ᠬᠠᠢᠷᠤᠪ᠎ᠤᠨ ᠳᠤᠬᠤᠢ ᠳᠤᠭᠤᠷᠢᠭ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠢ ᠲᠡᠯᠭᠡᠷᠡᠬᠦᠯᠬᠦ ᠤᠯᠠᠨ ᠡᠰᠢᠲᠦ ᠵᠢᠭ᠍ᠰᠠᠭᠠᠯ᠎ᠢ ᠪᠠᠢᠭᠤᠯᠪᠠ
2025-11-09 11:55:03
ᠵᠣᠬᠢᠶᠠᠭ᠍ᠴᠢ᠄
​ᠬᠤᠤ ᠪᠢᠶᠤᠤ
ᠣᠩᠱᠢᠭ᠍ᠰᠠᠨ ᠣᠳᠠᠭ᠎ᠠ᠄
★★★☆☆

《ᠳᠤᠮᠳᠠᠳᠤ᠎ᠶᠢᠨ ᠪᠣᠯᠪᠠᠰᠤᠨ᠎ᠤ ᠵᠠᠯᠭᠠᠮᠵᠢᠯᠠᠭ᠍ᠴᠢ ᠪᠣᠯᠤᠭᠰᠠᠨ᠎ᠤ ᠬᠤᠪᠢ᠎ᠳᠤ ᠪᠢᠳᠡ ᠰᠣᠶᠣᠯ᠎ᠤᠨ ᠬᠡᠪ ᠪᠣᠯᠪᠠᠰᠤᠷᠠᠯ᠎ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠪᠡᠷ ᠰᠠᠢᠳᠤᠷ ᠶᠠᠷᠢᠵᠤ᠂ ᠳᠦᠷᠢᠮᠵᠢᠭᠰᠡᠨ ᠦᠰᠦᠭ ᠪᠢᠴᠢᠭ᠎ᠢ᠋ ᠰᠠᠢᠳᠤᠷ ᠪᠢᠴᠢᠬᠦ ᠡᠬᠦᠷᠭᠡ ᠬᠠᠷᠢᠭᠤᠴᠠᠯᠭ᠎ᠠ᠎ᠲᠠᠢ ᠁ 》 ᠦᠬᠠᠢ ᠬᠤᠳᠠ᠎ᠶᠢᠨ ᠬᠠᠢᠷᠤᠪ᠎ᠤᠨ ᠲᠣᠬᠣᠢ ᠲᠣᠭᠣᠷᠢᠭ᠋᠎ᠤᠨ ᠲᠠᠪᠤᠳᠤᠭᠠᠷ ᠪᠠᠭ᠎ᠠ ᠰᠤᠷᠭᠠᠭᠤᠯᠢ᠎ᠳᠤ᠂ ᠬᠣᠶᠠᠳᠤᠭᠠᠷ ᠣᠨ᠎ᠤ ᠰᠤᠷᠤᠭ᠍ᠴᠢ ᠳ᠋ᠧᠩ ᠢᠦᠢ ᠨᠦᠧᠧ ᠵᠢᠨ ᠰᠢᠩᠭᠡᠬᠡᠨ ᠦᠢᠯᠡᠳᠦᠭᠰᠡᠨ ᠤᠷᠠᠨ ᠤᠩᠰᠢᠯᠭ᠎ᠠ᠎ᠶᠢᠨ ᠸᠢᠳᠢᠤ᠋᠎ᠶᠢ ᠰᠤᠷᠭᠠᠭᠤᠯᠢ᠎ᠶᠢᠨ ᠡᠭᠦᠳᠡᠨ᠎ᠦ ᠴᠡᠬᠡᠨ ᠬᠥᠰᠢᠭᠡᠨ ᠳᠡᠭᠡᠷ᠎ᠡ ᠨᠡᠪᠲᠡᠷᠡᠭᠦᠯᠵᠦ ᠪᠠᠢᠯ᠎ᠠ᠂ ᠲᠡᠭᠦᠨ᠎ᠦ ᠴᠢᠩᠬᠢᠨᠠᠮ᠎ᠠ ᠰᠠᠢᠬᠠᠨ ᠬᠤᠭᠤᠯᠠᠢ ᠪᠡᠷ ᠪᠠᠷᠢᠮᠵᠢᠶ᠎ᠠ ᠰᠠᠢᠬᠠᠨ ᠤᠩᠰᠢᠬᠤ ᠨᠢ ᠴᠥᠭᠡᠨ ᠪᠤᠰᠤ ᠭᠡᠷ᠎ᠦᠨ ᠠᠬᠠᠮᠠᠳ ᠪᠣᠯᠣᠨ ᠰᠤᠷᠤᠭ᠍ᠴᠢᠳ᠎ᠤᠨ ᠠᠩᠬᠠᠷᠤᠯ᠎ᠢ ᠲᠠᠲᠠᠵᠠᠢ᠃

ᠲᠠᠨᠢᠯᠴᠠᠭᠤᠯᠤᠭᠰᠠᠨ᠎ᠢᠶᠠᠷ᠂ ᠡᠨᠡ ᠪᠣᠯ ᠬᠠᠢᠷᠤᠪ᠎ᠤᠨ ᠲᠣᠬᠣᠢ ᠲᠣᠭᠣᠷᠢᠭ᠋᠎ᠤᠨ ᠲᠠᠪᠤᠳᠤᠭᠠᠷ ᠪᠠᠭ᠎ᠠ ᠰᠤᠷᠭᠠᠭᠤᠯᠢ᠎ᠶᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ᠎ᠶᠢ ᠠᠬᠢᠭᠤᠯᠬᠤ᠎ᠶᠢᠨ ᠲᠥᠯᠥᠭᠡ ᠥᠷᠨᠢᠭᠦᠯᠦᠭᠰᠡᠨ《ᠬᠡᠦᠬᠡᠳ᠎ᠦᠨ ᠳᠠᠭᠤᠤ᠎ᠶᠢ ᠤᠯᠠᠮᠵᠢᠯᠠᠨ ᠳᠠᠭᠤᠯᠠᠬᠤ》ᠠᠵᠢᠯᠯᠠᠭ᠎ᠠ ᠪᠣᠯᠣᠨ᠎ᠠ᠃ ᠠᠵᠢᠯᠯᠠᠭ᠎ᠠ ᠳᠤᠮᠳᠠ ᠡᠯ᠎ᠡ ᠠᠩᠭᠢ᠎ᠶᠢᠨ ᠬᠢᠨ 《ᠤᠯᠤᠰ᠎ᠢᠶᠠᠨ ᠬᠠᠢᠷᠠᠯᠠᠬᠤ》 ᠭᠣᠣᠯ ᠰᠡᠳᠦᠪ᠎ᠦᠨ ᠲᠣᠭᠣᠷᠢᠨ᠎ᠳᠤ  ᠭᠤᠶᠤ ᠰᠠᠢᠬᠠᠨ ᠠᠢᠵᠠᠮ ᠴᠣᠬᠢᠯᠭ᠎ᠠ᠎ᠲᠠᠢ ᠡᠯ᠎ᠡ ᠲᠥᠷᠥᠯ᠎ᠦᠨ ᠬᠡᠦᠬᠡᠳ᠎ᠦᠨ ᠳᠠᠭᠤᠤ᠎ᠶᠢ ᠳᠠᠬᠢᠨ ᠨᠠᠢᠷᠠᠭᠤᠯᠬᠤ᠎ᠶᠢᠨ ᠬᠠᠮᠲᠤ ᠪᠢᠴᠢᠯ ᠸᠢᠳᠢᠤ᠋ ᠪᠣᠯᠭᠠᠨ ᠳᠠᠭᠤᠯᠠᠨ ᠰᠢᠩᠭᠡᠭᠡᠵᠦ ᠰᠤᠷᠭᠠᠭᠤᠯᠢ᠎ᠶᠢᠨ ᠬᠦᠷᠢᠶᠡᠨ᠎ᠳᠦ ᠲᠥᠪᠯᠡᠷᠡᠭᠦᠯᠦᠨ ᠨᠡᠪᠲᠡᠷᠡᠭᠦᠯᠪᠡ᠃ ᠲᠣᠰ ᠰᠤᠷᠭᠠᠭᠤᠯᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ᠂ ᠲᠣᠰ ᠤᠳᠠᠭᠠᠨ᠎ᠤ ᠠᠵᠢᠯᠯᠠᠭ᠎ᠠ ᠨᠢ ᠰᠤᠷᠤᠭ᠍ᠴᠢᠳ᠎ᠤᠨ ᠦᠭᠡ ᠬᠡᠯᠡᠨ᠎ᠦ ᠢᠯᠡᠳᠬᠡᠬᠦ ᠴᠢᠳᠠᠪᠤᠷᠢ᠎ᠶᠢ ᠪᠣᠯᠪᠠᠰᠤᠷᠠᠭᠤᠯᠤᠭᠰᠠᠨ᠎ᠢᠶᠠᠷ ᠪᠠᠷᠠᠬᠤ ᠦᠭᠡᠢ ᠨᠠᠩ ᠴᠤ᠌ ᠲᠡᠳᠡᠨ᠎ᠦ ᠤᠯᠤᠰ ᠭᠡᠷ᠎ᠦᠨ ᠬᠠᠢᠷ᠎ᠠ ᠰᠡᠳᠬᠢᠯᠭᠡ᠎ᠶᠢ ᠬᠥᠮᠥᠵᠢᠭᠦᠯᠪᠡ᠃ ᠰᠤᠷᠭᠠᠭᠤᠯᠢ᠎ᠶᠢᠨ ᠡᠭᠦᠳᠡᠨ᠎ᠤ᠋ ᠴᠡᠬᠡᠨ ᠳᠡᠯᠬᠡᠴᠡ ᠪᠡᠷ ᠳᠡᠯᠭᠡᠨ ᠦᠵᠡᠭᠦᠯᠬᠦ ᠨᠢ ᠰᠤᠷᠭᠠᠭᠤᠯᠢ᠎ᠶᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠦᠭᠰᠡᠨ ᠦᠷ᠎ᠡ ᠪᠦᠲᠦᠭᠡᠯ᠎ᠢ ᠨᠠᠩ ᠣᠯᠠᠨ ᠭᠡᠷ᠎ᠦᠨ ᠠᠬᠠᠮᠠᠳ᠎ᠲᠤ ᠤᠢᠯᠠᠭᠠᠭᠤᠯᠪᠠ ᠬᠡᠵᠦ ᠢᠯᠡᠳᠬᠡᠵᠦ ᠪᠠᠢᠯ᠎ᠠ᠃

《ᠬᠡᠦᠬᠡᠳ᠎ᠦᠨ ᠳᠠᠭᠤᠤ᠎ᠶᠢ ᠤᠯᠠᠮᠵᠢᠯᠠᠨ ᠳᠠᠭᠤᠯᠠᠬᠤ》ᠠᠵᠢᠯᠯᠠᠭ᠎ᠠ ᠪᠣᠯ ᠬᠠᠢᠷᠤᠪ᠎ᠤᠨ ᠲᠣᠬᠣᠢ ᠲᠣᠭᠣᠷᠢᠭ᠋᠎ᠤᠨ ᠡᠯ᠎ᠡ ᠰᠤᠷᠭᠠᠭᠤᠯᠢ᠎ᠶᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢ ᠭᠦᠨᠵᠡᠭᠡᠢ ᠠᠬᠢᠭᠤᠯᠵᠤ ᠪᠠᠢᠭ᠎ᠠ ᠵᠢᠨ ᠨᠢᠭᠡᠨ ᠠᠮᠢᠳᠤᠯᠢᠭ᠋ ᠬᠤᠷᠢᠶᠠᠩᠭᠤᠢ ᠳᠦᠷᠰᠦ ᠪᠣᠯᠣᠨ᠎ᠠ᠃

ᠣᠢᠷ᠎ᠠ᠎ᠶᠢᠨ ᠵᠢᠯ᠎ᠡᠴᠡ ᠬᠠᠢᠷᠤᠪ᠎ᠤᠨ ᠲᠣᠬᠣᠢ ᠲᠣᠭᠣᠷᠢᠭ᠋ ᠬᠢᠴᠢᠶᠡᠯ᠎ᠦᠨ ᠲᠠᠩᠬᠢᠮ᠎ᠢᠶᠠᠷ ᠭᠣᠣᠯ ᠵᠢᠭ᠍ᠰᠠᠭᠠᠯ᠎ᠤᠨ ᠭᠠᠵᠠᠷ ᠪᠣᠯᠭᠠᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠢ ᠵᠢᠭᠠᠨ ᠰᠤᠷᠭᠠᠯᠲᠠ᠎ᠶᠢᠨ ᠪᠦᠬᠦ ᠶᠠᠪᠤᠴᠠ᠎ᠳᠤ ᠪᠦᠬᠦ ᠲᠠᠯ᠎ᠠ᠎ᠪᠠᠷ ᠠᠭᠤᠰᠤᠯᠴᠠᠭᠤᠯᠵᠠᠢ᠃ ᠡᠳᠦᠷ ᠲᠤᠲᠤᠮ᠎ᠤᠨ ᠵᠢᠭᠠᠨ ᠰᠤᠷᠭᠠᠯᠲᠠ᠎ᠳᠤ ᠡᠯ᠎ᠡ ᠰᠤᠷᠭᠠᠭᠤᠯᠢ᠎ᠨᠤᠭᠤᠳ ᠬᠢᠴᠢᠶᠡᠯ᠎ᠦᠨ ᠪᠠᠷᠢᠮᠵᠢᠶ᠎ᠠ᠎ᠶᠢ ᠴᠢᠩᠭ᠎ᠠ ᠦᠨᠳᠦᠰᠦᠯᠡᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶᠢ ᠬᠡᠷᠡᠭᠵᠢᠭᠦᠯᠵᠦ᠂ ᠬᠡᠯᠡ ᠪᠢᠴᠢᠭ᠎ᠦᠨ ᠬᠢᠴᠢᠶᠡᠯ ᠳᠡᠭᠡᠷ᠎ᠡ ᠰᠠᠭᠤᠷᠢ᠎ᠵᠢ ᠪᠠᠲᠤᠳᠬᠠᠬᠤ ᠪᠡᠷ  ᠪᠠᠷᠠᠬᠤ ᠦᠭᠡᠢ᠂ ᠨᠠᠩ ᠴᠤ᠌ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠦᠷᠢᠮᠵᠢᠭᠦᠯᠦᠨ ᠬᠡᠷᠡᠭᠯᠡᠬᠦ᠎ᠶᠢ ᠲᠣᠭᠠᠨ᠎ᠤ ᠤᠬᠠᠭᠠᠨ ᠂ ᠰᠢᠨᠵᠢᠯᠡᠬᠦ ᠤᠬᠠᠭᠠᠨ ᠵᠡᠷᠭᠡ ᠡᠯ᠎ᠡ ᠬᠢᠴᠢᠶᠡᠯ ᠲᠥᠷᠥᠯ᠎ᠦᠨ ᠵᠢᠭᠠᠨ ᠰᠤᠷᠭᠠᠯᠲᠠ᠎ᠳᠤ ᠲᠤᠭᠤᠰᠢᠯᠠᠭᠤᠯᠵᠤ᠂ ᠣᠯᠠᠨ ᠲᠠᠯᠠᠪᠤᠷ ᠦᠢᠯᠡᠳᠦᠯᠭᠡ᠎ᠶᠢᠨ ᠳᠤᠮᠳᠠ ᠰᠤᠷᠤᠭ᠍ᠴᠢᠳ᠎ᠤ᠋ᠨ ᠦᠭᠡ ᠬᠡᠯᠡᠨ᠎ᠦ ᠣᠢᠯᠠᠭᠠᠯᠲᠠ᠂ ᠰᠡᠳᠬᠢᠬᠦᠢ ᠪᠠ ᠢᠯᠡᠳᠬᠡᠬᠦ ᠴᠢᠳᠠᠪᠤᠷᠢ᠎ᠶᠢ ᠳᠡᠭᠡᠭᠰᠢᠯᠡᠭᠦᠯᠦᠭᠰᠡᠨ ᠪᠠᠢᠨ᠎ᠠ᠃ ᠡᠭᠦᠨ᠎ᠦ ᠵᠡᠷᠭᠡ᠎ᠪᠡᠷ ᠡᠯ᠎ᠡ ᠰᠤᠷᠭᠠᠭᠤᠯᠢ  ᠶ᠋ᠢᠨ ᠬᠢᠨ ᠦᠰᠦᠭ ᠪᠢᠴᠢᠭ  ᠢ᠋ ᠵᠢᠷᠤᠮᠵᠢᠭᠤᠯᠬᠤ ᠬᠥᠮᠦᠵᠢᠯ  ᠢ᠋ ᠲᠠᠰᠤᠷᠠᠯᠲᠠ ᠦᠭᠡᠢ ᠴᠢᠩᠭᠠᠳᠬᠠᠵᠤ᠂ ᠤᠷᠠᠨ ᠪᠢᠴᠢᠯᠭᠡ  ᠶ᠋ᠢᠨ ᠨᠡᠢᠭᠡᠮᠯᠢᠭ ᠪᠠᠶ᠋ᠢᠭᠤᠯᠬᠤ᠂ ᠦᠰᠦᠭ ᠪᠢᠴᠢᠯᠬᠡ ᠵᠢᠨ ᠤᠷᠤᠯᠳᠤᠭᠠᠨ ᠡᠷᠭᠢᠯᠡᠬᠦ᠂ 《ᠡᠳᠦᠷ ᠪᠦᠷᠢ ᠦᠰᠦᠭ ᠪᠣᠯᠪᠠᠰᠤᠷᠠᠬᠤ》 ᠵᠡᠷᠭᠡ ᠠᠵᠢᠯᠯᠠᠭ᠎ᠠ ᠥᠷᠨᠢᠭᠦᠯᠬᠦ᠎ᠪᠡᠷ ᠳᠠᠮᠵᠢᠭᠤᠯᠤᠨ ᠰᠤᠷᠤᠭ᠍ᠴᠢᠳ  ᠢ᠋ ᠬᠥᠲᠥᠯᠥᠨ ᠵᠢᠯᠤᠭᠣᠳᠴᠤ  ᠦᠰᠦᠭ ᠪᠢᠴᠢᠭ᠎ᠦᠨ ᠭᠤᠶᠤ ᠰᠠᠢᠬᠠᠨ ᠬᠡᠯᠪᠡᠷᠢ ᠪᠠ ᠰᠣᠶᠣᠯ᠎ᠤᠨ ᠠᠭᠤᠯᠬᠤᠨ ᠢ᠋ ᠣᠢᠯᠠᠭᠠᠭᠤᠯᠵᠤ᠂ ᠰᠠᠢᠨ ᠰᠠᠢᠬᠠᠨ ᠪᠢᠴᠢᠯᠭᠡ  ᠶ᠋ᠢᠨ ᠳᠠᠳᠬᠠᠯ  ᠢ᠋ ᠠᠯᠬᠤᠮ ᠠᠯᠬᠤᠮ᠎ᠢᠶᠠᠷ ᠬᠥᠮᠥᠵᠢᠭᠦᠯᠪᠡ᠃

ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢᠶᠡᠷ ᠠᠴᠢᠶᠠᠯᠠᠪᠤᠷᠢ ᠪᠣᠯᠭᠠᠵᠤ᠂ ᠡᠯ᠎ᠡ ᠰᠤᠷᠭᠠᠭᠤᠯᠢ᠎ᠨᠤᠭᠤᠳ ᠭᠣᠣᠯ ᠰᠡᠳᠦᠪᠲᠦ ᠠᠩᠭᠢ᠎ᠶᠢᠨ ᠬᠤᠷᠠᠯ᠂ ᠪᠤᠷᠤᠭᠤ᠎ᠪᠠᠨ ᠵᠠᠯᠠᠷᠠᠭᠤᠯᠬᠤ ᠦᠢᠯᠡᠳᠦᠯᠭᠡ᠂ 《ᠰᠣᠩᠭᠣᠳᠠᠭ ᠪᠦᠳᠦᠬᠡᠯ᠎ᠤᠨ ᠤᠷᠠᠨ ᠤᠩᠰᠢᠯᠭ᠎ᠠ᠎ᠶᠢᠨ ᠤᠷᠤᠯᠳᠤᠭᠠᠨ》 ᠵᠡᠷᠭᠡ ᠰᠢᠷᠢᠰ ᠠᠵᠢᠯᠯᠠᠭ᠎ᠠ᠎ᠦᠷᠨᠢᠬᠦᠯᠬᠦ ᠪᠠᠷ ᠳᠠᠮᠵᠢᠭᠤᠯᠤᠨ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠡᠷᠡᠭᠯᠡᠭᠡᠨ᠎ᠦ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠭᠣᠣᠯ ᠰᠡᠳᠦᠪᠲᠦ ᠠᠩᠭᠢ᠎ᠶᠢᠨ ᠬᠤᠷᠠᠯ᠎ᠳᠤ ᠪᠠᠭ᠍ᠰᠢ ᠨᠠᠷ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ᠎ᠪᠡᠷ ᠤᠯᠠᠮᠵᠢᠯᠠᠯᠲᠤ ᠪᠠᠶᠠᠷ᠎ᠳᠤᠷᠠᠰᠬᠠᠯ᠎ᠤᠨ ᠡᠳᠦᠷ᠂ ᠠᠷᠠᠳ᠎ᠤᠨ ᠠᠮᠠᠨ ᠦᠯᠢᠭᠡᠷ ᠵᠢᠴᠢ ᠤᠯᠠᠮᠵᠢᠯᠠᠯᠲᠤ ᠭᠠᠷ ᠤᠷᠠᠯᠠᠯ᠎ᠤᠨ ᠤᠷ᠎ᠠ ᠮᠡᠷᠭᠡᠵᠢᠯ᠎ᠢ ᠠᠮᠢᠳᠤᠯᠢᠭ᠋᠎ᠢᠶᠠᠷ ᠲᠠᠢᠯᠪᠤᠷᠢᠯᠠᠵᠤ᠂ ᠰᠤᠷᠤᠭ᠍ᠴᠢᠳ᠎ᠢ ᠬᠥᠲᠥᠯᠥᠨ ᠵᠢᠯᠤᠭᠣᠳᠴᠤ ᠳᠤᠮᠳᠠᠳᠤ᠎ᠶᠢᠨ ᠰᠣᠶᠣᠯ᠎ᠤᠨ ᠭᠦᠨ ᠠᠭᠤᠯᠬᠤᠨ᠎ᠢ ᠭᠦᠨᠵᠡᠭᠡᠢ ᠣᠢᠯᠠᠭᠠᠭᠤᠯᠪᠠ; 《ᠲᠣᠩᠰᠢᠭᠤᠯ》 ᠥᠰᠥᠭ᠎ᠦᠨ ᠪᠤᠷᠤᠭᠤ᠎ᠶᠢ ᠵᠠᠯᠠᠷᠠᠭᠤᠯᠬᠤ ᠠᠵᠢᠯᠯᠠᠭ᠎ᠠ ᠳ᠋ᠤ  ᠰᠤᠷᠤᠭ᠍ᠴᠢᠳ ᠡᠳᠦᠷ ᠲᠤᠲᠤᠮ᠎ᠤᠨ ᠬᠡᠷᠡᠭᠯᠡᠭᠡᠨ᠎ᠦ ᠬᠡᠯᠡ᠂ ᠬᠡᠷᠡᠭᠯᠡᠭᠡᠨ᠎ᠦ ᠥᠰᠥᠭ᠎ᠦᠨ ᠪᠤᠷᠤᠭᠤ᠎ᠶᠢ ᠡᠷᠢᠬᠦ ᠪᠠ ᠵᠠᠯᠠᠷᠠᠭᠤᠯᠬᠤ᠎ᠪᠠᠷ ᠳᠡᠮᠵᠢᠨ ᠦᠭᠡ ᠬᠡᠯᠡᠨ᠎ᠦ ᠳᠦᠷᠢᠮᠵᠢᠯ᠎ᠦᠨ ᠤᠬᠠᠮᠰᠠᠷ᠎ᠢ᠋ ᠴᠢᠩᠭᠠᠳᠬᠠᠪᠠ᠃

ᠡᠭᠦᠨ᠎ᠡᠴᠡ ᠭᠠᠳᠠᠨ᠎ᠠ᠂ ᠬᠠᠢᠷᠤᠪ᠎ᠤᠨ ᠲᠣᠬᠣᠢ ᠲᠣᠭᠣᠷᠢᠭ᠋᠎ᠤᠨ ᠬᠢᠨ ᠪᠠᠰᠠ ᠳᠤᠭᠠᠴᠢᠯᠠᠯᠳᠠ ᠪᠡᠷ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠳ᠋ᠤ ᠬᠦᠴᠦᠨ ᠨᠡᠮᠡᠷᠢᠯᠡᠬᠦ ᠰᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠤᠯᠠᠨ ᠡᠰᠢᠲᠦ ᠳᠠᠮᠵᠢᠭᠤᠯᠭ᠎ᠠ᠎ᠶᠢᠨ ᠵᠢᠭ᠍ᠰᠠᠭᠠᠯ᠎ᠢ ᠪᠠᠢᠭᠤᠯᠵᠠᠢ᠃ ᠰᠤᠷᠭᠠᠭᠤᠯᠢ᠎ᠶᠢᠨ ᠬᠦᠷᠢᠶᠡᠨ᠎ᠦ ᠷᠠᠳᠢᠣ᠋ ᠨᠡᠪᠲᠡᠷᠡᠭᠦᠯᠭᠡ᠂ ᠤᠬᠠᠭᠤᠯᠭ᠎ᠠ᠎ᠶᠢᠨ ᠪᠤᠯᠤᠩ᠂ ᠡᠯᠧᠺᠲᠷᠣᠨ ᠳᠡᠯᠭᠡᠴᠡ ᠵᠡᠷᠭᠡ ᠵᠢᠭ᠍ᠰᠠᠭᠠᠯ᠎ᠤᠨ ᠭᠠᠵᠠᠷ᠎ᠲᠤ ᠲᠦᠰᠢᠭᠯᠡᠨ᠂ ᠡᠯ᠎ᠡ ᠰᠤᠷᠭᠠᠭᠤᠯᠢ ᠵᠢᠨ ᠬᠢᠨ ᠰᠤᠷᠤᠯᠴᠠᠬᠤ ᠤᠷ᠎ᠠ ᠮᠡᠷᠭᠡᠵᠢᠯ᠂ ᠳᠦᠷᠢᠮᠵᠢᠯ᠎ᠦᠨ ᠪᠠᠷᠢᠮᠵᠢᠶ᠎ᠠ ᠪᠣᠯᠣᠨ ᠬᠠᠮᠢᠶ᠎ᠠ ᠪᠦᠬᠦᠢ ᠰᠣᠶᠣᠯ᠎ᠤᠨ ᠮᠡᠳᠡᠯᠭᠡ ᠵᠢᠴᠢ ᠬᠢᠯᠪᠠᠷ ᠣᠢᠯᠠᠭᠠᠮᠵᠢᠲᠠᠢ ᠣᠬᠣᠷ ᠸᠢᠳᠢᠤ᠋ ᠰᠢᠩᠬᠡᠬᠡᠬᠦ ᠪᠤᠶᠤ  ᠵᠢᠷᠤᠭ ᠦᠰᠦᠭ ᠢ᠋ ᠬᠠᠪᠰᠤᠷᠭᠠᠭᠰᠠᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠵᠣᠬᠢᠶᠠᠯ ᠵᠡᠷᠬᠡ ᠵᠢ ᠳᠤᠭᠳᠠᠮᠠᠯ ᠬᠤᠭᠤᠴᠠᠭ᠎ᠠ ᠳᠠᠢ ᠨᠡᠢᠳᠡᠯᠡᠵᠦ᠂  ᠪᠠᠭ᠍ᠰᠢ ᠰᠤᠷᠤᠭ᠍ᠴᠢᠳ᠎ᠤᠨ ᠬᠡᠰᠡᠭ ᠪᠤᠰᠠᠭ ᠴᠠᠭ᠎ᠢᠶᠠᠨ ᠠᠰᠢᠭ᠍ᠯᠠᠨ ᠪᠡᠶ᠎ᠡ᠎ᠪᠡᠨ ᠳᠠᠭᠠᠭᠠᠨ ᠰᠣᠨᠢᠷᠬᠠᠬᠤ᠂ ᠳᠠᠬᠢᠨ ᠳᠠᠪᠲᠠᠨ ᠰᠤᠷᠤᠯᠴᠠᠬᠤ᠎ᠳᠤ ᠳᠦᠭᠦᠮ ᠦᠵᠡᠭᠦᠯᠵᠦ᠂ ᠰᠤᠷᠤᠯᠴᠠᠯᠭ᠎ᠠ᠎ᠶᠢ ᠬᠢᠴᠢᠶᠡᠯ᠎ᠦᠨ ᠲᠠᠩᠬᠢᠮ᠎ᠠᠴᠠ ᠬᠢᠴᠢᠶᠡᠯ᠎ᠦᠨ ᠭᠠᠳᠠᠨ᠎ᠠ ᠬᠦᠷᠲᠡᠯ᠎ᠡ ᠪᠦᠲᠦᠮᠵᠢᠲᠡᠢ ᠤᠷᠲᠤᠳᠬᠠᠨ᠂ 《ᠬᠥᠮᠥᠨ ᠪᠦᠬᠦᠨ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠪᠡᠷ ᠶᠠᠷᠢᠬᠤ᠂ ᠭᠠᠵᠠᠷ ᠪᠣᠯᠭᠠᠨ᠎ᠳᠤ ᠳᠦᠷᠢᠮᠵᠢᠭᠰᠡᠨ ᠦᠰᠦᠭ ᠪᠢᠴᠢᠬᠦ》ᠰᠠᠢᠨ ᠰᠠᠢᠬᠠᠨ ᠠᠭᠤᠷ ᠠᠮᠢᠰᠬᠤᠯ᠎ᠢ ᠬᠦᠴᠦᠯᠡᠨ ᠪᠤᠢ ᠪᠤᠯᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号