︱ ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠵᠢ ᠦᠳᠲᠡᠷ ᠲᠦᠷᠭᠡᠨ ᠭᠠᠷᠭᠠᠪᠠ
ᠣᠢᠷ᠎ᠠ᠎ᠶᠢᠨ ᠡᠳᠦᠷ᠎ᠦᠳ᠎ᠲᠦ᠂ ᠪᠦᠬᠦ ᠣᠷᠣᠨ᠎ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠪᠣᠳᠠᠲᠠᠢ᠎ᠳᠤ ᠰᠠᠭᠤᠷᠢᠯᠠᠨ᠂ ᠨᠠᠷᠢᠨ ᠨᠢᠮᠪᠠᠢ ᠪᠠᠢᠷᠢᠯᠠᠭᠤᠯᠵᠤ᠂ ᠠᠯᠢ ᠤᠯᠠᠨ ᠬᠦᠴᠦᠲᠡᠢ ᠠᠷᠭ᠎ᠠ ᠬᠡᠮᠵᠢᠶ᠎ᠡ᠎ᠪᠡᠷ ᠳᠠᠮᠵᠢᠨ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠣᠳᠠᠲᠦ ᠠᠵᠢᠯᠯᠠᠭ᠎ᠠ ᠪᠣᠯᠭᠠᠨ ᠬᠤᠪᠢᠷᠠᠭᠤᠯᠵᠤ ᠪᠤᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢᠯᠠᠩ᠎ᠤᠨ(ᠥᠷᠭᠡᠳᠬᠡᠭᠰᠡᠨ)ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠠᠷᠠᠳ᠎ᠤᠨ ᠶᠠᠪᠤᠳᠠᠯ᠎ᠤᠨ ᠦᠢᠯᠡᠰ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠬᠤᠷᠢᠭ᠎ᠠ ᠱᠤᠭᠤᠮ᠎ᠢ ᠪᠠᠲᠤᠯᠠᠬᠤ ᠴᠢᠨᠠᠷᠲᠠᠢ᠂ ᠰᠠᠭᠤᠷᠢ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠪᠦᠬᠦᠳᠡ ᠬᠤᠷᠠᠯ᠎ᠤᠨ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭᠲᠡᠢ; ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ 《ᠳᠥᠷᠪᠡᠨ ᠰᠢᠰᠲᠧᠮ》 ᠢ᠋ ᠲᠡᠭᠦᠯᠳᠡᠷᠵᠢᠭᠦᠯᠵᠦ᠂ ᠨᠡᠢᠭᠡᠮ᠎ᠦᠨ ᠠᠪᠤᠷᠠᠨ ᠲᠤᠰᠠᠯᠠᠯᠲᠠ᠂ ᠨᠡᠢᠭᠡᠮ᠎ᠦᠨ ᠠᠰᠠᠷᠠᠮᠵᠢ᠂ ᠨᠡᠢᠭᠡᠮ᠎ᠦᠨ ᠬᠡᠷᠡᠭ ᠶᠠᠪᠤᠳᠠᠯ᠂ ᠨᠡᠢᠭᠡᠮ᠎ᠦᠨ ᠵᠠᠰᠠᠯᠲᠠ᠎ᠶᠢᠨ ᠦᠨᠳᠦᠰᠦ᠎ᠶᠢ ᠪᠡᠬᠢᠵᠢᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠬᠤ ᠬᠡᠷᠡᠭᠲᠡᠢ; ᠣᠷᠣᠰᠢᠭᠤᠯᠭ᠎ᠠ᠂ ᠨᠠᠰᠤᠵᠢᠯ᠎ᠤᠨ ᠠᠰᠠᠷᠠᠮᠵᠢ᠂ ᠠᠪᠤᠷᠠᠨ ᠲᠤᠰᠠᠯᠠᠯᠲᠠ᠂ ᠨᠢᠭᠦᠯᠡᠰᠦᠩᠭᠦᠢ᠎ᠶᠢᠨ ᠦᠢᠯᠡᠰ ᠵᠡᠷᠭᠡ ᠬᠦᠷᠢᠶᠡᠨ᠎ᠳᠡᠬᠢ ᠲᠤᠰᠬᠠᠢ ᠴᠡᠭᠴᠡᠯᠡᠨ ᠵᠠᠰᠠᠯᠲᠠ᠎ᠶᠢ ᠭᠦᠨᠵᠡᠭᠡᠢ ᠠᠬᠢᠭᠤᠯᠵᠤ᠂ ᠤᠯᠠᠨ ᠲᠦᠮᠡᠨ᠎ᠤ ᠦᠨᠡᠨ ᠪᠤᠳᠠᠳᠠᠢ ᠮᠡᠳᠡᠷᠡᠵᠤ ᠤᠯᠬᠤ ᠨᠡᠩᠤᠯᠠᠨ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ᠎ᠢ ᠪᠤᠢ ᠪᠣᠯᠭᠠᠬᠤ ᠬᠡᠷᠡᠭᠲᠡᠢ; ᠡᠯ᠎ᠡ ᠲᠦᠷᠦᠯ᠎ᠦᠨ ᠬᠦᠴᠢᠷᠳᠡᠯᠲᠡᠢ ᠬᠥᠮᠥᠰ᠎ᠦᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠪᠣᠯᠣᠨ ᠬᠠᠯᠠᠮᠵᠢᠯᠠᠨ ᠬᠠᠢᠷᠠᠯᠠᠬᠤ ᠦᠢᠯᠡᠴᠢᠯᠡᠭᠡ᠎ᠶᠢ ᠦᠷᠭᠦᠯᠵᠢᠯᠡᠨ ᠴᠢᠩᠭᠠᠳᠬᠠᠵᠤ᠂《ᠳᠠᠭᠠᠷᠠᠭᠰᠠᠨ ᠦᠶ᠎ᠡ᠎ᠳᠦ ᠲᠠᠬᠤ ᠬᠦᠷᠭᠡᠬᠦ》 ᠲᠤᠰᠬᠠᠢ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠠᠷᠠᠳ ᠤᠯᠠᠨ᠎ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠳᠤ ᠴᠠᠭ ᠲᠤᠬᠠᠢ ᠳ᠋ᠤᠨᠢ ᠬᠠᠷᠢᠭᠤᠯᠲᠠ ᠥᠭᠴᠦ ᠰᠢᠢᠳᠪᠦᠷᠢᠯᠡᠬᠦ ᠬᠡᠷᠡᠭᠲᠡᠢ; ᠠᠷᠠᠳ᠎ᠤᠨ ᠶᠠᠪᠤᠳᠠᠯ᠎ᠤᠨ ᠬᠦᠷᠢᠶᠡᠨ᠎ᠦ ᠠᠮᠤᠷ ᠲᠦᠪᠰᠢᠨ᠎ᠦ ᠬᠠᠮᠢᠶᠠᠷᠤᠯᠲᠠ᠎ᠶᠢ ᠢᠮᠠᠭᠲᠠ ᠰᠠᠢᠲᠤᠷ ᠠᠳᠬᠤᠵᠤ᠂ ᠠᠷᠠᠳ᠎ᠤᠨ ᠶᠠᠪᠤᠳᠠᠯ᠎ᠤᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠠᠮᠤᠷ ᠲᠦᠪᠰᠢᠨ᠎ᠢᠶᠡᠷ ᠠᠵᠢᠯᠯᠠᠬᠤ᠂ ᠠᠷᠠᠳ᠎ᠤᠨ ᠶᠠᠪᠤᠳᠠᠯ᠎ᠤᠨ ᠦᠢᠯᠡᠴᠢᠯᠡᠭᠳᠡᠬᠦ ᠡᠲᠡᠭᠡᠳ᠎ᠤᠨ ᠬᠠᠯᠠᠭᠤᠨ ᠳᠤᠯᠠᠭᠠᠨ ᠡᠪᠦᠯᠵᠢᠬᠦ ᠵᠢ ᠪᠠᠲᠤᠯᠠᠬᠤ ᠬᠡᠷᠡᠭᠳᠡᠢ ᠭᠡᠵᠦ ᠱᠠᠭᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠨᠠᠮ᠎ᠤᠨ ᠤᠳᠤᠷᠢᠳᠬᠤ ᠳᠤᠭᠤᠢᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠰᠬᠠᠢ ᠰᠡᠳᠦᠪ᠎ᠢᠶᠡᠷ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠣᠳᠣᠬᠠᠨ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠭᠠᠵᠤ᠂《ᠰᠦᠯᠵᠢᠶᠡᠨ ᠳᠡᠭᠡᠷ᠎ᠡ + ᠪᠤᠲᠠᠲᠦ ᠴᠤᠭᠴᠠ》᠂《ᠤᠨᠤᠯ + ᠦᠢᠯᠡᠳᠦᠯᠭᠡ》ᠵᠢᠨ ᠪᠣᠰᠣᠭ᠎ᠠ ᠴᠣᠭᠴᠠᠲᠤ ᠰᠤᠷᠤᠯᠴᠠᠬᠤ ᠵᠠᠭᠪᠤᠷ᠎ᠢᠶᠠᠷ ᠳᠠᠮᠵᠢᠵᠤ᠂ ᠰᠤᠷᠤᠯᠴᠠᠯᠭ᠎ᠠ᠎ᠶᠢ ᠪᠦᠬᠦᠨ᠎ᠢ ᠪᠦᠷᠬᠦᠭᠦᠯᠬᠦ᠂ ᠨᠢᠭᠡ ᠵᠢ ᠴᠦ᠍ ᠤᠷᠭᠢᠭᠳᠠᠭᠤᠯᠬᠤ ᠦᠭᠡᠢ ᠪᠠᠢᠬᠤ᠎ᠶᠢ ᠪᠠᠲᠤᠯᠠᠵᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠤᠳᠤᠯ ᠰᠡᠳᠬᠢᠯ᠎ᠳᠡᠭᠡᠨ ᠬᠠᠳᠠᠩᠰᠢᠭᠤᠯᠵᠤ᠂ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ; ᠣᠨᠣᠯ᠎ᠤᠨ ᠰᠤᠷᠤᠯᠴᠠᠯᠭ᠎ᠠ᠎ᠶᠢ ᠭᠣᠣᠯ ᠠᠵᠢᠯ᠎ᠲᠠᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠵᠤ᠂ ᠪᠥᠬᠥᠳᠡ ᠬᠤᠷᠠᠯ᠎ᠡᠴᠡ ᠳᠤᠷᠠᠳᠤᠭᠰᠠᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠬᠦ ᠵᠡᠷᠭᠡ ᠠᠵᠢᠯ᠎ᠤᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ ᠪᠥᠬᠥ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠴᠢᠨᠠᠷ ᠰᠠᠢᠲᠠᠢ ᠨᠠᠢᠷᠠᠭᠤᠯᠤᠨ ᠵᠣᠬᠢᠶᠠᠵᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠦᠨᠡᠨ ᠬᠦ᠌ ᠬᠥᠭᠵᠢᠯᠲᠡ᠎ᠶᠢ ᠰᠦᠪᠡᠭᠴᠢᠯᠡᠬᠦ ᠰᠡᠳᠬᠢᠴᠡ᠂ ᠠᠵᠢᠯ᠎ᠢ ᠠᠬᠢᠭᠤᠯᠬᠤ ᠠᠷᠭ᠎ᠠ ᠬᠡᠮᠵᠢᠶ᠎ᠡ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠥᠬᠥ ᠬᠦᠴᠦᠨ᠎ᠢᠶᠡᠷ᠎ᠢᠶᠡᠨ ᠥᠭᠡᠷᠡᠴᠢᠯᠡᠯᠲᠡ᠎ᠶᠢ ᠠᠳᠬᠤᠨ᠂ ᠬᠥᠭᠵᠢᠯᠲᠡ᠎ᠶᠢ ᠠᠬᠢᠭᠤᠯᠵᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠨ᠂ ᠡᠷᠬᠡ ᠠᠰᠢᠭ᠋᠎ᠢ ᠬᠠᠮᠠᠭᠠᠯᠠᠨ᠂ ᠠᠶᠤᠯ ᠲᠦᠭᠰᠢᠭᠦᠷᠢ᠎ᠶᠢ ᠰᠡᠷᠭᠡᠢᠯᠡᠵᠦ᠂ ᠪᠥᠬᠥ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠤ ᠱᠠᠭᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ ᠨᠠᠮ᠎ᠤᠨ ᠤᠳᠤᠷᠢᠳᠬᠤ ᠳᠤᠭᠤᠢᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠦᠬᠦ ᠣᠷᠣᠨ᠎ᠤ ᠡᠯ᠎ᠡ ᠱᠠᠲᠤᠨ᠎ᠤ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠎ᠶᠢᠨ ᠬᠢᠨ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠵᠤ᠂ ᠰᠠᠢᠲᠤᠷ ᠤᠬᠠᠭᠤᠯᠤᠨ᠂ ᠰᠠᠢᠲᠤᠷ ᠲᠤᠭᠤᠰᠢᠯᠠᠭᠤᠯᠵᠤ᠂ ᠨᠠᠮ᠎ᠤᠨ ᠤᠳᠤᠷᠢᠳᠬᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂ ᠨᠠᠮ᠎ᠤᠨ ᠡᠭᠦᠷ᠎ᠦᠨ ᠰᠤᠷᠤᠯᠴᠠᠯᠭ᠎ᠠ᠂ ᠬᠤᠪᠢ ᠬᠥᠮᠥᠨ᠎ᠤ ᠥᠪᠡᠷ᠎ᠤᠨ ᠰᠤᠷᠤᠯᠴᠠᠯᠭ᠎ᠠ᠂ ᠤᠳᠬ᠎ᠠ ᠤᠷᠠᠯᠢᠭ᠋᠎ᠤᠨ ᠡᠲᠡᠭᠡᠳ᠎ᠤᠨ ᠬᠢᠨ᠎ᠦ ᠰᠤᠷᠤᠯᠴᠠᠯᠭ᠎ᠠ ᠵᠡᠷᠭᠡ ᠡᠯ᠎ᠡ ᠲᠠᠯ᠎ᠠ᠎ᠡᠴᠡ ᠴᠢᠩᠭ᠎ᠠ ᠠᠳᠬᠤᠨ ᠪᠣᠳᠠᠲᠠᠢ ᠠᠳᠬᠤᠵᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭ᠎ᠠ ᠵᠢᠨ ᠤᠬᠠᠮᠰᠠᠷ᠎ᠢᠶᠠᠨ ᠦᠨᠡᠨ ᠬᠦ᠌ ᠴᠢᠩᠭᠠᠳᠬᠠᠬᠤ ᠬᠡᠷᠡᠭᠲᠡᠢ; ᠭᠣᠣᠯ ᠬᠠᠷᠢᠭᠤᠴᠠᠯᠭ᠎ᠠ ᠭᠣᠣᠯ ᠠᠵᠢᠯ᠎ᠢ ᠰᠠᠢᠲᠤᠷ ᠠᠳᠬᠤᠵᠤ᠂ ᠪᠦᠬᠦᠳᠠ ᠬᠤᠷᠠᠯ᠎ᠡᠴᠡ ᠳᠤᠷᠠᠳᠤᠭᠰᠠᠨ ᠰᠢᠨ᠎ᠡ ᠪᠠᠢᠷᠢᠯᠠᠭᠤᠯᠤᠯᠲᠠ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ᠎ᠲᠠᠢ ᠬᠠᠷᠭᠤᠭᠤᠯᠵᠤ᠂ ᠪᠣᠳᠠᠲᠦ ᠪᠠᠢᠳᠠᠯ ᠲᠡᠢ ᠤᠶᠠᠯᠳᠤᠭᠤᠯᠵᠤ᠂ ᠡᠭᠦᠷᠭᠡ ᠴᠢᠳᠠᠪᠬᠢ᠎ᠳᠠᠭᠠᠨ ᠰᠠᠭᠤᠷᠢᠯᠠᠵᠤ᠂ 《ᠬᠥᠮᠥᠨ᠎ᠤ ᠲᠤᠬᠠᠢ ᠠᠵᠢᠯ》 ᠤ᠋ᠨ ᠴᠢᠳᠠᠪᠤᠷᠢ᠎ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠭᠣᠣᠯ ᠰᠡᠳᠦᠪᠲᠦ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠪᠡᠷ ᠭᠠᠷᠳᠡᠴᠡ ᠪᠣᠯᠭᠠᠵᠤ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠤᠳᠬ᠎ᠠ ᠤᠷᠠᠯᠢᠭ᠋ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠎ᠶᠢᠨ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠢ; ᠲᠥᠪ ᠶᠤᠰᠤ ᠵᠢ ᠪᠠᠷᠢᠮᠲᠠᠯᠠᠨ ᠰᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠨᠠᠷᠢᠨ ᠬᠢᠨᠠᠮᠠᠭᠠᠢ ᠤᠬᠠᠭᠠᠯᠠᠨ ᠲᠥᠯᠥᠪᠯᠡᠵᠤ᠂ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠎ᠶᠢᠨ《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠭᠣᠣᠯᠳᠠᠯᠭ᠎ᠠ᠎ᠲᠠᠢ ᠤᠳᠬ᠎ᠠ ᠵᠣᠬᠢᠶᠠᠯ ᠤᠷᠠᠯᠢᠭ᠋᠎ᠤᠨ ᠵᠣᠬᠢᠶᠠᠨ ᠪᠦᠲᠦᠭᠡᠬᠦ ᠲᠥᠯᠦᠪᠵᠢᠭᠦᠯᠭᠡ᠎ᠶᠢ ᠲᠦᠷᠭᠡᠳᠬᠡᠨ ᠠᠬᠢᠭᠤᠯᠵᠤ᠂ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃
ᠠᠯᠠᠱᠠ ᠠᠢᠮᠠᠭ᠎ᠤᠨ ᠨᠠᠮ᠎ᠤᠨ ᠬᠣᠷᠢᠶ᠎ᠠ ᠠᠢᠮᠠᠭ᠎ᠤᠨ ᠨᠠᠮ᠎ᠤᠨ ᠬᠣᠷᠢᠶ᠎ᠠ᠎ᠶᠢᠨ ᠭᠡᠱᠢᠭᠦᠳ᠎ᠦᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢᠨ ᠮᠥᠨ ᠴᠢᠨᠠᠷ ᠪᠣᠯᠤᠨ ᠳᠤᠷᠠᠳᠤᠭ᠍ᠰᠠᠨ ᠱᠢᠨ᠎ᠡ ᠥᠭᠦᠯᠡᠯᠲᠡ ᠱᠢᠨ᠎ᠡ ᠪᠠᠢᠷᠢᠯᠠᠭᠤᠯᠤᠯᠲᠠ ᠱᠢᠨ᠎ᠡ ᠱᠠᠭᠠᠷᠳᠠᠯᠭ᠎ᠠ᠎ᠶ᠋ᠢ ᠣᠨᠣᠪᠴᠢᠲᠠᠶ ᠡᠵᠡᠮᠳᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠶ ᠲᠤᠭᠤᠱᠢᠯᠠᠭᠤᠯᠵᠤ᠂ ᠪᠥᠬᠥ᠌ ᠤᠯᠤᠰ᠂ ᠪᠥᠬᠥ᠌ ᠣᠷᠣᠨ᠎ᠤ ᠶᠡᠬᠡ ᠲᠠᠯᠠᠲᠤᠮᠳᠠ ᠠᠯᠠᠱᠠ᠎ᠶ᠋ᠢᠨ ᠬᠥᠭ᠌ᠵᠢᠯᠲᠡ᠎ᠶ᠋ᠢ ᠲᠥᠯᠥᠪᠵᠢᠭᠦᠯᠵᠦ᠍᠂《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶᠢᠨ ᠡᠯ᠎ᠡ ᠵᠦᠶ᠋ᠯ᠎ᠦᠨ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠤᠬᠠᠭᠠᠯᠠᠨ ᠲᠥᠯᠥᠪᠯᠡᠵᠦ ᠨᠠᠢᠷᠠᠭᠤᠯᠤᠨ ᠵᠣᠬᠢᠶᠠᠵᠤ᠂ ᠳᠠᠪᠠᠭᠤᠯᠢᠭ᠎ᠢᠶᠠᠨ ᠥᠷᠭᠡᠳᠭᠡᠬᠦ᠌᠂ ᠳᠤᠲᠠᠭᠤᠳᠠᠯ᠎ᠢᠶᠠᠨ ᠨᠥᠬᠥᠪᠥᠷᠢᠯᠡᠬᠦ᠌᠂ ᠲᠤᠯᠭᠠᠭᠤᠷᠢᠯᠠᠯ᠎ᠢᠶᠠᠨ ᠴᠢᠩᠭᠠᠳᠭᠠᠬᠤ᠂ ᠣᠷᠴᠢᠨ ᠲᠣᠭᠣᠷᠢᠨ᠎ᠢ ᠱᠢᠯᠢᠳᠡᠭ᠌ᠵᠢᠭᠦᠯᠬᠦ᠌ᠲᠠᠯᠠ ᠪᠡᠷ ᠬᠦᠴᠦᠯᠡᠨ ᠴᠢᠷᠮᠠᠢᠵᠤ᠂ ᠪᠥᠬᠥ᠌ ᠠᠢᠮᠠᠭ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠳᠠᠬᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠬᠤ ᠬᠡᠷᠡᠭ᠌ᠲᠡᠶ᠃ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠱᠢᠰᠲ᠋ᠧᠮᠲᠦ ᠴᠢᠨᠠᠷᠲᠠᠢ᠂ ᠪᠦᠬᠦᠨ᠎ᠢ ᠪᠦᠷᠬᠦᠬᠦ᠂ ᠭᠦᠨ ᠳᠠᠪᠬᠤᠷᠭ᠎ᠠ᠎ᠶ᠋ᠢᠨ ᠬᠥᠮᠦᠵᠢᠯ ᠪᠣᠯᠪᠠᠰᠤᠷᠠᠯ᠎ᠢ ᠥᠷᠨᠢᠭᠦᠯᠵᠦ᠍᠂ ᠰᠤᠳᠤᠯᠤᠨ ᠲᠠᠢᠯᠪᠤᠷᠢᠯᠠᠬᠤ᠂ ᠤᠬᠠᠭᠤᠯᠤᠨ ᠲᠠᠢᠯᠪᠤᠷᠢᠯᠠᠬᠤ ᠵᠡᠷᠭᠡ ᠡᠯ᠎ᠡ ᠵᠦᠢᠯ᠎ᠦᠨ ᠠᠵᠢᠯ᠎ᠢ ᠭᠦᠨᠵᠡᠭᠡᠢ ᠥᠷᠨᠢᠭᠦᠯᠵᠦ᠍᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠪᠠᠷ ᠨᠠᠮ᠎ᠤᠨ ᠭᠡᠱᠢᠭᠦᠨ ᠺᠠᠳ᠋ᠷᠴᠤᠳ᠎ᠤᠨ ᠲᠠᠷᠢᠬᠢ ᠲᠣᠯᠣᠭᠠᠢ᠎ᠶ᠋ᠢ ᠵᠡᠪᠰᠡᠭ᠌ᠯᠡᠵᠦ᠍᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠦᠮᠦᠨ ᠪᠦᠬᠦᠨ ᠳ᠋ᠤ ᠮᠡᠳᠡᠬᠦᠯᠵᠤ᠂ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