《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ ᠤ᠋ ᠤᠷᠠᠨ ᠤᠩᠱᠢᠯᠭ᠎ᠠ + ᠰᠣᠶᠣᠯ᠎ᠤᠨ ᠲᠠᠢᠯᠤᠮᠵᠢ》 ᠵᠢ ᠤᠶᠠᠯᠳᠤᠭᠤᠯᠤᠭᠰᠠᠨ ᠵᠢᠭᠠᠨ ᠰᠤᠷᠭᠠᠯᠲᠠ᠎ᠶ᠋ᠢᠨ ᠵᠠᠭ᠍ᠪᠤᠷ ᠰᠣᠶᠣᠯ᠎ᠢ ᠤᠯᠠᠮᠵᠢᠯᠠᠬᠤ᠎ᠳᠤ ᠬᠦᠴᠦᠨ ᠨᠡᠮᠡᠷᠢᠯᠡᠨ᠎ᠡ
2025-11-08 10:54:58
ᠵᠣᠬᠢᠶᠠᠭ᠍ᠴᠢ᠄
ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

《ᠣᠯᠠᠨ᠎ᠢᠶᠠᠷ᠎ᠢᠶᠠᠨ 〈ᠵᠢᠭᠦᠷᠲᠡᠨ〉 ᠬᠡᠬᠦ ᠥᠰᠥᠭ᠎ᠦᠨ ᠶᠠᠰᠤᠨ ᠪᠢᠴᠢᠭ᠎ᠢ ᠦᠵᠡᠶ᠎ᠡ᠂ ᠶᠠᠭ ᠯᠠ ᠪᠠᠷᠢᠭ᠍ᠳᠠᠭ᠍ᠰᠠᠨ ᠱᠢᠪᠠᠭᠤ ᠰᠢᠬ᠂ ᠳᠤᠤᠷᠠᠲᠤ ᠬᠡᠰᠡᠭ ᠨᠢ ᠰᠢᠪᠠᠭᠤ ᠪᠠᠷᠢᠬᠤ ᠪᠠᠭᠠᠵᠢ ᠰᠢᠬ ᠬᠠᠷᠠᠭᠳᠠᠨ᠎ᠠ᠂ ᠡᠢᠮᠦ᠍᠎ᠡᠴᠡ ᠲᠡᠭᠦᠨ᠎ᠦ ᠣᠭ ᠤᠳᠭ᠎ᠠ ᠨᠢ ᠵᠢᠭᠦᠷᠲᠡᠨ ᠠᠷᠢᠶᠠᠲᠠᠨ᠎ᠢ ᠪᠠᠷᠢᠬᠤ ᠵᠢᠨ ᠶᠡᠷᠦᠩᠬᠡᠶ ᠨᠡᠷᠡᠢᠳᠦᠯ ᠪᠣᠯᠤᠨ᠎ᠠ》᠃ 10 ᠰᠠᠷ᠎ᠠ᠎ᠶ᠋ᠢᠨ 28 ᠤ᠋ ᠡᠳᠦᠷ᠂ ᠤᠯᠠᠭᠠᠨᠴᠠᠪ ᠬᠣᠲᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠫᠢᠩ ᠳ᠋ᠢ ᠴᠢᠤᠸᠠᠨ ᠪᠠᠯᠭᠠᠰᠤᠨ᠎ᠤ ᠭᠤᠤᠯ ᠰᠤᠷᠭᠠᠭᠤᠯᠢ᠎ᠶ᠋ᠢᠨ ᠬᠡᠯᠡ ᠪᠢᠴᠢᠭ᠎ᠦᠨ ᠬᠢᠴᠢᠶᠠᠯ ᠲᠡᠭᠡᠷ᠎ᠠ᠂ ᠯᠢᠦ ᠸᠸᠨ ᠱᠢᠦ᠍ ᠪᠠᠭᠰᠢ 《ᠶᠠᠩ ᠣᠪᠣᠭ᠍ᠲᠤ᠎ᠶ᠋ᠢᠨ ᠬᠦᠦ》 ᠬᠡᠬᠦ ᠵᠤᠬᠢᠶᠠᠯ ᠵᠢᠡᠷ ᠠᠴᠢᠶᠠᠯᠠᠪᠤᠷᠢ ᠪᠣᠯᠭᠠᠵᠤ᠂ ᠤᠷᠢᠳ᠎ᠢᠶᠠᠷ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠬᠢᠴᠢᠶᠡᠯ᠎ᠵᠢᠡᠨ ᠤᠩᠱᠢᠬᠤ ᠵᠢ ᠬᠥᠲᠥᠯᠥᠨ ᠵᠢᠯᠣᠭᠣᠳᠴᠤ᠌᠂ ᠠᠪᠢᠶᠠᠯᠠᠬᠤ ᠲᠤᠮᠳᠠ ᠤᠷᠤᠰᠢᠵᠤ ᠪᠠᠢᠭ᠎ᠠ ᠠᠯᠳᠠᠭ᠎ᠠ ᠲᠤᠳᠠᠭᠳᠠᠯ᠎ᠢ ᠨᠢ ᠵᠠᠯᠠᠷᠠᠭᠤᠯᠤᠨ᠂ ᠳᠠᠬᠢᠨ《ᠵᠢᠭᠦᠷᠲᠡᠨ》 ᠬᠡᠬᠦ ᠥᠰᠥᠭ᠎ᠦᠨ ᠬᠤᠪᠢᠰᠤᠯᠲᠠ᠎ᠶ᠋ᠢᠨ ᠵᠢᠷᠤᠭ᠎ᠢ ᠳᠡᠯᠭᠡᠨ ᠦᠵᠡᠭᠦᠯᠬᠦ᠌᠎ᠪᠡᠷ ᠳᠠᠮᠵᠢᠭᠤᠯᠤᠨ᠂ ᠶᠠᠰᠤᠨ ᠪᠢᠴᠢᠭ᠎ᠤᠨ ᠳᠦᠷᠰᠦ ᠬᠡᠯᠪᠡᠷᠢ᠂ ᠬᠦᠷᠡᠯ ᠪᠢᠴᠢᠭ᠂ ᠪᠠᠭ᠎ᠠ ᠡᠪᠬᠡᠮᠡᠯ ᠪᠢᠴᠢᠭ᠎ᠦᠨ ᠬᠡᠯᠪᠡᠷᠢ᠎ᠶ᠋ᠢᠨ ᠬᠤᠪᠢᠷᠠᠯᠲᠠ᠎ᠠᠴᠠ ᠬᠢᠴᠢᠶᠡᠩᠭᠦᠶ ᠥᠰᠥᠭ᠎ᠦᠨ ᠳᠦᠷᠢᠮᠵᠢᠭ᠌ᠦᠨ ᠪᠢᠴᠢᠯᠭᠡ ᠬᠦᠷᠲᠡᠯ᠎ᠡ᠂ ᠰᠤᠷᠤᠭ᠍ᠴᠢᠳ᠎ᠢ ᠠᠯᠬᠤᠮ ᠠᠯᠬᠤᠮ᠎ᠢᠶᠠᠷ ᠬᠥᠲᠥᠯᠥᠨ ᠵᠢᠯᠣᠭᠣᠳᠴᠤ᠌᠂ ᠥᠰᠥᠭ ᠪᠢᠴᠢᠭ᠎ᠦᠨ ᠠᠷᠤ᠎ᠳᠠᠬᠢ ᠲᠡᠦᠬᠡᠨ ᠤᠯᠪᠠᠭ᠎ᠠ ᠵᠢ ᠬᠠᠢᠨ ᠰᠦᠪᠡᠭ᠌ᠴᠢᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ ᠬᠢᠭᠡᠳ ᠰᠣᠶᠣᠯ᠎ᠤᠨ ᠤᠯᠠᠮᠵᠢᠯᠠᠯ᠎ᠢ ᠭᠦᠨᠵᠡᠭᠡᠶ ᠠᠭᠤᠰᠤᠯᠴᠠᠭᠤᠯᠪᠠ᠃

ᠫᠢᠩ ᠳ᠋ᠢ ᠴᠢᠤᠸᠠᠨ ᠪᠠᠯᠭᠠᠰᠤᠨ᠎ᠤ ᠭᠣᠣᠯ ᠰᠤᠷᠭᠠᠭᠤᠯᠢ᠎ᠵᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ ᠨᠢ ᠲᠠᠩ ᠭᠠᠭ᠍ᠴᠠ 《ᠵᠥᠪ ᠠᠪᠢᠶᠠᠯᠠᠵᠤ ᠦᠰᠦᠭ ᠲᠠᠨᠢᠬᠤ》 ᠳ᠋ᠤ ᠬᠢᠵᠠᠭᠠᠷᠯᠠᠭ᠍ᠳᠠᠬᠤ ᠪᠢᠰᠢ᠂ ᠬᠠᠷᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠪᠦᠬᠦ᠌ ᠶᠠᠪᠤᠴᠠ᠎ᠳᠤ ᠲᠤᠭᠤᠱᠢᠯᠠᠭ᠍ᠳᠠᠵᠤ ᠪᠠᠢᠳᠠᠭ᠃ ᠯᠢᠦ ᠸᠧᠨ ᠱᠢᠦ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ ᠤ᠋ ᠤᠷᠠᠨ ᠤᠩᠱᠢᠯᠭ᠎ᠠ + ᠰᠣᠶᠣᠯ᠎ᠤᠨ ᠲᠠᠢᠯᠤᠮᠵᠢ》 ᠵᠢ ᠤᠶᠠᠯᠳᠤᠭᠤᠯᠤᠭᠰᠠᠨ ᠵᠢᠭᠠᠨ ᠰᠤᠷᠭᠠᠯᠲᠠ᠎ᠶ᠋ᠢᠨ ᠵᠠᠭ᠍ᠪᠤᠷ᠎ᠢ ᠬᠡᠷᠡᠭ᠌ᠯᠡᠨ᠂ ᠰᠤᠷᠤᠭ᠍ᠴᠢᠳ᠎ᠤᠨ ᠳᠤᠷ᠎ᠠ ᠰᠣᠨᠢᠷᠬᠠᠯ᠎ᠢ ᠭᠦᠶ᠋ᠴᠡᠳ ᠬᠥᠭ᠌ᠵᠢᠭᠡᠵᠤ ᠪᠤᠢ᠃ ᠬᠢᠴᠢᠶᠡᠯ ᠡᠴᠡ ᠡᠮᠦᠨ᠎ᠡ᠂ ᠲᠡᠷᠡ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠵᠢᠡᠷ ᠮᠠᠲ᠋ᠧᠷᠢᠶᠠᠯ ᠤᠩᠱᠢᠬᠤ ᠵᠢ ᠬᠥᠲᠥᠯᠥᠨ ᠵᠢᠯᠣᠭᠣᠳᠴᠤ᠌᠂ ᠵᠠᠩᠭᠢᠯᠠᠭ᠎ᠠ᠎ᠶ᠋ᠢᠨ ᠦᠰᠦᠭ᠎ᠤᠨ ᠬᠤᠪᠢᠷᠠᠯᠲᠠ᠎ᠶ᠋ᠢᠨ ᠶᠠᠪᠤᠴᠠ ᠪᠠ ᠡᠷᠲᠡᠨ ᠡᠳᠦᠭᠡ᠎ᠶ᠋ᠢᠨ ᠤᠳᠭ᠎ᠠ᠎ᠶ᠋ᠢᠨ ᠵᠥᠷᠢᠶ᠎ᠡ᠎ᠶ᠋ᠢ ᠣᠢᠯᠠᠭᠠᠭᠤᠯᠳᠠᠭ᠃ ᠬᠢᠴᠢᠶᠡᠯ ᠳᠡᠭᠡᠷ᠎ᠡ ᠰᠤᠷᠤᠭ᠍ᠴᠢᠳ᠎ᠢ ᠵᠣᠬᠢᠶᠠᠨ ᠪᠠᠢᠭᠤᠯᠤᠭᠠᠳ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠬᠢᠴᠢᠶᠡᠯ ᠤ᠋ᠨ ᠤᠷᠠᠨ ᠤᠡᠭᠰᠢᠯᠭ᠎ᠠ ᠵᠢᠨ ᠤᠷᠤᠯᠳᠤᠭᠠᠨ ᠶᠠᠪᠤᠭᠤᠯᠵᠤ᠂ ᠳᠠᠬᠢᠭᠠᠳ ᠬᠡᠯᠡᠨ᠎ᠦ ᠣᠷᠴᠢᠨ᠎ᠲᠠᠶ ᠤᠶᠠᠯᠳᠤᠭᠤᠯᠤᠨ᠂ ᠬᠦᠨᠳᠦ ᠦᠭᠡᠰ᠎ᠦᠨ ᠤᠳᠭ᠎ᠠ ᠪᠠ ᠰᠣᠶᠣᠯ᠎ᠤᠨ ᠠᠬᠤᠶ ᠤᠷᠴᠢᠨ᠎ᠢ ᠲᠠᠢᠯᠪᠤᠷᠢᠯᠠᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠶᠠᠷᠢᠵᠦ ᠢᠯᠡᠳᠭᠡᠬᠦ᠌ ᠴᠢᠳᠠᠪᠤᠷᠢ᠎ᠶ᠋ᠢ ᠨᠢ ᠳᠡᠭᠡᠭ᠌ᠰᠢᠯᠡᠭᠦᠯᠬᠦ ᠵᠢᠨ ᠬᠠᠮᠲᠤ ᠪᠠᠰᠠ ᠲᠡᠳᠡᠨ᠎ᠳᠦ ᠳᠦᠷᠢᠮᠵᠢᠭ᠌ᠦᠨ ᠬᠡᠯᠡᠨ᠎ᠦ ᠣᠷᠴᠢᠨ᠎ᠳᠤ ᠡᠷᠲᠡᠨ᠎ᠦ ᠬᠥᠮᠦᠨ᠎ᠦ ᠬᠡᠯᠡᠨ᠎ᠦ ᠣᠶᠤᠨ ᠤᠬᠠᠭᠠᠨ᠎ᠢ ᠮᠡᠳᠡᠷᠡᠭᠦᠯᠤᠨ᠂ ᠬᠡᠯᠡ ᠵᠢ ᠰᠤᠷᠤᠯᠴᠠᠬᠤ ᠪᠠ ᠰᠣᠶᠣᠯ᠎ᠢ ᠤᠯᠠᠮᠵᠢᠯᠠᠬᠤ᠎ᠳᠤ ᠬᠦᠴᠤ ᠨᠡᠮᠡᠷᠢᠯᠡᠭᠰᠡᠨ ᠪᠠᠢᠨ᠎ᠠ᠃

ᠯᠢᠦ ᠸᠸᠨ ᠱᠢᠦ᠄ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠪᠣᠯ ᠮᠠᠨ᠎ᠦ ᠬᠠᠷᠢᠯᠴᠠᠭᠠᠨ ᠤ᠋ ᠬᠣᠯᠪᠣᠭᠠᠰᠤ ᠮᠥᠨ᠂ ᠨᠡᠩ ᠴᠤ᠌ ᠳᠤᠮᠳᠠᠳᠤ᠎ᠶ᠋ᠢᠨ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠴᠢᠶᠠᠯᠠᠪᠤᠷᠢ ᠮᠥᠨ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ ᠰᠤᠷᠤᠭ᠍ᠴᠢᠳ ᠲᠤ᠌ ᠪᠠᠷᠢᠮᠵᠢᠶ᠎ᠠ ᠠᠪᠢᠶ᠎ᠠ ᠵᠢ ᠵᠢᠭᠠᠬᠤ ᠲᠡᠳᠦᠢ ᠪᠢᠰᠢ᠂ ᠨᠡᠩ ᠴᠤ᠌ ᠲᠡᠳᠡᠨ᠎ᠳᠤ ᠳᠦᠷᠢᠮᠵᠢᠭᠦᠨ ᠦᠭᠡ ᠬᠡᠯᠡ᠎ᠪᠡᠷ ᠳᠠᠮᠵᠢᠭᠤᠯᠤᠨ᠂ ᠦᠰᠦᠭ ᠪᠢᠴᠢᠭ᠎ᠤᠨ ᠰᠣᠶᠣᠯ᠎ᠢ ᠣᠢᠯᠠᠭᠠᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠤᠬᠢ ᠰᠣᠳᠣ᠎ᠶ᠋ᠢ ᠤᠢ᠍ᠢᠯᠠᠭᠠᠭᠤᠯᠬᠤ ᠵᠢᠨ ᠲᠦᠯᠦᠭᠡ ᠶᠤᠮ》 ᠭᠡᠵᠦ᠍ ᠰᠤᠷᠪᠤᠯᠵᠢᠯᠠᠭᠴᠢ᠎ᠳᠤ ᠶᠠᠷᠢᠯ᠎ᠠ᠃

ᠫᠢᠩ ᠳ᠋ᠢ ᠴᠢᠤᠸᠠᠨ ᠪᠠᠯᠭᠠᠰᠤᠨ ᠤ᠋ ᠭᠤᠤᠯ ᠰᠤᠷᠭᠠᠭᠤᠯᠢ᠎ᠶ᠋ᠢᠨ ᠤᠷᠠᠨ ᠪᠢᠴᠢᠯᠭᠡ᠎ᠶ᠋ᠢᠨ ᠬᠢᠴᠢᠶᠡᠯ᠎ᠦᠨ ᠬᠡᠷ᠎ᠲᠦ ᠵᠥᠭᠡᠯᠡᠨ ᠪᠢᠷ᠎ᠦᠨ ᠤᠷᠠᠨ ᠪᠢᠴᠢᠯᠭᠡ᠎ᠶ᠋ᠢᠨ ᠬᠢᠴᠢᠶᠡᠯ ᠤᠷᠤᠨ᠎ᠠ᠂ ᠬᠢᠴᠢᠶᠠᠯ ᠳᠡᠭᠡᠷ᠎ᠡ ᠪᠠᠭ᠍ᠰᠢ᠎ᠨᠠᠷ ᠰᠤᠷᠤᠭ᠍ᠴᠢᠳ᠎ᠢ ᠳᠠᠭᠠᠭᠤᠯᠤᠨ᠂ 《ᠭᠤᠷᠪᠠᠨ ᠦᠭᠡᠲᠦ ᠨᠣᠮᠯᠠᠯ》 ᠵᠡᠷᠭᠡ ᠰᠣᠩᠭᠣᠳᠠᠭ ᠠᠭᠤᠯᠭ᠎ᠠ᠎ᠶ᠋ᠢ ᠤᠩᠱᠢᠵᠤ᠂ ᠰᠤᠷᠤᠭ᠍ᠴᠢᠳ᠎ᠤᠨ ᠠᠪᠢᠶ᠎ᠠ᠎ᠶ᠋ᠢ ᠵᠥᠪ ᠠᠪᠢᠶᠠᠯᠠᠬᠤ᠂ ᠥᠭᠦᠯᠡᠪᠦᠷᠢ᠎ᠶ᠋ᠢ ᠤᠷᠤᠰᠤᠮ᠎ᠠ ᠤᠩᠱᠢᠬᠤ᠎ᠶ᠋ᠢ ᠪᠠᠲᠤᠯᠠᠵᠤ᠂ ᠲᠠᠬᠢᠨ ᠪᠢᠷ᠎ᠢ ᠡᠪ ᠲᠠᠢ ᠪᠠᠷᠢᠬᠤ ᠪᠣᠯᠤᠨ ᠪᠢᠴᠢᠬᠦ ᠬᠦᠴᠦᠯᠡᠴᠡ ᠵᠡᠷᠭᠡ ᠲᠠᠯ᠎ᠠ ᠪᠡᠷ ᠵᠢᠭᠠᠨ ᠵᠢᠯᠣᠭᠣᠳᠤᠨ᠎ᠠ᠃ ᠰᠤᠷᠤᠭ᠍ᠴᠢᠳ ᠨᠢᠭᠡ ᠲᠠᠯ᠎ᠠ᠎ᠪᠠᠷ ᠥᠰᠥᠭ᠎ᠦᠨ ᠲᠢᠭ᠎ᠢ ᠳᠠᠭᠤᠷᠢᠶᠠᠨ ᠪᠢᠴᠢᠵᠤ᠂ ᠨᠥᠭᠥᠭᠡ ᠲᠠᠯ᠎ᠠ᠎ᠪᠠᠷ ᠰᠣᠩᠭᠣᠳᠠᠭ ᠵᠣᠬᠢᠶᠠᠯ᠎ᠢ ᠨᠠᠮ ᠳᠠᠭᠤᠨ᠎ᠢᠶᠠᠷ ᠤᠩᠱᠢᠵᠤ᠂ ᠪᠢᠷ ᠪᠡᠬᠡ ᠪᠣᠯᠤᠨ ᠦᠭᠡ ᠬᠡᠯᠡᠨ᠎ᠦ ᠳᠠᠪᠬᠤᠷ ᠨᠥᠯᠥᠭᠡ ᠪᠡᠷ ᠳᠦᠷᠢᠮᠵᠢᠭ᠌ᠦᠨ ᠪᠢᠴᠢᠬᠦ᠌ ᠴᠢᠳᠠᠪᠤᠷᠢ᠎ᠶ᠋ᠢ ᠡᠵᠡᠮᠱᠢᠬᠦ ᠮᠥᠷᠲᠡᠭᠡᠨ ᠪᠠᠰᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠢᠯᠡᠳᠭᠡᠬᠦ ᠴᠢᠳᠠᠪᠤᠷᠢ ᠪᠠᠨ ᠳᠡᠭᠡᠭᠰᠢᠯᠡᠭᠦᠯᠳᠡᠭ᠃

《ᠥᠩᠭᠡᠷᠡᠭ᠌ᠰᠡᠨ᠎ᠳᠦ ᠪᠢ ᠦᠰᠦᠭ ᠢ᠋ ᠬᠠᠵᠠᠭᠠᠢ ᠮᠤᠱᠢᠭᠠᠢ ᠪᠢᠴᠢᠵᠤ᠂ ᠡᠷᠲᠡᠨ᠎ᠦ ᠱᠢᠯᠦᠭ ᠰᠢᠯᠦᠭᠯᠡᠬᠦ ᠳ᠋ᠤ ᠲᠤᠷᠴᠤ ᠲᠡᠭᠡᠭ᠌ᠯᠡᠵᠦ᠍ ᠪᠠᠢᠭ᠍ᠰᠠᠨ᠂ ᠤᠷᠠᠨ ᠪᠢᠴᠢᠯᠭᠡ ᠪᠣᠯᠪᠠᠰᠤᠷᠠᠬᠤ ᠳ᠋ᠤ ᠪᠠᠭ᠍ᠰᠢ ᠮᠠᠨ᠎ᠳᠦ ᠤᠷᠢᠳ᠎ᠢᠶᠠᠷ ᠤᠷᠤᠰᠤᠮ᠎ᠠ ᠰᠠᠢᠬᠠᠨ ᠤᠩᠱᠢᠵᠤ᠂ ᠲᠠᠷᠠᠭ᠎ᠠ ᠨᠢ ᠵᠢᠷᠤᠯᠭ᠎ᠠ᠎ᠶ᠋ᠢ ᠲᠠᠭᠠᠵᠤ ᠳᠡᠰ ᠳᠠᠷᠠᠭ᠎ᠠ᠎ᠲᠠᠶ ᠪᠢᠴᠢᠬᠦ᠌ ᠵᠢ ᠵᠢᠭᠠᠵᠤ ᠦᠭᠴᠠᠢ᠂ ᠡᠢᠨ ᠬᠦ᠌ ᠠᠭᠠᠵᠢᠮ᠎ᠢᠶᠠᠷ ᠤᠡᠭᠰᠢᠵᠤ ᠢᠯᠡᠳᠭᠡᠬᠦ᠌᠂ ᠦᠰᠦᠭ ᠪᠢᠴᠢᠬᠦ᠌᠎ᠳᠦ ᠪᠦᠷ ᠲᠠᠪᠱᠢᠯᠳᠠ ᠲᠠᠢ ᠪᠤᠯᠤᠯ᠎ᠠ︾ᠭᠡᠵᠦ᠍ ᠫᠢᠩ ᠳ᠋ᠢ ᠴᠢᠤᠸᠠᠨ ᠪᠠᠯᠭᠠᠰᠤᠨ ᠤ᠋ ᠭᠣᠣᠯ ᠰᠤᠷᠭᠠᠭᠤᠯᠢ᠎ᠶ᠋ᠢᠨ ᠰᠤᠷᠤᠭ᠍ᠴᠢ ᠵᠠᠩ ᠹᠠᠨ ᠶᠠᠷᠢᠬᠰᠠᠨ ᠪᠠᠢᠨ᠎ᠠ᠃

ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ ᠪᠠ ᠤᠷᠠᠨ ᠪᠢᠴᠢᠯᠭᠡ᠎ᠶ᠋ᠢᠨ ᠪᠣᠯᠪᠠᠰᠤᠷᠠᠯ᠎ᠠᠴᠠ ᠭᠠᠳᠠᠨ᠎ᠠ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠲᠤᠬᠠᠢ ᠥᠪᠡᠷᠮᠢᠴᠡ ᠣᠨᠴᠠᠯᠢᠭ᠎ᠲᠠᠶ ᠡᠯᠪᠡᠭ ᠠᠵᠢᠯᠯᠠᠭ᠎ᠠ ᠨᠢ ᠴᠦ᠍ ᠫᠢᠩ ᠳ᠋ᠢ ᠴᠢᠤᠸᠠᠨ ᠪᠠᠯᠭᠠᠰᠤᠨ᠎ᠤ ᠭᠣᠣᠯ ᠰᠤᠷᠭᠠᠭᠤᠯᠢ᠎ᠶ᠋ᠢᠨ ᠦᠭᠡ ᠬᠡᠯᠡᠨ᠎ᠦ ᠰᠤᠷᠭᠠᠨ ᠬᠥᠮᠦᠵᠢᠯ᠎ᠦᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠰᠤᠷᠭᠠᠭᠤᠯᠢ᠎ᠶ᠋ᠢᠨ ᠤᠩᠱᠢᠯᠭ᠎ᠠ᠎ᠶ᠋ᠢᠨ ᠦᠷᠦᠭᠡ ᠵᠢᠨ 2 ᠲᠦᠮᠡ ᠱᠢᠬᠠᠮ ᠨᠣᠮ ᠪᠢᠴᠢᠭ᠎ᠨᠢ ᠰᠤᠷᠤᠭ᠍ᠴᠢᠳ᠎ᠤᠨ ᠬᠢᠴᠢᠶᠡᠯ᠎ᠦᠨ ᠳᠠᠷᠠᠭ᠎ᠠ ᠤᠩᠱᠢᠳᠠᠬ 《ᠰᠣᠶᠣᠯ᠎ᠤᠨ ᠡᠷᠳᠡᠨᠢᠰ᠎ᠦᠨ ᠰᠠᠩ》 ᠪᠣᠯᠵᠤ ᠪᠤᠢ᠃ ᠰᠤᠷᠭᠠᠭᠤᠯᠢ᠎ᠶ᠋ᠢᠨ ᠲᠣᠭ᠍ᠲᠠᠭ᠍ᠰᠠᠨ ᠬᠤᠭᠤᠴᠠᠭ᠎ᠠ᠎ᠲᠠᠶ ᠥᠷᠨᠢᠭᠦᠯᠬᠦ ᠰᠣᠩᠭᠣᠳᠠᠭ ᠨᠤᠮ᠎ᠤᠨ ᠤᠷᠠᠨ ᠤᠩᠱᠢᠯᠭ᠎ᠠ᠎ᠶ᠋ᠢᠨ ᠤᠷᠤᠯᠳᠤᠭᠠᠨ ᠵᠡᠷᠭᠡ ᠠᠵᠢᠯᠯᠠᠭ᠎ᠠ ᠨᠢ ᠨᠡᠡᠭ ᠴᠤ᠌ ᠰᠤᠷᠤᠭ᠍ᠴᠢᠳ ᠲᠤ᠌ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠴᠢᠳᠠᠪᠤᠷᠢ᠎ᠪᠠᠨ ᠢᠯᠡᠷᠡᠭᠦᠯᠬᠦ᠌ ᠲᠠᠪᠴᠠᠩ ᠬᠠᠩᠭᠠᠪᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠵᠢᠨ᠎ᠪᠠᠷᠢᠮᠵᠢᠶ᠎ᠠ ᠠᠶᠠᠯᠭᠤ ᠪᠡᠷ ᠦᠰᠦᠭ ᠪᠢᠴᠢᠭ᠎ᠦᠨ ᠠᠷᠤ᠎ᠳᠠᠬᠢ ᠲᠡᠦᠬᠡᠨ ᠦᠯᠢᠭᠡᠷ᠎ᠢ ᠶᠠᠷᠢᠵᠤ᠂ ᠤᠯᠠᠮᠵᠢᠯᠠᠯᠲᠤ ᠬᠤᠪᠴᠠᠰᠤ ᠵᠠᠰᠠᠯ᠎ᠢᠶᠠᠨ ᠡᠮᠦᠰᠦᠭᠡᠳ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠰᠣᠩᠭᠣᠳᠠᠭ ᠵᠣᠬᠢᠶᠠᠯ᠎ᠢ ᠰᠢᠯᠦᠭᠯᠡᠨ᠂ ᠠᠵᠢᠯᠯᠠᠭ᠎ᠠ ᠵᠢᠨ ᠳᠤᠮᠳᠠ ᠦᠰᠦᠭ ᠪᠢᠴᠢᠭ᠎ᠦᠨ ᠮᠡᠳᠡᠯᠭᠡ᠂ ᠰᠣᠶᠣᠯ᠎ᠤᠨ ᠮᠡᠳᠡᠯᠭᠡ ᠵᠢ ᠭᠦᠨᠵᠡᠭᠡᠢᠷᠡᠭᠦᠯᠵᠤ᠂ ᠰᠤᠷᠤᠭᠴᠢᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠷᠡᠭ᠌ᠯᠡᠬᠦ ᠪᠣᠯᠤᠨ ᠤᠯᠠᠮᠵᠢᠯᠠᠯᠲᠤ ᠰᠣᠶᠣᠯ᠎ᠢ ᠤᠯᠠᠮᠵᠢᠯᠠᠬᠤ ᠵᠢ᠎ᠦᠨᠡᠨ ᠬᠦ᠌ ᠰᠡᠳᠭᠢᠯ᠎ᠳᠡᠭᠡᠨ ᠬᠠᠳᠠᠩᠱᠢᠭᠤᠯᠤᠨ ᠤᠢᠯᠡᠳᠦᠯᠭᠡ ᠳ᠋ᠡᠭᠡᠨ ᠪᠤᠳᠠᠲᠠᠢᠵᠢᠭᠤᠯᠤᠭᠰᠠᠨ ᠪᠠᠢᠨ᠎ᠠ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠴᠢᠨᠠᠷᠯᠢᠭ ᠵᠢᠭᠠᠨ ᠰᠤᠷᠭᠠᠯᠲᠠ ᠲᠤᠰ ᠰᠤᠷᠭᠠᠭᠤᠯᠢ᠎ᠳᠤ ᠢᠯᠡᠳᠲᠡ ᠠᠮᠵᠢᠯᠲᠠ ᠪᠦᠲᠦᠮᠵᠢ ᠠᠪᠴᠢᠷᠠᠪᠠ᠃ ᠲᠦᠷᠦᠭᠦᠬᠡᠨ ᠦᠨᠳᠤᠷᠯᠡᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠥᠰᠥᠭ᠎ᠦᠨ ᠰᠣᠨᠣᠰᠴᠤ᠌ ᠪᠢᠴᠢᠬᠦ᠌ ᠤᠷᠤᠯᠳᠤᠭᠠᠨ ᠳᠡᠭᠡᠷ᠎ᠡ ᠫᠢᠩ ᠳ᠋ᠢ ᠴᠢᠤᠸᠠᠨ ᠪᠠᠯᠭᠠᠰᠤᠨ᠎ᠤ ᠭᠤᠤᠯ ᠰᠤᠷᠭᠠᠭᠤᠯᠢ᠎ᠶ᠋ᠢᠨ ᠰᠤᠷᠤᠭᠴᠢᠳ ᠤᠷᠤᠰᠤᠮ᠎ᠠ ᠰᠠᠢᠬᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ ᠤ᠋ ᠢᠯᠡᠳᠭᠡᠯ᠂ ᠬᠢᠲᠠᠳ ᠥᠰᠥᠭ᠎ᠦᠨ ᠪᠠᠲᠤ ᠰᠠᠭᠤᠷᠢ ᠪᠠ ᠡᠯᠪᠡᠭ ᠰᠣᠶᠣᠯ᠎ᠤᠨ ᠬᠤᠷᠠᠮᠳᠤᠭᠤᠯᠤᠯ᠎ᠢᠶᠠᠷ ᠵᠢᠨᠨ ᠦᠷᠢᠰᠦᠯᠳᠦᠭᠴᠢᠳ ᠤ᠋ᠨ ᠲᠤᠮᠳᠠ᠎ᠡᠴᠡ ᠴᠣᠯᠭᠣᠷᠠᠨ ᠬᠣᠶᠠᠳᠤᠭᠠᠷ ᠨᠡᠷᠡᠰ ᠲᠤ᠌ ᠲᠤᠳᠤᠷᠠᠪᠠ᠃ ᠡᠨᠡ ᠬᠦ᠌ ᠢᠷᠠᠭᠤ ᠠᠯᠳᠠᠷ ᠨᠢ ᠲᠤᠰ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ᠎ᠶ᠋ᠢᠨ ᠦᠷ᠎ᠡ ᠪᠦᠲᠦᠮᠵᠢ ᠵᠢ ᠭᠦᠢᠴᠡᠳ ᠨᠤᠲᠠᠯᠠᠭ᠍ᠰᠠᠨ᠎ᠢᠶᠠᠷ ᠪᠠᠷᠠᠬᠤ ᠦᠭᠡᠢ ᠨᠡᠩ ᠴᠤ᠌ ᠪᠦᠬᠦ᠌ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠤᠯᠴᠠᠯᠭ᠎ᠠ᠎ᠶ᠋ᠢ ᠦᠷᠭᠦᠯᠵᠢᠯᠡᠨ ᠠᠬᠢᠭᠤᠯᠬᠤ᠂ ᠤᠯᠠᠮᠵᠢᠯᠠᠯᠲᠤ ᠰᠣᠶᠣᠯ᠎ᠢ ᠭᠦᠨᠵᠡᠭᠡᠢ ᠤᠯᠠᠮᠵᠢᠯᠠᠨ ᠵᠠᠯᠭᠠᠮᠵᠢᠯᠠᠬᠤ᠎ᠶ᠋ᠢ ᠤᠷᠮᠠᠱᠢᠭᠤᠯᠤᠨ ᠵᠣᠷᠢᠭ᠍ᠵᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠤᠭ᠍ᠰᠠᠨ ᠪᠠᠢᠨ᠎ᠠ᠃

ᠤᠢ᠍ᠢᠷ᠎ᠠ᠎ᠶ᠋ᠢᠨ ᠵᠢᠯ ᠡᠴᠡ ᠨᠠᠭᠠᠰᠢ᠂ ᠲᠤᠰ ᠰᠤᠷᠭᠠᠭᠤᠯᠢ ᠢᠮᠠᠭ᠍ᠲᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ᠎ᠪᠠᠷ ᠭᠣᠣᠯ ᠪᠣᠯᠭᠠᠵᠤ᠂ 《ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠪᠠᠷ ᠰᠠᠭᠤᠷᠢ ᠪᠣᠯᠭᠠᠬᠤ᠂ ᠤᠷᠠᠨ ᠪᠢᠴᠢᠯᠭᠡ᠎ᠶ᠋ᠢᠨ ᠪᠣᠯᠪᠠᠰᠤᠷᠠᠯ᠎ᠢᠶᠠᠷ ᠬᠡᠪ ᠪᠣᠯᠪᠠᠰᠤᠷᠠᠯ᠎ᠢᠶᠠᠨ ᠳᠡᠭᠡᠭ᠌ᠰᠢᠯᠡᠭᠦᠯᠬᠦ᠌᠂ ᠤᠨᠴᠠᠯᠢᠬ᠍ᠳᠤ ᠠᠵᠢᠯᠯᠠᠭ᠎ᠠ᠎ᠪᠠᠷ ᠳᠡᠭᠡᠭ᠌ᠰᠢᠯᠡᠬᠦ᠎ᠶ᠋ᠢ ᠠᠬᠢᠭᠤᠯᠬᠤ》 ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠪᠣᠯᠤᠨ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠠᠭᠤᠰᠤᠯᠴᠠᠯ᠎ᠤᠨ ᠱᠢᠰᠲᠸᠮ᠎ᠢ ᠪᠠᠢᠭᠤᠯᠪᠠ᠃ ᠤᠯᠠᠨ ᠡᠱᠢᠲᠦ ᠠᠷᠭ᠎ᠠ ᠬᠡᠯᠪᠡᠷᠢ᠎ᠪᠡᠷ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠦᠭᠡ ᠬᠡᠯᠡᠨ᠎ᠦ ᠰᠤᠷᠤᠯᠴᠠᠯᠭ᠎ᠠ ᠪᠠ ᠰᠣᠶᠣᠯ᠎ᠤᠨ ᠤᠯᠠᠮᠵᠢᠯᠠᠯ᠎ᠤᠨ ᠠᠮᠢᠳᠤᠯᠢᠭ ᠠᠴᠢᠶᠠᠯᠠᠪᠤᠷᠢ ᠪᠣᠯᠭᠠᠵᠤ᠂ ᠳᠦᠷᠢᠮᠵᠢᠭ᠌ᠦᠨ ᠦᠭᠡ ᠬᠡᠯᠡᠨ᠎ᠦ ᠢᠯᠡᠳᠭᠡᠯ ᠪᠠ ᠭᠦᠨ ᠵᠤᠵᠠᠭᠠᠨ ᠰᠣᠶᠣᠯ᠎ᠤᠨ ᠠᠭᠤᠯᠤᠭᠳᠠᠬᠤᠨ᠎ᠢ ᠰᠤᠷᠤᠭ᠍ᠴᠢᠳ᠎ᠤᠨ ᠰᠡᠳᠭᠢᠯ᠎ᠳᠦ ᠦᠨᠳᠦᠰᠦᠯᠡᠭᠦᠯᠦᠨ ᠰᠣᠶᠣᠭᠠᠯᠠᠭᠤᠯᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠬᠥᠭ᠌ᠵᠢᠯᠲᠡ᠎ᠳᠦ ᠬᠦᠴᠦᠷᠬᠡᠭ ᠶᠡᠬᠡ ᠠᠮᠢᠵᠢᠷᠠᠯ᠎ᠤᠨ ᠬᠦᠴᠦᠨ ᠨᠡᠮᠡᠷᠢᠯᠡᠭ᠌ᠰᠡᠨ ᠪᠥᠭᠡᠳ ᠦᠭᠡ ᠬᠡᠯᠡᠨ᠎ᠦ ᠬᠡᠪ ᠪᠣᠯᠪᠠᠰᠤᠷᠠᠯ᠂ ᠰᠣᠶᠣᠯ᠎ᠤᠨ ᠠᠭᠤᠯᠤᠭᠳᠠᠬᠤᠨ ᠲᠠᠢ᠂ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠡᠵᠡᠮᠰᠢᠭᠰᠡᠨ ᠪᠠᠭᠠᠴᠤᠳ ᠢ᠋ ᠭᠦᠮᠦᠵᠢᠭᠦᠯᠬᠦ ᠳ᠋ᠤ ᠪᠠᠲᠤ ᠬᠥᠭᠥᠷᠭᠡ ᠲᠠᠯᠪᠢᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号