— ᠤᠯᠠᠨ ᠶ᠋ᠢᠡᠷ ᠶ᠋ᠢᠡᠨ ᠲᠦᠷᠭᠡᠨ ᠵᠠᠬᠢᠶᠠᠯᠠᠭᠠᠷᠠᠢ! ᠮᠠᠨ ᠤ᠋ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠠᠮᠤᠷ ᠳᠦᠪᠰᠢᠨ ᠮᠦᠷᠳᠡᠭᠡᠨ ᠳᠡᠨ ᠳ᠋ᠦ ᠲᠠᠭᠠᠯᠠᠭᠳᠠᠬᠤ ᠨᠢ ᠯᠠᠪᠲᠠᠢ!
10 ᠰᠠᠷ᠎ᠠ ᠵᠢᠨ 24 ᠤ᠋ ᠡᠳᠦᠷ᠂ ᠣᠷᠳᠣᠰ ᠬᠤᠳᠠ ᠶ᠋ᠢᠨ ᠲᠠᠷᠢᠶᠠᠯᠠᠩ ᠢ᠋ ᠲᠤᠰᠠᠯᠠᠬᠤ ᠰᠢᠭᠤᠳ ᠨᠡᠪᠲᠡᠷᠡᠭᠦᠯᠭᠡ ᠵᠢᠨ ᠲᠠᠰᠤᠭ ᠲᠤ᠌ ᠬᠥᠳᠡᠭᠡ ᠲᠣᠰᠬᠣᠨ ᠤ᠋ ᠰᠢᠭᠤᠳ ᠨᠡᠪᠲᠡᠷᠡᠭᠦᠯᠦᠭᠴᠢᠳ ᠤᠯᠤᠰ ᠤ᠋ᠨ ᠨᠡᠢᠳᠡᠮ ᠬᠡᠷᠡᠭᠯᠡᠬᠦ ᠬᠡᠯᠡ ᠪᠡᠷ ᠲᠠᠷᠢᠶᠠᠯᠠᠩ ᠤ᠋ᠨ ᠣᠨᠴᠠ ᠭᠠᠷᠤᠯᠲᠠ ᠵᠢ ᠲᠠᠨᠢᠯᠴᠠᠭᠤᠯᠤᠨ᠎ᠠ᠃ ᠰᠢᠭᠤᠳ ᠨᠡᠪᠲᠡᠷᠡᠬᠦᠯᠭᠡ ᠵᠢᠨ ᠠᠷᠤᠳᠤ ᠣᠷᠳᠣᠰ ᠬᠣᠲᠠ ᠵᠢᠨ ᠬᠠᠮ ᠵᠠᠭᠤᠴᠢᠯᠠᠭᠤᠷ ᠤ᠋ᠨ ᠲᠥᠪ ᠤ᠋ᠨ ᠲᠤᠰᠬᠠᠢ ᠮᠡᠷᠭᠡᠵᠢᠯ ᠤ᠋ᠨ ᠨᠡᠪᠲᠡᠷᠡᠭᠦᠯᠦᠭᠴᠢ ᠨᠠᠷ ᠬᠦᠳᠡᠭᠡ ᠲᠤᠰᠬᠤᠨᠤ ᠰᠢᠭᠤᠳ ᠨᠡᠪᠲᠡᠷᠡᠭᠦᠯᠦᠭᠴᠢᠳ ᠲᠤ᠌ ᠠᠪᠢᠶᠠᠯᠠᠬᠤ ᠡᠴᠡ ᠶᠠᠷᠢᠵᠤ ᠢᠯᠡᠳᠭᠡᠬᠦ ᠠᠷᠭ᠎ᠠ ᠮᠡᠷᠭᠡᠵᠢᠯ ᠬᠦᠷᠲᠡᠯ᠎ᠡ ᠪᠣᠯᠪᠠᠰᠤᠷᠠᠯ ᠬᠦᠷᠲᠡᠭᠡᠭᠰᠡᠨ ᠡᠴᠡ ᠰᠢᠭᠤᠳ ᠨᠡᠪᠲᠡᠷᠡᠬᠦᠯᠭᠡ ᠵᠢ ᠪᠦᠬᠦ ᠤᠯᠤᠰ ᠤ᠋ᠨ ᠦᠵᠡᠭᠴᠢᠳ ᠪᠦᠷ ᠬᠦᠯᠢᠶᠡᠨ ᠦᠵᠡᠵᠦ ᠪᠤᠢ᠃
