ᠤᠯᠠᠨ ᠡᠰᠢᠳᠦ ᠠᠭᠤᠰᠤᠯᠴᠠᠯ ᠪᠦᠬᠦᠢ ᠦᠢᠯᠡᠰ ᠪᠦᠳᠦᠬᠡᠯᠳᠡ
2025-11-07 10:47:33
ᠵᠣᠬᠢᠶᠠᠭ᠍ᠴᠢ᠄
ᠡᠦ ᠼᠠᠢ ᠰᠢᠶᠠ
ᠣᠩᠱᠢᠭ᠍ᠰᠠᠨ ᠣᠳᠠᠭ᠎ᠠ᠄
★★★☆☆

ᠰᠢᠨ᠎ᠠ ᠰᠣᠶᠣᠯ᠎ᠤᠨ ᠦᠵᠡᠭᠳᠡᠯ ᠨᠢ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠰᠢᠨ᠎ᠡ ᠠᠮᠢᠵᠢᠷᠠᠯ᠎ᠤᠨ ᠬᠦᠴᠦᠨ᠎ᠢ ᠬᠥᠭᠵᠢᠭᠡᠳᠡᠭ᠃

ᠠᠪᠠᠭ᠎ᠠ ᠬᠣᠰᠢᠭᠤ ᠨᠢ 《ᠳᠤᠮᠳᠠᠳᠤ ᠤᠯᠤᠰ᠎ᠤᠨ ᠬᠠᠷ᠎ᠠ ᠠᠳᠤᠭᠤᠨ ᠎ᠤ ᠨᠤᠲᠤᠭ》 ᠪᠣᠯᠤᠭᠰᠠᠨ᠎ᠤ ᠬᠤᠪᠢ᠎ᠳᠤ᠂ 《ᠬᠡᠦᠬᠡᠳ ᠪᠠ ᠮᠣᠷᠢ》 ᠭᠣᠣᠯ ᠰᠡᠳᠦᠪᠲᠦ ᠰᠣᠶᠣᠯ᠎ᠤᠨ ᠬᠦᠷᠢᠶᠡᠯᠡᠩ᠎ᠢ ᠰᠢᠨ᠎ᠠ ᠪᠠᠢᠭᠤᠯᠤᠨ ᠠᠰᠢᠭ᠍ᠯᠠᠯᠲᠠ᠎ᠳᠤ ᠣᠷᠣᠭᠤᠯᠵᠤ᠂ ᠮᠣᠷᠢᠨ ᠮᠡᠷᠭᠡᠵᠢᠯ᠎ᠦᠨ ᠣᠷᠳᠣᠨ᠂ ᠪᠥᠬᠡ᠎ᠶᠢᠨ ᠪᠣᠯᠪᠠᠰᠤᠷᠠᠯ᠎ᠤᠨ ᠬᠤᠸᠠᠷᠠᠨ ᠵᠡᠷᠭᠡ ᠲᠥᠬᠦᠭᠡᠷᠦᠮᠵᠢ᠎ᠶᠢ ᠬᠣᠯᠪᠤᠭᠠᠯᠠᠨ ᠬᠥᠳᠡᠯᠭᠡᠵᠦ᠂ ᠰᠣᠶᠣᠯ ᠵᠢᠭᠤᠯᠴᠢᠯᠠᠯ᠎ᠤᠨ ᠣᠷᠣᠨ ᠵᠠᠢ᠎ᠶᠢ ᠴᠣᠭᠴᠠᠯᠠᠵᠤ᠂ 《ᠲᠠᠯ᠎ᠠ ᠨᠤᠲᠤᠭ᠎ᠤᠨ ᠠᠵᠢᠨᠠᠢ ᠬᠤᠨᠳᠠᠭᠠᠲᠤ》 ᠮᠣᠩᠭᠣᠯ ᠮᠣᠷᠢᠨ᠎ᠤ ᠰᠢᠷᠢᠰ ᠤᠷᠤᠯᠳᠤᠭᠠᠨ ᠵᠡᠷᠭᠡ ᠠᠵᠢᠯᠯᠠᠭ᠎ᠠ᠎ᠶᠢ ᠢᠵᠢ ᠪᠦᠷᠢᠳᠦᠭᠦᠯᠦᠨ ᠡᠷᠭᠢᠯᠡᠵᠡᠢ᠃ ᠡᠪᠦᠯ᠎ᠦᠨ ᠤᠯᠠᠷᠢᠯ᠎ᠤᠨ 《ᠮᠤᠨᠭᠭᠤᠯ ᠮᠤᠷᠢᠨ᠎ᠤ ᠬᠤᠯᠪᠤᠭᠠᠳᠤ ᠤᠷᠤᠯᠳᠤᠭᠠᠨ》 ᠡᠷᠬᠢᠯᠡᠵᠦ᠂ ᠰᠣᠶᠣᠯ᠎ᠤᠨ ᠳᠠᠮᠵᠢᠭᠤᠯᠭ᠎ᠠ ᠪᠠ ᠠᠵᠤ ᠦᠢᠯᠡᠰ᠎ᠦᠨ ᠬᠥᠭᠵᠢᠯᠲᠡ᠎ᠶᠢᠨ ᠬᠣᠣᠰ ᠴᠢᠭᠯᠡᠯ᠎ᠳᠦ ᠡᠨᠧᠷᠭᠢ ᠣᠯᠭᠣᠬᠤ᠎ᠶᠢ ᠪᠡᠶᠡᠯᠡᠭᠦᠯᠪᠡ᠃

