ᠣᠷᠳᠣᠰ ᠬᠣᠲᠠ ᠤᠢᠷ᠎ᠠ ᠤᠬᠲᠠᠷᠭᠤᠢ ᠶ᠋ᠢᠨ ᠠᠵᠤ ᠠᠬᠤᠶ ᠵᠢᠨ ᠬᠦᠭᠵᠢᠯᠲᠡ ᠵᠢ ᠠᠬᠢᠭᠤᠯᠵᠤ ᠪᠠᠢᠨ᠎ᠠ
2025-11-09 11:51:55
ᠵᠣᠬᠢᠶᠠᠭ᠍ᠴᠢ᠄
​ ᠮᠤᠤ ᠺᠠᠶ ᠶᠠᠨ
ᠣᠩᠱᠢᠭ᠍ᠰᠠᠨ ᠣᠳᠠᠭ᠎ᠠ᠄
★★★☆☆

ᠨᠢᠭᠡ ᠵᠢᠯᠣᠭᠣᠴᠢ ᠥᠬᠡᠶ ᠨᠢᠰᠭᠡᠯ 10kg ᠬᠦᠨᠳᠦ ᠴᠢᠰᠤᠨ ᠡᠭᠡᠳᠡᠩ ᠤ᠋ᠨ ᠲᠣᠭ᠍ᠲᠠᠨᠭᠭᠤᠢ ᠳᠤᠯᠠᠭᠠᠨᠳᠤ ᠬᠠᠢᠷᠴᠠᠭ ᠢ᠋ ᠠᠴᠢᠶᠠᠯᠠᠨ ᠣᠷᠳᠣᠰ ᠬᠣᠲᠠ ᠶ᠋ᠢᠨ ᠭᠤᠤᠯ ᠴᠢᠰᠤᠨ ᠥᠷᠲᠡᠭᠡ ᠡᠴᠡ ᠡᠬᠢᠯᠡᠨ ᠨᠢᠰᠴᠦ᠍ 170 ᠮᠧᠲ᠋ᠷ ᠤ᠋ᠨ ᠥᠨᠳᠥᠷ ᠲᠦ᠍ ᠭᠠᠷᠤᠭ᠍ᠰᠠᠨ ᠤ᠋ ᠳᠠᠷᠠᠭ᠎ᠠ 30 ᠭᠠᠷᠤᠶ ᠺᠢᠯᠣᠮᠧᠲ᠋ᠷ ᠨᠢᠰᠦᠨ ᠠᠶᠠᠯᠠᠵᠤ᠂ ᠬᠣᠲᠠ ᠶ᠋ᠢᠨ ᠬᠢᠲᠠᠳ ᠡᠮᠨᠡᠯᠭᠡ ᠶ᠋ᠢᠨ ᠬᠣᠷᠢᠶ᠎ᠠ (ᠳ᠋ᠦᠩᠱᠧᠩ ᠬᠡᠰᠡᠭ) ᠵᠢᠨ ᠣᠷᠣᠶ ᠶ᠋ᠢᠨ ᠠᠰᠠᠷ ᠤ᠋ᠨ ᠨᠢᠰᠴᠦ᠍ ᠪᠠᠭᠤᠬᠤ ᠴᠡᠭ ᠲᠦ᠍ ᠬᠦᠷᠬᠦ ᠪᠥᠬᠥ᠌ ᠶᠠᠪᠤᠴᠠ ᠳ᠋ᠤ 20 ᠮᠢᠨᠦ᠋ᠲ ᠬᠡᠷᠡᠭ᠌ᠯᠡᠵᠡᠶ ᠃ ᠡᠨᠡ ᠨᠢ ᠵᠥᠪᠬᠡᠨ ᠣᠷᠳᠣᠰ ᠬᠣᠲᠠ ᠶ᠋ᠢᠨ ᠤᠢᠷ᠎ᠠ ᠤᠬᠲᠠᠷᠭᠤᠢ ᠶ᠋ᠢᠨ ᠠᠵᠤ ᠦᠶ᠋ᠯᠡᠰ ᠤ᠋ᠨ ᠬᠡᠷᠡᠭ᠌ᠯᠡᠭᠡᠨ ᠤ᠋ ᠪᠠᠢᠳᠠᠯ ᠤ᠋ᠨ ᠨᠢᠭᠡ ᠪᠣᠯᠤᠨ᠎ᠠ ᠃

ᠤᠷᠢᠳ ᠢ᠋ᠶ᠋ᠡᠷ ᠬᠢᠵᠦ ᠤᠷᠢᠳ ᠢ᠋ᠶ᠋ᠡᠷ ᠲᠤᠷᠱᠢᠬᠤ ᠪᠡᠷ ᠳᠡᠮᠵᠢᠨ᠂ ᠣᠷᠳᠣᠰ ᠬᠣᠲᠠ᠎ᠵᠢᠨ ᠬᠢᠨ ᠶᠠᠭ ᠤᠢᠷ᠎ᠠ ᠤᠬᠲᠠᠷᠭᠤᠢ ᠶ᠋ᠢᠨ ᠠᠵᠤ ᠦᠶ᠋ᠯᠡᠰ ᠤ᠋ᠨ 《ᠦᠶ᠋ᠯᠡᠳᠴᠦ᠍ ᠳᠡᠢᠯᠬᠦ᠌᠂ ᠨᠢᠰᠴᠦ᠍ ᠳᠡᠢᠯᠬᠦ᠌᠂ ᠬᠡᠷᠡᠭ᠌ᠯᠡᠯᠲᠡ ᠥᠷᠭᠡᠨ᠂ ᠡᠵᠡᠩᠨᠡᠯᠲᠡ ᠶ᠋ᠢᠨ ᠬᠡᠯᠪᠡᠷᠢ ᠱᠢᠯᠢᠳᠡᠭ》 ᠴᠢᠭ᠌ᠯᠡᠯ ᠢ᠋ᠶ᠋ᠡᠷ ᠬᠥᠭ᠌ᠵᠢᠬᠦ᠌ ᠵᠢ ᠠᠬᠢᠭᠤᠯᠵᠤ ᠪᠠᠢᠨ᠎ᠠ᠃

ᠲᠥᠷᠥ ᠶ᠋ᠢᠨ ᠪᠣᠳᠣᠯᠭ᠎ᠠ ᠪᠡᠷ ᠪᠠᠢᠷᠢᠰᠢᠭᠤᠯᠤᠯᠲᠠ ᠵᠢ ᠱᠢᠯᠢᠳᠡᠭ᠌ᠵᠢᠭᠦᠯᠵᠦ᠍ ᠤᠢᠷ᠎ᠠ ᠤᠬᠲᠠᠷᠭᠤᠢ ᠶ᠋ᠢᠨ ᠠᠮᠢ ᠠᠬᠤᠶ ᠵᠢ ᠴᠣᠭ᠍ᠴᠠᠯᠠᠨ᠎ᠠ