ᠡᠭᠦᠨ ᠤ᠋ ᠬᠠᠮᠳᠤ᠂ ᠰᠠᠢᠨ ᠳᠤᠷ᠎ᠠ ᠵᠢᠨ ᠦᠢᠯᠡᠴᠢᠯᠡᠭᠴᠢᠳ ᠨᠡᠶ᠋ᠢᠲᠡ ᠵᠢᠨ ᠠᠰᠠᠷᠠᠮᠵᠢ ᠵᠢᠨ ᠬᠢᠴᠢᠶᠡᠯ ᠢ᠋ ᠬᠦᠳᠡᠭᠡ ᠳᠤᠰᠬᠤᠨ ᠳ᠋ᠤ ᠡᠷᠬᠢᠯᠡᠨ᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡᠨ ᠤ᠋ ᠮᠡᠳᠡᠯᠭᠡ ᠵᠢ ᠬᠦᠳᠡᠭᠡ ᠳᠤᠰᠬᠤᠨ ᠳ᠋ᠤ ᠬᠦᠷᠳᠡᠯ᠎ᠡ ᠳᠦᠬᠡᠮᠡᠯᠵᠢᠬᠦᠯᠵᠡᠢ᠃ ᠡᠢᠮᠦ ᠠᠬᠤᠢ ᠦᠵᠡᠭᠳᠡᠯ ᠪᠤᠯ ᠤᠷᠳᠤᠰ ᠬᠤᠳᠠ ᠵᠢᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠳᠦᠬᠡᠮᠡᠯᠵᠢᠬᠦᠯᠦᠯᠳᠠ ᠵᠢ ᠭᠦᠨᠵᠡᠭᠡᠢᠷᠡᠭᠦᠯᠦᠭᠰᠡᠨ ᠬᠤᠷᠢᠶᠠᠩᠭᠤᠢ ᠳᠦᠷᠰᠦ ᠪᠣᠯᠬᠤ ᠶᠤᠮ᠃
ᠣᠷᠳᠣᠰ ᠬᠣᠲᠠ ᠵᠢᠨ ᠬᠠᠮ ᠵᠠᠭᠤᠴᠢᠯᠠᠭᠤᠷ ᠤ᠋ᠨ ᠲᠥᠪ ᠡᠬᠢ ᠪᠠᠶᠠᠯᠢᠭ᠋ ᠤ᠋ᠨ ᠳᠠᠪᠠᠭᠤᠯᠢᠭ᠋ ᠲᠠᠭᠠᠨ ᠲᠦᠰᠢᠭᠯᠡᠨ᠂ ᠣᠯᠠᠨ ᠳᠠᠪᠬᠤᠷᠭ᠎ᠠ ᠪᠡᠷ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡᠨ ᠤ᠋ ᠳᠦᠬᠡᠮᠡᠯᠵᠢᠬᠦᠯᠦᠯᠳᠡ ᠵᠢ ᠠᠬᠢᠭᠤᠯᠵᠤ ᠪᠤᠢ᠃ ᠳᠤᠬᠠᠢᠯᠠᠪᠠᠯ ᠰᠦᠯᠵᠢᠶᠡᠨ ᠳᠡᠭᠡᠷᠡᠬᠢ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠲᠦᠭᠡᠮᠡᠯᠵᠢᠭᠦᠯᠬᠦ ᠠᠵᠢᠯᠯᠠᠭ᠎ᠠ ᠨᠢ ᠬᠠᠯᠠᠮᠰᠢᠯ ᠪᠤᠯᠵᠤ᠂ ᠨᠡᠢᠳᠡ 3 ᠲᠦᠮᠡᠨ ᠬᠥᠮᠥᠨ ᠤᠳᠠᠭ᠎ᠠ ᠤᠷᠤᠯᠴᠠᠨ᠂ ᠬᠥᠳᠡᠭᠡ ᠲᠣᠰᠬᠣᠨ ᠤ᠋ ᠤᠯᠠᠨ ᠲᠦᠮᠡᠨ ᠤ᠋ ᠶᠠᠷᠢᠵᠦ ᠢᠯᠡᠳᠬᠡᠬᠦ ᠴᠢᠳᠠᠪᠤᠷᠢ ᠵᠢ ᠢᠯᠡᠳᠲᠡ ᠳᠡᠭᠡᠭᠰᠢᠯᠡᠭᠦᠯᠦᠭᠰᠡᠨ ᠶ᠋ᠢᠡᠷ ᠪᠠᠷᠠᠬᠤ ᠦᠭᠡᠢ᠂ ᠦᠪᠡᠷᠮᠢᠴᠡ ᠤᠨᠴᠠᠯᠢᠭᠳᠤ ᠮᠠᠯ ᠤ᠋ᠨ ᠠᠰᠢᠭ ᠰᠢᠮ᠎ᠡ ᠳᠠᠷᠢᠶᠠᠯᠠᠩ ᠤ᠋ᠨ ᠪᠦᠲᠦᠭᠡᠭᠳᠡᠬᠦᠨ ᠤ᠋ ᠪᠤᠷᠤᠯᠠᠭᠤᠯᠬᠤ ᠵᠠᠮ ᠢ᠋ ᠦᠷᠭᠡᠳᠬᠡᠵᠦ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠪᠠ᠃
ᠣᠷᠳᠣᠰ ᠤ᠋ᠨ ᠬᠡᠯᠡ ᠶᠠᠷᠢᠶᠠᠨ ᠤ᠋ ᠤᠷᠠᠯᠢᠭ᠋ ᠤ᠋ᠨ ᠨᠠᠢᠷ ᠪᠤᠯ ᠲᠤᠬᠠᠢ ᠵᠢᠨ ᠭᠠᠵᠠᠷ ᠤ᠋ᠨ ᠣᠨᠴᠠᠯᠢᠭ᠍ᠲᠤ ᠰᠣᠶᠣᠯ ᠤ᠋ᠨ ᠲᠦᠷᠦᠯ ᠲᠡᠮᠳᠡᠭ ᠪᠣᠯᠤᠭᠰᠠᠨ ᠤ᠋ ᠬᠤᠪᠢ ᠳ᠋ᠤ᠂ ᠠᠩᠬ᠎ᠠ ᠡᠷᠬᠢᠯᠡᠨ ᠶᠠᠪᠤᠭᠳᠠᠭᠤᠯᠤᠭᠰᠠᠨ ᠡᠴᠡ ᠤᠳᠤ ᠪᠤᠯᠳᠠᠯ᠎ᠠ ᠢᠯᠡᠷᠬᠡᠢ ᠦᠷ᠎ᠡ ᠪᠦᠲᠦᠮᠵᠢ ᠣᠯᠵᠠᠢ᠃ ᠳᠤᠬᠠᠢᠯᠠᠪᠠᠯ ᠳᠤᠰ ᠠᠵᠢᠯᠯᠠᠭ᠎ᠠ ᠳ᠋ᠤ ᠵᠢᠯ ᠪᠦᠷᠢ 1 ᠲᠦᠮᠡ ᠭᠠᠷᠤᠢ ᠬᠥᠮᠥᠨ ᠣᠷᠣᠯᠴᠠᠵᠤ᠂ ᠦᠵᠡᠵᠦ ᠳᠠᠮᠵᠢᠭᠤᠯᠤᠭᠰᠠᠨ ᠬᠡᠮᠵᠢᠶ᠎ᠡ 1000 ᠲᠦᠮᠡᠨ ᠬᠥᠮᠥᠨ ᠤᠳᠠᠭ᠎ᠠ ᠵᠢ ᠳᠠᠪᠠᠪᠠ᠂ ᠡᠭᠦᠨ ᠳ᠋ᠤ 《ᠳᠤᠮᠳᠠᠳᠤ ᠵᠢᠨ ᠰᠣᠩᠭᠣᠳᠠᠭ ᠵᠣᠬᠢᠶᠠᠯ ᠢ᠋ ᠤᠩᠰᠢᠨ ᠰᠤᠨᠢᠷᠬᠠᠬᠤ ᠤᠷᠤᠯᠳᠤᠭᠠᠨ》 ᠨᠢ 6 ᠵᠢᠯ ᠳᠠᠷᠠᠭᠠᠯᠠᠨ ᠦᠪᠦᠷ ᠮᠤᠩᠭᠤᠯ ᠳ᠋ᠤ ᠳᠡᠷᠢᠬᠦᠯᠡᠵᠡᠢ᠃ ᠣᠷᠳᠣᠰ ᠤ᠋ᠨ ᠬᠡᠯᠡ ᠶᠠᠷᠢᠶᠠᠨ ᠤ᠋ ᠤᠷᠠᠯᠢᠭ᠋ ᠤ᠋ᠨ ᠨᠠᠢᠷ 7 ᠬᠤᠭᠤᠴᠠᠭ᠎ᠠ ᠶᠠᠪᠤᠭᠳᠠᠵᠤ᠂ 7000 ᠲᠦᠮᠡᠨ ᠬᠦᠮᠦᠨ ᠤᠳᠠᠭ᠎ᠠ ᠦᠵᠡᠵᠦ ᠳᠠᠮᠵᠢᠭᠤᠯᠤᠨ᠂ ᠤᠷᠳᠤᠰ ᠬᠣᠲᠠ ᠵᠢᠨ ᠬᠠᠮ ᠵᠠᠭᠤᠴᠢᠯᠠᠭᠤᠷ ᠤ᠋ᠨ ᠲᠥᠪ ᠤ᠋ᠨ ᠣᠷᠣᠨ ᠤ᠋ ᠲᠠᠰ ᠤ᠋ᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ᠋ ᠳᠦᠬᠡᠮᠡᠯᠵᠢᠬᠦᠯᠬᠦ ᠰᠠᠭᠤᠷᠢᠨ ᠶ᠋ᠢᠡᠷ ᠦᠨᠡᠯᠡᠭᠳᠡᠭᠰᠡᠨ ᠴᠢᠬᠤᠯᠠ ᠳᠦᠷᠦᠯ ᠲᠡᠮᠳᠡᠭ ᠪᠣᠯᠤᠭᠰᠠᠨ ᠪᠠᠢᠨ᠎ᠠ᠃ 2024 ᠣᠨ ᠤ᠋ 11 ᠰᠠᠷ᠎ᠠ ᠵᠢᠨ 5 ᠤ᠋ ᠡᠳᠦᠷ᠂ ᠪᠡᠭᠡᠵᠢᠩ ᠳ᠋ᠤ᠌ ᠶᠠᠪᠤᠭᠳᠠᠭᠰᠠᠨ 《ᠬᠠᠮ ᠵᠠᠭᠤᠴᠢᠯᠠᠭᠤᠷ ᠤ᠋ᠨ ᠠᠪᠢᠶᠠᠨ ᠤ᠋ ᠬᠡᠯᠡᠨ ᠤ᠋ ᠬᠡᠷᠡᠭᠯᠡᠭᠡᠨ ᠤ᠋ ᠰᠤᠳᠤᠯᠤᠨ ᠶᠠᠷᠢᠯᠴᠠᠬᠤ ᠵᠢᠴᠢ ᠤᠷᠠᠨ ᠤᠩᠰᠢᠯᠭ᠎ᠠ ᠵᠢᠨ ᠪᠡᠯᠡᠳᠬᠡᠯ ᠬᠤᠷᠠᠯ》 ᠳ᠋ᠤ ᠲᠤᠰ ᠲᠥᠪ 《ᠤᠷᠠᠨ ᠤᠩᠰᠢᠯᠭ᠎ᠠ ᠪᠠ ᠣᠷᠣᠨ ᠨᠤᠲᠤᠭ ᠤ᠋ᠨ ᠰᠣᠶᠣᠯ》 ᠬᠡᠬᠦ ᠨᠡᠢᠲᠡᠯᠢᠭ ᠲᠤᠷᠰᠢᠯᠭ᠎ᠠ ᠵᠢᠨ ᠰᠣᠯᠢᠯᠴᠠᠭ᠎ᠠ ᠬᠢᠵᠦ᠂ ᠪᠦᠬᠦ ᠤᠯᠤᠰ ᠤ᠋ᠨ ᠵᠠᠭᠤ ᠭᠠᠷᠤᠢ ᠵᠠᠭᠤᠴᠢᠯᠠᠭᠤᠷ ᠤ᠋ᠨ ᠰᠠᠢᠨ ᠦᠨᠡᠯᠡᠯᠲᠡ ᠵᠢ ᠣᠯᠤᠨ᠂ ᠪᠦᠬᠦ ᠤᠯᠤᠰ ᠤ᠋ᠨ ᠬᠡᠯᠡᠨ ᠤ᠋ ᠰᠣᠶᠣᠯ ᠢ᠋ ᠳᠦᠬᠡᠮᠡᠯᠵᠢᠬᠦᠯᠬᠦ ᠳ᠋ᠤ ᠬᠦᠴᠦᠨ ᠨᠡᠮᠡᠷᠢᠯᠡᠵᠡᠢ᠃
