠠᠭ᠎ᠠ᠎ᠪᠠᠷ ᠪᠠᠷᠢᠮᠲᠠᠯᠠᠵᠤ᠂ ᠤᠳᠠᠭᠠᠨ ᠳᠠᠭᠠᠭᠠᠮᠠᠭᠠᠢ ᠵᠢᠳᠬᠦᠬᠦ ᠬᠡᠷᠡᠭ᠌ᠲᠡᠢ᠃ ᠪᠦᠬᠦᠳᠡ ᠬᠤᠷᠠᠯ ᠡᠴᠡ ᠵᠢᠯᠣᠭᠣᠳᠭᠤ ᠦᠵᠡᠯ ᠰᠠᠨᠠᠭ᠎ᠠ᠎ᠳᠠᠭᠠᠨ ᠪᠦᠬᠦ᠌ ᠠᠷᠠᠳ ᠲᠦᠮᠡᠨ ᠬᠠᠮᠲᠤ᠎ᠪᠠᠷ ᠪᠠᠶᠠᠵᠢᠬᠤ ᠯᠠᠪᠳᠠᠭᠤᠨ ᠪᠠᠲᠤᠲᠠᠢ ᠠᠯᠬᠤᠮ᠎ᠢ ᠠᠯᠬᠤᠬᠤ᠎ᠶ᠋ᠢ ᠲᠤᠪᠤᠢ᠌ᠯᠭᠠᠨ ᠴᠢᠬᠤᠯᠠᠴᠢᠯᠠᠪᠠ᠂ ᠡᠨᠡ ᠪᠣᠯ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠵᠢᠯᠣᠭᠣᠳᠭᠤ ᠨᠢᠭᠡᠨ ᠶᠡᠷᠦᠩᠬᠡᠢ ᠴᠢᠨᠠᠷᠲᠠᠢ ᠱᠠᠭᠠᠷᠳᠠᠯᠭ᠎ᠠ ᠮᠥᠨ᠃ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠬᠤ ᠵᠢ ᠳᠤᠳᠤᠷᠬᠠᠢᠯᠠᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ ᠵᠢ ᠡᠷᠬᠡᠪᠰᠢ ᠵᠢᠷᠤᠮᠯᠠᠬᠤ ᠴᠢᠬᠤᠯᠠ ᠵᠠᠷᠴᠢᠮ ᠪᠣᠯᠭᠠᠬᠤ᠎ᠶ᠋ᠢ ᠲᠣᠳᠣᠷᠬᠠᠢᠯᠠᠵᠤ᠂ ᠠᠷᠠᠳ ᠲᠦᠮᠡᠨ᠎ᠦ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌᠎ᠪᠡᠷ ᠭᠤᠤᠯ ᠬᠠᠷᠠᠯᠲᠠ᠎ᠶ᠋ᠢᠨ ᠨᠢᠭᠡ ᠪᠣᠯᠭᠠᠬᠤ᠎ᠶ᠋ᠢ ᠲᠣᠳᠣᠷᠬᠠᠢᠯᠠᠵᠤ᠂ ᠪᠥᠬᠥᠳᠡ ᠬᠤᠷᠠᠯ ᠡᠴᠡ ᠠᠵᠢᠯ ᠣᠯᠭᠣᠯᠲᠠ᠂ ᠣᠷᠣᠯᠭ᠎ᠠ᠂ ᠰᠤᠷᠭᠠᠨ ᠬᠥᠮᠦᠵᠢᠯ᠂ ᠨᠡᠢᠭᠡᠮ᠎ᠦᠨ ᠪᠠᠲᠤᠯᠠᠭ᠎ᠠ᠂ ᠣᠷᠣᠨ ᠰᠠᠭᠤᠴᠠ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠵᠡᠷᠭᠡ ᠣᠯᠠᠨ ᠲᠦᠮᠡᠨ᠎ᠦ ᠠᠩᠬᠠᠷᠴᠤ᠌ ᠪᠠᠢᠭ᠎ᠠ ᠶᠠᠪᠤᠳᠠᠯ᠎ᠤᠨ ᠲᠣᠭᠣᠷᠢᠨ᠎ᠳᠤ ᠨᠢᠭᠡ ᠪᠦᠯᠦᠭ ᠲᠡᠩᠴᠡᠭᠦᠷᠢᠲᠦ ᠴᠢᠨᠠᠷ ᠪᠠ ᠪᠣᠯᠤᠮᠵᠢᠲᠤ ᠴᠢᠨᠠᠷ᠎ᠢᠶᠠᠷ ᠴᠢᠩᠭ᠎ᠠ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠪᠠᠢᠷᠢᠯᠠᠭᠤᠯᠪᠠ; ᠣᠷᠣᠨ ᠪᠦᠰᠡ᠎ᠶ᠋ᠢᠨ ᠵᠦᠷᠢᠶ᠎ᠡ᠂ ᠬᠤᠳᠠ ᠬᠥᠳᠡᠭᠡ᠎ᠶ᠋ᠢᠨ ᠵᠦᠷᠢᠶ᠎ᠡ᠎ᠶ᠋ᠢ ᠪᠠᠭᠠᠰᠭᠠᠬᠤ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠬᠦ᠌᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ᠎ᠳᠦ ᠬᠠᠨᠳᠤᠭᠤᠯᠵᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠂ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠨᠢᠭᠡ ᠪᠦᠯᠦᠭ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠎ᠶ᠋ᠢ ᠪᠠᠢᠷᠢᠯᠠᠭᠤᠯᠪᠠ; ᠠᠷᠠᠳ ᠲᠦᠮᠡᠨ᠎ᠦ ᠤᠶᠤᠨ᠎ᠤ ᠠᠮᠢᠳᠤᠷᠠᠯ᠎ᠤᠨ ᠬᠠᠮᠲᠤ᠎ᠪᠠᠷ ᠪᠠᠶᠠᠯᠢᠭᠵᠢᠬᠤ ᠵᠢ ᠠᠬᠢᠭᠤᠯᠬᠤ᠎ᠳᠦ ᠬᠠᠨᠳᠤᠭᠤᠯᠵᠤ᠂ ᠪᠦᠬᠦ᠌ ᠦᠨᠳᠦᠰᠦᠲᠡᠨ᠎ᠦ ᠰᠣᠶᠣᠯ᠎ᠤᠨ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠂ ᠨᠡᠢᠭᠡᠮ ᠵᠢᠷᠤᠮ᠎ᠤᠨ ᠰᠣᠶᠣᠯ ᠢ ᠴᠡᠴᠡᠭ᠌ᠯᠡᠭᠦᠯᠦᠨ ᠬᠥᠭ᠌ᠵᠢᠭᠦᠯᠬᠦ᠌ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃
ᠬᠤᠳᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠪᠣᠯ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠬᠠᠩᠭᠠᠬᠤ᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠣᠯᠤᠨ᠎ᠠ᠂ ᠡᠨᠳᠡ ᠡᠭᠦᠨ᠎ᠢᠶᠡᠷ ᠵᠢᠱ᠌ᠢᠢ᠎ᠡ ᠪᠣᠯᠭᠠᠵᠤ ᠤᠯᠠᠮ ᠨᠢᠭᠡ ᠠᠯᠬᠤᠮ ᠵᠠᠳᠠᠯᠤᠯᠲᠠ ᠬᠢᠶ᠎ᠠ᠃
ᠶᠡᠷᠦᠩᠬᠡᠢ ᠱᠦᠵᠢ ᠰᠢ ᠵᠢᠨ ᠫᠢᠩ᠄ 《ᠪᠢᠳᠡ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠳᠤ ᠴᠡᠴᠡᠭ᠌ᠯᠡᠨ ᠬᠥᠭ᠌ᠵᠢᠭ᠌ᠰᠡᠨ ᠬᠣᠲᠠ᠎ᠶ᠋ᠢ ᠪᠦᠲᠦᠭᠡᠨ ᠪᠠᠢᠭᠤᠯᠬᠤ᠎ᠪᠠᠷ ᠪᠠᠷᠠᠬᠤ ᠦᠭᠡᠢ ᠪᠠᠰᠠ ᠴᠡᠴᠡᠭ᠌ᠯᠡᠨ ᠬᠥᠭ᠌ᠵᠢᠭ᠌ᠰᠡᠨ ᠬᠥᠳᠡᠭᠡ ᠲᠣᠰᠭᠣᠨ᠎ᠢ ᠪᠦᠲᠦᠭᠡᠨ ᠪᠠᠢᠭᠤᠯᠬᠤ ᠬᠡᠷᠡᠭ᠌ᠲᠡᠢ》 ᠭᠡᠵᠦ ᠴᠢᠬᠤᠯᠠᠴᠢᠯᠠᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ 《ᠮᠢᠩᠭ᠎ᠠ ᠲᠦᠮᠡ ᠵᠢᠨ ᠢᠨᠵᠧᠨᠧᠷᠢᠩ》᠎ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠬᠦ᠌᠎ᠪᠡᠷ ᠤᠳᠤᠷᠢᠳᠤᠮᠵᠢ ᠪᠣᠯᠭᠠᠵᠤ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠬᠦᠴᠦᠲᠡᠶ ᠠᠬᠢᠭᠤᠯᠤᠭᠰᠠᠨ ᠡᠴᠡ ᠠᠪᠤᠭᠠᠳ 《ᠳᠥᠷᠪᠡᠨ ᠰᠠᠢᠨ ᠬᠥᠳᠡᠭᠡ ᠲᠣᠰᠭᠣᠨ᠎ᠤ ᠵᠠᠮ》 ᠢ᠋ᠶ᠋ᠠᠷ ᠠᠷᠠᠳ ᠣᠯᠠᠨ᠎ᠤ ᠡᠭᠦᠳᠡᠨ᠎ᠳᠡᠬᠢ ᠪᠠᠶᠠᠵᠢᠯ᠎ᠤᠨ ᠵᠠᠮ᠂ ᠵᠣᠯ ᠵᠢᠷᠭᠠᠯ᠎ᠤᠨ ᠵᠠᠮ᠂ ᠰᠡᠳᠭᠢᠯ᠎ᠢ ᠬᠣᠯᠪᠣᠬᠤ ᠵᠠᠮ᠂ ᠬᠥᠭ᠌ᠵᠢᠯ ᠮᠠᠨᠳᠤᠯ᠎ᠤᠨ ᠵᠠᠮ᠎ᠢ ᠳᠡᠪᠢᠰᠦᠭᠰᠡᠨ ᠬᠦᠷᠳᠡᠯ᠎ᠡ᠂ ᠮᠠᠨ᠎ᠤ ᠤᠯᠤᠰ ᠬᠣᠲᠠ ᠬᠥᠳᠡᠭᠡ᠎ᠶ᠋ᠢᠨ ᠰᠠᠭᠤᠷᠢ ᠲᠥᠬᠥᠭᠡᠷᠦᠮᠵᠢ᠎ᠶ᠋ᠢ ᠨᠢᠭᠡ ᠴᠣᠭ᠍ᠴᠠᠵᠢᠭᠤᠯᠬᠤ ᠪᠠ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠲᠡᠩᠴᠡᠭᠦᠷᠢᠱᠢᠭᠦᠯᠬᠦ᠌᠎ᠶ᠋ᠢ ᠭᠦᠨᠵᠡᠭᠡᠶ ᠠᠬᠢᠭᠤᠯᠵᠤ᠂ ᠬᠣᠲᠠ ᠬᠥᠳᠡᠭᠡ᠎ᠶ᠋ᠢᠨ ᠴᠢᠬᠤᠯᠠ ᠡᠯᠧᠮᠧᠨ᠋ᠲ᠎ᠦᠨ ᠭᠦᠶ᠋ᠯᠭᠡᠭᠡ᠎ᠶ᠋ᠢ ᠨᠠᠩ ᠤᠷᠤᠭ᠍ᠰᠢᠲᠠᠶ ᠪᠥᠭᠡᠳ ᠥᠨᠳᠥᠷ ᠪᠦᠲᠦᠮᠵᠢᠲᠡᠶ ᠪᠣᠯᠭᠠᠵᠤ᠂ ᠬᠥᠳᠡᠭᠡ ᠲᠣᠰᠭᠣᠨ᠎ᠤ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢ ᠣᠯᠠᠨ ᠵᠢᠯ ᠳᠠᠷᠠᠭᠠᠯᠠᠨ ᠬᠣᠲᠠ ᠪᠠᠯᠭᠠᠰᠤ ᠡᠴᠡ ᠲᠦᠷᠭᠡᠨ ᠪᠣᠯᠭᠠᠵᠤ᠂ 2024 ᠣᠨ᠎ᠳᠦ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶᠢᠨ ᠵᠦᠷᠢᠶ᠎ᠡ 2020 ᠣᠨ᠎ᠤ᠎ᠬᠢ᠎ᠡᠴᠡ 0.22 ᠪᠠᠭᠠᠰᠪᠠ᠃ ᠠᠵᠤ ᠦᠢᠯᠡᠳᠪᠦᠷᠢ ᠬᠦᠳᠡᠭᠡ ᠠᠵᠤ ᠠᠬᠤᠢ ᠬᠠᠷᠢᠯᠴᠠᠨ ᠠᠬᠢᠭᠤᠯᠤᠭ᠍ᠰᠠᠨ᠂ ᠬᠤᠳᠠ ᠬᠥᠳᠡᠭᠡ ᠬᠠᠷᠢᠯᠴᠠᠨ ᠨᠥᠬᠥᠪᠥᠷᠢᠯᠡᠭ᠌ᠰᠡᠨ᠂ ᠵᠣᠬᠢᠴᠠᠩᠭᠤᠢ ᠬᠥᠭ᠌ᠵᠢᠭ᠌ᠰᠡᠨ᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠱᠢᠨ᠎ᠡ ᠮᠠᠶᠢᠭ᠎ᠤᠨ ᠠᠵᠤ ᠦᠢᠯᠡᠳᠪᠦᠷᠢ ᠬᠦᠳᠡᠭᠡ ᠠᠵᠤ ᠠᠬᠤᠢ ᠬᠤᠳᠠ ᠬᠥᠳᠡᠭᠡ᠎ᠶ᠋ᠢᠨ ᠬᠠᠷᠢᠴᠠᠭ᠎ᠠ᠎ᠶ᠋ᠢ ᠪᠤᠢ ᠪᠣᠯᠭᠠᠬᠤ᠎ᠶ᠋ᠢ ᠠᠬᠢᠭᠤᠯᠬᠤ ᠶᠠᠪᠤᠳᠠᠯ᠎ᠢ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠮᠠᠨ᠎ᠤ ᠤᠯᠤᠰ᠎ᠤᠨ ᠨᠡᠢᠭᠡᠮ ᠵᠢᠷᠤᠮᠲᠤ ᠪᠠᠢᠭᠤᠯᠤᠯ᠎ᠤᠨ ᠳᠣᠣᠷ᠎ᠠ ᠰᠠᠶᠢ ᠪᠡᠶᠡᠯᠡᠭᠦᠯᠵᠦ᠍ ᠴᠢᠳᠠᠨ᠎ᠠ ᠭᠡᠳᠡᠭ ᠢ ᠦᠢᠯᠡᠳᠦᠯᠭᠡ ᠬᠦᠴᠦᠲᠡᠢ ᠭᠡᠷᠡᠴᠢᠯᠡᠭ᠌ᠰᠡᠨ ᠪᠠᠢᠨ᠎ᠠ᠃