ᠣᠳᠣᠬᠠᠨ ᠳ᠋ᠤ᠂ ᠣᠷᠳᠣᠰ ᠬᠣᠲᠠ 24 ᠨᠢᠰᠦᠯᠲᠡ ᠶ᠋ᠢᠨ ᠠᠭᠠᠷ ᠤ᠋ᠨ ᠣᠷᠣᠨ ᠤ᠋ ᠵᠦᠪᠰᠢᠶᠡᠷᠡᠯ ᠢ᠋ ᠤᠯᠵᠤ᠂ ᠨᠢᠰᠦᠯᠲᠡ ᠶ᠋ᠢᠨ ᠠᠭᠠᠷ ᠤ᠋ᠨ ᠣᠷᠣᠨ ᠤ᠋ ᠲᠠᠯᠠᠪᠠᠢ ᠨᠡᠢᠲᠡ 7.5 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠬᠦᠷᠴᠦ᠂ ᠵᠢᠯ ᠤ᠋ᠨ ᠨᠢᠰᠴᠦ ᠪᠤᠯᠬᠤ ᠡᠳᠦᠷ ᠤ᠋ᠨ ᠲᠤᠭ᠎ᠠ 300 ᠡᠳᠦᠷ ᠡᠴᠡ ᠳᠡᠭᠡᠭᠰᠢ ᠪᠠᠢᠵᠤ᠂ ᠡᠯ᠎ᠡ ᠲᠥᠷᠥᠯ ᠤ᠋ᠨ ᠲᠤᠷᠱᠢᠵᠦ ᠨᠢᠰᠬᠦ᠂ ᠠᠭᠠᠷ ᠤ᠋ᠨ ᠠᠶᠠᠯᠠᠯ ᠤ᠋ᠨ ᠰᠤᠷᠭᠠᠭᠤᠯᠢ ᠶ᠋ᠢᠨ ᠪᠣᠯᠪᠠᠰᠤᠷᠠᠯ᠂ ᠣᠢᠷ᠎ᠠ ᠵᠠᠮ ᠤ᠋ᠨ ᠲᠡᠭᠡᠭᠡᠪᠦᠷᠢ᠂ ᠲᠣᠭᠣᠷᠢᠨ ᠵᠢᠭᠤᠯᠴᠢᠯᠠᠬᠤ ᠵᠡᠷᠭᠡ ᠬᠠᠮᠢᠶ᠎ᠠ ᠪᠥᠬᠥᠶ ᠤᠢᠷ᠎ᠠ ᠤᠬᠲᠠᠷᠭᠤᠢ ᠶ᠋ᠢᠨ ᠲᠥᠷᠥᠯ ᠵᠦᠶ᠋ᠯ ᠢ᠋ ᠵᠠᠯᠭᠠᠭ᠎ᠠ ᠪᠡᠷ ᠡᠬᠢᠯᠡᠭᠦᠯᠵᠡᠶ᠃

《ᠨᠢᠳᠤᠨᠤᠨ ᠡᠴᠡ ᠣᠲᠣ ᠪᠣᠯᠲᠠᠯ᠎ᠠ᠂ ᠣᠷᠳᠣᠰ ᠬᠣᠲᠠ ᠤᠢᠷ᠎ᠠ ᠤᠬᠲᠠᠷᠭᠤᠢ ᠶ᠋ᠢᠨ ᠠᠵᠤ ᠠᠬᠤᠶ ᠶ᠋ᠢᠨ ᠠᠵᠢᠯ ᠢ᠋ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠵᠣᠬᠢᠴᠠᠭᠤᠯᠬᠤ ᠲᠣᠭ᠍ᠲᠠᠴᠠ ᠵᠢ ᠪᠠᠢᠭᠤᠯᠵᠤ᠂ 44 ᠵᠦᠶ᠋ᠯ ᠤ᠋ᠨ ᠣᠨ ᠤ᠋ ᠭᠤᠤᠯᠳᠠᠯᠭ᠎ᠠ ᠲᠠᠢ ᠡᠭᠦᠷᠭᠡ ᠵᠢ ᠲᠣᠭ᠍ᠲᠠᠭᠠᠪᠠ᠃ ᠤᠢᠷ᠎ᠠ ᠤᠬᠲᠠᠷᠭᠤᠢ ᠶ᠋ᠢᠨ ᠠᠵᠤ ᠠᠬᠤᠢ ᠬᠢᠭᠡᠳ ᠤᠯᠠᠮᠵᠢᠯᠠᠯᠲᠤ ᠬᠢᠮᠢ ᠶ᠋ᠢᠨ ᠠᠵᠤ ᠦᠢᠯᠡᠳᠪᠦᠷᠢ᠂ ᠱᠢᠨ᠎ᠡ ᠮᠠᠲ᠋ᠧᠷᠢᠶᠠᠯ᠂ ᠡᠨᠧᠷᠭᠢ᠂ ᠲᠣᠨᠣᠭ᠍ᠯᠠᠯ᠂ ᠮᠠᠱᠢᠨ ᠲᠡᠷᠭᠡ ᠵᠡᠷᠭᠡ ᠦᠢᠯᠡᠳᠬᠦ᠌ ᠦᠢᠯᠡᠰ ᠤ᠋ᠨ ᠠᠭᠤᠰᠤᠯᠴᠠᠨ ᠬᠥᠭ᠌ᠵᠢᠬᠦ᠌ ᠵᠢ ᠠᠬᠢᠭᠤᠯᠵᠤ᠂ ᠤᠢᠷ᠎ᠠ ᠤᠬᠲᠠᠷᠭᠤᠢ ᠶ᠋ᠢᠨ ᠨᠢᠰᠦᠭᠦᠷ ᠦᠢᠯᠡᠳᠬᠦ᠌᠂ ᠤᠢᠷ᠎ᠠ ᠤᠬᠲᠠᠷᠭᠤᠢ ᠶ᠋ᠢᠨ ᠦᠢᠯᠡᠴᠢᠯᠡᠭᠡ ᠵᠢ ᠪᠣᠢᠵᠢᠭᠤᠯᠬᠤ᠂ ᠤᠢᠷ᠎ᠠ ᠤᠬᠲᠠᠷᠭᠤᠢ ᠶ᠋ᠢᠨ ᠬᠡᠷᠡᠭ᠌ᠯᠡᠭᠡᠨ ᠤ᠋ ᠲᠠᠯᠠᠪᠠᠢ ᠵᠢ ᠥᠷᠭᠡᠳᠭᠡᠬᠦ᠌ ᠭᠤᠷᠪᠠᠨ ᠲᠠᠯ᠎ᠠ ᠡᠴᠡ ᠠᠵᠤ ᠦᠢᠯᠡᠰ ᠤ᠋ᠨ ᠪᠠᠢᠷᠢᠯᠠᠭᠤᠯᠤᠯᠲᠠ ᠵᠢ ᠱᠢᠯᠢᠳᠡᠭ᠌ᠵᠢᠭᠦᠯᠪᠡ》ᠭᠡᠵᠦ᠍ ᠤᠷᠳᠤᠰ ᠬᠤᠳᠠ ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ ᠤ᠋ᠨ ᠠᠵᠤ ᠠᠬᠤᠢ ᠪᠠ ᠤᠯᠤᠰ ᠤ᠋ᠨ ᠪᠠᠲᠤᠯᠠᠨ ᠬᠠᠮᠠᠭᠠᠯᠠᠯᠲᠠ ᠶ᠋ᠢ ᠵᠤᠬᠢᠴᠠᠭᠤᠯᠤᠨ ᠬᠦᠭᠵᠢᠭᠦᠯᠬᠦ ᠰᠠᠯᠠᠭᠠᠨ ᠤ᠋ ᠳᠠᠷᠤᠭ᠎ᠠ ᠸᠠᠩ ᠵᠦᠩ ᠵᠧᠩ ᠬᠡᠯᠡᠨ᠎ᠠ᠃