ᠡᠳᠦᠭᠡ ᠣᠷᠳᠣᠰ ᠬᠤᠳᠠ ᠶ᠋ᠢᠨ ᠵᠡᠭᠡᠯᠢ ᠭᠤᠳᠤᠮᠵᠢ ᠪᠡᠷ ᠶᠠᠪᠤᠬᠤ ᠳ᠋ᠤ᠂ 《ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠵᠢ ᠶᠠᠷᠢᠵᠤ᠂ ᠳᠦᠷᠢᠮᠵᠢᠭᠰᠡᠨ ᠦᠰᠦᠭ ᠪᠢᠴᠢᠭ ᠢ᠋ ᠪᠢᠴᠢᠬᠦ》 ᠨᠢ ᠨᠢᠭᠡᠨᠲᠡ ᠬᠤᠳᠠ ᠵᠢᠨ ᠪᠣᠯᠪᠠᠰᠤᠨ ᠤ᠋ ᠰᠢᠨ᠎ᠡ ᠤᠷᠤᠰᠬᠠᠯ ᠪᠣᠯᠵᠤ᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠠᠭᠠᠵᠢᠮ ᠶ᠋ᠢᠡᠷ ᠬᠤᠳᠠ ᠵᠢᠨ ᠠᠷᠠᠳ ᠤ᠋ᠨ ᠡᠳᠦᠷ ᠲᠤᠳᠤᠮ ᠤ᠋ᠨ ᠰᠣᠯᠢᠯᠴᠠᠭᠠᠨ ᠤ᠋ 《ᠴᠢᠳᠠᠪᠠᠰᠤ ᠵᠤᠬᠢᠬᠤ ᠵᠦᠢᠯ》 ᠪᠣᠯᠵᠤ᠂ ᠬᠤᠳᠠ ᠵᠢᠨ ᠪᠣᠯᠪᠠᠰᠤᠨ ᠤ᠋ ᠲᠠᠪᠰᠢᠯᠳᠠ ᠵᠢᠨ ᠭᠡᠷᠡᠯ ᠰᠠᠴᠤᠷᠠᠩᠭᠤᠢ ᠨᠡᠷ᠎ᠡ ᠵᠢᠨ ᠬᠠᠭᠤᠳᠠᠰᠤ ᠪᠣᠯᠤᠭᠰᠠᠨ ᠪᠠᠢᠨ᠎ᠠ᠃
ᠣᠷᠳᠣᠰ ᠬᠣᠲᠠ ᠵᠢᠨ ᠬᠠᠮ ᠵᠠᠭᠤᠴᠢᠯᠠᠭᠤᠷ ᠤ᠋ᠨ ᠲᠥᠪ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠲᠦᠭᠡᠮᠡᠯᠵᠢᠭᠦᠯᠬᠦ ᠠᠵᠢᠯ ᠢ᠋ ᠦᠷᠭᠦᠯᠵᠢᠯᠡᠨ ᠭᠦᠨᠵᠡᠭᠡᠢᠷᠡᠬᠦᠯᠵᠦ᠂ ᠲᠣᠪᠣᠢᠮ᠎ᠠ ᠦᠷ᠎ᠡ ᠪᠦᠲᠦᠮᠵᠢ ᠪᠡᠷ ᠣᠷᠣᠨ ᠤ᠋ ᠲᠠᠰ ᠤ᠋ᠨ ᠳᠦᠷᠦᠬᠦᠦ ᠪᠦᠯᠦᠭᠤᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ᠋ ᠳᠦᠬᠡᠮᠡᠯᠵᠢᠬᠦᠯᠬᠦ ᠰᠠᠭᠤᠷᠢᠨ ᠶ᠋ᠢᠡᠷ ᠰᠣᠩᠭᠣᠭᠳᠠᠵᠡᠢ᠃