ᠱᠢᠶᠠᠨ᠎ᠤ ᠬᠡᠪᠴᠢᠶᠡᠨ᠎ᠦ ᠠᠷᠠᠳ᠎ᠢ ᠪᠠᠶᠠᠵᠢᠭᠤᠯᠬᠤ ᠠᠵᠤ ᠦᠶ᠋ᠯᠡᠰ᠎ᠢ ᠪᠤᠵᠠᠭᠠᠢᠷᠠᠭᠤᠯᠬᠤ ᠪᠤᠯ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ ᠪᠠ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠬᠤ᠎ᠶ᠋ᠢᠨ ᠵᠠᠢᠯᠠᠰᠢ ᠥᠬᠡᠶ ᠱᠠᠭᠠᠷᠳᠠᠯᠭ᠎ᠠ ᠪᠠᠢᠵᠤ᠂ ᠬᠣᠲᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ᠂ ᠬᠠᠮᠲᠤ ᠪᠠᠷ ᠪᠠᠶᠠᠵᠢᠬᠤ᠎ᠶ᠋ᠢ ᠠᠬᠢᠭᠤᠯᠬᠤ᠎ᠳᠤ ᠪᠥᠬᠥ᠌ ᠲᠠᠯ᠎ᠠ᠎ᠶ᠋ᠢᠨ ᠴᠢᠨᠠᠷᠲᠠᠶ᠂ ᠰᠠᠭᠤᠷᠢ ᠴᠢᠨᠠᠷᠲᠠᠶ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠴᠢ ᠬᠣᠯᠪᠣᠭ᠍ᠳᠠᠯ᠎ᠲᠠᠶ ᠶᠤᠮ᠃ ᠵᠧᠵᠢᠶᠠᠩ᠎ᠤᠨ ᠠᠨᠵᠢ᠎ᠳᠤ᠂ ᠴᠡᠢ ᠵᠢᠨ ᠠᠵᠤ ᠦᠢᠯᠡᠰ᠎ᠢᠶᠡᠷ ᠠᠷᠠᠳ᠎ᠢ ᠪᠠᠶᠠᠵᠢᠭᠤᠯᠵᠤ᠂ ᠬᠥᠳᠡᠭᠡ ᠠᠵᠤ ᠠᠬᠤᠢ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂《ᠦᠵᠡᠰᠭᠦᠯᠡᠩᠲᠦ ᠰᠠᠢᠬᠠᠨ ᠦᠵᠡᠮᠵᠢ》 ᠡᠴᠡ 《ᠰᠠᠢ᠌ᠨ ᠰᠠᠢᠬᠠᠨ ᠠᠮᠢᠳᠤᠷᠠᠯ》 ᠲᠡᠢᠰᠢ ᠤᠷᠤᠭ᠍ᠰᠢᠯᠠᠪᠠ; ᠱᠠᠨᠰᠢ᠎ᠶ᠋ᠢᠨ ᠶᠠᠨ ᠠᠨ᠎ᠳᠤ᠂ 《ᠠᠯᠮᠤᠷᠠᠳ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠣᠱᠢᠭᠤᠴᠢ ᠣᠷᠣᠨ》 ᠢ᠋ ᠪᠥᠲᠥᠭᠡᠨ ᠪᠠᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠠᠵᠤ ᠦᠶ᠋ᠯᠡᠰ᠎ᠦᠨ ᠬᠡᠯᠬᠢᠶ᠎ᠡ᠂ ᠥᠷᠲᠡᠭ᠎ᠦᠨ ᠬᠡᠯᠬᠢᠶ᠎ᠡ᠎ᠶ᠋ᠢ ᠥᠷᠭᠡᠳᠭᠡᠵᠦ᠍᠂ ᠤᠯᠠᠭᠠᠨ ᠠᠯᠮᠤᠷᠠᠳ ᠢ 《ᠪᠠᠶᠠᠵᠢᠯ᠎ᠤᠨ ᠵᠢᠮᠢᠰ》᠂ 《ᠵᠣᠯ ᠵᠢᠷᠭᠠᠯ᠎ᠤᠨ ᠵᠢᠮᠢᠰ》 ᠪᠣᠯᠭᠠᠪᠠ᠃ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠰᠠᠭᠤᠳᠠᠯ ᠢ ᠰᠠᠢᠲᠤᠷ ᠱᠢᠢᠳᠪᠦᠷᠢᠯᠡᠬᠦ᠌ ᠶ᠋ᠢ ᠪᠦᠬᠦ᠌ ᠨᠠᠮ᠎ᠤᠨ ᠠᠵᠢᠯ᠎ᠤᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠭᠠᠵᠤ᠂ ᠬᠠᠷᠢᠴᠠᠩᠭᠤᠢ ᠳᠠᠪᠠᠭᠤᠯᠢᠭ ᠢᠯᠡᠷᠬᠡᠢ᠂ ᠳᠠᠢᠴᠢᠯᠠᠬᠤ ᠴᠢᠳᠠᠪᠤᠷᠢ᠎ᠪᠠᠷ ᠴᠢᠩᠭ᠎ᠠ᠂ ᠠᠵᠢᠯ ᠣᠯᠭᠣᠯᠲᠠ᠎ᠶ᠋ᠢᠨ ᠪᠠᠭ᠍ᠲᠠᠭᠠᠮᠵᠢ᠎ᠪᠠᠷ ᠶᠡᠬᠡ ᠱᠢᠶᠠᠨ᠎ᠤ ᠬᠡᠪᠴᠢᠶᠠᠨ᠎ᠤ ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠭᠵᠢᠬᠦᠯᠵᠦ᠂ ᠬᠥᠳᠡᠭᠡ ᠠᠵᠤ ᠠᠬᠤᠢ᠎ᠶ᠋ᠢᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠦᠨ ᠴᠢᠳᠠᠪᠤᠷᠢ ᠪᠣᠯᠤᠨ ᠶᠠᠰᠤ ᠴᠢᠨᠠᠷ ᠦᠷ᠎ᠡ ᠠᠱᠢᠭ ᠢ ᠳᠡᠭᠡᠭ᠌ᠰᠢᠯᠡᠭᠦᠯᠵᠦ᠍᠂ ᠬᠥᠳᠡᠭᠡ ᠠᠵᠤ ᠠᠬᠤᠢ᠎ᠶ᠋ᠢ ᠬᠦᠴᠦᠷᠬᠡᠭ᠌ᠵᠢᠭᠦᠯᠦᠨ ᠲᠠᠷᠢᠶᠠᠴᠢᠳ᠎ᠲᠤ ᠠᠱᠢᠭ ᠬᠦᠷᠲᠡᠭᠡᠵᠦ᠍ ᠲᠠᠷᠢᠶᠠᠴᠢᠳ ᠢ ᠪᠠᠶᠠᠵᠢᠭᠤᠯᠬᠤ ᠲᠦᠷᠦ᠍ ᠶ᠋ᠢᠨ ᠪᠤᠳᠤᠯᠭ᠎ᠠ ᠶ᠋ᠢᠨ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠪᠡᠯ ᠯᠠᠪᠲᠠᠢ ᠥᠷᠭᠡᠨ ᠤᠯᠠᠨ ᠲᠠᠷᠢᠶᠠᠴᠢᠨ ᠲᠦᠮᠡᠨ ᠢ ᠳᠠᠭᠠᠭᠤᠯᠤᠨ ᠬᠠᠮᠲᠤ ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠠᠢ᠌ᠨ ᠰᠠᠢᠬᠠᠨ ᠢᠷᠡᠭᠡᠳᠦᠢ ᠲᠡᠢᠰᠢ ᠤᠷᠤᠭ᠍ᠰᠢᠯᠠᠵᠤ ᠴᠢᠳᠠᠨ᠎ᠠ᠃