ᠤᠢᠷ᠎ᠠ ᠤᠬᠲᠠᠷᠭᠤᠢ ᠭᠡᠳᠡᠭ ᠨᠢ ᠶᠡᠷᠦ᠍ ᠳ᠋ᠡᠭᠡᠨ ᠵᠢᠩᠬᠢᠨᠢ ᠥᠨᠳᠥᠷ ᠡᠴᠡ 1000 ᠮᠧᠲ᠋ᠷ ᠡᠴᠡ ᠳᠣᠷᠣᠭ᠍ᠰᠢ ᠣᠷᠣᠨ ᠢ᠋ ᠵᠢᠭᠠᠵᠤ ᠪᠠᠢᠨ᠎ᠠ᠃ ᠨᠡᠢᠳᠡᠮ ᠬᠡᠷᠡᠭᠯᠡᠭᠡᠨ ᠤ᠋ ᠠᠭᠠᠷ ᠤ᠋ᠨ ᠠᠶᠠᠯᠠᠯ ᠨᠢ ᠤᠢᠷ᠎ᠠ ᠤᠬᠲᠠᠷᠭᠤᠢ ᠶ᠋ᠢᠨ ᠠᠵᠤ ᠠᠬᠤᠶ ᠶ᠋ᠢᠨ ᠭᠤᠤᠯ ᠴᠣᠭ᠍ᠴᠠ ᠶ᠋ᠢᠨ ᠠᠵᠤ ᠦᠶ᠋ᠯᠡᠰ ᠪᠣᠯᠤᠭ᠍ᠰᠠᠨ ᠤ᠋ ᠬᠤᠪᠢ ᠳ᠋ᠤ᠂ ᠣᠷᠳᠣᠰ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ ᠨᠢ ᠶᠠᠭ ᠤᠢᠷ᠎ᠠ ᠤᠬᠲᠠᠷᠭᠤᠢ ᠶ᠋ᠢᠨ ᠠᠵᠤ ᠦᠶ᠋ᠯᠡᠰ ᠤ᠋ᠨ ᠲᠥᠷᠥᠯ ᠵᠦᠶ᠋ᠯ ᠤ᠋ᠨ ᠪᠠᠢᠷᠢᠱᠢᠭᠤᠯᠤᠯᠲᠠ ᠵᠢ ᠲᠦᠷᠭᠡᠳᠭᠡᠨ ᠠᠬᠢᠭᠤᠯᠵᠤ ᠪᠠᠢᠨ᠎ᠠ᠃

ᠣᠷᠳᠣᠰ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ ᠤ᠋ᠨ ᠬᠢᠨ 《ᠵᠢᠵᠢᠭ ᠬᠡᠯᠪᠡᠷᠢ ᠶ᠋ᠢᠨ᠂ ᠤᠢᠷ᠎ᠠ ᠠᠶᠠᠯᠠᠯ ᠤ᠋ᠨ ᠱᠤᠭᠤᠮ ᠂ ᠤᠢᠷ᠎ᠠ ᠠᠶᠠᠯᠠᠯ ᠤ᠋ᠨ ᠵᠠᠮ》 ᠤ᠋ᠨ ᠨᠡᠢᠳᠡᠮ ᠬᠡᠷᠡᠭ᠌ᠯᠡᠭᠡᠨ ᠤ᠋ ᠠᠭᠠᠷ ᠤ᠋ᠨ ᠲᠡᠭᠡᠭᠡᠪᠦᠷᠢ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠣᠢᠷ᠎ᠠ ᠵᠠᠮ ᠤ᠋ᠨ ᠲᠡᠭᠡᠭᠡᠪᠦᠷᠢ ᠶ᠋ᠢᠨ ᠲᠤᠬᠠᠢᠯᠠᠭ᠍ᠰᠠᠨ ᠠᠵᠢᠯ ᠢ᠋ ᠶᠡᠬᠡᠪᠡᠷ ᠬᠥᠭ᠌ᠵᠢᠭᠦᠯᠦᠨ᠂ ᠠᠷᠠᠳ ᠤ᠋ᠨ ᠠᠭᠠᠷ ᠤ᠋ᠨ ᠲᠡᠭᠡᠭᠡᠪᠦᠷᠢ ᠶ᠋ᠢᠨ 《 ᠭᠤᠤᠯ ᠵᠠᠮ ᠪᠠ ᠰᠠᠯᠪᠤᠷᠢ ᠵᠠᠮ ᠎ᠢ ᠨᠡᠪᠲᠡᠷᠡᠭᠦᠯᠵᠦ  ᠪᠥᠬᠥ᠌ ᠲᠤᠤᠷ ᠢ᠋ ᠬᠣᠯᠪᠣᠬᠤ 》 ᠠᠶᠠᠯᠠᠯ ᠤ᠋ᠨ ᠱᠤᠭᠤᠮ ᠤ᠋ᠨ ᠲᠤᠤᠷ ᠰᠦᠯᠵᠢᠶ᠎ᠡ ᠳ᠋ᠤ ᠢᠳᠡᠪᠬᠢᠲᠡᠶ ᠠᠭᠤᠰᠤᠯᠴᠠᠵᠤ᠂ 6 ᠵᠤᠷᠪᠤᠰ ᠣᠢᠷ᠎ᠠ ᠵᠠᠮ ᠤ᠋ᠨ ᠲᠡᠭᠡᠭᠡᠪᠦᠷᠢ ᠶ᠋ᠢᠨ ᠠᠶᠠᠯᠠᠯ ᠤ᠋ᠨ ᠱᠤᠭᠤᠮ ᠢ᠋ ᠨᠡᠪᠲᠡᠷᠡᠭᠦᠯᠪᠡ᠃

ᠣᠷᠳᠣᠰ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ ᠳ᠋ᠤ ᠣᠳᠣᠬᠠᠨ ᠳ᠋ᠤ ᠨᠢᠭᠡᠨᠲᠡ 1 ᠰᠠᠯᠪᠤᠷᠢ ᠱᠤᠭᠤᠮ ᠤ᠋ᠨ ᠲᠡᠭᠡᠭᠡᠪᠦᠷᠢ ᠶ᠋ᠢᠨ ᠨᠢᠰᠭᠡᠯ ᠤ᠋ᠨ ᠪᠠᠭᠤᠳᠠᠯ ᠲᠠᠢ ᠪᠣᠯᠵᠣ᠂ A1 ᠲᠠᠰ ᠤ᠋ᠨ 3 ᠨᠡᠢᠳᠡᠮ ᠬᠡᠷᠡᠭ᠌ᠯᠡᠭᠡᠨ ᠤ᠋ ᠨᠢᠰᠭᠡᠯ ᠤ᠋ᠨ ᠪᠠᠭᠤᠳᠠᠯ ᠢ᠋ ᠪᠠᠢᠭᠤᠯᠵᠤ᠂ 4 ᠤᠢᠷ᠎ᠠ ᠤᠬᠲᠠᠷᠭᠤᠢ ᠶ᠋ᠢᠨ ᠨᠢᠰᠦᠯᠲᠡ ᠶ᠋ᠢᠨ ᠬᠥᠭ᠌ᠵᠢᠶᠡᠨᠲᠡᠶ ᠣᠷᠣᠨ ᠪᠦᠰᠡ ᠵᠢ ᠪᠠᠢᠷᠢᠱᠢᠭᠤᠯᠤᠨ᠂ ᠨᠡᠯᠢᠶᠡᠳ ᠪᠦᠷᠢᠨ ᠲᠡᠭᠦᠯᠳᠡᠷ ᠴᠢᠮᠡᠭᠡ ᠬᠣᠯᠪᠣᠭ᠎ᠠ᠂ ᠠᠶᠠᠯᠠᠯ ᠵᠠᠯᠠᠬᠤ᠂ ᠴᠢᠮᠡᠭᠡ ᠮᠡᠳᠡᠭᠡ᠂ ᠴᠠᠭ ᠠᠭᠤᠷ᠂ ᠬᠢᠨᠠᠨ ᠠᠵᠢᠭ᠍ᠯᠠᠬᠤ ᠪᠠᠲᠤᠯᠠᠭ᠎ᠠ ᠶ᠋ᠢᠨ ᠱᠢᠰᠲ᠋ᠧᠮ ᠢ᠋ ᠪᠦᠷᠢᠯᠳᠦᠭᠦᠯᠵᠦ᠍᠂ ᠤᠢᠷ᠎ᠠ ᠤᠬᠲᠠᠷᠭᠤᠢ ᠶ᠋ᠢᠨ ᠠᠵᠤ ᠠᠬᠤᠶ ᠶ᠋ᠢᠨ ᠱᠢᠨ᠎ᠡ ᠵᠢ ᠡᠭᠦᠳᠬᠦ᠌ ᠤᠷᠴᠢᠨ ᠠᠬᠤᠶ ᠵᠢ ᠪᠠᠢᠭᠤᠯᠬᠤ ᠳ᠋ᠤ ᠰᠠᠭᠤᠷᠢ ᠲᠠᠯᠪᠢᠪᠠ᠃

ᠰᠠᠭᠤᠷᠢ ᠲᠠᠪᠴᠠᠩ ᠢ᠋ ᠪᠠᠢᠭᠤᠯᠵᠤ ᠳᠠᠪᠠᠭᠤᠯᠢᠬ ᠠᠵᠤ ᠦᠶ᠋ᠯᠡᠰ ᠢ᠋ ᠬᠥᠭ᠌ᠵᠢᠭᠦᠯᠤᠨ᠎ᠠ

ᠣᠢᠷ᠎ᠠ ᠶ᠋ᠢᠨ ᠵᠢᠯ ᠡᠴᠡ ᠨᠠᠭᠠᠰᠢ᠂ ᠣᠷᠳᠣᠰ ᠬᠣᠲᠠ ᠶ᠋ᠢᠨ ᠤᠢᠷ᠎ᠠ ᠤᠬᠲᠠᠷᠭᠤᠢ ᠶ᠋ᠢᠨ ᠠᠵᠤ ᠠᠬᠤᠶ ᠨᠢ ᠲᠠᠷᠢᠶᠠᠯᠠᠩ ᠣᠶ ᠱᠢᠭᠤᠶ ᠤᠷᠭᠤᠮᠠᠯ ᠤ᠋ᠨ ᠬᠠᠮᠠᠭᠠᠯᠠᠯᠲᠠ᠂ ᠴᠠᠬᠢᠯᠭᠠᠨ ᠬᠦᠴᠦᠨ ᠤ᠋ ᠲᠣᠭᠣᠷᠢᠨ ᠪᠠᠢᠴᠠᠭᠠᠯᠲᠠ ᠵᠡᠷᠭᠡ ᠤᠯᠠᠮᠵᠢᠯᠠᠯᠲᠤ ᠠᠭᠠᠷ ᠤ᠋ᠨ ᠠᠶᠠᠯᠠᠯ ᠤ᠋ᠨ ᠬᠦᠷᠢᠶ᠎ᠡ ᠡᠴᠡ ᠠᠭᠠᠷ ᠳᠡᠭᠡᠷᠡᠬᠢ ᠵᠢᠭᠤᠯᠴᠢᠯᠠᠯ᠂ ᠠᠭᠠᠷ ᠤ᠋ᠨ ᠠᠶᠠᠯᠠᠯ ᠤ᠋ᠨ ᠬᠥᠳᠡᠯᠭᠡᠭᠡᠨ᠂ ᠡᠮ ᠡᠮᠨᠡᠯᠭᠡ ᠶ᠋ᠢᠨ ᠠᠪᠤᠷᠠᠨ ᠲᠤᠰᠠᠯᠠᠯᠲᠠ ᠵᠡᠷᠭᠡ ᠱᠢᠨ᠎ᠡ ᠪᠡᠷ ᠬᠥᠭ᠌ᠵᠢᠭ᠌ᠰᠡᠨ ᠡᠵᠡᠩᠨᠡᠯᠲᠡ ᠶ᠋ᠢᠨ ᠬᠡᠯᠪᠡᠷᠢ ᠬᠦᠷᠲᠡᠯ᠎ᠡ ᠥᠷᠭᠡᠵᠢᠪᠡ᠃

