ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠎ᠤ 5 ᠰᠤᠷᠭᠠᠭᠤᠯᠢ ᠬᠣᠯᠪᠣᠭᠠᠯᠠᠨ ᠬᠥᠳᠡᠯᠦᠯᠴᠡᠵᠦ᠍ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠱᠢᠨ᠎ᠡ ᠠᠷᠭ᠎ᠠ ᠵᠠᠮ ᠎ᠢ ᠰᠦᠪᠡᠭ᠌ᠴᠢᠯᠡᠪᠡ
2025-11-06 10:58:14
ᠵᠣᠬᠢᠶᠠᠭ᠍ᠴᠢ᠄
ᠱᠢᠤᠸᠠᠢ ᠢ ᠴᠢᠶᠦ᠋ᠨ
ᠣᠩᠱᠢᠭ᠍ᠰᠠᠨ ᠣᠳᠠᠭ᠎ᠠ᠄
★★★☆☆

《ᠠᠯᠳᠠᠷᠳᠤ ᠱᠢᠯᠦᠭ᠌ᠴᠢ ᠪᠠᠶ ᠵᠢᠦᠢ ᠢ᠎ᠶ᠋ᠢ ᠳᠤᠷᠠᠳᠬᠤ᠎ᠳᠦ᠂ ᠣᠯᠠᠨ᠎ᠢᠶᠠᠷ᠎ᠢᠶᠠᠨ ᠶᠠᠭᠤ ᠪᠣᠳᠣᠵᠤ ᠣᠯᠬᠤ ᠪᠤᠢ? ᠲᠡᠭᠦᠨ ᠎ᠦ ᠪᠢᠷ ᠪᠡᠬᠡᠰ᠎ᠲᠦ ᠵᠢᠷᠤᠭᠯᠠᠭᠳᠠᠬᠰᠠᠨ ᠦᠩᠭᠡ ᠦᠵᠡᠮᠵᠢ᠎ᠳᠦ ᠰᠠᠭᠤᠭ᠍ᠳᠠᠯ᠎ᠲᠠᠶ ᠦᠦ? 》10 ᠰᠠᠷ᠎ᠠ᠎ᠶ᠋ᠢᠨ 27  ᠤ᠋ ᠡᠳᠦᠷ᠂ ᠲᠦᠩᠯᠢᠶᠣᠤ ᠬᠤᠳᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠎ᠤ ᠪᠠᠶᠠᠨᠮᠤᠳᠤ ᠰᠤᠮᠤ ᠭᠣᠣᠯ ᠰᠤᠷᠭᠠᠭᠤᠯᠢ᠎ᠶ᠋ᠢᠨ ᠬᠢᠴᠢᠶᠡᠯ᠎ᠦᠨ ᠭᠡᠷ ᠎ᠲᠦ ᠤᠷᠠᠨ ᠲᠤᠳᠤ ᠤᠨᠭᠰᠢᠯᠭ᠎ᠠ ᠵᠢᠨ ᠲᠠᠭᠤᠨ ᠪᠣᠯᠤᠨ ᠬᠥᠭ᠌ᠵᠢᠶᠡᠨᠲᠡᠢ ᠶᠠᠷᠢᠯᠴᠠᠬᠤ ᠲᠠᠭᠤᠨ ᠲᠠᠰᠤᠷᠠᠯᠳᠠ ᠦᠭᠡᠢ ᠴᠤᠤᠷᠢᠶᠠᠲᠤᠵᠤ᠂ ᠨᠢᠭᠡᠳᠦᠯᠲᠡᠢ ᠨᠠᠢᠷᠠᠭᠤᠯᠤᠭ᠍ᠰᠠᠨ ᠬᠡᠯᠡ ᠪᠢᠴᠢᠭ᠎ᠦᠨ ᠵᠢᠭᠠᠬᠤ ᠮᠠᠲ᠋ᠧᠷᠢᠶᠠᠯ᠎ᠦᠨ ᠵᠢᠭᠠᠨ ᠰᠤᠳᠤᠯᠬᠤ ᠠᠵᠢᠯᠯᠠᠭ᠎ᠠ ᠡᠬᠢᠯᠡᠪᠡ᠃

ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠎ᠤ ᠭᠠᠨᠵᠤᠭ᠎ᠠ ᠪᠠᠯᠭᠠᠰᠤᠨ᠎ᠤ ᠭᠤᠷᠪᠠᠳᠤᠭᠠᠷ ᠪᠠᠭ᠎ᠠ ᠰᠤᠷᠭᠠᠭᠤᠯᠢ᠂ ᠴᠠᠩ ᠱᠧᠩ ᠪᠠᠯᠭᠠᠰᠤᠨ ᠎ᠤ ᠭᠣᠣᠯ ᠰᠤᠷᠭᠠᠭᠤᠯᠢ᠂ ᠴᠢᠯᠠᠭᠤᠲᠤ ᠪᠠᠯᠭᠠᠰᠤᠨ ᠎ᠤ ᠭᠣᠣᠯ ᠰᠤᠷᠭᠠᠭᠤᠯᠢ᠂ ᠱᠢᠷᠠᠳᠠᠯ᠎ᠠ ᠭᠣᠣᠯ ᠰᠤᠷᠭᠠᠭᠤᠯᠢ ᠵᠢᠴᠢ ᠪᠠᠶᠠᠨᠮᠣᠳᠣ ᠰᠤᠮᠤ ᠵᠢᠨ ᠭᠣᠣᠯ ᠰᠤᠷᠭᠠᠭᠤᠯᠢ᠎ᠶ᠋ᠢᠨ 20 ᠭᠠᠷᠤᠢ ᠲᠤᠬᠠᠢᠯᠠᠭ᠍ᠰᠠᠨ ᠠᠵᠢᠯ᠎ᠤᠨ ᠤᠳᠤᠷᠢᠳᠤᠯᠭ᠎ᠠ ᠪᠠ ᠭᠣᠣᠯᠯᠠᠭ᠍ᠴᠢ ᠪᠠᠭ᠍ᠰᠢ ᠬᠠᠮᠳᠤ ᠪᠡᠷ᠂ 《ᠠᠳᠠᠯᠢ ᠬᠢᠴᠢᠶᠡᠯ ᠤᠨᠳᠤᠤ ᠪᠦᠲᠦᠴᠡ》 ᠪᠡᠷ ᠭᠠᠷᠳᠠᠴᠠ ᠪᠣᠯᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠱᠢᠨ᠎ᠡ ᠠᠷᠭ᠎ᠠ ᠵᠠᠮ᠎ᠢ ᠬᠠᠮᠲᠤ᠎ᠪᠠᠷ ᠰᠦᠪᠡᠭ᠌ᠴᠢᠯᠡᠪᠡ᠃

ᠬᠢᠴᠢᠶᠡᠯ ᠳᠡᠭᠡᠷ᠎ᠡ᠂ ᠪᠠᠭ᠍ᠰᠢ ᠰᠤᠷᠤᠭ᠍ᠴᠢᠳ ᠬᠠᠷᠢᠯᠴᠠᠨ ᠬᠥᠳᠡᠯᠦᠯᠴᠡᠵᠦ᠍᠂ ᠤᠨᠴᠠ ᠬᠦᠭᠵᠢᠶᠡᠨᠳᠠᠢ ᠪᠠᠢᠯ᠎ᠠ᠃  ᠬᠢᠴᠢᠶᠡᠯᠯᠡᠵᠤ ᠪᠠᠢᠭ᠎ᠠ ᠬᠤᠶᠠᠷ ᠪᠠᠭ᠍ᠰᠢ ᠥᠪᠡᠷ ᠦᠪᠡᠷ᠎ᠦᠨ᠎ᠢᠶᠡᠨ ᠵᠢᠭᠠᠨ ᠰᠤᠷᠭᠠᠯᠲᠠ ᠎ᠶ᠋ᠢᠨ ᠬᠡᠪ ᠨᠠᠮᠪᠠ᠎ᠳᠠᠭᠠᠨ ᠰᠠᠭᠤᠷᠢᠯᠠᠨ᠂ ᠲᠤᠰ ᠲᠤᠰ ᠎ᠦᠨ ᠣᠨᠴᠠᠯᠢᠭ᠎ᠪᠦᠬᠦᠢ᠂ ᠠᠳᠠᠯᠢᠬᠠᠨ ᠭᠣᠢᠳᠠ ᠰᠠᠢᠬᠠᠨ ᠬᠡᠯᠡ ᠪᠢᠴᠢᠭ ᠎ᠦᠨ ᠬᠢᠴᠢᠶᠡᠯ᠎ᠢᠶᠡᠨ ᠤᠯᠠᠨ᠎ᠤ ᠡᠮᠤᠨ᠎ᠠ 《ᠭᠠᠢᠬᠠᠭᠤᠯᠤᠯ᠎ᠠ》᠃ ᠪᠠᠶᠠᠨᠮᠣᠳᠣ ᠰᠤᠮᠤ ᠵᠢᠨ ᠭᠤᠤᠯ ᠰᠤᠷᠭᠠᠭᠤᠯᠢ᠎ᠶ᠋ᠢᠨ ᠰᠠᠷᠠᠭᠤᠯ ᠪᠠᠭ᠍ᠰᠢ ᠤᠷᠠᠨ ᠤᠩᠱᠢᠯᠭ᠎ᠠ ᠪᠠᠷ ᠭᠤᠤᠯ ᠰᠢᠵᠢᠮ ᠪᠣᠯᠭᠠᠵᠤ᠂ ᠰᠤᠷᠤᠭ᠍ᠴᠢᠳ᠎ᠲᠤ ᠱᠢᠯᠦᠭ ᠳᠠᠭᠤᠯᠠᠯ᠎ᠤᠨ ᠠᠢᠵᠠᠮ ᠴᠣᠬᠢᠯᠭ᠎ᠠ᠎ᠶ᠋ᠢᠨ ᠭᠤᠤ᠎ᠠ ᠰᠠᠢᠬᠠᠨ᠎ᠢ ᠮᠡᠳᠡᠷᠡᠭᠦᠯᠪᠠ᠃ ᠲᠡᠷᠡ ᠣᠯᠠᠨ ᠵᠠᠭᠤᠴᠢ᠎ᠶ᠋ᠢ ᠠᠱᠢᠭ᠍ᠯᠠᠨ ᠵᠢᠷᠭᠠᠬᠤ ᠨᠡᠷᠡᠨ᠎ᠦ ᠲᠤᠶᠠᠭ᠎ᠠ ᠭᠤᠤᠯ ᠮᠥᠷᠡᠨ ᠎ᠤ ᠭᠠᠳᠠᠷᠭᠤ ᠲᠡᠭᠡᠷ᠎ᠠ ᠲᠤᠰᠤᠭ᠍ᠰᠠᠨ ᠪᠣᠳᠠᠲᠤ ᠦᠵᠡᠮᠵᠢ᠎ᠶ᠋ᠢᠨ ᠵᠢᠷᠤᠭ ᠎ᠢ ᠳᠡᠯᠭᠡᠨ ᠦᠵᠡᠭᠦᠯᠵᠦ᠍᠂ ᠬᠠᠷᠠᠭᠠᠨ ᠰᠡᠷᠡᠯ᠎ᠦᠨ ᠪᠡᠶᠡᠴᠢ ᠣᠢᠯᠠᠭᠠᠯᠲᠠ ᠪᠡᠷ ᠰᠤᠷᠤᠭ᠍ᠴᠢᠳ ᠎ᠢ ᠬᠠᠪᠰᠤᠷᠤᠨ ᠰᠢᠯᠦᠭ ᠎ᠦᠨ ᠰᠠᠨᠠᠭ᠎ᠠ ᠠᠬᠤᠢ᠎ᠶ᠋ᠢ ᠱᠢᠭᠤᠳ ᠣᠢᠯᠠᠭᠠᠭᠤᠯᠵᠠᠢ᠃

ᠴᠢᠯᠠᠭᠤᠲᠤ ᠪᠠᠯᠭᠠᠰᠤᠨ᠎ᠤ ᠭᠤᠤᠯ ᠰᠤᠷᠭᠠᠭᠤᠯᠢ᠎ᠶ᠋ᠢᠨ ᠮᠧᠢ ᠯᠢ ᠪᠠᠭ᠍ᠰᠢ ᠰᠤᠷᠤᠯᠴᠠᠬᠤ ᠠᠷᠭ᠎ᠠ᠎ᠶ᠋ᠢᠨ ᠤᠯᠠᠮᠵᠢᠯᠠᠯ᠎ᠢ ᠴᠢᠬᠤᠯᠠᠴᠢᠯᠠᠵᠤ᠂ ᠰᠤᠷᠤᠭ᠍ᠴᠢᠳ ᠎ᠢ ᠱᠢᠯᠦᠭ ᠎ᠤᠨ  ᠤᠳᠭ᠎ᠠ᠎ᠶ᠋ᠢ ᠣᠢᠯᠠᠭᠠᠬᠤ ᠬᠡᠷᠡᠭ᠌ᠯᠡᠭᠡᠨ᠎ᠦ ᠤᠷ᠎ᠠ ᠮᠡᠷᠭᠡᠵᠢᠯ ᠎ᠢ ᠡᠵᠡᠮᠱᠢᠭᠦᠯᠵᠦ᠍᠂ ᠡᠷᠲᠡᠨ ᠎ᠦ ᠱᠢᠯᠦᠭ᠎ᠦᠨ ᠰᠤᠷᠤᠯᠴᠠᠯᠭ᠎ᠠ ᠎ᠶ᠋ᠢ ᠰᠠᠨᠠᠭᠠᠴᠢᠯᠠᠭᠠᠲᠤ ᠪᠤᠰᠤ ᠎ᠪᠠᠷ ᠰᠣᠨᠣᠰᠴᠤ᠌ ᠪᠠᠢᠭ᠍ᠰᠠᠨ᠎ᠠᠴᠠ ᠰᠠᠨᠠᠭᠠᠴᠢᠯᠠᠭ᠎ᠠ᠎ᠠᠴᠠ᠎ᠪᠠᠨ ᠲᠠᠢᠯᠪᠤᠷᠢᠯᠠᠬᠤ᠎ᠳᠤ ᠱᠢᠯᠵᠢᠭᠦᠯᠬᠦ᠌ ᠎ᠶ᠋ᠢ ᠬᠥᠲᠥᠯᠥᠨ ᠵᠢᠯᠣᠭᠣᠳᠪᠠ᠃ ᠲᠡᠭᠦᠨ᠎ᠦ ᠵᠢᠭᠠᠨ ᠰᠤᠷᠭᠠᠯᠲᠠ ᠨᠢ ᠰᠤᠷᠤᠭ᠍ᠴᠢᠳ᠎ᠢ ᠬᠠᠪᠰᠤᠷᠤᠨ ᠰᠢᠯᠦᠭ ᠳᠠᠭᠤᠯᠠᠯ᠎ᠢ ᠥᠨᠳᠥᠷ ᠪᠦᠲᠦᠮᠵᠢᠲᠡᠢ ᠪᠡᠷ ᠤᠢᠯᠭᠠᠬᠤ ᠳ᠋ᠤ ᠬᠠᠪᠰᠤᠷᠤᠮᠵᠢ ᠪᠤᠯᠵᠤ᠂ ᠬᠢᠴᠢᠶᠡᠯ ᠎ᠦᠨ ᠲᠠᠩᠬᠢᠮ᠎ᠤᠨ ᠪᠣᠯᠪᠠᠰᠤᠷᠠᠯ᠎ᠤᠨ ᠭᠣᠭ᠍ᠴᠣᠭᠠᠨ ᠎ᠳᠤ᠂ ᠣᠯᠠᠨ ᠰᠤᠷᠤᠭ᠍ᠴᠢ ᠨᠢᠭᠡᠨᠲᠡ ᠰᠣᠷᠣᠭ᠍ᠰᠠᠨ ᠠᠷᠭ᠎ᠠ᠎ᠪᠠᠨ ᠬᠡᠷᠡᠭ᠌ᠯᠡᠨ ᠱᠢᠯᠦᠭ᠎ᠦᠨ ᠠᠭᠤᠯᠭ᠎ᠠ᠎ᠶ᠋ᠢ ᠪᠡᠶ᠎ᠡ᠎ᠪᠡᠨ ᠳᠠᠭᠠᠭᠠᠵᠤ ᠵᠠᠳᠠᠯᠤᠨ ᠱᠢᠨᠵᠢᠯᠡᠵᠦ᠍᠂ ᠵᠢᠭᠠᠨ ᠰᠤᠷᠭᠠᠯᠲᠠ᠎ᠶ᠋ᠢᠨ ᠦᠷ᠎ᠡ ᠪᠦᠲᠦᠮᠵᠢ ᠢᠯᠡᠳᠲᠡ ᠪᠣᠯᠪᠠ᠃

ᠬᠣᠶᠠᠷ ᠤᠳᠠᠭᠠᠨ ᠎ᠤ ᠢᠯᠡ ᠬᠢᠴᠢᠶᠡᠯ ᠳᠠᠭᠤᠰᠤᠭ᠍ᠰᠠᠨ᠎ᠤ ᠳᠠᠷᠠᠭ᠎ᠠ᠂  ᠬᠢᠴᠢᠶᠡᠯ ᠦᠨᠡᠯᠡᠬᠦ᠌ ᠪᠠ ᠬᠢᠴᠢᠶᠠᠯ ᠵᠦᠪᠯᠡᠬᠦ ᠭᠣᠭ᠍ᠴᠣᠭ᠎ᠠ᠎ᠳᠤ ᠤᠷᠤᠪᠠ᠃ ᠡᠯ᠎ᠡ ᠰᠤᠷᠭᠠᠭᠤᠯᠢ᠎ᠶ᠋ᠢᠨ ᠪᠠᠭ᠍ᠰᠢ᠎ᠨᠠᠷ ᠵᠢᠭᠠᠨ ᠰᠤᠷᠭᠠᠯᠲᠠ᠎ᠶ᠋ᠢᠨ ᠵᠢᠷᠤᠭ ᠲᠥᠯᠥᠪᠯᠡᠭᠡ᠂ ᠬᠢᠴᠢᠶᠡᠯ᠎ᠦᠨ ᠲᠠᠩᠬᠢᠮ᠎ᠤᠨ ᠬᠤᠷᠱᠢᠯᠴᠠᠭ᠎ᠠ᠂ ᠬᠠᠷᠠᠯᠲᠠ ᠪᠠᠨ ᠪᠠᠶᠡᠯᠡᠬᠦᠯᠬᠦ  ᠵᠡᠷᠭᠡ ᠲᠠᠯ᠎ᠠ᠎ᠪᠠᠷ ᠭᠦᠨᠵᠡᠭᠡᠢ ᠰᠣᠯᠢᠯᠴᠠᠵᠤ᠂ ᠵᠢᠭᠠᠨ ᠰᠤᠷᠭᠠᠯᠲᠠ᠎ᠶ᠋ᠢᠨ ᠬᠢᠯᠠᠰ ᠴᠡᠭ᠎ᠢ ᠨᠤᠲᠠᠯᠠᠭ᠍ᠰᠠᠨ ᠪᠥᠭᠡᠳ ᠱᠢᠯᠢᠳᠡᠭ᠌ᠵᠢᠭᠦᠯᠬᠦ᠌ ᠴᠢᠭ᠌ᠯᠡᠯ᠎ᠢ ᠴᠦ᠍ ᠰᠤᠳᠤᠯᠤᠨ ᠶᠠᠷᠢᠯᠴᠠᠪᠠ᠃ 《ᠰᠠᠷᠠᠭᠤᠯ ᠪᠠᠭ᠍ᠰᠢ᠎ᠶ᠋ᠢᠨ ᠤᠷᠠᠨ ᠤᠩᠱᠢᠯᠭ᠎ᠠ ᠎ᠶ᠋ᠢᠨ ᠵᠢᠯᠣᠭᠣᠳᠤᠮᠵᠢ ᠨᠢ ᠱᠠᠲᠤ ᠱᠠᠲᠤ᠎ᠪᠠᠷ ᠠᠭᠢᠵᠤ᠂ ᠰᠤᠷᠤᠭ᠍ᠴᠢᠳ ᠎ᠢ ᠵᠢᠩᠬᠢᠨᠢ ᠎ᠪᠡᠷ ᠱᠢᠯᠦᠭ᠎ᠦᠨ ᠠᠬᠤᠢ ᠲᠠᠯᠠᠪᠠᠢ ᠎ᠳᠤ ᠲᠠᠳᠠᠨ ᠣᠷᠣᠭᠤᠯᠪᠠ᠃  ᠮᠧᠢ ᠯᠢ ᠪᠠᠭ᠍ᠰᠢ ᠎ᠶ᠋ᠢᠨ ᠠᠷᠭ᠎ᠠ ᠨᠢ ᠮᠠᠰᠢ ᠬᠡᠷᠡᠭ᠌ᠴᠡᠭᠡᠲᠡᠶ ᠪᠠᠢᠵᠤ᠂ ᠮᠡᠳᠡᠯᠭᠡ ᠵᠢ ᠰᠢᠭᠤᠳ ᠵᠢᠭᠠᠨ ᠦᠭᠴᠤ ᠪᠠᠢᠭᠰᠠᠨ ᠡᠴᠡ ᠪᠠᠨ ᠮᠡᠳᠡᠯᠭᠡ ᠵᠢ ᠬᠡᠷᠭᠢᠨ ᠰᠤᠷᠤᠯᠴᠠᠬᠤ ᠠᠷᠭ᠎ᠠ ᠵᠢᠨ ᠲᠤᠬᠠᠢ ᠵᠢᠭᠠᠨ ᠰᠤᠷᠭᠠᠯᠳᠠ ᠵᠢᠨ ᠰᠢᠨ᠎ᠠ ᠬᠤᠪᠢᠷᠠᠯᠲᠠ᠎ᠶ᠋ᠢ ᠪᠡᠶᠡᠯᠡᠭᠦᠯᠵᠦ᠍᠂ ᠡᠷᠲᠡᠨ᠎ᠦ ᠱᠢᠯᠦᠭ᠎ᠦᠨ ᠵᠢᠭᠠᠨ ᠰᠤᠷᠭᠠᠯᠲᠠ᠎ᠳᠤ ᠲᠣᠳᠣᠷᠬᠠᠶ ᠦᠶ᠋ᠯᠡᠳᠦᠯᠭᠡ᠎ᠶ᠋ᠢᠨ ᠠᠷᠭ᠎ᠠ ᠵᠠᠮ ᠬᠠᠩᠭᠠᠭ᠍ᠰᠠᠨ ᠪᠠᠢᠨ᠎ᠠ》᠃ ᠭᠠᠨᠵᠤᠭ᠎ᠠ ᠪᠠᠯᠭᠠᠰᠤᠨ᠎ᠤ ᠭᠤᠷᠪᠠᠳᠤᠭᠠᠷ ᠪᠠᠭ᠎ᠠ ᠰᠤᠷᠭᠠᠭᠤᠯᠢ᠎ᠶ᠋ᠢᠨ ᠢᠦᠢ ᠶᠢᠩ ᠪᠠᠭ᠍ᠰᠢ᠂ ᠬᠣᠶᠠᠷ ᠪᠠᠭ᠍ᠰᠢ᠎ᠶ᠋ᠢᠨ ᠬᠢᠴᠢᠶᠡᠯ ᠎ᠦᠨ ᠲᠠᠩᠬᠢᠮ᠎ᠤᠨ ᠵᠢᠭᠠᠨ ᠰᠤᠷᠭᠠᠯᠲᠠ ᠨᠢ ᠡᠷᠲᠡᠨ ᠎ᠦ ᠱᠢᠯᠦᠭ ᠎ᠦᠨ ᠵᠢᠭᠠᠨ ᠰᠤᠷᠭᠠᠯᠲᠠ᠎ᠳᠤ ᠦᠷᠭᠦᠯᠵᠢ ᠲᠣᠬᠢᠶᠠᠯᠳᠤᠳᠠᠭ ᠪᠣᠳᠠᠲᠠᠢ ᠠᠰᠠᠭᠤᠳᠠᠯ ᠎ᠢ ᠱᠢᠢᠳᠪᠦᠷᠢᠯᠡᠵᠦ᠍᠂ ᠮᠠᠰᠢ ᠴᠢᠬᠤᠯᠠ ᠦᠨ᠎ᠡ ᠦᠷᠳᠡᠭ᠎ᠲᠡᠶ  ᠭᠡᠵᠦ ᠶᠠᠷᠢᠨ᠎ᠠ᠃

ᠣᠢᠯᠠᠭᠠᠭ᠍ᠰᠠᠨ᠎ᠢᠶᠠᠷ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠎ᠤ ᠡᠯ᠎ᠡ ᠰᠤᠷᠭᠠᠭᠤᠯᠢ ᠵᠢᠨ ᠬᠢᠨ ᠰᠤᠷᠭᠠᠭᠤᠯᠢ᠎ᠶ᠋ᠢᠨ ᠬᠣᠭᠣᠷᠣᠨᠳᠣᠬᠢ  ᠬᠠᠮᠲᠤ ᠎ᠪᠠᠷ ᠪᠠᠢᠭᠤᠯᠬᠤ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ 《ᠠᠳᠠᠯᠢ ᠬᠢᠴᠢᠶᠡᠯ ᠤᠨᠳᠤᠤ ᠪᠦᠲᠦᠴᠡ》᠂ 《ᠰᠤᠷᠭᠠᠨ ᠬᠥᠮᠦᠵᠢᠯ᠎ᠢ ᠬᠥᠳᠡᠭᠡ ᠳ᠋ᠤ ᠪᠠᠭᠤᠯᠭᠠᠬᠤ 》᠂ 《ᠨᠢᠭᠡ ᠬᠣᠲᠠ᠎ᠳᠤ ᠲᠤᠭᠤᠷᠢᠨ ᠵᠢᠭᠠᠨ ᠰᠤᠷᠭᠠᠬᠤ᠌》 ᠵᠡᠷᠭᠡ ᠬᠡᠯᠪᠡᠷᠢ᠎ᠪᠡᠷ ᠳᠠᠮᠵᠢᠨ᠂ ᠰᠤᠷᠭᠠᠭᠤᠯᠢ᠎ᠶ᠋ᠢᠨ ᠬᠣᠭᠣᠷᠣᠨᠳᠣᠬᠢ ᠪᠡᠬᠢᠯᠡᠯᠲᠡ᠎ᠶ᠋ᠢ ᠡᠪᠳᠡᠵᠦ᠍᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠎ᠶ᠋ᠢ ᠳᠥᠯᠭᠢᠨ ᠠᠬᠢᠭᠤᠯᠪᠠ᠃ ᠲᠣᠰ ᠤᠳᠠᠭ᠎ᠠ ᠵᠢᠨ ᠲᠠᠪᠤᠨ ᠰᠤᠷᠭᠠᠭᠤᠯᠢ ᠬᠠᠮᠲᠤᠷᠠᠭ᠍ᠰᠠᠨ ᠵᠢᠭᠠᠨ ᠰᠤᠷᠭᠠᠯᠲᠠ ᠰᠤᠳᠤᠯᠭᠠᠨ᠎ᠨᠢ ᠪᠠᠭ᠍ᠰᠢ᠎ᠨᠠᠷ᠎ᠲᠤ ᠰᠣᠯᠢᠯᠴᠠᠨ ᠰᠤᠷᠤᠯᠴᠠᠬᠤ ᠲᠠᠪᠴᠠᠩ ᠪᠠᠢᠭᠤᠯᠵᠤ ᠥᠭ᠌ᠭᠦᠭ᠌ᠰᠡᠨ ᠎ᠢᠶᠡᠷ ᠪᠠᠷᠠᠬᠤ ᠥᠬᠡᠶ ᠪᠠᠰᠠ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠎ᠤᠨ ᠵᠢᠭᠠᠨ ᠰᠤᠷᠭᠠᠯᠲᠠ᠎ᠶ᠋ᠢᠨ ᠠᠷᠭ᠎ᠠ ᠪᠣᠳᠣᠯᠭ᠎ᠠ᠎ᠶ᠋ᠢᠨ ᠰᠥᠪᠡᠭ᠌ᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌᠂ ᠣᠷᠣᠨ ᠪᠦᠰᠡ᠎ᠶ᠋ᠢᠨ ᠰᠤᠷᠭᠠᠨ ᠬᠥᠮᠦᠵᠢᠯ᠎ᠦᠨ ᠲᠡᠩᠴᠡᠭᠦᠷᠢᠲᠡᠶ ᠬᠥᠭ᠌ᠵᠢᠯᠲᠡ ᠎ᠶ᠋ᠢ ᠠᠬᠢᠭᠤᠯᠬᠤ᠎ᠳᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号