ᠣᠳᠣᠬᠢᠴᠢᠯᠠᠯᠲᠠ᠎ᠶ᠋ᠢᠨ ᠮᠥᠨ ᠴᠢᠨᠠᠷ ᠪᠣᠯ ᠬᠥᠮᠦᠨ᠎ᠦ ᠣᠳᠣᠬᠢᠴᠢᠯᠠᠯᠲᠠ ᠮᠥᠨ᠂ ᠡᠴᠦᠰ᠎ᠦᠨ ᠬᠠᠷᠠᠯᠲᠠ ᠪᠣᠯ ᠬᠥᠮᠦᠨ᠎ᠦ ᠡᠷᠬᠡ ᠴᠢᠯᠥᠭᠡ ᠲᠠᠢ ᠮᠦᠷᠳᠡᠭᠡᠨ ᠪᠦᠬᠦ᠌ ᠲᠠᠯ᠎ᠠ᠎ᠶ᠋ᠢᠨ ᠬᠥᠭ᠌ᠵᠢᠯᠲᠡ ᠵᠢ ᠪᠡᠶᠡᠯᠡᠬᠦᠯᠬᠦ ᠶᠠᠪᠤᠳᠠᠯ ᠪᠤᠯᠤᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠢᠮᠠᠭ᠍ᠲᠠ ᠠᠷᠠᠳ ᠲᠦᠮᠡᠨ᠎ᠲᠡᠶ ᠬᠠᠲᠠᠭᠤ ᠪᠡᠷᠬᠡᠱᠢᠶᠡᠯ ᠢ ᠬᠠᠮᠲᠤ᠎ᠪᠠᠷ ᠲᠤᠭᠤᠯᠵᠤ᠂ ᠠᠷᠠᠳ ᠲᠦᠮᠡᠨ᠎ᠲᠡᠶ ᠰᠡᠳᠭᠢᠯ ᠵᠢᠷᠦᠬᠡ᠎ᠪᠡᠨ ᠬᠣᠯᠪᠣᠵᠤ᠂ ᠠᠷᠠᠳ ᠲᠦᠮᠡᠨ᠎ᠦ ᠪᠤᠳᠤᠵᠤ ᠪᠠᠢᠭ᠎ᠠ ᠵᠦᠢᠯ᠎ᠢ ᠪᠤᠳᠤᠵᠦ᠍᠂ ᠠᠷᠠᠳ ᠲᠦᠮᠡᠨ᠎ᠦ ᠬᠦᠰᠡᠯ ᠨᠠᠢᠳᠠᠯᠭ᠎ᠠ᠎ᠶ᠋ᠢ ᠭᠦᠢᠴᠡᠳᠭᠡᠵᠦ᠍᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ ᠢ ᠪᠠᠲᠤᠯᠠᠨ ᠰᠠᠢᠵᠢᠷᠠᠭᠤᠯᠵᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ ᠵᠢ ᠠᠬᠢᠭᠤᠯᠵᠤ᠂ ᠪᠦᠬᠦ᠌ ᠠᠷᠠᠳ ᠲᠦᠮᠡᠨ ᠬᠠᠮᠲᠤ᠎ᠪᠠᠷ ᠪᠠᠶᠠᠵᠢᠬᠤ ᠯᠠᠪᠳᠠᠭᠤᠨ ᠪᠠᠲᠤᠲᠠᠢ ᠠᠯᠬᠤᠮ᠎ᠢ ᠠᠯᠬᠤᠪᠠᠯ᠂ ᠯᠠᠪᠲᠠᠢ ᠱᠢᠨ᠎ᠡ ᠠᠶᠠᠨ᠎ᠳᠠᠭᠠᠨ ᠲᠡᠦᠬᠡ᠎ᠶ᠋ᠢᠨ ᠰᠢᠨ᠎ᠠ ᠠᠭᠤᠤ ᠦᠢᠯᠡᠰ᠎ᠢ ᠡᠭᠦᠳᠦᠨ ᠪᠦᠲᠦᠭᠡᠵᠦ᠍ ᠴᠢᠳᠠᠨ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ᠎ᠤᠨ ᠴᠠᠬᠢᠯᠭᠠᠨ ᠮᠡᠳᠡᠭᠡ)