ᠣᠷᠳᠣᠰ ᠤ᠋ᠨ ᠨᠢᠰᠭᠡᠯ ᠤ᠋ᠨ ᠪᠠᠭᠤᠳᠠᠯ ᠤ᠋ᠨ ᠵᠠᠬᠢᠷᠬᠤ ᠴᠠᠮᠬᠠᠭ ᠤ᠋ᠨ ᠳᠣᠲᠣᠷ᠎ᠠ᠂ ᠨᠢᠰᠦᠯᠲᠡ ᠶ᠋ᠢᠨ ᠲᠥᠯᠥᠪᠯᠡᠭᠡ᠂ ᠨᠢᠰᠦᠯᠲᠡ ᠵᠢ ᠬᠢᠨᠠᠨ ᠵᠥᠪᠱᠢᠶᠡᠷᠡᠬᠦ᠌᠂ ᠤᠢᠷ᠎ᠠ ᠤᠬᠲᠠᠷᠭᠤᠢ ᠶ᠋ᠢᠨ ᠴᠠᠭ ᠠᠭᠤᠷ᠂ ᠤᠢᠷ᠎ᠠ ᠤᠬᠲᠠᠷᠭᠤᠢ ᠶ᠋ᠢᠨ ᠬᠢᠨᠠᠨ ᠠᠵᠢᠬᠯᠠᠯᠲᠠ ᠵᠡᠷᠭᠡ ᠴᠢᠳᠠᠮᠵᠢ ᠵᠢ ᠨᠢᠭᠡ ᠴᠣᠭ᠍ᠴᠠᠵᠢᠭᠤᠯᠤᠭ᠍ᠰᠠᠨ ᠤᠢᠷ᠎ᠠ ᠤᠬᠲᠠᠷᠭᠤᠢ ᠶ᠋ᠢᠨ ᠣᠶᠤᠨᠴᠢ ᠰᠦᠯᠵᠢᠶᠡᠨ ᠤ᠋ ᠬᠣᠯᠪᠣᠭ᠎ᠠ ᠶ᠋ᠢᠨ ᠲᠥᠪ ᠢ᠋ 4 ᠰᠠᠷ᠎ᠠ ᠶ᠋ᠢᠨ 17  ᠤ᠋ ᠡᠳᠦᠷ ᠡᠴᠡ ᠡᠬᠢᠯᠡᠨ ᠲᠤᠷᠱᠢᠨ ᠠᠵᠢᠯᠯᠠᠭᠤᠯᠪᠠ᠃

《ᠤᠢᠷ᠎ᠠ ᠤᠬᠲᠠᠷᠭᠤᠢ ᠶ᠋ᠢᠨ ᠤᠶᠤᠨᠴᠢ ᠰᠦᠯᠵᠢᠶᠡᠨ ᠤ᠋ ᠬᠣᠯᠪᠣᠭ᠎ᠠ ᠶ᠋ᠢᠨ ᠲᠥᠪ ᠨᠢ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ A ᠲᠥᠷᠥᠯ ᠤ᠋ᠨ ᠨᠢᠰᠦᠯᠲᠡ ᠶ᠋ᠢᠨ ᠦᠶ᠋ᠯᠡᠴᠢᠯᠡᠭᠡᠨ ᠤ᠋ ᠥᠷᠲᠡᠭᠡ᠂ ᠵᠢᠯᠣᠭᠣᠴᠢ ᠥᠬᠡᠶ ᠨᠢᠰᠭᠡᠯ ᠢ᠋ ᠬᠠᠮᠢᠶᠠᠷᠤᠨ ᠡᠵᠡᠮᠳᠡᠬᠦ᠌ ᠪᠠ ᠠᠭᠠᠷ ᠤ᠋ᠨ ᠠᠶᠠᠯᠠᠯ ᠤ᠋ᠨ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠲᠤᠰᠠᠯᠠᠬᠤ ᠭᠤᠷᠪᠠᠨ ᠲᠠᠪᠴᠠᠩ ᠢ᠋ᠶ᠋ᠡᠷ ᠪᠦᠷᠢᠯᠳᠦᠵᠡᠶ》 ᠭᠡᠵᠤ ᠣᠷᠳᠣᠰ ᠤ᠋ᠨ ᠤᠢᠷ᠎ᠠ ᠤᠬᠲᠠᠷᠭᠤᠢ ᠶ᠋ᠢᠨ ᠠᠵᠤ ᠠᠬᠤᠶ ᠶ᠋ᠢᠨ ᠨᠡᠭᠡᠭᠡᠯᠲᠡ ᠶ᠋ᠢᠨ ᠬᠢᠵᠠᠭᠠᠷᠲᠤ ᠺᠣᠮᠫᠠᠨᠢ ᠶ᠋ᠢᠨ ᠨᠢᠰᠭᠡᠯ ᠤ᠋ᠨ ᠪᠠᠭᠤᠳᠠᠯ ᠤ᠋ᠨ ᠠᠵᠢᠯᠯᠠᠭᠠᠨ ᠤ᠋ ᠬᠡᠯᠲᠡᠰ ᠤ᠋ᠨ ᠬᠠᠷᠢᠭᠤᠴᠠᠯᠭᠠᠲᠠᠨ ᠦ᠋ ᠸᠧᠶ ᠰᠤᠷᠪᠤᠯᠵᠢᠯᠠᠭ᠍ᠴᠢ ᠭᠡᠯᠡᠨ᠎ᠠ᠃ ᠲᠠᠷᠠ ᠪᠠᠰᠠ ᠰᠠᠭᠤᠷᠢ ᠵᠢ ᠪᠠᠲᠤ ᠴᠣᠭ᠍ᠴᠠᠯᠠᠭ᠍ᠰᠠᠨ ᠤ᠋ ᠳᠠᠷᠠᠭ᠎ᠠ᠂ ᠪᠥᠬᠥ᠌ ᠬᠣᠲᠠ ᠠᠳᠠᠯᠢ ᠪᠤᠰᠤ ᠬᠣᠱᠢᠭᠤ ᠲᠣᠭᠣᠷᠢᠭ ᠤ᠋ᠨ ᠣᠷᠣᠨ ᠪᠠᠢᠷᠢ ᠶ᠋ᠢᠨ ᠳᠠᠪᠠᠭᠤᠯᠢᠭ ᠪᠠ ᠠᠭᠠᠷ ᠤ᠋ᠨ ᠣᠷᠣᠨ ᠤ᠋ ᠡᠬᠢ ᠪᠠᠶᠠᠯᠢᠭ ᠤ᠋ᠨ ᠣᠨᠴᠠᠯᠢᠭ ᠢ᠋ ᠦᠨᠳᠦᠰᠦᠯᠡᠨ᠂ ᠠᠭᠠᠷ ᠤ᠋ᠨ ᠠᠶᠠᠯᠠᠯ ᠤ᠋ᠨ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠠᠷᠭ᠎ᠠ ᠪᠣᠳᠣᠯᠭ᠎ᠠ ᠵᠢ ᠲᠣᠭ᠍ᠲᠠᠭᠠᠬᠤ ᠶ᠋ᠢᠨ ᠬᠠᠮᠲᠤ ᠬᠣᠯᠪᠣᠭ᠍ᠳᠠᠯ ᠪᠥᠬᠥᠶ ᠠᠵᠤ ᠦᠶ᠋ᠯᠡᠰ ᠢ᠋ ᠢᠳᠡᠪᠬᠢᠲᠡᠶ ᠣᠷᠣᠭᠤᠯᠤᠨ ᠠᠪᠴᠢᠷᠠᠪᠠ ᠭᠡᠯ᠎ᠠ᠃

ᠷᠦᠩ ᠲᠦᠩ ᠠᠮᠤᠷ ᠲᠦᠪᠱᠢᠨ ᠤ᠋ ᠰᠡᠷᠭᠡᠢᠯᠡᠯᠲᠡ ᠶ᠋ᠢᠨ ᠣᠯᠠᠨ ᠤᠯᠤᠰ ᠤ᠋ᠨ ᠵᠢᠯᠣᠭᠣᠴᠢ ᠥᠬᠡᠶ ᠨᠢᠰᠭᠡᠯ ᠤ᠋ᠨ ᠰᠠᠭᠤᠷᠢᠨ ᠣᠲᠣᠭ ᠬᠣᠱᠢᠭᠤᠨ ᠤ᠋ ᠨᠡᠢᠳᠡᠮ ᠬᠡᠷᠡᠭ᠌ᠯᠡᠭᠡᠨ ᠤ᠋ ᠨᠢᠰᠭᠡᠯ ᠤ᠋ᠨ ᠪᠠᠭᠤᠳᠠᠯ ᠳ᠋ᠤ ᠰᠠᠭᠤᠷᠢᠰᠢᠪᠠ ; ᠭᠤᠸᠠᠩᠵᠧᠦ᠍ ᠶ᠋ᠢᠨ ᠲᠢᠶᠠᠨ ᠬᠠᠶ ᠱᠢᠶᠠᠩ ᠠᠭᠠᠷ ᠤ᠋ᠨ ᠠᠶᠠᠯᠠᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠶ᠋ᠢᠨ ᠵᠢᠯᠣᠭᠣᠴᠢ ᠥᠬᠡᠶ ᠨᠢᠰᠭᠡᠯ ᠢ᠋ ᠤᠭ᠍ᠰᠠᠷᠠᠬᠤ᠂ ᠲᠤᠷᠱᠢᠬᠤ ᠂ ᠱᠢᠯᠭᠠᠨ ᠪᠠᠲᠤᠯᠠᠬᠤ ᠨᠢᠰᠦᠯᠲᠡ ᠶ᠋ᠢᠨ ᠲᠥᠷᠥᠯ ᠵᠦᠶ᠋ᠯ ᠣᠲᠣᠭ ᠬᠣᠱᠢᠭᠤᠨ ᠤ᠋ ᠨᠡᠢᠳᠡᠮ ᠤ᠋ᠨ ᠬᠡᠷᠡᠭ᠌ᠯᠡᠭᠡᠨ ᠤ᠋ ᠨᠢᠰᠭᠡᠯ ᠤ᠋ᠨ ᠪᠠᠭᠤᠳᠠᠯ ᠳ᠋ᠤ ᠨᠠᠢᠳᠠᠪᠤᠷᠢᠵᠢᠭᠤᠯᠤᠬᠳᠠᠪᠠ ᠁ ᠤᠢᠷ᠎ᠠ ᠤᠬᠲᠠᠷᠭᠤᠢ ᠶ᠋ᠢᠨ ᠠᠵᠤ ᠦᠶ᠋ᠯᠡᠰ ᠤ᠋ᠨ ᠲᠥᠷᠥᠯ ᠵᠦᠶ᠋ᠯ ᠵᠠᠯᠭᠠᠭ᠎ᠠ ᠪᠡᠷ ᠨᠠᠢᠳᠠᠪᠤᠷᠢᠵᠢᠭᠤᠯᠤᠭ᠍ᠳᠠᠬᠤ ᠵᠢ ᠳᠠᠭᠠᠯᠳᠤᠨ᠂ ᠣᠷᠳᠣᠰ ᠤ᠋ᠨ ᠤᠢᠷ᠎ᠠ ᠤᠬᠲᠠᠷᠭᠤᠢ ᠶ᠋ᠢᠨ ᠠᠵᠤ ᠦᠶ᠋ᠯᠡᠰ ᠤ᠋ᠨ ᠪᠠᠢᠷᠢᠱᠢᠭᠤᠯᠤᠯᠲᠠ ᠶ᠋ᠢ ᠨᠠᠢᠳᠠᠪᠤᠷᠢᠵᠢᠭᠤᠯᠬᠤ  ᠠᠬᠢᠴᠠ ᠲᠦᠷᠭᠡᠳᠪᠡ᠃

ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ᠋ ᠬᠤᠯᠪᠤᠯᠳᠤᠭᠤᠯᠵᠤ ᠬᠡᠷᠡᠭ᠌ᠯᠡᠭᠡᠨ ᠤ᠋ ᠠᠬᠤᠶ ᠲᠠᠯᠠᠪᠠᠶ᠎ᠵᠢ ᠥᠷᠭᠡᠳᠭᠡᠨ᠎ᠠ

ᠣᠷᠳᠣᠰ ᠤ᠋ᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠳ᠋ᠤ ᠬᠦᠷᠪᠡᠯ᠂ ᠨᠢᠰᠭᠡᠯ ᠵᠣᠭ᠍ᠰᠣᠬᠤ ᠭᠠᠵᠠᠷ ᠳᠡᠭᠡᠷ᠎ᠡ ᠵᠣᠭ᠍ᠰᠣᠵᠤ ᠪᠠᠢᠭ᠎ᠠ ᠲᠣᠮᠣ ᠨᠢᠰᠭᠡᠯ ᠣᠨᠴᠠᠭᠠᠶ ᠢᠯᠡ ᠬᠠᠷᠠᠭ᠍ᠳᠠᠨ᠎ᠠ᠃ 《ᠡᠨᠡ ᠵᠢᠯ ᠠᠩᠬ᠎ᠠ ᠤᠳᠠᠭ᠎ᠠ ᠤᠢᠷ᠎ᠠ ᠤᠬᠲᠠᠷᠭᠤᠢ ᠶ᠋ᠢᠨ ᠢᠨᠵᠧᠨᠧᠷᠢᠩ ᠪᠠ ᠨᠢᠰᠦᠭᠦᠷ ᠢ᠋ ᠠᠵᠢᠯᠯᠠᠭᠤᠯᠬᠤ ᠠᠷᠠᠴᠢᠯᠠᠨ ᠬᠠᠮᠠᠭᠠᠯᠠᠬᠤ ᠵᠢᠩᠬᠢᠨᠢ ᠠᠩᠭᠢ ᠶ᠋ᠢᠨ ᠲᠤᠰᠭᠠᠶ ᠮᠡᠷᠭᠡᠵᠢᠯ ᠢ᠋ᠶ᠋ᠡᠷ ᠰᠤᠷᠤᠬᠴᠢ ᠡᠯᠰᠡᠵᠦ᠍ ᠪᠠᠢᠨ᠎ᠠ᠂ ᠡᠨᠡ ᠨᠢ ᠤᠯᠤᠰ᠎ᠲᠠᠭᠠᠨ ᠦᠶ᠋ᠯᠡᠳᠪᠦᠷᠢᠯᠡᠭ᠌ᠰᠡᠨ ᠠᠷᠠᠳ ᠤ᠋ᠨ ᠨᠢᠰᠭᠡᠯ ᠢ᠋ ᠠᠵᠢᠯᠯᠠᠭᠤᠯᠬᠤ ᠠᠷᠠᠴᠢᠯᠠᠨ ᠬᠠᠮᠠᠭᠠᠯᠠᠬᠤ᠂ ᠤᠢᠷ᠎ᠠ ᠤᠬᠲᠠᠷᠭᠤᠢ ᠶ᠋ᠢᠨ ᠣᠷᠣᠨ ᠤ᠋ ᠲᠥᠯᠥᠪᠵᠢᠭᠦᠯᠭᠡ ᠬᠠᠮᠢᠶᠠᠷᠤᠯᠲᠠ ᠵᠢᠴᠢ ᠵᠢᠯᠣᠭᠣᠴᠢ ᠥᠬᠡᠶ ᠨᠢᠰᠭᠡᠯ ᠪᠠ ᠭᠠᠵᠠᠷ ᠳᠡᠭᠡᠷᠡᠬᠢ ᠦᠶ᠋ᠯᠡᠴᠢᠯᠡᠭᠡᠨ ᠤ᠋ ᠥᠷᠲᠡᠭᠡ ᠶ᠋ᠢ ᠠᠵᠢᠯᠯᠠᠭᠤᠯᠬᠤ ᠠᠷᠠᠴᠢᠯᠠᠨ ᠬᠠᠮᠠᠭᠠᠯᠠᠬᠤ ᠲᠤᠰᠭᠠᠶ ᠮᠡᠷᠭᠡᠵᠢᠯ ᠤ᠋ᠨ ᠴᠢᠳᠠᠪᠤᠷᠢᠲᠠᠨ ᠢ᠋ ᠬᠥᠮᠦᠵᠢᠭᠦᠯᠬᠦ ᠪᠡᠷ ᠵᠤᠷᠢᠯᠭ᠎ᠠ ᠪᠠᠨ ᠪᠤᠯᠭᠠᠪᠠ 》 ᠭᠡᠵᠦ᠍ ᠲᠣᠰ ᠳᠡᠭᠡᠳᠦ ᠰᠤᠷᠭᠠᠭᠤᠯᠢ ᠶ᠋ᠢᠨ ᠨᠢᠰᠭᠡᠯ ᠤ᠋ᠨ ᠳᠡᠭᠡᠳᠦ ᠰᠤᠷᠭᠠᠭᠤᠯᠢ ᠶ᠋ᠢᠨ ᠬᠠᠷᠢᠭᠤᠴᠠᠯᠭᠠᠲᠠᠨ ᠶᠠᠩ ᠱᠢᠤᠸᠠᠢ ᠸᠸᠨ ᠭᠡᠯᠡᠨ᠎ᠠ᠃

ᠲᠠᠨᠢᠯᠴᠠᠭᠤᠯᠤᠭ᠍ᠰᠠᠨ ᠢ᠋ᠶ᠋ᠡᠷ᠂ ᠳᠡᠭᠡᠳᠦ ᠰᠤᠷᠭᠠᠭᠤᠯᠢ ᠶ᠋ᠢᠨ ᠪᠠᠭ᠍ᠰᠢ᠎ᠨᠠᠷ ᠲᠦ᠍ ᠠᠷᠠᠳ ᠤ᠋ᠨ ᠠᠭᠠᠷ ᠤ᠋ᠨ ᠲᠡᠭᠡᠭᠡᠪᠦᠷᠢ ᠶ᠋ᠢᠨ ᠲᠣᠪᠴᠢᠶ᠎ᠠ ᠶ᠋ᠢᠨ ᠠᠷᠠᠳ ᠤ᠋ᠨ ᠠᠭᠠᠷ ᠤ᠋ᠨ ᠲᠡᠭᠡᠭᠡᠪᠦᠷᠢ ᠶ᠋ᠢᠨ ᠰᠡᠯᠪᠢᠨ ᠵᠠᠰᠠᠬᠤ ᠠᠵᠢᠯᠲᠠᠨ (TA)  ᠤ᠋ ᠦᠨᠡᠮᠯᠡᠯ ᠲᠠᠢ 9 ᠬᠥᠮᠦᠨ ᠪᠠᠢᠵᠤ᠂ 2 ᠪᠤᠳᠠᠲᠠᠢ ᠪᠤᠯᠪᠠᠰᠤᠷᠠᠯ ᠤ᠋ᠨ ᠨᠢᠰᠭᠡᠯ ᠵᠢᠴᠢ ᠠᠭᠠᠷ ᠤ᠋ᠨ ᠨᠢᠰᠦᠭᠦᠷ ᠤ᠋ᠨ ᠦᠨᠳᠦᠰᠦᠨ ᠰᠡᠯᠪᠢᠨ ᠵᠠᠰᠠᠬᠤ ᠤᠷ᠎ᠠ ᠴᠢᠳᠠᠪᠤᠷᠢ᠂ ᠵᠢᠯᠣᠭᠣᠴᠢ ᠥᠬᠡᠶ ᠨᠢᠰᠭᠡᠯ ᠢ᠋ ᠤᠭ᠍ᠰᠠᠷᠠᠨ ᠲᠣᠬᠢᠷᠠᠭᠤᠯᠬᠤ᠂ ᠠᠭᠠᠷ ᠤ᠋ᠨ ᠠᠶᠠᠯᠠᠯ ᠤ᠋ᠨ ᠬᠥᠳᠡᠯᠭᠡᠭᠦᠷ ᠵᠡᠷᠭᠡ ᠲᠤᠷᠱᠢᠯᠲᠠ ᠪᠤᠳᠠᠲᠠᠢ ᠪᠤᠯᠪᠠᠰᠤᠷᠠᠯ ᠤ᠋ᠨ ᠲᠠᠪᠴᠠᠩ ᠲᠠᠢ ᠪᠠᠢᠵᠤ᠂ ᠲᠤᠰᠭᠠᠶ ᠮᠡᠷᠭᠡᠵᠢᠯ ᠤ᠋ᠨ ᠪᠠᠭ᠍ᠰᠢ ᠶ᠋ᠢᠨ ᠬᠦᠴᠦᠨ ᠵᠢᠴᠢ ᠰᠤᠷᠭᠠᠭᠤᠯᠢ ᠡᠷᠭᠢᠯᠡᠬᠦ᠌ ᠪᠣᠳᠠᠲᠤ ᠬᠦᠴᠦᠨ ᠢ᠋ᠶ᠋ᠡᠷ ᠴᠢᠩᠭ᠎ᠠ ᠪᠠᠢᠳᠠᠭ᠃

