ᠵᠡᠭᠦᠨᠭᠠᠷ ᠬᠣᠰᠢᠭᠤ ᠣᠯᠠᠨ ᠠᠷᠭ᠎ᠠ ᠬᠡᠮᠵᠢᠶ᠎ᠡ ᠠᠪᠴᠤ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠤᠬᠠᠭᠤᠯᠬᠤ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠭᠦᠯᠵᠦ ᠪᠤᠢ
2025-12-01 15:56:29
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠣᠢᠷ᠎ᠠ ᠵᠢᠨ ᠵᠢᠯ ᠡᠴᠡ ᠤᠷᠳᠤᠰ ᠬᠤᠲᠠ ᠵᠢᠨ ᠵᠡᠭᠦᠨᠭᠠᠷ ᠬᠣᠰᠢᠭᠤ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠵᠢ ᠤᠯᠠᠨᠲᠠ ᠥᠷᠨᠢᠭᠦᠯᠵᠦ᠂ ᠠᠷᠪᠢᠨ ᠬᠡᠯᠪᠡᠷᠢ ᠪᠡᠷ ᠰᠤᠷᠤᠭ᠍ᠴᠢᠳ ᠲᠤ᠌ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠲᠦᠭᠡᠮᠡᠯᠵᠢᠭᠦᠯᠦᠨ᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠰᠤᠷᠤᠯᠴᠠᠬᠤ ᠵᠢᠨ ᠴᠢᠬᠤᠯᠠ ᠠᠴᠢ ᠬᠣᠯᠪᠣᠭᠳᠠᠯ ᠢ᠋ ᠭᠦᠨᠵᠡᠭᠡᠢ ᠲᠠᠨᠢᠭᠤᠯᠤᠭᠠᠳ ᠢᠯᠡᠳᠲᠡ ᠦᠷ᠎ᠡ ᠪᠦᠲᠦᠮᠵᠢ ᠣᠯᠵᠠᠢ᠃

ᠲᠦᠷᠦᠬᠦᠭᠡᠨ ᠣᠷᠳᠣᠰ ᠬᠣᠲᠠ ᠵᠢᠨ ᠵᠡᠭᠦᠨᠭᠠᠷ ᠬᠣᠰᠢᠭᠤᠨ ᠤ᠋ ᠦᠭᠡ ᠬᠡᠯᠡ ᠥᠰᠥᠭ ᠪᠢᠴᠢᠭ ᠤ᠋ᠨ ᠠᠵᠢᠯ ᠤ᠋ᠨ ᠵᠥᠪᠯᠡᠯ ᠤ᠋ᠨ ᠠᠯᠪᠠᠨ ᠭᠡᠷ ᠤ᠋ᠨ ᠭᠡᠰᠢᠭᠦᠨ᠂ ᠣᠷᠣᠨ ᠤ᠋ ᠲᠠᠰ ᠤ᠋ᠨ ᠤᠯᠤᠰ ᠤ᠋ᠨ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠬᠢᠷᠢ ᠲᠦᠪᠰᠢᠨ ᠢ᠋ ᠭᠣᠣᠯᠯᠠᠨ ᠰᠢᠯᠭᠠᠭ᠍ᠴᠢ ᠵᠠᠩ ᠴᠢᠨ᠄ 《ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠳᠦᠬᠡᠮᠡᠯᠵᠢᠬᠦᠯᠬᠦ ᠨᠢ ᠶᠠᠭ ᠦᠨᠳᠦᠰᠦᠳᠡᠨ ᠨᠦ᠍ᠬᠦᠳ ᠤ᠋ᠨ ᠬᠤᠭᠤᠷᠤᠨᠳᠤ ᠰᠠᠭᠠᠳ ᠦᠭᠡᠢ ᠨᠡᠪᠳᠡᠷᠡᠯᠴᠡᠬᠦ ᠬᠦᠬᠦᠷᠭᠡ ᠵᠢ ᠳᠠᠯᠪᠢᠭᠰᠠᠨ ᠳᠠᠢ ᠠᠳᠠᠯᠢ ᠡ》 ᠭᠡᠵᠦ ᠰᠤᠷᠤᠭ᠍ᠴᠢᠳ ᠲᠤ᠌ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤ᠋ᠨ ᠴᠢᠬᠤᠯᠠ ᠴᠢᠨᠠᠷ ᠢ᠋ ᠲᠠᠢᠯᠪᠤᠷᠢᠯᠠᠨ ᠥᠭᠴᠡᠢ᠃

ᠵᠠᠩ ᠴᠢᠨ ᠪᠠᠭ᠍ᠰᠢ ᠵᠢᠷᠤᠭ ᠪᠠ ᠦᠰᠦᠭ ᠪᠢᠴᠢᠭ ᠶ᠋ᠢᠡᠷ ᠢᠯᠡᠳᠭᠡᠬᠦ᠂ ᠸᠶ᠋ᠳᠢᠣ᠋ ᠦᠵᠡᠬᠦᠯᠬᠦ ᠪᠠ ᠰᠣᠨᠢᠷᠬᠠᠯᠲᠤ ᠲᠣᠭᠯᠠᠭᠠᠮ ᠳᠤᠭᠯᠠᠬᠤ ᠵᠢ ᠤᠶᠠᠯᠳᠤᠭᠤᠯᠬᠤ ᠪᠡᠷ ᠳᠠᠮᠵᠢᠭᠤᠯᠤᠨ᠂ ᠡᠯ᠎ᠡ ᠦᠨᠳᠦᠰᠦᠳᠡᠨ ᠤ᠋ ᠠᠭᠤᠰᠤᠯᠴᠠᠭ᠎ᠠ ᠰᠣᠯᠢᠯᠴᠠᠭ᠎ᠠ ᠵᠢ ᠠᠬᠢᠭᠤᠯᠬᠤ᠂ ᠰᠣᠶᠣᠯ ᠤ᠋ᠨ ᠬᠠᠮᠲᠤ ᠵᠢᠨ ᠲᠠᠨᠢᠯᠲᠠ ᠵᠢ ᠨᠡᠮᠡᠭᠳᠡᠭᠦᠯᠬᠦ᠂ ᠤᠯᠤᠰ ᠤ᠋ᠨ ᠨᠢᠭᠡᠳᠦᠯ ᠲᠣᠭᠲᠠᠭᠤᠨ ᠢ᠋ ᠬᠠᠮᠠᠭᠠᠯᠠᠬᠤ᠂ ᠭᠠᠵᠠᠷ ᠣᠷᠣᠨ ᠤ᠋ ᠬᠥᠭᠵᠢᠯᠲᠡ ᠵᠢ ᠠᠬᠢᠭᠤᠯᠬᠤ ᠵᠡᠷᠭᠡ ᠳᠦᠷᠪᠡᠨ ᠲᠠᠯ᠎ᠠ ᠡᠴᠡ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠲᠡᠦᠬᠡᠨ ᠪᠠᠢᠳᠠᠯ᠂ ᠨᠡᠢᠭᠡᠮ ᠤ᠋ᠨ ᠦᠨ᠎ᠡ ᠴᠡᠨ᠎ᠡ ᠵᠢᠴᠢ ᠪᠣᠳᠠᠲᠤ ᠬᠡᠷᠡᠭᠯᠡᠭᠡᠨ ᠤ᠋ ᠪᠠᠢᠳᠠᠯ ᠢ᠋ ᠰᠢᠰᠲᠧᠮ ᠲᠠᠢ ᠲᠠᠢᠯᠪᠤᠷᠢᠯᠠᠪᠠ᠃ ᠳᠤᠰ ᠤᠳᠠᠭ᠎ᠠ ᠵᠢᠨ  ᠤᠬᠠᠭᠤᠯᠤᠨ ᠳᠠᠢᠯᠪᠤᠷᠢᠯᠠᠬᠤ ᠬᠢᠴᠢᠶᠡᠯ ᠤ᠋ᠨ ᠰᠣᠩᠭᠣᠳᠠᠭ ᠵᠣᠬᠢᠶᠠᠯ ᠢ᠋ ᠤᠩᠰᠢᠬᠤ᠂ ᠠᠬᠤᠢ ᠪᠠᠢᠳᠠᠯ ᠤ᠋ᠨ ᠶᠠᠷᠢᠯᠴᠠᠭ᠎ᠠ ᠵᠡᠷᠭᠡ ᠬᠠᠷᠢᠯᠴᠠᠨ ᠦᠢᠯᠡᠳᠦᠯᠴᠡᠬᠦ ᠭᠣᠭᠴᠣᠭ᠎ᠠ ᠨᠢ ᠰᠤᠷᠤᠭ᠍ᠴᠢᠳ ᠤ᠋ᠨ ᠢᠳᠡᠪᠬᠢᠳᠡᠢ ᠣᠷᠣᠯᠴᠠᠬᠤ ᠬᠠᠯᠠᠭᠤᠨ ᠤᠷᠮ᠎ᠠ ᠵᠢ ᠬᠥᠭᠵᠢᠭᠡᠵᠦ᠂ ᠣᠯᠠᠨ ᠶ᠋ᠢᠡᠷ ᠶ᠋ᠢᠡᠨ ᠢᠳᠡᠪᠬᠢᠲᠡᠢ ᠣᠷᠣᠯᠴᠠᠭᠰᠠᠨ ᠪᠠᠢᠨ᠎ᠠ ᠃

ᠵᠠᠩ ᠴᠢᠨ ᠪᠠᠭ᠍ᠰᠢ᠄《ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠪᠣᠯ ᠰᠣᠯᠢᠯᠴᠠᠭᠠᠨ ᠤ᠋ 〈ᠲᠦᠯᠬᠢᠭᠦᠷ〉 ᠪᠣᠯᠬᠤ ᠪᠡᠷ ᠪᠠᠷᠠᠬᠤ ᠦᠭᠡᠢ᠂ ᠨᠠᠩ ᠴᠤ᠌ ᠳᠤᠮᠳᠠᠳᠤ ᠵᠢᠨ ᠪᠣᠯᠪᠠᠰᠤᠨ ᠢ᠋ ᠤᠯᠠᠮᠵᠢᠯᠠᠨ᠂ ᠰᠣᠶᠣᠯ ᠤ᠋ᠨ ᠲᠠᠨᠢᠯᠲᠡ ᠵᠢ ᠪᠡᠬᠢᠵᠢᠭᠦᠯᠬᠦ ᠰᠠᠭᠤᠷᠢ ᠪᠤᠯᠤᠨ᠎ᠠ᠂ ᠲᠡᠭᠦᠨ ᠢ᠋ ᠡᠵᠡᠮᠰᠢᠬᠦ ᠨᠢ ᠬᠡᠦᠬᠡᠳ ᠤ᠋ᠨ ᠮᠡᠳᠡᠯᠭᠡ ᠵᠢᠨ ᠬᠡᠪᠴᠢᠶ᠎ᠡ ᠪᠡᠨ ᠥᠷᠭᠡᠳᠬᠡᠵᠦ᠂ ᠶᠡᠷᠦᠩᠬᠡᠢᠯᠡᠭᠰᠡᠨ ᠬᠡᠪ ᠴᠢᠨᠠᠷ ᠶ᠋ᠢᠡᠨ ᠳᠡᠭᠡᠭᠰᠢᠯᠡᠭᠦᠯᠦᠨ᠂ ᠢᠷᠡᠭᠡᠳᠦᠢ ᠳ᠋ᠤ ᠨᠡᠢᠭᠡᠮ ᠳᠡᠭᠡᠷ᠎ᠡ ᠭᠠᠷᠴᠤ ᠬᠦᠰᠡᠯᠡᠩ ᠶ᠋ᠢᠡᠨ ᠪᠡᠶᠡᠯᠡᠬᠦᠯᠬᠦ ᠳ᠋ᠤ ᠮᠠᠰᠢ ᠶᠡᠬᠡ ᠬᠠᠪᠰᠤᠷᠤᠮᠵᠢ ᠪᠣᠯᠤᠨ᠎ᠠ》 ᠭᠡᠵᠦ ᠰᠤᠷᠪᠤᠯᠵᠢᠯᠠᠭᠴᠢ ᠳ᠋ᠦ ᠶᠠᠷᠢᠯ᠎ᠠ᠃

ᠰᠤᠷᠤᠭ᠍ᠴᠢ ᠾᠧ ᠢ ᠷᠠᠨ᠄ 《ᠤᠬᠠᠭᠤᠯᠤᠨ ᠲᠠᠢᠯᠪᠤᠷᠢᠯᠠᠬᠤ ᠳᠤᠮᠳᠠ ᠳᠤᠷᠠᠳᠤᠭᠰᠠᠨ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ᠂ ᠭᠠᠵᠠᠷ ᠣᠷᠣᠨ ᠠᠯᠤᠰᠯᠠᠨ ᠬᠠᠮᠲᠤᠷᠠᠨ ᠠᠵᠢᠯᠯᠠᠬᠤ ᠵᠡᠷᠭᠡ ᠬᠦᠷᠢᠶᠡᠨ᠎ᠳᠡᠬᠢ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠪᠣᠳᠠᠲᠠᠢ ᠬᠡᠷᠡᠭᠯᠡᠬᠦ ᠪᠠᠢᠳᠠᠯ ᠨᠢ ᠨᠠᠳᠠ ᠳ᠋ᠤ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠰᠤᠷᠤᠯᠴᠠᠬᠤ ᠵᠢᠨ ᠴᠢᠬᠤᠯᠠ ᠴᠢᠨᠠᠷ ᠢ᠋ ᠲᠠᠨᠢᠭᠤᠯᠤᠯ᠎ᠠ᠂ ᠡᠢᠮᠦ ᠬᠢᠴᠢᠶᠡᠯ ᠣᠨᠴᠠᠭᠠᠢ ᠤᠳᠬ᠎ᠠ ᠠᠭᠤᠯᠭ᠎ᠠ ᠲᠠᠢ᠂ ᠮᠢᠨᠤ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠰᠤᠷᠤᠯᠴᠠᠬᠤ ᠢᠳᠡᠪᠬᠢᠵᠢᠯ ᠨᠡᠩ ᠦᠨᠳᠦᠷ ᠪᠣᠯᠵᠠᠢ》 ᠭᠡᠵᠦ ᠠᠵᠢᠯᠯᠠᠭ᠎ᠠ ᠳᠠᠭᠤᠰᠤᠭᠰᠠᠨ ᠤ᠋  ᠳᠠᠷᠠᠭ᠎ᠠ ᠰᠤᠷᠪᠤᠯᠵᠢᠯᠠᠭᠴᠢ ᠳ᠋ᠤ ᠶᠠᠷᠢᠭᠰᠠᠨ ᠪᠠᠢᠨ᠎ᠠ᠃

ᠮᠡᠳᠡᠭᠡ ᠵᠠᠩᠭᠢ ᠵᠢᠨ ᠴᠠᠭ ᠦᠶ᠎ᠡ ᠳ᠋ᠤ᠂ ᠬᠥᠮᠥᠰ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠠᠰᠢᠭ᠍ᠯᠠᠨ᠂ ᠡᠯᠪᠡᠭ ᠪᠠᠶᠠᠯᠢᠭ᠋ ᠮᠡᠳᠡᠯᠭᠡ᠂ ᠲᠡᠷᠢᠭᠦᠨ ᠤ᠋ ᠮᠡᠷᠭᠡᠵᠢᠯ ᠪᠠ ᠶᠡᠬᠡ ᠬᠡᠮᠵᠢᠶᠡᠨ ᠤ᠋ ᠮᠡᠳᠡᠭᠡ ᠵᠠᠩᠭᠢ ᠵᠢ ᠳᠥᠭᠥᠮ ᠳᠥᠲᠡ ᠣᠯᠵᠤ ᠠᠪᠬᠤ ᠵᠢᠨ ᠬᠠᠮᠳᠤ ᠬᠤᠪᠢ ᠬᠥᠮᠥᠨ ᠤ᠋ ᠬᠡᠪ ᠴᠢᠨᠠᠷ ᠪᠠ ᠠᠵᠢᠯ ᠣᠯᠵᠤ ᠦᠢᠯᠡᠰ ᠪᠤᠰᠬᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠨᠡᠢᠭᠡᠮ ᠤ᠋ᠨ ᠬᠥᠭᠵᠢᠯᠲᠡ ᠵᠢᠨ ᠤᠷᠤᠰᠬᠠᠯ ᠳ᠋ᠤ ᠨᠡᠩ ᠰᠠᠢᠲᠤᠷ ᠠᠭᠤᠰᠤᠯᠴᠠᠵᠤ ᠳᠡᠢᠯᠦᠨ᠎ᠡ᠃ ᠵᠠᠯᠠᠭᠤᠴᠤᠳ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠲᠦ᠍ ᠲᠦᠰᠢᠭᠯᠡᠨ᠂ ᠨᠡᠩ ᠠᠷᠪᠢᠨ ᠬᠥᠭᠵᠢᠯᠲᠡ ᠵᠢᠨ ᠠᠵᠠ ᠲᠣᠬᠢᠶᠠᠯ᠎ᠢ ᠡᠵᠡᠮᠳᠡᠵᠦ᠂ ᠨᠤᠲᠤᠭ ᠤᠰᠤᠨ ᠤ᠋ ᠪᠠᠨ ᠪᠦᠲᠦᠭᠡᠨ ᠪᠠᠢᠭᠤᠯᠤᠯᠲᠠ ᠳ᠋ᠤ ᠰᠢᠨ᠎ᠡ ᠠᠮᠢᠵᠢᠷᠠᠯ ᠤ᠋ᠨ ᠬᠦᠴᠦᠨ ᠨᠡᠮᠡᠷᠢᠯᠡᠵᠦ ᠪᠤᠯᠤᠨ᠎ᠠ᠃

《ᠤᠬᠠᠭᠤᠯᠤᠨ ᠲᠠᠢᠯᠪᠤᠷᠢᠯᠠᠬᠤ᠂ ᠤᠬᠠᠭᠤᠯᠭ᠎ᠠ ᠵᠢᠨ ᠮᠠᠲᠧᠷᠢᠶᠠᠯ ᠲᠦᠭᠡᠭᠡᠬᠦ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠥᠷᠭᠡᠨ ᠣᠯᠠᠨ ᠪᠠᠭ᠍ᠰᠢ ᠰᠣᠷᠣᠭ᠍ᠴᠢ ᠵᠢᠴᠢ ᠨᠡᠢᠭᠡᠮ ᠳᠡᠭᠡᠷᠡᠬᠢ ᠦᠨᠳᠦᠰᠦᠲᠡᠨ ᠨᠦ᠍ᠭᠦᠳ ᠤ᠋ᠨ ᠣᠯᠠᠨ ᠲᠦᠮᠡᠨ ᠳ᠋ᠤ 〈ᠠᠷᠠᠳ ᠢᠷᠭᠡᠳ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ᠋ ᠰᠤᠷᠤᠯᠴᠠᠬᠤ ᠪᠠ ᠬᠡᠷᠡᠭᠯᠡᠬᠦ ᠡᠷᠬᠡ  ᠲᠠᠢ᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ᠋ ᠳᠦᠬᠡᠮᠡᠯᠵᠢᠬᠦᠯᠬᠦ ᠪᠣᠯ ᠪᠥᠬᠥ ᠨᠡᠢᠭᠡᠮ ᠤ᠋ᠨ ᠬᠠᠮᠲᠤ ᠵᠢᠨ ᠬᠠᠷᠢᠭᠤᠴᠠᠯᠭ᠎ᠠ ᠮᠥᠨ〉 ᠭᠡᠳᠡᠭ ᠢ᠋ ᠳᠤᠳᠤᠷᠬᠠᠢ ᠳᠠᠨᠢᠭᠤᠯᠵᠠᠢ》 ᠭᠡᠵᠦ ᠵᠡᠭᠦᠨᠭᠠᠷ ᠬᠣᠰᠢᠭᠤᠨ ᠤ᠋ ᠰᠤᠷᠭᠠᠨ ᠬᠥᠮᠦᠵᠢᠯ ᠪᠡᠶ᠎ᠡ ᠵᠢᠨ ᠲᠠᠮᠢᠷ ᠤ᠋ᠨ ᠲᠣᠪᠴᠢᠶ᠎ᠠ ᠵᠢᠨ ᠦᠭᠡ ᠬᠡᠯᠡ ᠥᠰᠥᠭ ᠪᠢᠴᠢᠭ ᠤ᠋ᠨ ᠠᠯᠪᠠᠨ ᠭᠡᠷ ᠤ᠋ᠨ ᠡᠷᠬᠢᠯᠡᠭᠴᠢ ᠵᠣᠣ ᠼᠠᠢ ᠯᠢᠶᠠᠨ ᠶᠠᠷᠢᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号