— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ
ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠶᠢᠨ ᠦᠨᠳᠦᠰᠦᠨ ᠪᠠᠲᠤᠯᠠᠭ᠎ᠠ ᠮᠥᠨ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠡᠴᠡ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢᠶᠡᠷ ᠨᠡᠢᠭᠡᠮ᠎ᠦᠨ ᠬᠤᠪᠢᠰᠬᠠᠯ ᠢ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠨᠠᠮ᠎ᠤᠨ ᠤᠯᠤᠰ ᠲᠦᠷᠦ᠎ᠶᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠢᠭᠡᠮ᠎ᠦᠨ ᠤᠷᠢᠶᠠᠯᠠᠬᠤ ᠬᠦᠴᠦᠨ᠎ᠢ ᠴᠢᠩᠭᠠᠳᠬᠠᠵᠤ᠂ ᠨᠠᠮ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠤᠳᠤᠷᠢᠳᠬᠤ ᠴᠢᠳᠠᠪᠤᠷᠢ ᠪᠣᠯᠣᠨ ᠲᠦᠪᠰᠢᠨ᠎ᠢ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠠᠤᠭ᠎ᠠ ᠶᠡᠬᠡ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭᠲᠡᠢ ᠭᠡᠵᠦ ᠳᠤᠷᠠᠳᠴᠠᠢ᠃
《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ᠎ᠶᠢᠨ ᠫᠢᠩ ᠣᠷᠣᠨ ᠪᠦᠰᠡ᠎ᠶᠢᠨ ᠬᠥᠭᠵᠢᠯᠲᠡ᠎ᠶᠢᠨ ᠶᠠᠷᠢᠯᠴᠠᠬᠤ ᠬᠤᠷᠠᠯ᠎ᠢ ᠤᠷᠢᠳ ᠬᠣᠵᠢᠳ 10 ᠲᠠᠯᠠᠪᠤᠷ ᠡᠷᠬᠢᠯᠡᠨ ᠬᠤᠷᠠᠯᠳᠤᠭᠤᠯᠵᠤ᠂ ᠵᠡᠭᠦᠨ ᠪᠠᠷᠠᠭᠤᠨ ᠣᠷᠣᠨ ᠬᠠᠷᠢᠯᠴᠠᠨ ᠲᠤᠰᠠᠯᠠᠯᠴᠠᠬᠤ᠂ ᠡᠮᠦᠨᠡᠲᠦ ᠤᠮᠠᠷᠠᠲᠤ ᠣᠷᠣᠨ ᠬᠠᠮᠵᠢᠯᠴᠠᠬᠤ᠂ ᠡᠬᠡ ᠬᠠᠭᠤᠷᠠᠢ ᠪᠠ ᠳᠠᠯᠠᠢ ᠲᠠᠩᠭᠢᠰ᠎ᠢ ᠨᠢᠭᠡᠳᠦᠯᠲᠡᠢ ᠲᠥᠯᠥᠪᠵᠢᠭᠦᠯᠬᠦ ᠣᠷᠣᠨ ᠪᠦᠰᠡ᠎ᠶᠢᠨ ᠬᠥᠭᠵᠢᠯᠲᠡ᠎ᠶᠢᠨ ᠰᠦᠷᠯᠢᠭ ᠰᠠᠢᠬᠠᠨ ᠦᠵᠡᠮᠵᠢᠳᠤ ᠵᠢᠷᠤᠭ ᠢ ᠵᠢᠯᠣᠭᠣᠳᠤᠨ ᠵᠢᠷᠤᠬᠯᠠᠪᠠ᠃ ᠨᠠᠮ᠎ᠤᠨ ᠲᠥᠪ ᠬᠣᠷᠢᠶ᠎ᠡ ᠵᠢᠨ ᠶᠡᠷᠦᠩᠬᠡᠢᠯᠡᠨ ᠵᠢᠯᠤᠭᠤᠳᠤᠭᠰᠠᠨ ᠶᠡᠬᠡ ᠪᠠᠢᠳᠠᠯᠲᠤᠤᠷᠠ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠂ ᠣᠷᠣᠨ ᠪᠦᠰᠡ᠎ᠶᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠭᠣᠣᠯ ᠴᠣᠭᠴᠠ᠎ᠶᠢᠨ ᠴᠢᠳᠠᠮᠵᠢᠲᠤ ᠣᠷᠣᠨ᠎ᠤ ᠪᠠᠢᠯᠳᠤᠬᠤ ᠪᠣᠳᠣᠯᠭ᠎ᠠ᠂ ᠰᠢᠨ᠎ᠡ ᠮᠠᠶᠢᠭ᠋᠎ᠤᠨ ᠬᠤᠳᠠ ᠪᠠᠯᠭᠠᠰᠤᠵᠢᠯᠲᠠ᠎ᠶᠢᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠬᠦ᠎ᠡᠴᠡ ᠠᠪᠤᠭᠠᠳ ᠪᠦᠬᠦ ᠤᠯᠤᠰ᠎ᠤᠨ ᠶᠡᠬᠡ ᠲᠠᠯ᠎ᠠ᠎ᠳᠠᠬᠢ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠶᠢ ᠣᠨᠣᠪᠴᠢᠲᠠᠢ ᠡᠷᠢᠵᠦ ᠣᠯᠬᠤ ᠬᠦᠷᠲᠡᠯ᠎ᠡ᠂ ᠠᠵᠤ ᠠᠬᠤᠢ᠎ᠶᠢᠨ ᠲᠣᠮᠣ᠌ ᠮᠤᠵᠢ ᠭᠣᠣᠯ ᠲᠤᠯᠭᠠᠭᠤᠷᠢ ᠬᠦᠴᠤᠨ ᠪᠤᠯᠵᠤ᠂ ᠪᠤᠰᠤᠳ ᠭᠠᠵᠠᠷ ᠣᠷᠣᠨ ᠲᠤᠰ ᠲᠤᠰ᠎ᠤᠨ ᠳᠠᠪᠠᠭᠤᠯᠢᠭ᠋᠎ᠢᠶᠠᠨ ᠪᠠᠳᠠᠷᠠᠭᠤᠯᠵᠤ᠂ ᠪᠦᠬᠦ ᠤᠯᠤᠰ᠎ᠢᠶᠠᠷ᠎ᠢᠶᠠᠨ ᠨᠢᠭᠡ ᠬᠥᠯᠭᠡ ᠰᠢᠲᠠᠷ᠎ᠠ ᠮᠡᠲᠦ ᠪᠠᠢᠬᠤ᠎ᠶᠢ ᠪᠠᠷᠢᠮᠲᠠᠯᠠᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠵᠤ᠂ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ᠎ᠳᠦ ᠰᠦᠷ ᠳᠠᠯᠠᠢᠴᠠᠲᠠᠢ ᠬᠥᠳᠡᠯᠭᠡᠬᠦ ᠬᠦᠴᠦᠨ ᠨᠡᠮᠡᠷᠢᠯᠡᠵᠡᠢ᠃
2024 ᠣᠨ᠎ᠤ ᠬᠣᠶᠠᠳᠤᠭᠠᠷ᠂ ᠭᠤᠷᠪᠠᠳᠤᠭᠠᠷ ᠤᠯᠠᠷᠢᠯ᠎ᠳᠤ᠂ ᠤᠯᠠᠨ ᠲᠠᠯ᠎ᠠ᠎ᠶᠢᠨ ᠬᠦᠴᠦᠨ ᠵᠦᠢᠯ᠎ᠦᠨ ᠨᠥᠯᠥᠭᠡ᠎ᠡᠴᠡ ᠪᠣᠯᠵᠤ᠂ ᠮᠠᠨ᠎ᠤ ᠤᠯᠤᠰ᠎ᠤᠨ ᠠᠵᠤ ᠠᠬᠤᠢ᠎ᠶᠢᠨ ᠪᠠᠭᠤᠷᠠᠬᠤ ᠳᠠᠷᠤᠯᠲᠠ ᠨᠡᠮᠡᠭᠳᠡᠵᠡᠢ᠃ ᠲᠤᠬᠠᠢ᠎ᠶᠢᠨ ᠵᠢᠯ᠎ᠦᠨ 9 ᠰᠠᠷ᠎ᠠ᠎ᠶᠢᠨ 26 ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠲᠥᠪ᠎ᠤᠨ ᠤᠯᠤᠰ ᠲᠥᠷᠥ᠎ᠶᠢᠨ ᠲᠣᠪᠴᠢᠶ᠎ᠡ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠠᠯᠢ ᠣᠯᠠᠨ ᠨᠡᠮᠡᠭᠳᠡᠯ᠎ᠦᠨ ᠲᠥᠷᠥ᠎ᠶᠢᠨ ᠪᠣᠳᠣᠯᠭ᠎ᠠ᠎ᠶᠢ ᠡᠷᠡᠰ ᠰᠢᠭᠤᠷᠬᠠᠢ᠎ᠪᠠᠷ ᠪᠠᠢᠷᠢᠯᠠᠭᠤᠯᠵᠤ᠂ 《ᠬᠣᠷᠸ᠎ᠠ ᠡᠵᠡᠮᠰᠢᠯ ᠲᠤᠬᠢᠷᠠᠭᠤᠯᠭ᠎ᠠ ᠵᠢᠨ ᠨᠢᠭᠡ ᠤᠳᠠᠭᠠᠨ᠎ᠤ ᠬᠥᠰᠢᠶ᠎ᠡ ᠳᠤᠷᠠᠰᠬᠠᠯ᠎ᠤᠨ ᠴᠢᠨᠠᠷᠲᠠᠢ ᠠᠷᠭ᠎ᠠ ᠬᠡᠮᠵᠢᠶ᠎ᠡ ᠠᠪᠬᠤ》 ᠶ᠋ᠢ ᠪᠡᠶᠡᠯᠡᠭᠦᠯᠵᠦ᠂ ᠵᠠᠬ᠎ᠠ ᠳᠡᠯᠭᠡᠭᠦᠷ᠎ᠦᠨ ᠢᠲᠡᠭᠡᠯ ᠵᠣᠷᠢᠭ᠋᠎ᠢ ᠬᠦᠴᠦᠲᠡᠢ ᠬᠥᠪᠴᠢᠯᠡᠵᠦ᠂ ᠮᠠᠨ᠎ᠤ ᠤᠯᠤᠰ᠎ᠤᠨ ᠠᠵᠤ ᠠᠬᠤᠢ᠎ᠶᠢᠨ ᠦᠷᠭᠦᠯᠵᠢᠯᠡᠨ ᠳᠡᠭᠡᠭᠰᠢᠯᠡᠵᠦ ᠰᠠᠢᠵᠢᠷᠠᠬᠤ᠎ᠶᠢ ᠠᠬᠢᠭᠤᠯᠪᠠ᠃ ᠡᠨᠡ ᠵᠢᠯ᠎ᠦᠨ ᠲᠦᠷᠦᠭᠦᠸ᠋ ᠭᠤᠷᠪᠠᠨ ᠤᠯᠠᠷᠢᠯ᠎ᠳᠤ᠂ ᠮᠠᠨ᠎ᠤ ᠤᠯᠤᠰ᠎ᠤᠨ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠪᠥᠬᠥ ᠥᠷᠲᠡᠭ ᠠᠳᠠᠯᠢ ᠬᠤᠭᠤᠴᠠᠭᠠᠨ᠎ᠤ ᠬᠢ᠎ᠡᠴᠡ 5.2%᠎ᠢᠶᠠᠷ ᠨᠡᠮᠡᠭᠳᠡᠵᠦ᠂ ᠭᠣᠣᠯ ᠪᠣᠯᠬᠤ ᠬᠣᠷᠸ᠎ᠠ ᠭᠦᠢᠴᠡᠳᠬᠡᠯ ᠲᠣᠭ᠎ᠠ ᠶᠡᠷᠦᠩᠬᠡᠢ᠎ᠳᠡᠭᠡᠨ ᠲᠣᠭᠲᠠᠭᠤᠨ ᠪᠠᠢᠵᠤ᠂ ᠠᠵᠤ ᠠᠬᠤᠢ᠎ᠶᠢᠨ ᠡᠷᠭᠢᠯᠳᠡ ᠲᠣᠭᠲᠠᠭᠤᠨ᠎ᠤ ᠳᠤᠮᠳᠠ ᠠᠬᠢᠬᠤ ᠬᠠᠨᠳᠤᠰᠢ᠎ᠪᠠᠨ ᠪᠠᠲᠤᠯᠠᠪᠠ᠃ ᠨᠠᠮ᠎ᠤᠨ ᠲᠥᠪ ᠬᠣᠷᠢᠶ᠎ᠡ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠪᠢᠳᠡ ᠬᠢᠮᠤᠷᠠᠯ᠎ᠤᠨ ᠳᠤᠮᠳᠠ ᠰᠢᠨ᠎ᠡ ᠠᠵᠠ ᠲᠤᠬᠢᠶᠠᠯ᠎ᠢ ᠪᠤᠢ ᠪᠣᠯᠭᠠᠵᠤ᠂ ᠬᠤᠪᠢᠰᠤᠯᠲᠠ᠎ᠶᠢᠨ ᠳᠤᠮᠳᠠ ᠰᠢᠨ᠎ᠡ ᠪᠠᠢᠳᠠᠯ ᠢ ᠨᠡᠭᠡᠭᠡᠵᠦ᠂ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠪᠠᠲᠤ ᠡᠵᠡᠮᠳᠡᠵᠡᠢ᠃
《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ᠎ᠳᠤ᠂ ᠮᠠᠨ᠎ᠤ ᠤᠯᠤᠰ᠎ᠤᠨ ᠬᠥᠭᠵᠢᠯᠲᠡ᠎ᠶᠢᠨ ᠶᠠᠪᠤᠴᠠ ᠲᠤᠢᠯ᠎ᠤᠨ ᠶᠡᠷᠦ ᠪᠤᠰᠤ᠎ᠶᠢᠨ ᠪᠥᠭᠡᠳ ᠵᠢᠷ᠎ᠤᠨ ᠪᠤᠰᠤ ᠪᠠᠢᠵᠤ᠂ ᠰᠢ᠎ᠶᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠦᠴᠢᠷ᠎ᠢ ᠰᠥᠷᠦᠨ᠂ ᠡᠷᠡᠮᠡᠬᠡᠢᠯᠡᠨ ᠤᠷᠤᠭᠰᠢᠯᠠᠵᠤ᠂ ᠡᠷᠢᠨ ᠵᠠᠭᠤᠨ ᠳ᠋ᠤ ᠲᠤᠬᠢᠶᠠᠯᠳᠤᠭ᠎ᠠ ᠦᠬᠡᠢ ᠬᠢᠵᠢᠭ᠎ᠦᠨ ᠬᠦᠨᠳᠦ ᠨᠣᠴᠢᠲᠠᠢ ᠳᠠᠭᠠᠷᠢᠯᠲᠠ᠎ᠶᠢ ᠳᠠᠭᠠᠭᠠᠵᠤ᠂ ᠠᠯᠢ ᠤᠯᠠᠨ ᠬᠦᠨᠳᠦ ᠶᠡᠬᠡ ᠠᠶᠤᠯ ᠲᠦᠭᠰᠢᠭᠦᠷᠢ ᠥᠷᠢᠰᠦᠯᠳᠦᠭᠡᠨ᠎ᠢ ᠪᠦᠲᠦᠮᠵᠢᠲᠡᠶ ᠠᠷᠭᠠᠴᠠᠭᠠᠵᠤ᠂ ᠨᠠᠮ ᠪᠠ ᠤᠯᠤᠰ ᠣᠷᠣᠨ᠎ᠤ ᠠᠵᠢᠯ ᠦᠢᠯᠡᠰ᠎ᠦᠨ ᠴᠢᠬᠤᠯᠠ ᠶᠡᠬᠡ ᠰᠢᠨ᠎ᠡ ᠠᠮᠵᠢᠯᠲᠠ ᠣᠯᠬᠤ᠎ᠶᠢ ᠠᠬᠢᠭᠤᠯᠪᠠ᠃ ᠡᠭᠦᠨ᠎ᠡᠴᠡ ᠪᠢᠳᠡ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠨᠤᠲᠠᠯᠠᠯᠲᠠ᠄《ᠮᠠᠨ᠎ᠤ ᠡᠢᠮᠦ ᠲᠤᠮᠤ ᠨᠠᠮ ᠲᠣᠮᠣ᠌ ᠤᠯᠤᠰ᠎ᠢ ᠵᠠᠰᠠᠬᠤ᠎ᠳᠤ ᠬᠡᠷᠪᠡ ᠨᠠᠮ᠎ᠤᠨ ᠲᠥᠪ ᠬᠣᠷᠢᠶ᠎ᠡ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠠᠢᠬᠤ ᠦᠭᠡᠢ᠂ ᠬᠡᠷᠪᠡ ᠪᠦᠬᠦ ᠨᠠᠮ ᠪᠦᠬᠦ ᠤᠯᠤᠰ᠎ᠤᠨ ᠦᠵᠡᠯ ᠰᠠᠨᠠᠭᠠᠨ᠎ᠤ ᠨᠢᠭᠡᠳᠦᠯ᠂ ᠬᠦᠭ ᠠᠯᠬᠤᠭ᠎ᠠ ᠵᠢᠨ ᠨᠢᠭᠡᠳᠦᠯ ᠪᠠᠢᠬᠤ ᠦᠭᠡᠢ ᠪᠣᠯ ᠶᠠᠮᠠᠷ ᠴᠤ᠌ ᠶᠠᠪᠤᠳᠠᠯ᠎ᠢ ᠪᠦᠲᠦᠭᠡᠵᠦ ᠴᠢᠳᠠᠬᠤ ᠦᠭᠡᠢ》 ᠭᠡᠳᠡᠭ᠎ᠢ ᠨᠡᠩ ᠭᠦᠨᠵᠡᠭᠡᠢ ᠣᠢᠯᠠᠭᠠᠪᠠ᠃
ᠪᠠᠢᠳᠠᠯ ᠬᠡᠳᠦᠢ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ᠂ ᠡᠭᠦᠷᠭᠡ ᠬᠡᠳᠦᠢ ᠬᠠᠲᠠᠭᠤ ᠪᠡᠷᠬᠡ ᠨᠦᠰᠡᠷ ᠬᠦᠨᠳᠦ ᠪᠣᠯᠬᠤ ᠲᠤᠳᠤᠮ᠂ ᠨᠠᠮ᠎ᠤᠨ ᠤᠳᠤᠷᠢᠳᠤᠯᠭ᠎ᠠ ᠭᠡᠬᠦ ᠡᠨᠡ ᠬᠦ᠌ ᠬᠠᠮᠤᠭ᠎ᠤᠨ ᠶᠡᠬᠡ ᠳᠠᠪᠠᠭᠤᠯᠢᠭ᠋᠎ᠢ ᠲᠡᠳᠦᠢ ᠰᠠᠢᠲᠤᠷ ᠪᠠᠷᠢᠮᠲᠠᠯᠠᠵᠤ᠂ ᠰᠠᠢᠲᠤᠷ ᠬᠡᠷᠡᠭᠯᠡᠵᠦ᠂ ᠰᠠᠢᠲᠤᠷ ᠬᠥᠭᠵᠢᠭᠦᠯᠬᠦ ᠬᠡᠷᠡᠭᠲᠡᠢ ᠭᠡᠳᠡᠭ᠎ᠢ ᠲᠡᠦᠬᠡ ᠪᠠ ᠦᠢᠯᠡᠳᠦᠯᠭᠡ ᠭᠦᠢᠴᠡᠳ ᠬᠠᠷᠠᠭᠤᠯᠵᠤ ᠪᠠᠢᠨ᠎ᠠ᠃ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠶᠠᠪᠤᠴᠠ᠎ᠳᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭ᠎ᠠ ᠨᠢ ᠤᠷᠢᠳᠤᠬᠢ᠎ᠶᠢ ᠵᠠᠯᠭᠠᠮᠵᠢᠯᠠᠨ ᠬᠣᠢᠰᠢᠬᠢ᠎ᠶᠢ ᠰᠡᠩᠬᠡᠷᠡᠭᠦᠯᠬᠦ ᠴᠢᠬᠤᠯᠠ ᠪᠠᠢᠷᠢ ᠰᠠᠭᠤᠷᠢ᠎ᠲᠠᠢ ᠪᠠᠢᠵᠤ᠂ ᠲᠦᠰᠦᠬᠡᠯᠡᠬᠦᠶᠡ ᠪᠡᠷᠬᠡ ᠬᠦᠴᠦᠨ ᠵᠦᠢᠯ ᠨᠡᠮᠡᠭᠳᠡᠵᠦ ᠪᠠᠢᠭ᠎ᠠ ᠳᠡᠯᠡᠬᠡᠢ᠎ᠶᠢᠨ ᠪᠠᠢᠳᠠᠯ᠂ ᠵᠠᠢᠯᠠᠵᠤ ᠴᠢᠳᠠᠰᠢ ᠦᠭᠡᠢ᠂ ᠲᠣᠭᠣᠷᠢᠵᠤ ᠭᠠᠷᠴᠤ ᠴᠢᠳᠠᠰᠢ ᠦᠭᠡᠢ ᠭᠦᠨ ᠳᠠᠪᠬᠤᠷᠭ᠎ᠠ᠎ᠶᠢᠨ ᠵᠥᠷᠢᠴᠡᠯ᠎ᠳᠦ ᠲᠤᠯᠭᠠᠷᠠᠵᠤ ᠪᠠᠢᠨ᠎ᠠ᠃ ᠮᠠᠨ᠎ᠤ ᠤᠯᠤᠰ᠎ᠤᠨ ᠬᠥᠭᠵᠢᠯᠲᠡ᠎ᠶᠢᠨ ᠣᠷᠴᠢᠨ ᠨᠦᠭᠦᠴᠡᠯ᠎ᠳᠤ ᠲᠤᠯᠭᠠᠷᠠᠵᠤ ᠪᠠᠢᠭ᠎ᠠ ᠨᠠᠷᠢᠨ ᠪᠤᠳᠤᠯᠢᠶᠠᠨᠲᠠᠢ ᠬᠤᠪᠢᠷᠠᠯᠲᠠ᠎ᠶᠢ ᠭᠦᠨᠵᠡᠭᠡᠢ ᠵᠠᠳᠠᠯᠵᠤ᠂ ᠪᠥᠬᠥᠳᠡ ᠬᠤᠷᠠᠯ᠎ᠡᠴᠡ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ᠎ᠶᠢ 《ᠠᠷᠪᠠᠨ ᠲᠠᠪᠤᠳᠤᠭᠠᠷ ᠲᠠᠪᠤᠨ ᠵᠢᠯ》ᠦ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠷᠬᠡᠪᠰᠢ ᠵᠢᠷᠤᠮᠯᠠᠬᠤ ᠴᠢᠬᠤᠯᠠ ᠵᠠᠷᠴᠢᠮ᠎ᠤᠨ ᠲᠡᠷᠢᠭᠦᠨ ᠪᠠᠢᠷᠢᠨ᠎ᠳᠤ ᠲᠠᠯᠪᠢᠵᠤ᠂ ᠨᠠᠮ᠎ᠤᠨ ᠲᠥᠪ ᠬᠣᠷᠢᠶ᠎ᠡ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠦᠷᠭᠦᠯᠵᠢᠯᠡᠨ ᠨᠠᠮ᠎ᠤᠨ ᠰᠢᠨ᠎ᠡ ᠡᠭᠦᠳᠤᠯᠲᠡ ᠵᠢᠨ ᠤᠨᠤᠯ᠎ᠢᠶᠠᠷ ᠦᠵᠡᠯ ᠰᠠᠨᠠᠭ᠎ᠠ᠎ᠪᠠᠨ ᠨᠢᠭᠡᠳᠬᠡᠵᠤ᠂ ᠵᠣᠷᠢᠭ᠋ ᠰᠠᠨᠠᠭ᠎ᠠ᠎ᠪᠠᠨ ᠨᠢᠭᠡᠳᠬᠡᠨ᠂ ᠦᠢᠯᠡ ᠠᠵᠢᠯᠯᠠᠭ᠎ᠠ᠎ᠪᠠᠨ ᠨᠢᠭᠡᠳᠬᠡᠵᠤ᠂ ᠨᠡᠢᠭᠡᠮ ᠳᠠᠶᠠᠭᠠᠷ᠎ᠤᠨ ᠠᠵᠢᠯ ᠬᠢᠵᠦ ᠦᠢᠯᠡᠰ ᠪᠤᠰᠬᠠᠬᠤ᠂ ᠰᠢᠨ᠎ᠡ᠎ᠶᠢ ᠡᠭᠦᠳᠴᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ ᠡᠳᠡᠭᠡᠷ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠨ ᠲᠤᠭᠤᠰᠢᠯᠠᠭᠤᠯᠵᠤ᠂ ᠨᠠᠮ᠎ᠤᠨ ᠤᠳᠤᠷᠢᠳᠤᠯᠭ᠎ᠠ᠎ᠶᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠲᠠᠯ᠎ᠠ᠎ᠶᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠪᠦᠬᠦ ᠨᠡᠢᠭᠡᠮ᠎ᠢᠶᠡᠷ᠎ᠢᠶᠡᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠳᠠᠶ᠋ᠢᠴᠢᠯᠠᠪᠠᠯ ᠰᠠᠶᠢ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠵᠠᠮ ᠨᠡᠭᠡᠭᠡᠨ ᠤᠷᠤᠭᠰᠢᠯᠠᠬᠤ ᠠᠮᠢᠳᠤᠯᠢᠭ᠋ ᠪᠠᠢᠳᠠᠯ ᠢ ᠪᠤᠶ ᠪᠣᠯᠭᠠᠵᠤ ᠴᠢᠳᠠᠨ᠎ᠠ᠃
ᠤᠯᠤᠰ᠎ᠢ ᠵᠠᠰᠠᠬᠤ᠎ᠳᠤ ᠡᠷᠬᠡᠪᠰᠢ ᠤᠷᠢᠳ᠎ᠢᠶᠡᠷ ᠨᠠᠮ᠎ᠢ ᠵᠠᠰᠠᠬᠤ ᠬᠡᠷᠡᠭᠲᠡᠢ᠂ ᠨᠠᠮ ᠮᠠᠨᠳᠤᠪᠠᠯ ᠰᠠᠶᠢ ᠤᠯᠤᠰ ᠬᠦᠴᠦᠷᠬᠡᠭᠵᠢᠵᠦ ᠴᠢᠳᠠᠨ᠎ᠠ᠃ ᠨᠠᠮ᠎ᠢ ᠬᠠᠮᠢᠶᠠᠷᠴᠤ ᠨᠠᠮ᠎ᠢ ᠵᠠᠰᠠᠬᠤ ᠠᠵᠢᠯ ᠬᠡᠳᠦᠢ ᠪᠦᠲᠦᠮᠵᠢᠲᠡᠢ ᠪᠣᠯᠬᠤ ᠲᠤᠳᠤᠮ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠲᠤᠯᠠᠭ᠎ᠠ ᠲᠡᠳᠦᠢ ᠬᠦᠴᠦᠲᠡᠢ ᠪᠣᠯᠣᠨ᠎ᠠ᠃ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠤᠷᠳᠤ ᠬᠤᠭᠤᠴᠠᠭ᠎ᠠ᠎ᠪᠠᠷ ᠪᠠᠷᠢᠮᠲᠠᠯᠠᠨ ᠠᠬᠢᠭᠤᠯᠬᠤ᠎ᠳᠤ ᠡᠷᠬᠡᠪᠰᠢ ᠡᠭᠦᠷᠢᠳᠡ ᠵᠣᠭᠰᠣᠰᠢ ᠦᠭᠡᠢ ᠬᠠᠳᠠᠨ ᠵᠣᠷᠢᠭ᠋ ᠪᠠ ᠪᠠᠷᠢᠮᠲᠠᠯᠠᠯ᠎ᠢᠶᠠᠷ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ ᠱᠠᠭᠠᠷᠳᠠᠯᠭ᠎ᠠ᠎ᠶᠢ ᠡᠷᠡᠰ ᠨᠠᠢᠳᠠᠪᠤᠷᠢᠵᠢᠭᠤᠯᠵᠤ᠂ ᠲᠥᠪ᠎ᠤᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠢᠯᠵᠢᠷᠠᠯ᠎ᠢ ᠡᠰᠡᠷᠭᠦᠴᠡᠬᠦ ᠲᠡᠮᠡᠴᠡᠯ᠎ᠦᠨ ᠪᠤᠭᠤᠮᠳᠠ ᠰᠢᠪᠲᠤᠯᠬᠤ ᠳᠠᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠢᠯᠠᠯᠳᠤᠭᠠᠨ᠂ ᠶᠡᠷᠦᠩᠬᠡᠢ ᠳᠠᠢᠯᠠᠯᠳᠤᠭᠠᠨ᠎ᠢ ᠡᠷᠡᠰ ᠭᠤᠢᠪᠢᠰᠢ ᠦᠭᠡᠢ ᠰᠠᠢᠲᠤᠷ ᠬᠢᠵᠦ᠂《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ᠎ᠶᠢ ᠪᠡᠶᠡᠯᠡᠭᠦᠯᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠠᠷᠠᠳ ᠲᠦᠮᠡᠨ᠎ᠢ ᠳᠡᠭᠡᠳᠦᠯᠡᠬᠦ᠎ᠶᠢ ᠪᠠᠷᠢᠮᠲᠠᠯᠠᠵᠤ᠂ ᠠᠷᠠᠳ ᠲᠦᠮᠡᠨ᠎ᠳᠦ ᠪᠤᠶᠠᠨ ᠦᠢᠯᠡᠳᠬᠦ᠎ᠶᠢ ᠦᠨᠳᠦᠰᠦᠨ ᠦᠷᠳᠡᠭ᠎ᠦᠨ ᠬᠠᠨᠳᠤᠰᠢ ᠪᠣᠯᠭᠠᠵᠤ᠂ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠦ ᠨᠡᠩ ᠢᠯᠡᠭᠦᠦ ᠨᠡᠩ ᠭᠣᠣᠯᠴᠢ ᠬᠦᠷᠲᠡᠭᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠬᠠᠮᠤᠭ᠎ᠤᠨ ᠨᠠᠢᠳᠠᠪᠤᠷᠢᠲᠠᠢ᠂ ᠬᠠᠮᠤᠭ᠎ᠤᠨ ᠭᠦᠨ ᠵᠤᠵᠠᠭᠠᠨ᠂ ᠬᠠᠮᠤᠭ᠎ᠤᠨ ᠤᠳᠠᠭᠠᠨ ᠳᠠᠭᠠᠭᠠᠮᠠᠭᠠᠢ ᠬᠦᠴᠦᠨ ᠴᠢᠳᠠᠯ᠎ᠤᠨ ᠡᠬᠢ ᠰᠤᠷᠪᠤᠯᠵᠢ ᠪᠣᠯᠭᠠᠬᠤ ᠬᠡᠷᠡᠭᠲᠡᠢ᠃ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ᠎ᠪᠡᠷ ᠳᠠᠮᠵᠢᠨ᠂ ᠰᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠵᠤ᠂ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠣᠯᠭᠠᠵᠤ᠂ ᠺᠠᠳ᠋ᠷᠴᠤᠳ᠎ᠤᠨ ᠠᠷᠢᠭᠤᠨ ᠴᠢᠬᠡᠴᠢ᠎ᠪᠡᠷ ᠠᠵᠢᠯᠯᠠᠬᠤ᠂ ᠵᠣᠷᠢᠭ᠍ᠲᠠᠢ᠎ᠪᠠᠷ ᠠᠵᠢᠯᠯᠠᠬᠤ᠎ᠶᠢ ᠵᠣᠷᠢᠭ᠍ᠵᠢᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠲᠠᠰᠤᠷᠠᠯᠳᠡ ᠦᠭᠡᠢ ᠢᠳᠡᠪᠬᠢ ᠬᠦᠴᠦᠨ ᠨᠡᠮᠡᠷᠢᠯᠡᠬᠦ ᠬᠡᠷᠡᠭᠲᠡᠢ᠃
