ᠪᠤᠭᠳᠠ ᠠᠭᠤᠯᠠ ᠵᠢᠨ ᠪᠡᠷ᠎ᠠ ᠵᠦᠮᠪᠤᠷ ᠡᠴᠡ ᠨᠢ ᠪᠤᠶᠡᠨ ᠢᠷᠦᠬᠡᠯ᠎ᠤᠨ ᠳᠠᠯᠠᠯᠭ᠎ᠠ ᠳᠠᠢ
ᠪᠠᠶᠠᠨ ᠭᠤᠤᠯ᠎ᠤᠨ ᠤᠭᠠᠯᠵᠠ ᠡᠮᠵᠢᠶᠡᠷᠢᠳ᠋ᠤᠨᠢ ᠪᠠᠶᠠᠨ ᠰᠦᠷᠦᠭ᠎ᠤᠨ ᠴᠤᠪᠤᠭ᠎ᠠ ᠳᠠᠢ
ᠬᠢᠯᠢᠩ ᠬᠠᠷ᠎ᠠ ᠠᠳᠤᠭᠤ ᠢᠨᠴᠠᠭᠠᠬᠤ᠎ᠳᠤ ᠬᠦᠰᠡᠯ᠎ᠤᠨ ᠮᠢᠨᠭᠭᠠᠨ ᠪᠤᠷᠤᠭ᠎ᠠ ᠰᠢᠪᠡᠷᠡᠳᠡᠭ
ᠴᠤᠭᠤᠷ ᠳᠠᠭᠤᠤ ᠴᠤᠤᠷᠢᠶᠡᠳᠦᠨ ᠬᠠᠩᠬᠢᠨᠠᠬᠤ᠎ᠳᠤ ᠪᠤᠳᠤᠯ᠎ᠤᠨ ᠪᠤᠮᠠᠨ ᠰᠢᠪᠡᠨᠡᠬᠡ ᠵᠦᠰᠡᠷᠡᠳᠡᠭ
ᠠᠪᠠᠭ᠎ᠠ ᠬᠤᠰᠢᠭᠤ —
ᠰᠢᠯᠢ᠎ᠶᠢᠨ ᠭᠣᠣᠯ ᠠᠢᠮᠠᠭ᠎ᠤᠨ ᠳᠤᠮᠳᠠ ᠬᠣᠢᠲᠤ ᠬᠡᠰᠡᠭ᠎ᠲᠦ ᠪᠠᠢᠷᠢᠯᠠᠵᠤ᠂ ᠶᠡᠷᠦᠩᠬᠡᠢ ᠲᠠᠯᠠᠪᠠᠢ ᠨᠢ 2.75 ᠲᠦᠮᠡᠨ ᠳᠡᠭᠰᠢ ᠳᠥᠷᠪᠡᠯᠵᠢᠨ ᠺᠢᠯᠣᠮᠧᠲᠷ᠃ ᠮᠣᠩᠭᠣᠯ ᠤᠯᠤᠰ᠎ᠲᠠᠢ ᠬᠢᠯᠢ ᠨᠡᠢᠯᠡᠵᠦ᠂ ᠬᠢᠯᠢ᠎ᠶᠢᠨ ᠱᠤᠭᠤᠮ᠎ᠤᠨ ᠤᠷᠲᠤ ᠨᠢ 175 ᠺᠢᠯᠣᠮᠧᠲᠷ᠂ 7 ᠰᠤᠮᠤ ᠪᠠᠯᠭᠠᠰᠤ᠂ 4 ᠨᠡᠢᠭᠡᠮ ᠲᠣᠭᠣᠷᠢᠭ᠋ ᠳᠠᠢ᠂ ᠬᠥᠮᠥᠨ ᠠᠮᠠ 4.25 ᠲᠦᠮᠡ ᠬᠦᠷᠪᠡ᠃
ᠨᠤᠲᠤᠭ ᠪᠡᠯᠴᠢᠭᠡᠷ᠎ᠦᠨ ᠠᠰᠢᠭ᠍ᠯᠠᠵᠤ ᠪᠣᠯᠬᠤ ᠲᠠᠯᠠᠪᠠᠶ 4000 ᠭᠠᠷᠤᠢ ᠲᠦᠮᠡᠨ ᠮᠦ᠍᠎ᠳᠦ ᠬᠦᠷᠴᠦ᠂ ᠥᠪᠥᠷ ᠮᠣᠩᠭᠣᠯ᠎ᠤᠨ ᠪᠣᠬᠢᠷᠲᠤᠯ ᠦᠭᠡᠢ ᠮᠠᠯ᠎ᠤᠨ ᠠᠰᠢᠭ᠋ ᠰᠢᠮ᠎ᠡ ᠦᠢᠯᠡᠳᠪᠦᠷᠢᠯᠡᠵᠦ ᠡᠳ᠋ᠰᠢᠭᠦᠯᠬᠦ ᠴᠢᠬᠤᠯᠠ ᠰᠠᠭᠤᠷᠢᠨ ᠪᠣᠯᠣᠨ᠎ᠠ᠃