ᠡᠨᠡ ᠵᠢᠯ᠂ ᠪᠥᠬᠥ᠌ ᠬᠣᠲᠠ ᠤᠢᠷ᠎ᠠ ᠤᠬᠲᠠᠷᠭᠤᠢ ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠬᠡᠯᠪᠡᠷᠢ ᠶ᠋ᠢᠨ ᠠᠷᠠᠯᠵᠢᠶᠠᠴᠢᠨ ᠤᠷᠢᠵᠤ ᠪᠠᠯᠠ ᠬᠤᠷᠠᠮᠳᠤᠭᠤᠯᠬᠤ 21 ᠲᠥᠷᠥᠯ ᠵᠦᠶ᠋ᠯ ᠢ᠋ ᠵᠣᠯᠭᠠᠯᠳᠤᠭᠤᠯᠵᠤ᠂ ᠡᠭᠦᠨ ᠳ᠋ᠤ ᠳ᠋ᠠ ᠳ᠋ᠤᠤ ᠤᠶᠤᠨᠴᠢ ᠤᠢᠷ᠎ᠠ ᠤᠬᠲᠠᠷᠭᠤᠢ ᠶ᠋ᠢᠨ ᠨᠢᠰᠦᠭᠦᠷ ᠢ᠋ ᠵᠢᠷᠤᠵᠤ ᠲᠥᠯᠥᠪᠯᠡᠨ ᠦᠶ᠋ᠯᠡᠳᠬᠦ᠌ ᠪᠠ ᠬᠡᠷᠡᠭ᠌ᠯᠡᠬᠦ᠌ ᠲᠥᠷᠥᠯ ᠵᠦᠶ᠋ᠯ᠂ ᠳᠤᠮᠳᠠᠳᠤ ᠤᠯᠤᠰ ᠤ᠋ᠨ ᠨᠢᠰᠦᠯᠲᠡ ᠶ᠋ᠢᠨ ᠲᠤᠷᠱᠢᠯᠲᠠ ᠶ᠋ᠢᠨ ᠰᠤᠳᠤᠯᠭᠠᠨ ᠤ᠋ ᠬᠦᠷᠢᠶᠡᠯᠡᠩ ᠤ᠋ᠨ 《ᠤᠢᠷ᠎ᠠ ᠣᠭ᠍ᠲᠠᠷᠭᠤᠶ + ᠲᠤᠷᠱᠢᠨ ᠨᠢᠰᠭᠦ》 ᠲᠥᠷᠥᠯ ᠵᠦᠶ᠋ᠯ ᠂ ᠵᠧᠵᠢᠶᠠᠩ ᠤ᠋ᠨ ᠪᠢ ᠢ ᠣᠶᠤᠨᠲᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠶ᠋ᠢᠨ ᠲᠦᠷᠦᠯ ᠵᠦᠢᠯ ᠨᠢᠭᠡᠨᠲᠡ ᠨᠠᠢᠳᠠᠪᠤᠷᠢᠵᠢᠭᠤᠯᠤᠬᠳᠠᠪᠠ᠃

ᠠᠭᠠᠷ ᠤ᠋ᠨ ᠣᠷᠣᠨ ᠤ᠋ ᠡᠬᠢ ᠪᠠᠶᠠᠯᠢᠭ ᠡᠴᠡ ᠨᠢᠰᠭᠡᠯ ᠤ᠋ᠨ ᠪᠠᠭᠤᠳᠠᠯ ᠤ᠋ᠨ ᠱᠢᠰᠲ᠋ᠧᠮ ᠬᠦᠷᠲᠡᠯ᠎ᠡ᠂ ᠲᠦᠷᠦ᠍ ᠶ᠋ᠢᠨ ᠪᠤᠳᠤᠯᠭ᠎ᠠ ᠶ᠋ᠢᠨ ᠲᠤᠯᠭᠠᠭᠤᠷᠢᠯᠠᠯ ᠡᠴᠡ ᠴᠢᠬᠤᠯᠠ ᠡᠯᠧᠮᠧᠨ᠋ᠲ ᠤ᠋ᠨ ᠪᠠᠲᠤᠯᠠᠭ᠎ᠠ ᠬᠦᠷᠲᠡᠯ᠎ᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠡᠴᠡ ᠠᠵᠤ ᠦᠢᠯᠡᠰ ᠤ᠋ᠨ ᠠᠭᠤᠰᠤᠯᠴᠠᠯ ᠬᠦᠷᠲᠡᠯ᠎ᠡ᠂ ᠤᠷᠳᠤᠰ ᠬᠤᠳᠠ ᠶᠠᠭ ᠤᠢᠷ᠎ᠠ ᠤᠬᠲᠠᠷᠭᠤᠢ ᠶ᠋ᠢᠨ ᠠᠵᠤ ᠦᠢᠯᠡᠰ ᠤ᠋ᠨ ᠠᠮᠢ ᠠᠬᠤᠢ ᠵᠢ ᠪᠠᠢᠭᠤᠯᠬᠤ᠂ ᠪᠠᠷᠠᠭᠤᠨ ᠣᠷᠣᠨ ᠤ᠋ ᠲᠡᠷᠢᠭᠦᠨ ᠤ᠋ ᠣᠷᠣᠨ ᠪᠦᠰᠡ ᠶ᠋ᠢᠨ ᠠᠭᠠᠷ ᠤ᠋ᠨ ᠠᠶᠠᠯᠠᠯ ᠤ᠋ᠨ ᠪᠦᠯᠦᠭ᠌ᠵᠢᠯ ᠢ᠋ ᠴᠣᠭ᠍ᠴᠠᠯᠠᠬᠤ ᠬᠠᠷᠠᠯᠲᠠ ᠲᠡᠢᠰᠢ ᠤᠷᠤᠭ᠍ᠰᠢᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号