ᠤᠳᠤ᠂ 2035 ᠣᠨ᠎ᠤ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ᠎ᠳᠦ ᠵᠥᠪᠬᠡᠨ 10 ᠵᠢᠯ᠎ᠦᠨ ᠴᠠᠭ ᠪᠠᠢᠨ᠎ᠠ᠂ ᠨᠡᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠠᠷᠠᠯᠲᠠ᠎ᠶᠢ ᠪᠡᠶᠡᠯᠡᠭᠦᠯᠬᠦ᠎ᠳᠦ ᠪᠠᠰᠠ ᠵᠥᠪᠬᠡᠨ 20 ᠭᠠᠷᠤᠢ ᠵᠢᠯ᠎ᠦᠨ ᠴᠠᠭ ᠪᠠᠢᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ᠎ᠡᠴᠡ ᠢᠷᠡᠭᠡᠳᠦᠢ᠎ᠶᠢᠨ 5 ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠠᠤᠭ᠎ᠠ ᠲᠥᠰᠥᠪ ᠢ ᠵᠢᠷᠤᠭᠯᠠᠪᠠ᠂ ᠡᠨᠡ 5 ᠵᠢᠯ ᠪᠣᠯ ᠶᠠᠭ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠠᠭᠤᠷᠢ ᠵᠢ ᠪᠠᠲᠤᠳᠬᠠᠵᠤ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠴᠠᠭ ᠦᠶ᠎ᠡ ᠮᠥᠨ᠃ ᠬᠡᠩᠭᠡᠷᠭᠡ ᠳᠡᠯᠡᠳᠦᠨ ᠴᠡᠷᠢᠭ᠎ᠲᠦ ᠮᠣᠷᠳᠠᠬᠤ᠎ᠳᠤ ᠴᠠᠭ ᠪᠢᠳᠡᠨ᠎ᠢ ᠬᠦᠯᠢᠶᠡᠬᠦ ᠦᠭᠡᠢ; ᠳᠠᠷᠪᠠᠭᠤᠯ ᠬᠡᠢᠰᠬᠡᠨ ᠣᠩᠭᠣᠴᠠ ᠵᠠᠯᠠᠬᠤ᠎ᠳᠦ ᠰᠠᠷᠠᠭᠤᠯ ᠢᠷᠡᠭᠡᠳᠦᠢ ᠳᠠᠯᠠᠯᠤᠨ ᠪᠠᠢᠨ᠎ᠠ᠃ ᠪᠢᠳᠡ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶᠢᠨ ᠡᠷᠡᠰ ᠪᠠᠲᠤ ᠠᠵᠢᠯᠯᠠᠭ᠍ᠴᠢ᠂ ᠪᠣᠳᠠᠲᠠᠢ ᠠᠵᠢᠯᠯᠠᠭ᠍ᠴᠢ ᠪᠣᠯᠵᠤ᠂ ᠠᠷᠠᠳ ᠤᠯᠠᠨ᠎ᠤ ᠳᠤᠮᠳᠠ ᠬᠠᠳᠠᠭᠠᠯᠠᠭᠳᠠᠵᠤ ᠪᠠᠢᠭ᠎ᠠ ᠬᠢᠵᠠᠭᠠᠯᠠᠰᠢ ᠦᠭᠡᠢ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠲᠠᠯ᠎ᠠ ᠪᠡᠷ ᠰᠢᠢᠳᠪᠦᠷᠢᠲᠦ ᠴᠢᠨᠠᠷᠲᠠᠢ ᠠᠬᠢᠴᠠ᠎ᠲᠠᠢ ᠪᠣᠯᠬᠤ᠎ᠶᠢ ᠪᠠᠲᠤᠯᠠᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠤᠭ᠎ᠠ ᠬᠠᠷᠠᠯᠲᠠ ᠲᠡᠢᠰᠢ ᠠᠯᠬᠤᠮ ᠠᠯᠬᠤᠮ᠎ᠢᠶᠠᠷ ᠡᠷᠡᠯᠬᠡᠭᠯᠡᠨ ᠤᠷᠤᠭᠰᠢᠯᠠᠬᠤ ᠬᠡᠷᠡᠭᠲᠡᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠤᠨ ᠴᠠᠬᠢᠯᠭᠠᠨ ᠮᠡᠳᠡᠭᠡ)