ᠪᠣᠳᠠᠰ᠎ᠤᠨ ᠪᠤᠰᠤ ᠰᠣᠶᠣᠯ᠎ᠤᠨ ᠤᠯᠠᠮᠵᠢᠯᠠᠯ᠎ᠤᠨ ᠦᠷ᠎ᠡ ᠪᠦᠲᠦᠮᠵᠢ ᠢᠯᠡᠳᠲᠡ ᠪᠠᠢᠵᠤ᠂ 《ᠠᠪᠠᠭ᠎ᠠ ᠴᠤᠭᠤᠷ》᠎ᠤᠨ ᠰᠣᠶᠣᠯ᠎ᠤᠨ ᠦᠨᠳᠦᠰᠦ᠎ᠶᠢ ᠭᠦᠨ ᠠᠭᠤᠳᠠᠯᠵᠤ᠂ ᠰᠣᠶᠣᠯ᠎ᠤᠨ ᠣᠷᠳᠣᠨ᠎ᠠᠴᠠ ᠤᠯᠠᠮᠵᠢᠯᠠᠯ ᠳᠠᠰᠤᠷᠠᠬᠤ ᠰᠢᠬᠠᠭᠰᠠᠨ 14 ᠳᠠᠭᠤᠤ ᠬᠥᠭᠵᠢᠮ᠎ᠢ ᠡᠮᠬᠢᠳᠬᠡᠨ ᠴᠤᠭᠯᠠᠭᠤᠯᠪᠠ᠃

ᠠᠪᠠᠭ᠎ᠠ ᠬᠤᠰᠢᠭᠤ ᠠᠮᠢ ᠠᠬᠤᠢ᠎ᠶᠢᠨ ᠵᠠᠰᠠᠯᠲᠠ ᠪᠣᠯᠣᠨ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶᠢ ᠵᠡᠷᠭᠡ᠎ᠪᠡᠷ ᠠᠬᠢᠭᠤᠯᠵᠦ ᠪᠠᠢᠳᠠᠭ᠃ 

ᠲᠤᠰ ᠬᠣᠰᠢᠭᠤ 《ᠠᠵᠤ ᠠᠬᠤᠢᠯᠡᠯ + ᠬᠣᠷᠰᠢᠶᠠᠵᠢᠯ + ᠮᠠᠯᠴᠢᠨ》᠎ᠤ᠋ ᠡᠯᠡᠰᠦ᠎ᠶᠢ ᠵᠠᠰᠠᠬᠤ ᠬᠡᠯᠪᠡᠷᠢ᠎ᠶᠢ ᠰᠢᠨᠡᠴᠢᠯᠡᠵᠦ᠂ ᠵᠢᠯ᠎ᠦᠨ ᠳᠣᠲᠣᠷ᠎ᠠ 35.5 ᠲᠦᠮᠡᠨ ᠮᠦ᠍᠎ᠶᠢᠨ ᠵᠠᠰᠠᠨ ᠴᠡᠭᠴᠡᠯᠡᠬᠦ ᠡᠭᠦᠷᠭᠡ᠎ᠶᠢ ᠪᠡᠶᠡᠯᠡᠭᠦᠯᠵᠦ᠂ 300 ᠭᠠᠷᠤᠢ ᠮᠠᠯᠴᠢᠳ ᠬᠦᠴᠦ ᠬᠥᠳᠡᠯᠮᠦᠷᠢ ᠣᠷᠣᠭᠤᠯᠬᠤ᠎ᠳᠤ ᠣᠷᠣᠯᠴᠠᠵᠤ᠂ ᠬᠥᠮᠥᠨ ᠳᠤᠮᠳᠠᠴᠢ᠎ᠶᠢᠨ ᠣᠷᠣᠯᠭ᠎ᠠ 1.21 ᠲᠦᠮᠡᠨ ᠲᠥᠭᠥᠷᠢᠭ ᠨᠡᠮᠡᠭᠳᠡᠵᠦ᠂ 8 ᠠᠭᠤᠷᠬᠠᠢ᠎ᠶᠢᠨ ᠠᠵᠤ ᠠᠬᠤᠢᠯᠡᠯ 2480 ᠲᠦᠮᠡᠨ ᠲᠥᠭᠥᠷᠢᠭ᠎ᠦᠨ ᠪᠡᠯᠡ ᠣᠷᠣᠭᠤᠯᠵᠤ ᠠᠮᠢ ᠠᠬᠤᠢ᠎ᠶᠢ ᠵᠠᠰᠠᠨ ᠰᠡᠷᠭᠦᠭᠡᠵᠦ᠂ ᠵᠠᠰᠠᠨ ᠰᠡᠷᠭᠦᠭᠡᠭᠰᠡᠨ ᠨᠣᠷᠮ᠎ᠠ 119%᠎ᠳᠤ ᠬᠦᠷᠴᠦ᠂ 2 ᠠᠭᠤᠷᠬᠠᠢ ᠨᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠠᠭᠤᠷᠬᠠᠢ᠎ᠶᠢᠨ ᠨᠡᠷᠡᠰ᠎ᠲᠦ ᠵᠢᠭ᠍ᠰᠠᠭᠠᠭᠳᠠᠪᠠ᠃ 

ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭᠳᠡᠭᠦᠯᠵᠦ᠂ 930 ᠭᠠᠷᠤᠢ ᠲᠦᠮᠡᠨ ᠲᠥᠭᠥᠷᠢᠭ᠎ᠦᠨ 《ᠬᠠᠢᠷ᠎ᠠ ᠬᠠᠯᠠᠮᠵᠢ᠎ᠶᠢᠨ ᠢᠨᠵᠧᠨᠧᠷᠢᠩ》 ᠨᠢ 5000 ᠭᠠᠷᠤᠢ ᠰᠠᠭᠤᠭᠠᠯᠢ ᠡᠷᠦᠬᠡ᠎ᠳᠦ ᠠᠰᠢᠭ᠋ ᠬᠦᠷᠲᠡᠭᠡᠵᠦ᠂ 1.58 ᠳ᠋ᠦᠩᠰᠢᠭᠤᠷ ᠲᠥᠭᠥᠷᠢᠭ᠎ᠦᠨ ᠰᠢᠨ᠎ᠡ᠎ᠪᠡᠷ 233.3 ᠺᠢᠯᠣᠮᠧᠲᠷ᠎ᠦᠨ ᠵᠠᠮ ᠳᠡᠪᠢᠰᠴᠦ᠂ᠡᠯᠡᠰᠦ᠎ᠶᠢ ᠳᠤᠭᠤᠯᠤᠭᠰᠠᠨ ᠵᠠᠰᠠᠮᠠᠯ ᠵᠠᠮ ᠵᠡᠷᠭᠡ ᠭᠣᠣᠯᠳᠠᠯᠭ᠎ᠠ᠎ᠲᠠᠢ ᠢᠨᠵᠧᠨᠧᠷᠢᠩ ᠮᠠᠯᠵᠢᠬᠤ ᠣᠷᠣᠨ᠎ᠤ ᠵᠠᠮ ᠬᠠᠷᠢᠯᠴᠠᠭ᠎ᠠ᠎ᠶᠢ ᠨᠡᠪᠲᠡᠷᠡᠭᠦᠯᠤᠨ᠂ 12345 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠬᠠᠯᠠᠮᠰᠢᠯ ᠤᠲᠠᠰᠤ᠎ᠪᠠᠷ 1951 ᠬᠤᠪᠢ ᠬᠦᠰᠡᠯ ᠱᠠᠭᠠᠷᠳᠠᠯᠭ᠎ᠠ᠎ᠶᠢ ᠦᠨᠡᠨᠴᠢ ᠰᠢᠭᠤᠷᠬᠠᠢ ᠰᠢᠢᠳᠪᠦᠷᠢᠯᠡᠵᠦ᠂ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ᠎ᠶᠢ ᠨᠡᠢᠳᠡᠮ ᠬᠡᠷᠡᠭᠵᠢᠭᠦᠯᠪᠡ᠃

ᠰᠢᠨ᠎ᠡ ᠰᠤᠶᠤᠯ᠎ᠤᠨ ᠠᠵᠦ ᠦᠢᠯᠡᠰ᠎ᠠᠴᠠ ᠪᠣᠬᠢᠷᠲᠤᠯ ᠦᠭᠡᠢ ᠮᠠᠯᠵᠢᠯ᠎ᠤᠨ ᠲᠠᠯᠠᠪᠠᠢ᠂ ᠰᠣᠶᠣᠯ ᠤᠷᠠᠯᠢᠭ᠎ᠤᠨ ᠹᠷᠤᠨᠲ᠎ᠠᠴᠠ ᠠᠷᠠᠳ᠎ᠤᠨ ᠠᠮᠢᠳᠤᠷᠠᠯ᠎ᠤᠨ ᠢᠨᠵᠧᠨᠧᠷᠢᠩ ᠵᠡᠷᠬᠡ ᠳᠠᠯ᠎ᠠ᠎ᠳᠤ ᠠᠪᠠᠭ᠎ᠠ ᠬᠣᠰᠢᠭᠤ ᠶᠠᠭ ᠤᠯᠠᠨ ᠡᠰᠢᠲᠦ ᠠᠭᠤᠰᠤᠯᠴᠠᠯ᠎ᠤᠨ ᠪᠠᠢᠳᠠᠯ᠎ᠢᠶᠠᠷ ᠦᠢᠯᠡᠰ ᠪᠦᠲᠦᠭᠡᠬᠦ᠎ᠳᠦ ᠲᠣᠬᠢᠷᠠᠮᠵᠢᠲᠠᠢ ᠪᠠᠶᠠᠨ ᠴᠢᠨᠡᠬᠡᠯᠢᠭ ᠨᠤᠲᠤᠭ᠎ᠢ ᠬᠥᠭᠵᠢᠭᠦᠯᠦᠨ ᠮᠠᠨᠳᠤᠭᠤᠯᠬᠤ ᠳᠤᠳᠤ ᠵᠢᠷᠤᠭᠯᠡᠯ᠎ᠢ ᠮᠡᠷᠡᠢᠨ ᠪᠦᠳᠦᠬᠡᠯᠴᠡᠵᠦ ᠪᠤᠢ ᠠᠵᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号