ᠰᠠᠯᠬᠢᠨ᠎ᠤ ᠡᠨᠧᠷᠭᠢ᠂ ᠨᠡᠷᠡᠨ᠎ᠦ ᠡᠨᠧᠷᠭᠢ᠎ᠶᠢᠨ ᠡᠬᠢ ᠪᠠᠶᠠᠯᠢᠭ᠋ ᠡᠯᠪᠡᠭ ᠪᠠᠢᠵᠤ᠂ ᠰᠢᠨ᠎ᠡ ᠡᠨᠧᠷᠭᠢ᠎ᠶᠢᠨ ᠶᠡᠷᠦᠩᠬᠡᠢ ᠮᠠᠰᠢᠨ ᠴᠣᠭᠴᠠᠯᠠᠪᠤᠷᠢ᠎ᠶᠢᠨ ᠬᠡᠪᠴᠢᠶ᠎ᠡ 63.7 ᠲᠦᠮᠡᠨ ᠺᠢᠯᠤᠸᠠᠲ᠎ᠲᠤ ᠬᠦᠷᠴᠦ᠂ ᠡᠭᠦᠨ᠎ᠳᠦ 377.5 ᠲᠦᠮᠡᠨ ᠺᠢᠯᠤᠸᠠᠲ ᠠᠰᠢᠭ᠍ᠯᠠᠯᠲᠠ᠎ᠳᠤ ᠣᠷᠣᠵᠤ᠂ ᠮᠠᠰᠢᠨ ᠴᠣᠭᠴᠠᠯᠠᠪᠤᠷᠢ᠎ᠶᠢᠨ ᠬᠡᠮᠵᠢᠶ᠎ᠡ ᠪᠣᠯᠣᠨ ᠴᠠᠬᠢᠯᠭᠠᠨ ᠭᠠᠷᠭᠠᠬᠤ ᠬᠡᠮᠵᠢᠶ᠎ᠡ ᠨᠢ ᠴᠥᠮ ᠪᠦᠬᠦ ᠠᠢᠮᠠᠭ᠎ᠤᠨ ᠲᠡᠷᠢᠭᠦᠨ᠎ᠳᠦ ᠣᠷᠣᠪᠠ᠃
ᠨᠢᠭᠡᠨᠲᠡ ᠠᠰᠢᠭ᠍ᠯᠠᠯᠲᠠ᠎ᠳᠤ ᠣᠷᠣᠭᠤᠯᠤᠭᠰᠠᠨ ᠢᠯᠴᠢ᠎ᠶᠢᠨ ᠴᠠᠬᠢᠯᠭᠠᠨ᠎ᠤ ᠮᠠᠰᠢᠨ ᠴᠣᠭᠴᠠᠯᠠᠪᠤᠷᠢ 132 ᠲᠦᠮᠡᠨ ᠺᠢᠯᠦᠸᠠᠲ᠂ ᠴᠠᠬᠢᠯᠭᠠᠨ ᠬᠦᠴᠦᠨ᠎ᠦ ᠪᠥᠬᠥ ᠲᠥᠷᠥᠯ ᠵᠦᠢᠯ᠎ᠢ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠎ᠶᠢᠨ ᠶᠡᠷᠦᠩᠬᠡᠢ ᠬᠡᠮᠵᠢᠶ᠎ᠡ 765.7 ᠲᠦᠮᠡᠨ ᠺᠢᠯᠤᠸᠠᠲ᠎ᠲᠤ ᠬᠥᠷᠪᠡ᠃
ᠰᠣᠶᠣᠯ᠎ᠤᠨ ᠰᠠᠭᠤᠷᠢ ᠭᠦᠨ ᠵᠤᠵᠠᠭᠠᠨ ᠪᠠᠢᠵᠤ᠂ ᠤᠷᠢᠳ ᠬᠣᠵᠢᠳ ᠳᠤᠮᠳᠠᠳᠤ ᠤᠯᠤᠰ᠎ᠤᠨ 《ᠬᠠᠷ᠎ᠠ ᠠᠳᠤᠭᠤᠨ᠎ᠤ ᠨᠤᠲᠤᠭ》᠂《ᠴᠡᠭᠡ᠎ᠶᠢᠨ ᠨᠤᠲᠤᠭ》᠂ 《ᠴᠤᠭᠤᠷ᠎ᠤᠨ ᠨᠤᠲᠤᠭ》᠂ 《ᠮᠣᠩᠭᠣᠯ ᠰᠢᠲᠠᠷ᠎ᠠ᠎ᠶᠢᠨ ᠰᠣᠶᠣᠯ᠎ᠢ ᠤᠯᠠᠮᠵᠢᠯᠠᠨ ᠬᠥᠭᠵᠢᠭᠦᠯᠬᠦ ᠰᠠᠭᠤᠷᠢᠨ》 ᠵᠢᠡᠷ ᠨᠡᠷᠡᠢᠳᠦᠭᠳᠡᠪᠡ᠃
(ᠠᠪᠠᠭ᠎ᠠ ᠬᠤᠰᠢᠭᠤᠨ᠎ᠤ ᠬᠠᠮ ᠵᠠᠭᠤᠴᠢᠯᠠᠭᠤᠷ᠎ᠤᠨ ᠳᠦᠪ ᠳᠠᠢ ᠬᠠᠮᠳᠤᠷᠡᠨ ᠤᠬᠠᠭᠠᠯᠠᠪᠠ)