《ᠳᠠᠶᠠᠭᠠᠷ ᠦᠵᠡᠭᠡᠴᠢ! ᠡᠨᠡ ᠪᠣᠯ ᠮᠠᠨ ᠤ᠋ ᠡᠵᠡᠨ ᠬᠤᠷᠤᠭ᠎ᠠ ᠬᠤᠰᠢᠭᠤᠨ ᠤ᠋ ᠤᠯᠠᠭᠠᠨ ᠰᠣᠩᠭᠢᠨ᠎ᠠ᠃ ᠰᠠᠶᠢᠬᠠᠨ ᠮᠠᠯᠲᠠᠵᠤ ᠭᠠᠷᠭᠠᠭᠰᠠᠨ᠂ ᠮᠢᠬ᠎ᠠ ᠴᠢᠨᠠᠬᠤ ᠳ᠋ᠤ ᠬᠢᠪᠡᠯ ᠬᠠᠮᠤᠭ ᠡᠴᠡ ᠠᠮᠳᠠᠳᠠᠢ ᠰᠢᠦ!》 ᠭᠡᠵᠦ ᠣᠷᠳᠣᠰ ᠬᠤᠳᠠ ᠵᠢᠨ ᠡᠵᠡᠨ ᠬᠣᠷᠣᠭ᠎ᠠ ᠬᠣᠰᠢᠭᠤᠨ ᠤ᠋ ᠡᠵᠡᠨ ᠬᠣᠷᠣᠭ᠎ᠠ ᠪᠠᠯᠭᠠᠰᠤ ᠵᠢᠨ ᠴᠠᠭᠠᠨ ᠬᠤᠳᠳᠤᠭ ᠤ᠋ᠨ ᠰᠢᠯᠢ ᠲᠣᠰᠬᠣᠨ ᠤ᠋ ᠤᠯᠠᠭᠠᠨ ᠰᠣᠩᠭᠢᠨ᠎ᠠ ᠵᠢᠨ ᠳᠠᠷᠢᠶᠠᠨ ᠳ᠋ᠤ᠂ ᠲᠣᠰᠬᠣᠨ ᠳ᠋ᠤ ᠰᠠᠭᠤᠭ᠎ᠠ ᠨᠢᠭᠡᠳᠦᠭᠡᠷ ᠱᠦᠵᠢ ᠭᠤᠤ ᠵᠢᠶᠠᠨ ᠭᠠᠷ ᠤᠲᠠᠰᠤ ᠪᠡᠷ ᠶ᠋ᠢᠡᠨ ᠰᠢᠭᠤᠳ ᠨᠡᠪᠲᠡᠷᠡᠭᠦᠯᠭᠡ ᠬᠢᠵᠦ᠂ ᠤᠯᠠᠭᠠᠨ ᠰᠣᠩᠭᠢᠨ᠎ᠠ ᠵᠢᠨ ᠣᠨᠴᠠᠯᠢᠭ᠋ ᠦᠢᠯᠡᠳᠦᠯ ᠢ᠋ ᠨᠠᠷᠢᠨ ᠲᠠᠢᠯᠪᠤᠷᠢᠯᠠᠨ᠎ᠠ᠃ ᠭᠤᠤ ᠵᠢᠶᠠᠨ ᠤ᠋ ᠠᠷᠤ ᠳ᠋ᠤ᠂ ᠲᠠᠷᠢᠶᠠᠴᠢᠳ ᠰᠢᠨ᠎ᠡ ᠰᠣᠷᠭᠣᠭ ᠤᠯᠠᠭᠠᠨ ᠰᠣᠩᠭᠢᠨ᠎ᠠ ᠮᠠᠯᠳᠠᠵᠤ᠂ ᠰᠢᠪᠡᠷ ᠰᠢᠷᠤᠢ ᠵᠢ ᠨᠢ ᠠᠷᠢᠯᠭᠠᠵᠤ ᠶᠠᠭᠠᠷᠠᠯᠳᠤᠨ᠎ᠠ᠃ ᠭᠠᠷ ᠤᠲᠠᠰᠤᠨ ᠤ᠋ ᠵᠠᠬᠢᠶᠠᠯᠠᠭ᠎ᠠ ᠢᠷᠡᠭᠰᠡᠨ ᠰᠠᠨᠠᠭᠤᠯᠬᠤ ᠳᠠᠭᠤᠨ ᠳᠠᠰᠤᠷᠠᠯᠳᠠ ᠦᠭᠡᠢ ᠲᠤᠭᠤᠯᠳᠠᠵᠤ᠂ ᠮᠠᠯ ᠤ᠋ᠨ ᠠᠰᠢᠭ᠋ ᠰᠢᠮ᠎ᠡ ᠳᠠᠷᠢᠶᠠᠯᠠᠩ ᠤ᠋ᠨ ᠪᠦᠲᠦᠭᠡᠭᠳᠡᠬᠦᠨ ᠰᠢᠭᠤᠳ ᠨᠡᠪᠲᠡᠷᠡᠬᠦᠯᠭᠡ ᠪᠡᠷ ᠳᠠᠮᠵᠢᠨ ᠪᠥᠬᠥ ᠤᠯᠤᠰ ᠲᠤ᠌ ᠪᠤᠷᠤᠯᠠᠭᠤᠯᠤᠭᠳᠠᠵᠤ ᠪᠠᠢᠭ᠎ᠠ ᠵᠢᠷᠤᠭ ᠳᠦᠷᠰᠦ ᠳᠡᠯᠭᠡᠭᠳᠡᠨ᠎ᠡ᠃
ᠰᠢᠭᠤᠳ ᠨᠡᠪᠲᠡᠷᠡᠭᠦᠯᠭᠡ ᠪᠡᠷ ᠮᠠᠯ ᠤ᠋ᠨ ᠠᠰᠢᠭ᠋ ᠰᠢᠮ᠎ᠡ ᠳᠠᠷᠢᠶᠠᠯᠠᠩ ᠤ᠋ᠨ ᠪᠦᠲᠦᠭᠡᠭᠳᠡᠬᠦᠨ ᠢ᠋ ᠪᠤᠷᠤᠯᠠᠭᠤᠯᠬᠤ ᠪᠤᠯ ᠡᠵᠡᠨ ᠬᠣᠷᠣᠭ᠎ᠠ ᠬᠣᠰᠢᠭᠤᠨ ᠤ᠋ ᠲᠣᠰᠬᠣᠨ ᠳ᠋ᠤ ᠰᠠᠭᠤᠭ᠎ᠠ ᠨᠢᠭᠡᠳᠦᠭᠡᠷ ᠱᠦᠵᠢ ᠵᠢᠨ ᠡᠳᠦᠷ ᠲᠤᠳᠤᠮ ᠤ᠋ᠨ ᠠᠵᠢᠯ ᠪᠣᠯᠬᠤ ᠶᠤᠮ᠃ 2024 ᠣᠨ ᠤ᠋ 6 ᠰᠠᠷ᠎ᠠ ᠡᠴᠠ ᠡᠬᠢᠯᠡᠨ᠂ ᠡᠵᠡᠨ ᠬᠣᠷᠣᠭ᠎ᠠ ᠬᠣᠰᠢᠭᠤᠨ ᠤ᠋ ᠨᠠᠮ ᠤ᠋ᠨ ᠬᠣᠷᠢᠶᠠᠨ ᠤ᠋ ᠵᠣᠬᠢᠶᠠᠨ ᠪᠠᠶ᠋ᠢᠭᠤᠯᠬᠤ ᠬᠡᠯᠲᠡᠰ ᠪᠣᠯᠣᠨ ᠡᠵᠡᠨ ᠬᠣᠷᠣᠭ᠎ᠠ ᠬᠣᠰᠢᠭᠤᠨ ᠤ᠋ ᠳᠤᠰᠬᠤᠨ ᠳ᠋ᠤ ᠰᠠᠭᠤᠭ᠎ᠠ ᠬᠤᠯᠪᠤᠭᠠᠯᠠᠨ ᠳᠠᠭᠠᠭᠠᠴᠢᠯᠠᠬᠤ ᠠᠵᠢᠯ ᠢ᠋ ᠵᠣᠬᠢᠴᠠᠭᠤᠯᠬᠤ ᠦᠢᠯᠡᠴᠢᠯᠡᠭᠡᠨ ᠤ᠋ ᠲᠥᠪ ᠨᠢ ᠪᠥᠬᠥ ᠣᠷᠣᠨ ᠳ᠋ᠤ 《ᠨᠠᠮ ᠤ᠋ᠨ ᠪᠠᠢᠭᠤᠯᠤᠯᠲᠠ + ᠡᠯᠧᠺᠲᠷᠣᠨ ᠬᠤᠳᠠᠯᠳᠤᠭ᠎ᠠ》 ᠪᠡᠷ ᠬᠦᠳᠡᠭᠡ ᠠᠵᠤ ᠠᠬᠤᠢ ᠵᠢ ᠲᠤᠰᠠᠯᠠᠬᠤ ᠰᠢᠨ᠎ᠡ ᠵᠠᠭᠪᠤᠷ ᠢ᠋ ᠳᠦᠷᠦᠬᠦᠯᠡᠨ ᠬᠠᠢᠨ ᠰᠦᠪᠡᠭᠴᠢᠯᠡᠵᠦ᠂ ᠲᠣᠰᠬᠣᠨ ᠳ᠋ᠤ ᠰᠠᠭᠤᠭ᠎ᠠ ᠨᠢᠭᠡᠳᠦᠭᠡᠷ ᠱᠦᠵᠢ ᠰᠢᠭᠤᠳ ᠨᠡᠪᠲᠡᠷᠡᠭᠦᠯᠬᠡ ᠬᠢᠵᠦ ᠮᠠᠯ ᠤ᠋ᠨ ᠠᠰᠢᠭ᠋ ᠰᠢᠮ᠎ᠡ ᠳᠠᠷᠢᠶᠠᠯᠠᠩ ᠤ᠋ᠨ ᠪᠦᠲᠦᠭᠡᠭᠳᠡᠬᠦᠨ ᠢ᠋ ᠪᠤᠷᠤᠯᠠᠭᠤᠯᠤᠨ ᠲᠠᠷᠢᠶᠠᠴᠢᠳ ᠲᠤ᠌ ᠳᠤᠰᠠᠯᠠᠵᠤ ᠣᠷᠣᠯᠭ᠎ᠠ ᠵᠢ ᠨᠢ ᠨᠡᠮᠡᠭᠳᠡᠭᠦᠯᠬᠦ ᠠᠵᠢᠯᠯᠠᠭ᠎ᠠ ᠵᠢ ᠡᠬᠢᠯᠡᠭᠦᠯᠦᠨ ᠶᠠᠪᠤᠭᠳᠠᠭᠤᠯᠵᠤ᠂ ᠮᠠᠯᠴᠢᠨ ᠲᠠᠷᠢᠶᠠᠴᠢᠨ ᠤ᠋ 《ᠪᠦᠳᠦᠭᠡᠭᠳᠡᠬᠦᠨ ᠶ᠋ᠢᠡᠨ ᠬᠤᠳᠠᠯᠳᠤᠬᠤ ᠳ᠋ᠤ ᠬᠦᠴᠢᠷ》 ᠠᠰᠠᠭᠤᠳᠠᠯ ᠢ᠋ ᠰᠢᠢᠳᠪᠦᠷᠢᠯᠡᠵᠦ᠂ ᠲᠣᠰ ᠭᠠᠵᠠᠷ ᠣᠷᠣᠨ ᠤ᠋ ᠪᠠᠨ ᠴᠢᠨᠠᠷ ᠰᠠᠢᠲᠠᠢ ᠮᠠᠯ ᠤ᠋ᠨ ᠠᠰᠢᠭ᠋ ᠰᠢᠮ᠎ᠡ ᠳᠠᠷᠢᠶᠠᠯᠠᠩ ᠤ᠋ᠨ ᠪᠦᠲᠦᠭᠡᠭᠳᠡᠬᠦᠨ ᠢ᠋ ᠪᠥᠬᠥ ᠤᠯᠤᠰ ᠤ᠋ᠨ ᠵᠠᠬ᠎ᠠ ᠳᠡᠯᠭᠡᠭᠦᠷ ᠲᠤ᠌ ᠪᠤᠷᠤᠯᠠᠭᠤᠯᠬᠤ《ᠬᠥᠭᠥᠷᠭᠡ》 ᠵᠢ ᠪᠠᠢᠭᠤᠯᠵᠤ ᠥᠭᠴᠡᠢ᠃
ᠡᠨᠡ ᠵᠢᠯ ᠤ᠋ᠨ 8 ᠰᠠᠷ᠎ᠠ ᠵᠢᠨ 18 ᠤ᠋ ᠡᠳᠦᠷ᠂ ᠡᠵᠡᠨ ᠬᠣᠷᠣᠭ᠎ᠠ ᠬᠣᠰᠢᠭᠤᠨ ᠤ᠋ 100 ᠨᠠᠷᠡᠰ ᠲᠣᠰᠬᠣᠨ ᠳ᠋ᠤ ᠰᠠᠭᠤᠭ᠎ᠠ ᠨᠢᠭᠡᠳᠦᠭᠡᠷ ᠱᠦᠵᠢ ᠵᠠᠰᠠᠭ ᠪᠠᠯᠭᠠᠰᠤᠨ ᠤ᠋ ᠰᠠᠢᠠᠤ᠋ᠰᠤ ᠲᠣᠰᠬᠣᠨ᠂ ᠭᠢᠯᠳᠡᠩ ᠤ᠋ᠨ ᠰᠦᠮ᠎ᠡ ᠲᠣᠰᠬᠣᠨ ᠳ᠋ᠤ ᠬᠦᠷᠴᠦ᠂ ᠰᠢᠭᠤᠳ ᠨᠡᠪᠲᠡᠷᠡᠭᠦᠯᠬᠡ ᠬᠢᠵᠦ ᠮᠠᠯ ᠤ᠋ᠨ ᠠᠰᠢᠭ᠋ ᠰᠢᠮ᠎ᠡ ᠳᠠᠷᠢᠶᠠᠯᠠᠩ ᠤ᠋ᠨ ᠪᠦᠲᠦᠭᠡᠭᠳᠡᠬᠦᠨ ᠢ᠋ ᠪᠤᠷᠤᠯᠠᠭᠤᠯᠬᠤ ᠲᠤᠰᠬᠠᠢ ᠠᠵᠢᠯᠯᠠᠭ᠎ᠠ ᠥᠷᠨᠢᠭᠦᠯᠵᠡᠢ᠃ ᠲᠣᠰᠬᠣᠨ ᠳ᠋ᠤ ᠰᠠᠭᠤᠭ᠎ᠠ ᠨᠢᠭᠡᠳᠦᠭᠡᠷ ᠱᠦᠵᠢ ᠨᠠᠷ ᠰᠠᠢᠠᠤ᠋ᠰᠤ ᠲᠣᠰᠬᠣᠨ ᠤ᠋ ᠠᠷᠠᠳ ᠯᠠᠨ ᠯᠢ ᠰᠢᠶᠦ᠋ᠩ ᠤ᠋ᠨ 120 ᠮᠦ᠍ ᠯᠠᠩᠭᠤᠸᠠ ᠵᠢ ᠰᠢᠭᠤᠳ ᠨᠡᠪᠲᠡᠷᠡᠬᠦᠯᠭᠡ ᠪᠡᠷ ᠪᠤᠷᠤᠯᠠᠭᠤᠯᠪᠠ᠃ ᠳᠤᠰᠬᠤᠨ ᠳ᠋ᠤ ᠰᠠᠭᠤᠭ᠎ᠠ ᠨᠢᠭᠡᠳᠦᠬᠡᠷ ᠱᠦᠵᠢ ᠤ᠌ᠤ ᠹᠸᠢ᠄ 《ᠲᠠᠷᠢᠶᠠᠯᠠᠩ ᠤ᠋ᠨ ᠪᠦᠲᠦᠭᠡᠭᠳᠡᠬᠦᠨ ᠢ᠋ ᠲᠠᠷᠢᠶᠠᠨ ᠭᠠᠵᠠᠷ ᠡᠴᠠ ᠰᠢᠭᠤᠳ ᠬᠡᠷᠡᠭᠯᠡᠭᠴᠢᠳ ᠤ᠋ᠨ ᠬᠣᠭᠣᠯᠠᠨ ᠰᠢᠷᠡᠭᠡᠨ ᠳ᠋ᠤ ᠬᠦᠷᠭᠡᠵᠦ ᠪᠠᠢᠨ᠎ᠠ》 ᠭᠡᠵᠦ ᠳᠠᠨᠢᠯᠴᠠᠭᠤᠯᠤᠨ᠎ᠠ᠃ ᠤ᠌ᠤ ᠹᠸᠢ ᠯᠠᠩᠭᠤᠸᠠ ᠵᠢ ᠣᠷᠭᠠᠨᠢᠭ᠋ ᠶ᠋ᠢᠡᠷ ᠲᠠᠷᠢᠬᠤ ᠨᠥᠬᠥᠴᠡᠯ᠂ ᠢᠳᠡᠬᠦ ᠠᠷᠭ᠎ᠠ ᠵᠡᠷᠭᠡ ᠳᠠᠯ᠎ᠠ ᠡᠴᠡ ᠦᠢᠯᠡᠳᠬᠦᠨ ᠤ᠋ ᠶᠠᠰᠤ ᠴᠢᠨᠠᠷ ᠢ᠋ ᠡᠵᠡᠮᠳᠡᠬᠦ ᠪᠠᠷᠢᠮᠵᠢᠶ᠎ᠠ ᠪᠣᠯᠣᠨ ᠲᠦᠷᠭᠡᠨ ᠭᠤᠪᠢᠭᠤᠯᠭ᠎ᠠ ᠪᠡᠷ ᠶᠠᠪᠤᠭᠤᠯᠬᠤ ᠬᠦᠷᠲᠡᠯ᠎ᠡ ᠪᠦᠬᠦ ᠶᠠᠪᠤᠴᠠ ᠵᠢ ᠨᠠᠷᠢᠨ ᠲᠠᠢᠯᠪᠦᠷᠢᠯᠡᠵᠦ᠂ ᠲᠣᠭ᠎ᠠ ᠲᠣᠮᠰᠢ ᠦᠭᠡᠢ ᠤᠯᠠᠨ ᠰᠦᠯᠵᠢᠶᠡᠨ ᠤ᠋ ᠨᠠᠢᠵᠠ ᠨᠠᠷ ᠤ᠋ᠨ ᠠᠩᠬᠠᠷᠤᠯ ᠢ᠋ ᠲᠠᠲᠠᠨ᠂ ᠨᠢᠭᠡ ᠯᠠ ᠦᠳᠡ ᠶ᠋ᠢᠨ ᠡᠮᠦᠨ᠎ᠡ ᠶ᠋ᠢᠨ ᠳᠤᠳᠤᠷ᠎ᠠ ᠯᠠᠨ ᠯᠢ ᠰᠢᠶᠦ᠋ᠩ ᠢ᠋ ᠬᠠᠪᠰᠤᠷᠤᠨ 22016 ᠵᠢᠩ ᠯᠠᠩᠭᠤᠸᠠ ᠵᠢ ᠬᠤᠳᠠᠯᠳᠤᠨ ᠭᠠᠷᠭᠠᠵᠤ᠂ ᠲᠠᠷᠢᠶᠠᠴᠢᠳ ᠤ᠋ᠨ ᠪᠦᠳᠦᠭᠡᠭᠳᠡᠬᠦᠨ ᠶ᠋ᠢᠡᠨ ᠪᠣᠷᠤᠯᠠᠭᠤᠯᠬᠤ ᠳ᠋ᠤ ᠬᠦᠴᠢᠷ ᠠᠰᠠᠭᠤᠳᠠᠯ ᠢ᠋ ᠰᠢᠢᠳᠪᠦᠷᠢᠯᠡᠵᠡᠢ᠃
ᠰᠢᠭᠤᠳ ᠨᠡᠪᠲᠡᠷᠡᠭᠦᠯᠭᠡ ᠪᠡᠷ ᠳᠠᠷᠢᠶᠠᠯᠠᠩ ᠤ᠋ᠨ ᠪᠦᠳᠦᠭᠡᠭᠳᠡᠬᠦᠨ ᠢ᠋ ᠪᠤᠷᠤᠯᠠᠭᠤᠯᠵᠤ ᠬᠥᠳᠡᠭᠡ ᠠᠵᠤ ᠠᠬᠤᠢ ᠵᠢ ᠲᠤᠰᠠᠯᠠᠬᠤ ᠬᠠᠯᠠᠮᠰᠢᠯ ᠨᠢ ᠡᠵᠡᠨ ᠬᠣᠷᠣᠭ᠎ᠠ ᠬᠣᠰᠢᠭᠤᠨ ᠤ᠋ ᠡᠯᠧᠺᠲᠷᠤᠨ ᠬᠤᠳᠠᠯᠳᠤᠭᠠᠨ ᠤ᠋ ᠠᠮᠢ ᠠᠬᠤᠢ ᠵᠢᠨ ᠰᠢᠰᠲ᠋ᠧᠮ ᠶ᠋ᠢᠡᠷ ᠲᠤᠯᠭᠠᠭᠤᠷᠢᠯᠠᠯ ᠪᠣᠯᠭᠠᠳᠠᠭ᠃ ᠲᠤᠬᠠᠢ ᠵᠢᠨ ᠭᠠᠵᠠᠷ ᠤ᠋ᠨ ᠬᠢᠨ ᠤᠯᠤᠰ ᠤ᠋ᠨ ᠡᠯᠧᠺᠲᠷᠣᠨ ᠬᠤᠳᠠᠯᠳᠤᠭᠠᠨ ᠤ᠋ ᠶᠠᠪᠤᠳᠠᠯ ᠢ᠋ ᠬᠥᠳᠡᠭᠡ ᠲᠣᠰᠬᠣᠨ ᠳ᠋ᠤ ᠣᠷᠣᠭᠤᠯᠬᠤ ᠶᠡᠷᠦᠩᠬᠡᠢᠯᠡᠭᠰᠡᠨ ᠵᠢᠱ᠌ᠢᠶ᠎ᠡ ᠦᠵᠡᠭᠦᠯᠬᠦ ᠲᠥᠷᠥᠯ ᠵᠦᠢᠯ ᠶ᠋ᠢᠡᠷ ᠳᠤᠯᠭᠠᠭᠤᠷᠢᠯᠠᠯ ᠪᠣᠯᠭᠠᠵᠤ᠂ 《1 ᠬᠣᠰᠢᠭᠤᠨ ᠲᠠᠰ ᠤ᠋ᠨ ᠣᠶᠤᠨᠲᠤ ᠡᠳ᠋ ᠪᠠᠷᠠᠭᠠᠨ ᠤ᠋ ᠭᠦᠢᠯᠭᠡᠭᠡᠨ ᠤ᠋ ᠬᠦᠷᠢᠶᠡᠯᠡᠩ + 6 ᠪᠠᠯᠭᠠᠰᠤᠨ ᠤ᠋ ᠲᠠᠰ ᠤ᠋ᠨ ᠡᠯᠧᠺᠲᠷᠣᠨ ᠬᠤᠳᠠᠯᠳᠤᠭᠠᠨ ᠤ᠋ ᠦᠢᠯᠡᠴᠢᠯᠡᠭᠡᠨ ᠤ᠋ ᠥᠷᠲᠡᠭᠡ + 27 ᠲᠣᠰᠬᠣᠨ ᠤ᠋ ᠲᠠᠰ ᠤ᠋ᠨ ᠡᠯᠧᠺᠲᠷᠣᠨ ᠬᠤᠳᠠᠯᠳᠤᠭᠠᠨ ᠤ᠋ ᠦᠢᠯᠡᠴᠢᠯᠡᠭᠡᠨ ᠤ᠋ ᠥᠷᠲᠡᠭᠡ》 ᠵᠢᠨ ᠭᠤᠷᠪᠠᠨ ᠱᠠᠳᠤᠨ ᠤ᠋ ᠡᠳ᠋ ᠪᠠᠷᠠᠭᠠᠨ ᠤ᠋ ᠭᠦᠢᠯᠭᠡᠭᠡᠨ ᠤ᠋ ᠲᠣᠣᠷ ᠰᠦᠯᠵᠢᠶ᠎ᠡ ᠵᠢ ᠪᠠᠢᠭᠤᠯᠵᠡᠢ᠃ ᠡᠨᠡ ᠵᠢᠯ ᠤ᠋ᠨ 1 ︱ 7 ᠰᠠᠷ᠎ᠠ ᠳ᠋ᠤ᠂ ᠡᠵᠡᠨ ᠬᠣᠷᠣᠭ᠎ᠠ ᠬᠣᠰᠢᠭᠤᠨ ᠤ᠋ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠢ᠋ ᠰᠦᠯᠵᠢᠶ᠎ᠡ ᠪᠡᠷ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 262.3 ᠲᠦᠮᠡᠨ ᠲᠥᠭᠥᠷᠢᠭ ᠲᠤ᠌ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 31.2% ᠵᠢᠡᠷ ᠨᠡᠮᠡᠭᠳᠡᠨ᠂ ᠮᠠᠯ ᠤ᠋ᠨ ᠠᠰᠢᠭ᠋ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ 《ᠲᠠᠷᠢᠶᠠᠨ ᠭᠠᠵᠠᠷ ᠡᠴᠠ ᠰᠢᠭᠤᠳ ᠬᠡᠷᠡᠭᠯᠡᠭᠴᠢᠳ ᠤ᠋ᠨ ᠭᠠᠷ ᠲᠤ᠌ ᠬᠦᠷᠬᠦ》 ᠥᠨᠳᠥᠷ ᠪᠦᠲᠦᠮᠵᠢᠲᠡᠢ ᠡᠷᠭᠢᠯᠲᠡ ᠵᠢ ᠪᠡᠶᠡᠯᠡᠭᠦᠯᠪᠡ᠃ ᠡᠭᠦᠨ ᠤ᠋ ᠬᠠᠮᠳᠤ᠂《ᠡᠯᠧᠺᠲᠷᠣᠨ ᠬᠤᠳᠠᠯᠳᠤᠭᠠᠨ ᠤ᠋ ᠤᠳᠤᠨ ᠳᠡᠯᠭᠡᠷᠡᠬᠦᠯᠦᠨ ᠳᠠᠨᠢᠯᠴᠠᠭᠤᠯᠤᠭᠴᠢᠳ》 ᠢ᠋ ᠬᠦᠮᠦᠵᠢᠬᠦᠯᠬᠦ᠂ ᠳᠡᠭᠡᠳᠦ ᠵᠡᠷᠭᠡ ᠵᠢᠨ ᠢᠨᠲᠧᠷ ᠰᠦᠯᠵᠢᠶᠡᠨ ᠤ᠋ ᠡᠵᠡᠩᠨᠡᠨ ᠪᠣᠷᠣᠯᠠᠭᠤᠯᠤᠭ᠍ᠴᠢ ᠶ᠋ᠢᠨ ᠭᠡᠷᠡᠴᠢᠯᠡᠬᠡ ᠭᠠᠷᠭᠠᠬᠤ ᠵᠡᠷᠭᠡ ᠠᠷᠭ᠎ᠠ ᠬᠡᠮᠵᠢᠶ᠎ᠡ ᠪᠡᠷ ᠳᠠᠮᠵᠢᠭᠤᠯᠤᠨ᠂ ᠡᠯᠧᠺᠲᠷᠣᠨ ᠬᠤᠳᠠᠯᠳᠤᠭᠠᠨ ᠤ᠋ ᠪᠣᠯᠪᠠᠰᠤᠷᠠᠯ ᠢ᠋ ᠨᠡᠶ᠋ᠢᠲᠡ 57 ᠬᠤᠭᠤᠴᠠᠭ᠎ᠠ ᠥᠷᠨᠢᠭᠦᠯᠵᠦ᠂ 4617 ᠬᠥᠮᠥᠨ ᠤᠳᠠᠭ᠎ᠠ ᠵᠢ ᠬᠠᠮᠤᠷᠤᠨ᠂ ᠰᠢᠭᠤᠳ ᠨᠡᠪᠲᠡᠷᠡᠭᠦᠯᠭᠡ ᠪᠡᠷ ᠳᠠᠷᠢᠶᠠᠯᠠᠩ ᠤ᠋ᠨ ᠪᠦᠳᠦᠭᠡᠭᠳᠡᠬᠦᠨ ᠢ᠋ ᠪᠤᠷᠤᠯᠠᠭᠤᠯᠬᠤ ᠳ᠋ᠤ ᠲᠤᠰᠬᠠᠢ ᠮᠡᠷᠭᠡᠵᠢᠯ ᠤ᠋ᠨ ᠴᠢᠳᠠᠪᠤᠷᠢᠲᠠᠨ ᠢ᠋ ᠭᠦᠢᠴᠡᠳ ᠨᠥᠭᠡᠴᠡᠯᠡᠵᠦ ᠳᠡᠢᠯᠦᠭᠰᠡᠨ ᠪᠠᠢᠨ᠎ᠠ᠃ 《ᠮᠠᠨ ᠤ᠋ ᠬᠣᠰᠢᠭᠤ ᠡᠯᠧᠺᠲᠷᠣᠨ ᠬᠤᠳᠠᠯᠳᠤᠭᠠᠨ ᠤ᠋ ᠪᠣᠯᠪᠠᠰᠤᠷᠠᠯ ᠢ᠋ ᠵᠣᠬᠢᠶᠠᠨ ᠪᠠᠢᠭᠤᠯᠵᠤ᠂ ᠪᠢᠳᠡᠨ ᠳ᠋ᠤ ᠬᠡᠷᠬᠢᠨ ᠣᠬᠣᠷ ᠸᠢᠳᠢᠣ᠋ ᠰᠡᠭᠦᠳᠡᠷᠯᠡᠬᠦ᠂ ᠰᠢᠭᠤᠳ ᠨᠡᠪᠲᠡᠷᠡᠭᠦᠯᠭᠡ ᠬᠢᠬᠦ᠂ ᠪᠦᠳᠦᠭᠡᠭᠳᠡᠬᠦᠨ ᠶ᠋ᠢᠡᠨ ᠬᠤᠳᠠᠯᠳᠤᠬᠤ ᠵᠢ ᠵᠢᠭᠠᠵᠤ ᠦᠭᠴᠡᠢ》 ᠭᠡᠵᠦ ᠰᠠᠢᠠᠤ᠋ᠰᠤ ᠲᠣᠰᠬᠣᠨ ᠤ᠋ ᠠᠷᠠᠳ ᠯᠢ ᠶᠦᠨ ᠰᠤᠷᠪᠤᠯᠵᠢᠯᠠᠭ᠍ᠴᠢ ᠳ᠋ᠤ ᠥᠪᠡᠷ ᠤ᠋ᠨ ᠰᠢᠭᠤᠳ ᠨᠡᠪᠲᠡᠷᠡᠭᠦᠯᠭᠡ ᠵᠢᠨ ᠲᠠᠩᠰᠠᠨ ᠤ᠋ ᠳ᠋ᠤᠭᠠᠷ ᠶ᠋ᠢᠡᠨ ᠦᠵᠡᠭᠦᠯᠵᠦ᠂ ᠰᠢᠨ᠎ᠡ ᠪᠤᠷᠤᠯᠠᠭᠤᠯᠭ᠎ᠠ ᠶ᠋ᠢᠨ ᠬᠡᠯᠪᠡᠷᠢ ᠵᠢ ᠮᠡᠳᠡᠷᠡᠵᠤ ᠪᠠᠢᠯ᠎ᠠ᠃
ᠣᠳᠣᠬᠠᠨ ᠳ᠋ᠤ᠂ ᠡᠵᠡᠨ ᠬᠣᠷᠣᠭ᠎ᠠ ᠬᠣᠰᠢᠭᠤᠨ ᠤ᠋ ᠲᠣᠰᠬᠣᠨ ᠳ᠋ᠤ ᠰᠠᠭᠤᠭ᠎ᠠ ᠨᠢᠭᠡᠳᠦᠭᠡᠷ ᠱᠦᠵᠢ ᠵᠢᠨ ᠰᠢᠭᠤᠳ ᠨᠡᠪᠲᠡᠷᠡᠭᠦᠯᠭᠡ ᠪᠡᠷ ᠬᠥᠳᠡᠭᠡ ᠠᠵᠤ ᠠᠬᠤᠢ ᠵᠢ ᠲᠤᠰᠠᠯᠠᠬᠤ ᠠᠵᠢᠯᠯᠠᠭ᠎ᠠ ᠨᠢ ᠨᠢᠭᠡᠨᠲᠡ ᠮᠡᠳᠡᠭᠳᠡᠮ᠎ᠡ ᠬᠡᠪᠴᠢᠶᠡᠨ ᠤ᠋ ᠦᠢᠯᠡᠳᠦᠯ ᠦᠵᠡᠭᠦᠯᠦᠭᠰᠡᠨ ᠪᠠᠢᠨ᠎ᠠ᠃ ᠲᠥᠪ ᠤ᠋ᠨ ᠨᠠᠢ᠍ᠮᠠᠨ ᠲᠣᠭᠲᠠᠭᠠᠯ ᠤ᠋ᠨ ᠵᠣᠷᠢᠭ᠋ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ᠋ ᠥᠷᠨᠢᠭᠦᠯᠦᠭᠰᠡᠨ ᠡᠴᠡ ᠨᠠᠭᠠᠰᠢ᠂ ᠪᠥᠬᠥ ᠬᠣᠰᠢᠭᠤᠨ ᠤ᠋ ᠨᠢᠭᠡᠳᠦᠭᠡᠷ ᠱᠦᠵᠢ ᠨᠡᠶ᠋ᠢᠲᠡ 1000 ᠭᠠᠷᠤᠢ ᠤᠳᠠᠭ᠎ᠠ ᠰᠢᠭᠤᠳ ᠨᠠᠪᠲᠠᠷᠡᠭᠦᠯᠭᠡ ᠬᠢᠵᠦ᠂ 《ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠪᠡᠷ ᠳᠡᠯᠭᠡᠷᠡᠭᠦᠯᠬᠦ + ᠰᠦᠯᠵᠢᠶᠡᠨ ᠭᠠᠳᠠᠨᠠᠬᠢ ᠠᠷᠭ᠎ᠠ ᠵᠠᠮ ᠶ᠋ᠢᠡᠷ ᠬᠣᠯᠪᠤᠭᠠᠯᠠᠨ ᠬᠥᠳᠡᠯᠦᠯᠴᠡᠬᠦ》ᠪᠡᠷ ᠳᠡᠮᠵᠢᠭᠤᠯᠤᠨ᠂ ᠮᠠᠯᠴᠢᠨ ᠲᠠᠷᠢᠶᠠᠴᠢᠨ ᠢ᠋ ᠬᠠᠪᠰᠤᠷᠤᠨ 240 ᠲᠦᠮᠡᠨ ᠵᠢᠩ ᠮᠠᠯ ᠤ᠋ᠨ ᠠᠰᠢᠭ᠋ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠢ᠋ ᠪᠣᠷᠣᠯᠠᠭᠤᠯᠵᠤ᠂ ᠪᠣᠷᠤᠯᠠᠭᠤᠯᠭ᠎ᠠ ᠵᠢᠨ ᠬᠡᠮᠵᠢᠶ᠎ᠡ ᠨᠢ 1898.3 ᠲᠦᠮᠡᠨ ᠲᠥᠭᠥᠷᠢᠭ ᠲᠤ᠌ ᠬᠦᠷᠴᠡᠢ᠃ ᠬᠢᠯᠳᠡᠩ ᠤ᠋ᠨ ᠰᠦᠮ᠎ᠡ ᠲᠣᠰᠬᠣᠨ ᠤ᠋ ᠲᠠᠷᠢᠶᠠᠴᠢᠳ ᠢ᠋ ᠬᠠᠪᠰᠤᠷᠤᠨ 400 ᠲᠦᠮᠡᠨ ᠵᠢᠩ ᠲᠠᠷᠪᠤᠰ ᠢ᠋ ᠪᠣᠷᠤᠯᠠᠭᠤᠯᠬᠤ ᠡᠴᠡ 《ᠡᠵᠡᠨ ᠬᠣᠷᠣᠭ᠎ᠠ ᠶ᠋ᠢᠨ ᠬᠠᠳᠠᠭᠠᠭᠰᠠᠨ ᠬᠤᠨᠢᠨ ᠮᠢᠬ᠎ᠠ》 ᠵᠡᠷᠭᠡ ᠭᠠᠵᠠᠷ ᠵᠦᠢ ᠵᠢᠨ ᠢᠯᠡᠷᠬᠡᠢᠯᠡᠯᠳᠦ ᠪᠦᠲᠦᠭᠡᠭᠳᠡᠬᠦᠨ ᠢ᠋ ᠪᠦᠬᠦ ᠤᠯᠤᠰ ᠲᠤ᠌ ᠪᠤᠷᠤᠯᠠᠭᠤᠯᠬᠤ ᠬᠦᠷᠲᠡᠯ᠎ᠡ᠂ ᠳᠤᠰᠬᠤᠨ ᠳ᠋ᠤ ᠰᠠᠭᠤᠭ᠎ᠠ ᠨᠢᠭᠡᠳᠦᠭᠡᠷ ᠱᠦᠵᠢ ᠨᠢ ᠰᠢᠭᠤᠳ ᠨᠡᠪᠲᠡᠷᠡᠭᠦᠯᠭᠡ ᠪᠡᠷ ᠬᠦᠳᠡᠭᠡ ᠠᠵᠤ ᠠᠬᠤᠢ ᠵᠢ ᠳᠤᠰᠠᠯᠠᠬᠤ ᠳ᠋ᠤ ᠬᠦᠴᠦᠯᠡᠵᠦ᠂ ᠤᠷᠤᠨ ᠨᠤᠲᠤᠭ ᠤ᠋ᠨ ᠮᠠᠯ ᠤ᠋ᠨ ᠠᠰᠢᠭ᠋ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠢ᠋ ᠪᠦᠬᠦ ᠤᠯᠤᠰ ᠤ᠋ᠨ ᠡᠯ᠎ᠡ ᠭᠠᠵᠠᠷ ᠲᠤ᠌ ᠪᠤᠷᠤᠯᠠᠭᠤᠯᠵᠤ ᠴᠢᠳᠠᠵᠠᠢ᠃
ᠡᠵᠡᠨ ᠬᠣᠷᠣᠭ᠎ᠠ ᠬᠣᠰᠢᠭᠤᠨ ᠤ᠋ ᠳᠤᠰᠬᠤᠨ ᠳ᠋ᠤ ᠰᠠᠭᠤᠭ᠎ᠠ ᠬᠤᠯᠪᠤᠭᠠᠯᠠᠨ ᠳᠠᠭᠠᠭᠠᠴᠢᠯᠠᠬᠤ ᠠᠵᠢᠯ ᠢ᠋ ᠵᠣᠬᠢᠴᠠᠭᠤᠯᠬᠤ ᠦᠢᠯᠡᠴᠢᠯᠡᠭᠡᠨ ᠤ᠋ ᠲᠥᠪ ᠤ᠋ᠨ ᠡᠷᠬᠢᠯᠡᠭᠴᠢ ᠶᠠᠩ ᠰᠢᠶᠣᠣ ᠵᠢᠶᠦ᠋ᠨ᠄ 《ᠪᠢᠳᠡ ᠨᠢᠭᠡᠳᠦᠭᠡᠷ ᠱᠦᠵᠢ ᠪᠡᠷ ᠳᠠᠮᠵᠢᠭᠤᠯᠤᠨ ᠰᠦᠯᠵᠢᠶᠡᠨ ᠤ᠋ ᠨᠠᠢᠵᠠ ᠨᠠᠷ ᠤ᠋ᠨ ᠠᠩᠬᠠᠷᠤᠯ ᠢ᠋ ᠳᠠᠳᠠᠵᠤ᠂ ᠰᠦᠯᠵᠢᠶᠡᠨ ᠤ᠋ ᠬᠠᠯᠠᠭᠤᠷᠠᠯ ᠢ᠋ ᠦᠨᠡᠨ ᠬᠦ᠌ ᠪᠣᠷᠤᠯᠠᠭᠤᠯᠭ᠎ᠠ ᠵᠢᠨ ᠬᠡᠮᠵᠢᠶ᠎ᠡ ᠪᠣᠯᠭᠠᠵᠤ ᠪᠠᠢᠨ᠎ᠠ》 ᠭᠡᠵᠡᠢ᠃ ᠣᠳᠣᠬᠠᠨ ᠳ᠋ᠤ᠂ ᠡᠵᠡᠨ ᠬᠣᠷᠣᠭ᠎ᠠ ᠬᠣᠰᠢᠭᠤᠨ ᠤ᠋ ᠲᠣᠰᠬᠣᠨ ᠳ᠋ᠤ ᠰᠠᠭᠤᠭ᠎ᠠ ᠨᠢᠭᠡᠳᠦᠭᠡᠷ ᠱᠦᠵᠢ ᠨᠠᠷ ᠤᠯᠠᠨ ᠲᠦᠮᠡᠨ ᠲᠠᠢ ᠣᠢᠷᠠᠳᠴᠤ ᠰᠢᠭᠤᠳ ᠨᠡᠪᠲᠡᠷᠡᠭᠦᠯᠭᠡ ᠵᠢᠨ ᠬᠡᠯᠪᠡᠷᠢ ᠪᠡᠷ ᠮᠠᠯᠴᠢᠨ ᠲᠠᠷᠢᠶᠠᠴᠢᠨ ᠤ᠋ ᠣᠷᠣᠯᠭ᠎ᠠ ᠵᠢ ᠨᠡᠮᠡᠭᠳᠡᠭᠦᠯᠬᠦ ᠵᠢᠨ ᠬᠠᠮᠲᠤ᠂ ᠲᠣᠭᠠᠴᠢᠯᠠᠭᠰᠠᠨ ᠬᠥᠳᠡᠯᠭᠡᠬᠦ ᠬᠦᠴᠦᠨ ᠢ᠋ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠳ᠋ᠤ ᠦᠢᠯᠡᠴᠢᠯᠡᠬᠦᠯᠦᠨ᠂ ᠨᠠᠮ ᠤ᠋ᠨ ᠪᠠᠢᠭᠤᠯᠤᠯᠲᠠ ᠪᠡᠷ ᠬᠥᠲᠥᠯᠥᠨ ᠳᠠᠭᠠᠭᠤᠯᠬᠤ᠂ ᠡᠯᠧᠺᠲᠷᠣᠨ ᠬᠤᠳᠠᠯᠳᠤᠭ᠎ᠠ ᠪᠡᠷ ᠬᠦᠴᠦᠨ ᠨᠡᠮᠡᠷᠢᠯᠡᠬᠦ᠂ ᠲᠠᠷᠢᠶᠠᠴᠢᠨ ᠡᠷᠦᠬᠡ ᠳ᠋ᠤ ᠠᠰᠢᠭ᠋ ᠬᠦᠷᠲᠡᠭᠡᠬᠦ ᠦᠷᠭᠦᠯᠵᠢᠯᠡᠬᠦ ᠬᠥᠭᠵᠢᠯᠲᠡ ᠵᠢᠨ ᠵᠠᠮ ᠶ᠋ᠢᠡᠷ ᠵᠠᠮᠨᠠᠵᠤ ᠪᠠᠢᠨ᠎ᠠ᠃