ᠥᠪᠥᠷ ᠮᠣᠩᠭᠣᠯ 《 ᠭᠤᠷᠪᠠᠨ ᠶᠡᠬᠡ ᠰᠢᠰᠲᠧᠮ》 ᠢ᠋ ᠪᠠᠢᠭᠤᠯᠤᠨ ᠪᠡᠬᠢᠵᠢᠬᠦᠯᠵᠦ ᠰᠦᠯᠵᠢᠶᠡᠨ᠎ᠦ ᠠᠮᠤᠷ ᠲᠦᠪᠰᠢᠨ᠎ᠦ ᠲᠣᠣᠷ᠎ᠢ ᠨᠢᠭ᠍ᠲᠠ ᠰᠦᠯᠵᠢᠵᠦ ᠪᠤᠢ
2025-12-01 09:52:35
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠶᠢᠨ ᠵᠢᠯ᠎ᠳᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠢ᠋ᠢᠨ ᠰᠦᠯᠵᠢᠶᠡᠨ᠎ᠤ ᠠᠮᠤᠷ ᠲᠦᠪᠰᠢᠨ ᠪᠠ ᠮᠡᠲᠡᠭᠡ ᠵᠠᠩᠬᠢᠴᠢᠯᠠᠯᠲᠠ ᠢ᠋ᠢᠨ ᠬᠤᠷᠢᠶ᠎ᠠ ᠢ᠋ᠢᠨ ᠠᠯᠪᠠᠨ ᠬᠡᠷ ᠬᠦᠭᠵᠢᠯᠲᠡ ᠪᠠ ᠠᠮᠤᠷ ᠲᠦᠪᠰᠢᠨ ᠢ᠋ ᠲᠦᠯᠦᠪᠵᠢᠭᠦᠯᠬᠦ ᠵᠢ ᠪᠠᠷᠢᠮᠲᠠᠯᠠᠨ᠂ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠡᠬᠢᠵᠢᠭᠦᠯᠬᠦ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠦᠯᠵᠢᠶᠡᠨ᠎ᠦ ᠠᠮᠤᠷ ᠲᠦᠪᠰᠢᠨ᠎ᠦ ᠲᠥᠯᠦᠪᠵᠢᠭᠦᠯᠭᠡ᠎ᠶᠢ ᠲᠤᠭᠤᠰᠢᠯᠠᠭᠤᠯᠤᠨ ᠨᠠᠢᠲᠠᠪᠤᠷᠢᠵᠢᠭᠤᠯᠬᠤ ᠵᠢ ᠯᠠᠪᠲᠠᠭᠤᠨ ᠪᠠᠲᠤᠲᠠᠢ ᠠᠬᠢᠭᠤᠯᠤᠨ᠂ ᠰᠦᠯᠵᠢᠶᠡᠨ᠎ᠦ ᠠᠮᠤᠷ ᠲᠦᠪᠰᠢᠨ᠎ᠦ ᠪᠠᠲᠤᠯᠠᠭ᠎ᠠ᠎ᠶᠢᠨ ᠴᠢᠳᠠᠪᠤᠷᠢ᠎ᠶᠢᠨ ᠪᠠᠢᠭᠤᠯᠤᠯᠲᠠ᠎ᠶᠢ ᠲᠠᠰᠤᠷᠠᠯᠲᠠ ᠦᠭᠡᠢ ᠴᠢᠩᠭᠠᠳᠬᠠᠨ᠂ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠰᠢᠰᠲᠧᠮ ᠢ᠋ ᠪᠠᠢᠭᠤᠯᠵᠤ᠂ ᠠᠮᠤᠷ ᠲᠦᠪᠰᠢᠨ᠎ᠦ ᠬᠠᠮᠠᠭᠠᠯᠠᠯᠲᠠ᠎ᠶᠢᠨ ᠰᠢᠰᠲᠧᠮ ᠢ᠋ ᠴᠣᠭᠴᠠᠯᠠᠨ᠂ ᠠᠮᠤᠷ ᠲᠦᠪᠰᠢᠨ᠎ᠦ ᠲᠤᠯᠭᠠᠭᠤᠷᠢᠯᠠᠬᠤ ᠰᠢᠰᠲᠧᠮ ᠢ᠋ ᠪᠡᠬᠢᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠰᠦᠯᠵᠢᠶᠡᠨ᠎ᠦ ᠠᠮᠤᠷ ᠲᠦᠪᠰᠢᠨ᠎ᠦ ᠪᠠᠲᠤᠯᠠᠭ᠎ᠠ ᠬᠠᠩᠭᠠᠪᠠ᠃

ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠰᠢᠰᠲᠧᠮ᠎ᠢ ᠪᠠᠶ᠋ᠢᠭᠤᠯᠬᠤ ᠲᠠᠯ᠎ᠠ᠎ᠪᠠᠷ᠂ ᠬᠠᠤᠯᠢ ᠲᠣᠭᠲᠠᠭᠠᠯ᠎ᠤᠨ ᠳᠦᠷᠢᠮ᠎ᠦᠨ ᠰᠢᠰᠲᠧᠮ᠎ᠢ ᠨᠡᠩ ᠲᠡᠭᠦᠯᠳᠡᠷᠵᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠤᠯᠤᠰ᠎ᠤᠨ ᠤᠮᠠᠷᠠᠲᠤ ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠡᠬᠢᠵᠢᠭᠦᠯᠬᠦ᠎ᠶᠢ ᠠᠬᠢᠭᠤᠯᠬᠤ ᠳᠦᠷᠢᠮ》 ᠤ᠋ᠨ ᠬᠣᠯᠪᠣᠭᠳᠠᠯ ᠪᠦᠬᠦᠢ ᠱᠠᠭᠠᠷᠳᠠᠯᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠰᠦᠯᠵᠢᠶᠡᠨ᠎ᠦ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭᠠᠳᠬᠠᠨ᠂ ᠰᠦᠯᠵᠢᠶᠡᠨ᠎ᠦ ᠠᠮᠤᠷ ᠲᠦᠪᠰᠢᠨ᠎ᠦ ᠬᠠᠷᠢᠭᠤᠴᠠᠯᠭ᠎ᠠ᠎ᠶᠢᠨ ᠰᠢᠰᠲᠸᠮ ᠢ᠋ ᠨᠢᠬᠲᠠ ᠰᠦᠯᠵᠢᠪᠡ᠃ ᠣᠷᠣᠨ᠎ᠤ ᠬᠠᠷᠢᠶ᠎ᠠ ᠤᠯᠤᠰ᠎ᠤᠨ ᠥᠮᠴᠢᠯᠡᠯ᠎ᠤᠨ ᠠᠵᠤ ᠠᠬᠤᠢᠯᠠᠯ ᠵᠢᠴᠢ ᠴᠢᠬᠤᠯᠠ ᠮᠡᠳᠡᠭᠡ ᠵᠠᠩᠭᠢ᠎ᠶᠢᠨ ᠰᠢᠰᠲᠧᠮ᠎ᠦᠨ ᠡᠵᠡᠩᠨᠡᠯᠲᠡ᠎ᠶᠢᠨ ᠨᠢᠭᠡᠴᠢ᠎ᠳᠦ ᠰᠦᠯᠵᠢᠶᠡᠨ᠎ᠦ ᠠᠮᠤᠷ ᠲᠦᠪᠰᠢᠨ᠎ᠦ ᠲᠡᠷᠢᠭᠦᠨ ᠲᠤᠰᠢᠶᠠᠯᠲᠠᠨ ᠪᠠ ᠬᠣᠯᠪᠣᠭᠠᠴᠢᠨ ᠭᠠᠷᠭᠠᠵᠤ᠂ ᠰᠦᠯᠵᠢᠶᠡᠨ᠎ᠦ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠪᠣᠳᠠᠲᠠᠢᠵᠢᠭᠤᠯᠤᠨ ᠬᠠᠮᠢᠶᠠᠷᠬᠤ᠎ᠶᠢ ᠪᠡᠶᠡᠯᠡᠭᠦᠯᠪᠡ᠃ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ᠎ᠶᠢ ᠨᠡᠩ ᠲᠡᠭᠦᠯᠳᠡᠷᠵᠢᠭᠦᠯᠵᠦ᠂ ᠬᠠᠷᠢᠭᠤᠴᠠᠯᠭ᠎ᠠ᠎ᠶᠢᠨ ᠨᠠᠢᠳᠠᠪᠤᠷᠢᠵᠢᠭᠤᠯᠤᠯᠲᠠ᠎ᠶᠢ ᠪᠠᠢᠴᠠᠭᠠᠵᠤ ᠬᠢᠨᠠᠨ ᠰᠢᠯᠭᠠᠬᠤ᠎ᠶᠢ ᠪᠠᠢᠩᠭᠤᠵᠢᠭᠤᠯᠤᠨ ᠥᠷᠨᠢᠭᠦᠯᠵᠦ᠂ ᠮᠡᠷᠭᠡᠵᠢᠯ᠎ᠦᠨ ᠪᠠᠢᠴᠠᠭᠠᠨ ᠬᠡᠮᠵᠢᠯᠲᠡ᠂ ᠲᠤᠬᠠᠢ᠎ᠶᠢᠨ ᠲᠠᠯᠠᠪᠤᠷ᠎ᠲᠤ ᠬᠢᠨᠠᠨ ᠪᠠᠢᠴᠠᠭᠠᠬᠤ᠂ ᠪᠣᠯᠵᠣᠨ ᠶᠠᠷᠢᠯᠴᠠᠵᠤ ᠴᠡᠭᠴᠡᠯᠡᠨ ᠰᠠᠢᠵᠢᠷᠠᠭᠤᠯᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠵᠡᠷᠭᠡ ᠠᠷᠭ᠎ᠠ ᠬᠡᠯᠪᠡᠷᠢ᠎ᠪᠡᠷ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠵᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠰᠦᠯᠵᠢᠶᠡᠨ᠎ᠦ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢᠨ ᠬᠡᠮ ᠰᠣᠭᠣᠭ᠎ᠢ ᠴᠡᠭᠴᠡᠯᠡᠨ ᠰᠠᠢᠵᠢᠷᠠᠭᠤᠯᠵᠤ ᠠᠷᠢᠯᠭᠠᠪᠠ᠃

ᠠᠮᠤᠷ ᠲᠦᠪᠰᠢᠨ᠎ᠦ ᠬᠠᠮᠠᠭᠠᠯᠠᠯᠲᠠ᠎ᠶᠢᠨ ᠰᠢᠰᠲ᠋ᠸᠮ᠎ᠢ ᠪᠠᠶ᠋ᠢᠭᠤᠯᠬᠤ ᠲᠠᠯ᠎ᠠ᠎ᠪᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠦ ᠠᠮᠤᠷ ᠲᠦᠪᠰᠢᠨ᠎ᠦ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠲᠣᠭᠲᠠᠴᠠ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠰᠠᠯᠠᠭ᠎ᠠ ᠮᠥᠴᠢᠷ᠎ᠦᠨ ᠬᠣᠭᠣᠷᠣᠨᠳᠣᠬᠢ ᠲᠤᠬᠠᠢᠯᠠᠭᠰᠠᠨ ᠠᠵᠢᠯ᠎ᠤᠨ ᠬᠠᠮᠵᠢᠯᠴᠠᠭ᠎ᠠ ᠥᠨᠳᠥᠷ ᠪᠦᠲᠦᠮᠵᠢᠲᠡᠢ᠎ᠪᠡᠷ ᠶᠠᠪᠤᠭᠳᠠᠵᠤ᠂ ᠲᠣᠭᠲᠠᠴᠠ᠎ᠶᠢᠨ ᠬᠤᠷᠠᠯ᠎ᠢ ᠪᠠᠢᠩᠭᠤᠵᠢᠭᠤᠯᠤᠨ ᠬᠤᠷᠠᠯᠳᠤᠭᠤᠯᠵᠤ᠂ ᠤᠯᠠᠨ ᠳᠠᠪᠬᠤᠷ ᠬᠠᠮᠠᠭᠠᠯᠠᠯᠲᠠ᠎ᠶᠢᠨ ᠰᠢᠰᠲ᠋ᠸᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠮᠠᠭᠠᠯᠠᠯᠲᠠ᠎ᠶᠢᠨ ᠴᠢᠳᠠᠪᠤᠷᠢ᠎ᠶᠢ 《ᠰᠠᠨᠠᠭᠠᠴᠢᠯᠠᠭᠠᠲᠤ ᠪᠤᠰᠤ ᠰᠡᠷᠭᠡᠢᠯᠡᠯᠲᠡ》 ᠡᠴᠡ 《ᠰᠠᠨᠠᠭᠠᠴᠢᠯᠠᠭ᠎ᠠ᠎ᠡᠴᠠ᠎ᠪᠠᠨ ᠰᠡᠷᠭᠡᠢᠯᠡᠨ ᠡᠵᠡᠮᠳᠡᠬᠦ》 ᠲᠡᠢᠰᠢ ᠬᠤᠪᠢᠷᠠᠭᠤᠯᠬᠤ᠎ᠶᠢ  ᠠᠬᠢᠭᠤᠯᠪᠠ᠃ ᠴᠢᠬᠤᠯᠠ ᠵᠠᠩᠭᠢᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠤᠨ ᠰᠡᠷᠭᠡᠢᠯᠡᠯᠲᠡ᠎ᠶᠢ ᠴᠢᠩᠭᠠᠳᠬᠠᠵᠦ᠂ 《ᠵᠠᠩᠭᠢᠯᠠᠭ᠎ᠠ᠎ᠶᠢᠨ ᠮᠡᠳᠡᠭᠡ ᠵᠠᠩᠭᠢ᠎ᠶᠢᠨ ᠰᠠᠭᠤᠷᠢ ᠲᠦᠭᠦᠭᠡᠷᠦᠮᠵᠢ᠎ᠶᠢᠨ ᠠᠮᠤᠷ ᠲᠦᠪᠰᠢᠨ᠎ᠢ ᠬᠠᠮᠠᠭᠠᠯᠠᠬᠤ ᠳᠦᠷᠢᠮ》 ᠢ᠋ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠮᠡᠳᠡᠭᠡ ᠵᠠᠩᠭᠢ᠎ᠶᠢᠨ ᠰᠢᠰᠲᠧᠮ᠎ᠦᠨ ᠨᠠᠷᠢᠨ ᠲᠠᠩᠰᠠ ᠢ᠋ᠢᠨ  ᠭᠠᠷᠴᠠᠭ᠎ᠢ ᠲᠣᠭᠲᠠᠭᠠᠨ᠂ ᠴᠢᠭᠯᠡᠭᠦᠯᠤᠯᠲᠦ ᠴᠢᠨᠠᠷᠲᠠᠢ᠎ᠪᠠᠷ ᠰᠦᠯᠵᠢᠶᠡᠨ᠎ᠦ ᠠᠮᠤᠷ ᠲᠦᠪᠰᠢᠨ᠎ᠦ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠡ᠎ᠶᠢ ᠲᠣᠭᠲᠠᠭᠠᠵᠤ᠂ ᠴᠢᠬᠤᠯᠠ ᠮᠡᠳᠡᠭᠡ ᠵᠠᠩᠭᠢ᠎ᠶᠢᠨ ᠰᠢᠰᠲᠧᠮ᠎ᠦᠨ ᠠᠮᠤᠷ ᠲᠦᠪᠰᠢᠨ᠎ᠦ ᠰᠡᠷᠭᠡᠢᠯᠡᠨ ᠬᠠᠮᠠᠭᠠᠯᠠᠬᠤ ᠴᠢᠳᠠᠪᠤᠷᠢ᠎ᠶᠢ ᠲᠡᠭᠡᠭᠰᠢᠯᠡᠭᠦᠯᠪᠡ᠃ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢ ᠬᠦᠴᠦᠯᠡᠨ ᠴᠢᠩᠭᠠᠳᠬᠠᠵᠦ᠂ 《ᠣᠯᠠᠨ ᠨᠡᠶ᠋ᠢᠲᠡ᠎ᠶᠢᠨ ᠲᠣᠮᠣ᠌ ᠳ᠋ᠠᠢᠲ᠋ᠠ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠵᠦᠭᠯᠡᠭᠦᠷ》᠂ 《ᠬᠤᠪᠢ ᠬᠥᠮᠥᠨ᠎ᠦ ᠮᠡᠳᠡᠭᠡ ᠵᠠᠩᠭᠢ᠎ᠶᠢᠨ ᠬᠠᠮᠠᠭᠠᠯᠠᠯᠲᠠ᠎ᠶᠢᠨ ᠵᠢᠷᠤᠮᠵᠢᠯ》 ᠢ᠋ ᠵᠠᠯᠭᠠᠭ᠎ᠠ᠎ᠪᠠᠷ ᠨᠡᠢᠲᠡᠯᠡᠵᠦ᠂ ᠲᠤᠭ᠎ᠠ ᠪᠠᠷᠢᠮᠲᠠ ᠢ᠋ᠢᠨ ᠠᠮᠤᠷ ᠲᠦᠪᠰᠢᠨ᠎ᠦ ᠳᠦᠷᠢᠮ᠎ᠦᠨ ᠰᠢᠰᠲᠧᠮ᠎ᠢ᠋ ᠲᠡᠭᠦᠯᠳᠡᠷᠵᠢᠭᠦᠯᠪᠡ᠃ 《ᠴᠡᠪᠡᠷ ᠲᠤᠩᠭᠠᠯᠠᠭ · AI ᠮᠡᠷᠭᠡᠵᠢᠯ᠎ᠢ ᠳᠤᠷ᠎ᠠ᠎ᠪᠠᠷ᠎ᠢᠶᠠᠨ ᠬᠡᠷᠡᠭᠯᠡᠬᠦ᠎ᠶᠢ ᠴᠡᠭᠴᠡᠯᠡᠨ ᠵᠠᠰᠠᠬᠤ》 ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ᠎ᠶᠢ ᠥᠷᠨᠢᠭᠦᠯᠵᠦ᠂ ᠵᠣᠬᠢᠶᠠᠮᠠᠯ ᠣᠶᠤᠨ ᠴᠢᠲᠠᠪᠤᠷᠢ ᠢ᠋ᠢᠨ ᠲᠣᠮᠣ᠌ ᠵᠠᠭᠪᠤᠷ᠎ᠤᠨ ᠰᠦᠯᠵᠢᠶ᠎ᠡ ᠪᠠ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠦ ᠲᠦᠭᠰᠢᠭᠦᠷᠢ᠎ᠶᠢ ᠡᠮᠬᠢᠯᠡᠨ ᠵᠢᠭ᠍ᠰᠠᠭᠠᠨ ᠪᠠᠢᠴᠠᠭᠠᠵᠤ᠂ 《ᠡᠭᠦᠰᠦᠮᠡᠯ ᠮᠠᠶᠢᠭ᠋᠎ᠤᠨ ᠵᠣᠬᠢᠶᠠᠮᠠᠯ ᠣᠶᠤᠨ ᠴᠢᠲᠠᠪᠤᠷᠢ ᠢ᠋ᠢᠨ ᠦᠢᠯᠡᠴᠢᠯᠡᠭᠡᠨ᠎ᠦ ᠳᠡᠩᠰᠡᠯᠡᠨ ᠬᠠᠮᠢᠶᠠᠷᠬᠤ ᠵᠢᠷᠤᠮᠵᠢᠯ》 ᠢ᠋ ᠨᠠᠢᠷᠠᠭᠤᠯᠤᠨ ᠵᠣᠬᠢᠶᠠᠵᠤ᠂ ᠡᠭᠦᠰᠦᠮᠡᠯ ᠮᠠᠶᠢᠭ᠋᠎ᠤᠨ ᠵᠣᠬᠢᠶᠠᠮᠠᠯ ᠣᠶᠤᠨ ᠴᠢᠲᠠᠪᠤᠷᠢ ᠢ᠋ᠢᠨ ᠲᠣᠮᠣ᠌ ᠵᠠᠭᠪᠤᠷ᠎ᠤᠨ ᠪᠦᠲᠦᠮᠵᠢᠲᠡᠶ ᠬᠢᠨᠠᠯᠲᠠ ᠬᠠᠮᠢᠶᠠᠷᠤᠯᠲᠠ᠎ᠶᠢ ᠠᠬᠢᠭᠤᠯᠪᠠ᠃ ᠮᠡᠷᠭᠡᠵᠢᠯ᠎ᠦᠨ ᠰᠡᠷᠭᠡᠢᠯᠡᠨ ᠬᠠᠮᠠᠭᠠᠯᠠᠬᠤ ᠠᠷᠭ᠎ᠠ ᠪᠠᠷᠢᠯ᠎ᠤᠨ ᠰᠢᠨ᠎ᠡ᠎ᠶᠢ ᠡᠭᠦᠳᠴᠦ᠂ ᠪᠥᠬᠥ ᠣᠷᠣᠨ᠎ᠤ ᠨᠠᠮ ᠵᠠᠰᠠᠭ᠎ᠤᠨ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠪᠠ ᠵᠠᠰᠠᠭ᠎ᠤᠨ ᠶᠠᠪᠤᠳᠠᠯ᠎ᠤᠨ ᠡᠭᠦᠯᠡᠨ ᠲᠥᠪ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠦᠨ ᠰᠦᠯᠵᠢᠶᠡᠨ ᠥᠷᠲᠡᠭᠡ ᠪᠠ ᠮᠡᠳᠡᠭᠡ ᠵᠠᠩᠭᠢ᠎ᠶᠢᠨ ᠰᠢᠰᠲᠧᠮ᠎ᠳᠦ ᠲᠦᠭᠰᠢᠭᠦᠷᠢ᠎ᠶᠢ ᠬᠢᠨᠠᠨ ᠬᠡᠮᠵᠢᠵᠦ ᠵᠠᠰᠠᠬᠤ ᠠᠵᠢᠯ ᠬᠢᠵᠦ᠂ App / ᠵᠢᠵᠢᠭ ᠫᠷᠣᠭ᠌ᠷᠠᠮ᠎ᠤᠨ ᠠᠮᠤᠷ ᠲᠦᠪᠰᠢᠨ᠎ᠦ ᠮᠡᠷᠭᠡᠵᠢᠯ᠎ᠦᠨ ᠪᠠᠢᠴᠠᠭᠠᠨ ᠬᠡᠮᠵᠢᠵᠦ ᠦᠨᠡᠯᠡᠨ ᠵᠢᠱ᠌ᠢᠬᠦ᠎ᠶᠢ ᠥᠷᠨᠢᠭᠦᠯᠵᠦ᠂ ᠬᠠᠤᠯᠢ ᠲᠣᠭᠲᠠᠭᠠᠯ ᠠ᠋ᠴᠠ ᠵᠥᠷᠢᠴᠡᠨ ᠬᠤᠪᠢ ᠬᠥᠮᠥᠨ᠎ᠦ ᠮᠡᠳᠡᠭᠡ ᠵᠠᠩᠭᠢ᠎ᠶᠢ ᠴᠤᠭᠯᠠᠭᠤᠯᠤᠭᠰᠠᠨ ᠠᠰᠠᠭᠤᠳᠠᠯ᠎ᠢ ᠭᠣᠣᠯᠳᠠᠯᠭ᠎ᠠ᠎ᠲᠠᠢ ᠪᠠᠢᠴᠠᠭᠠᠨ ᠰᠢᠯᠭᠠᠵᠤ᠂ ᠠᠷᠠᠳ ᠢᠷᠭᠡᠳ᠎ᠦᠨ ᠬᠤᠪᠢ ᠬᠥᠮᠥᠨ᠎ᠦ ᠮᠡᠳᠡᠭᠡ ᠵᠠᠩᠭᠢ᠎ᠶᠢ ᠬᠠᠮᠠᠭᠠᠯᠠᠬᠤ ᠡᠷᠬᠡ ᠠᠰᠢᠭ᠋ ᠎ᠢ ᠦᠨᠡᠨ᠎ᠬᠦ ᠬᠠᠮᠠᠭᠠᠯᠠᠪᠠ᠃

ᠠᠮᠤᠷ ᠲᠦᠪᠰᠢᠨ᠎ᠦ ᠲᠤᠯᠭᠠᠭᠤᠷᠢᠯᠠᠯ᠎ᠤᠨ ᠰᠢᠰᠲ᠋ᠸᠮ᠎ᠢ ᠪᠡᠬᠢᠵᠢᠭᠦᠯᠬᠦ ᠲᠠᠯ᠎ᠠ᠎ᠪᠠᠷ᠂ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ᠂ ᠪᠣᠳᠠᠲᠤ ᠪᠠᠢᠯᠳᠤᠭᠠᠨ᠎ᠦ ᠴᠢᠳᠠᠪᠤᠷᠢᠲᠠᠨ᠎ᠢ ᠬᠥᠮᠥᠵᠢᠭᠦᠯᠬᠦ᠂ ᠠᠮᠤᠷ ᠲᠦᠪᠰᠢᠨ᠎ᠦ ᠤᠬᠠᠮᠰᠠᠷ ᠎ᠢ ᠴᠢᠩᠭᠠᠳᠬᠠᠬᠤ ᠭᠤᠷᠪᠠᠨ ᠲᠠᠯ᠎ᠠ ᠎ᠡᠴᠠ ᠬᠦᠴᠦᠯᠡᠵᠦ᠂ 《ᠦᠢᠯᠡᠳᠪᠦᠷᠢᠯᠡᠬᠦ ᠵᠢᠭᠠᠨ ᠰᠤᠷᠭᠠᠬᠤ ᠰᠤᠳᠤᠯᠬᠤ ᠬᠡᠷᠡᠭᠯᠡᠬᠦ》 ᠵᠢ ᠭᠦᠨᠵᠡᠭᠡᠢ ᠠᠭᠤᠰᠤᠯᠴᠠᠭᠤᠯᠤᠨ ᠲᠤᠯᠭᠠᠭᠤᠷᠢᠯᠠᠯ᠎ᠤᠨ ᠰᠢᠰᠲ᠋ᠸᠮ᠎ᠢ ᠪᠠᠢᠭᠤᠯᠪᠠ᠃ ᠠᠮᠤᠷ ᠲᠦᠪᠰᠢᠨ᠎ᠦ ᠠᠵᠤ ᠦᠢᠯᠡᠰ᠎ᠦᠨ ᠰᠠᠭᠤᠷᠢ᠎ᠶᠢ ᠪᠡᠬᠢᠵᠢᠭᠦᠯᠵᠦ᠂ ᠪᠡᠭᠡᠵᠢᠩ ᠲᠢᠶᠠᠨᠵᠢᠨ ᠡᡁᠸᠪᠸᠢ᠎ᠶᠢᠨ ᠬᠠᠮᠵᠢᠯᠴᠠᠨ ᠬᠥᠭᠵᠢᠬᠦ᠎ᠳᠦ ᠰᠠᠨᠠᠭᠠᠴᠢᠯᠠᠭ᠎ᠠ ᠡᠴᠠ᠎ᠪᠠᠨ ᠠᠭᠤᠰᠤᠯᠴᠠᠵᠤ᠂ ᠤᠯᠤᠰ᠎ᠤᠨ ᠳᠣᠲᠣᠭᠠᠳᠤ᠎ᠶᠢᠨ ᠰᠦᠯᠵᠢᠶᠡᠨ᠎ᠦ ᠠᠮᠤᠷ ᠲᠦᠪᠰᠢᠨ᠎ᠦ ᠲᠤᠯᠤᠭᠠᠢᠯᠠᠬᠴᠢ ᠠᠵᠤ ᠠᠬᠤᠢᠯᠠᠯ᠎ᠢ ᠲᠠᠲᠠᠵᠤ ᠥᠪᠥᠷ ᠮᠣᠩᠭᠣᠯ᠎ᠳᠤ ᠵᠠᠯᠭᠠᠭ᠎ᠠ ᠪᠡᠷ ᠬᠤᠪᠢᠶᠠᠷᠢ ᠺᠣᠮᠫᠠᠨᠢ᠎ᠪᠠᠢᠭᠤᠯᠵᠤ᠂ 10 ᠭᠠᠷᠤᠢ ᠣᠷᠣᠨ ᠨᠤᠲᠤᠭ᠎ᠤᠨ ᠳᠤᠮᠳᠠ ᠪᠠᠭ᠎ᠠ ᠰᠦᠯᠵᠢᠶᠡᠨ᠎ᠦ ᠠᠮᠤᠷ ᠲᠦᠪᠰᠢᠨ᠎ᠦ ᠠᠵᠤ ᠠᠬᠤᠢᠯᠠᠯ᠎ᠤᠨ ᠬᠡᠪᠴᠢᠶ᠎ᠡ᠎ᠶᠢ ᠠᠯᠬᠤᠮ ᠠᠯᠬᠤᠮ᠎ᠢᠶᠠᠷ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠦ ᠠᠮᠤᠷ ᠲᠦᠪᠰᠢᠨ᠎ᠦ ᠠᠵᠤ ᠠᠬᠤᠢᠯᠠᠯ᠎ᠤᠨ ᠰᠦᠷᠦᠭᠵᠢᠯ᠎ᠦᠨ ᠦᠢᠯᠡᠳᠦᠯ ᠠᠩᠬ᠎ᠠ ᠠᠯᠬᠤᠮ ᠢᠯᠡᠷᠡᠵᠡᠢ᠃ ᠰᠦᠯᠵᠢᠶᠡᠨ᠎ᠦ ᠠᠮᠤᠷ ᠲᠦᠪᠰᠢᠨ᠎ᠦ ᠴᠢᠳᠠᠪᠤᠷᠢᠲᠠᠨ᠎ᠢ ᠬᠦᠮᠦᠵᠢᠭᠦᠯᠬᠦ ᠵᠢ ᠴᠢᠩᠭᠠᠳᠬᠠᠵᠦ᠂ ᠤᠯᠠᠨ ᠰᠠᠯᠠᠭ᠎ᠠ ᠮᠥᠴᠢᠷ᠎ᠢ ᠨᠢᠭᠡᠳᠦᠯᠲᠡᠢ ᠲᠥᠯᠥᠪᠵᠢᠭᠦᠯᠦᠨ ᠪᠣᠳᠠᠲᠤ ᠪᠠᠢᠯᠳᠤᠭᠠᠨ᠎ᠤ ᠬᠡᠯᠪᠡᠷᠢ᠎ᠶᠢᠨ ᠰᠦᠯᠵᠢᠶᠡᠨ᠎ᠦ ᠠᠮᠤᠷ ᠲᠦᠪᠰᠢᠨ᠎ᠦ ᠴᠢᠳᠠᠪᠤᠷᠢᠲᠠᠨ᠎ᠢ ᠬᠥᠮᠥᠵᠢᠭᠦᠯᠬᠦ ᠲᠦᠷᠦ᠎ᠶᠢᠨ ᠪᠣᠳᠣᠯᠭ᠎ᠠ᠎ᠶᠢᠨ ᠪᠢᠴᠢᠭ ᠮᠠᠲᠧᠷᠢᠶᠠᠯ᠎ᠢ ᠨᠡᠢᠲᠡᠯᠡᠵᠦ᠂ ᠪᠦᠬᠦ ᠣᠷᠣᠨ᠎ᠤ 10 ᠶᠡᠬᠡ ᠳᠡᠭᠡᠳᠦ ᠰᠤᠷᠭᠠᠭᠤᠯᠢ ᠤᠷᠢᠳ ᠬᠣᠵᠢᠳ ᠰᠦᠯᠵᠢᠶᠡᠨ᠎ᠦ ᠠᠮᠤᠷ ᠲᠦᠪᠰᠢᠨ᠎ᠦ ᠲᠤᠰᠬᠠᠢ ᠮᠡᠷᠭᠡᠵᠢᠯ ᠨᠡᠭᠡᠭᠡᠬᠦ᠎ᠶᠢ ᠠᠬᠢᠭᠤᠯᠵᠤ᠂ ᠪᠦᠬᠦ ᠣᠷᠣᠨ᠎ᠳᠤ ᠤᠳᠤ ᠰᠦᠯᠵᠢᠶᠡᠨ᠎ᠦ ᠠᠮᠤᠷ ᠲᠦᠪᠰᠢᠨ᠎ᠦ ᠳᠡᠭᠡᠳᠦ ᠵᠡᠷᠭᠡ᠎ᠶᠢᠨ ᠠᠵᠢᠯ ᠮᠡᠷᠭᠡᠵᠢᠯ᠂ ᠵᠢᠩᠬᠢᠨᠢ ᠠᠩᠭᠢ᠂ ᠲᠤᠰᠬᠠᠢ ᠮᠡᠷᠭᠡᠵᠢᠯ᠎ᠦᠨ ᠮᠠᠰᠲᠧᠷ ᠵᠡᠷᠭᠡ ᠰᠤᠷᠭᠠᠭᠤᠯᠢ᠎ᠳᠤ ᠪᠠᠢᠭ᠎ᠠ 2300 ᠭᠠᠷᠤᠢ ᠰᠤᠷᠤᠬ᠍ᠴᠢ᠎ᠲᠠᠢ ᠪᠣᠯᠪᠠ᠃  ᠪᠦᠬᠦ ᠠᠷᠠᠳ ᠎ᠤᠨ ᠠᠮᠤᠷ ᠲᠦᠪᠰᠢᠨ᠎ᠦ ᠤᠬᠠᠮᠰᠠᠷ ᠎ᠢ ᠳᠡᠭᠡᠭᠰᠢᠯᠡᠭᠦᠯᠵᠦ᠂ ᠪᠠᠢᠩᠭᠤᠵᠢᠭᠤᠯᠬᠤ ᠪᠠ ᠲᠥᠪᠯᠡᠷᠡᠭᠦᠯᠦᠨ ᠤᠬᠠᠭᠤᠯᠵᠤ ᠬᠥᠮᠥᠵᠢᠭᠦᠯᠬᠦ᠎ᠶᠢ ᠬᠠᠷᠢᠯᠴᠠᠨ ᠤᠶᠠᠯᠳᠤᠭᠤᠯᠤᠨ᠂ ᠲᠣᠭᠠᠴᠢᠯᠠᠭᠰᠠᠨ ᠬᠡᠪ ᠪᠣᠯᠪᠠᠰᠤᠷᠠᠯ ᠎ᠢ ᠳᠡᠭᠡᠭᠰᠢᠯᠡᠭᠦᠯᠬᠦ᠂ ᠰᠦᠯᠵᠢᠶ᠎ᠡ᠎ᠪᠡᠷ ᠢᠯᠡᠴᠢᠯᠡᠨ ᠮᠡᠳᠡᠭᠦᠯᠵᠦ ᠴᠤᠤᠷᠬᠠᠯ᠎ᠢ ᠨᠢᠴᠤᠭᠠᠬᠤ᠂ ᠰᠦᠯᠵᠢᠶ᠎ᠡ᠎ᠪᠡᠷ ᠬᠠᠤᠯᠢ ᠲᠦᠭᠡᠮᠡᠯᠵᠢᠭᠦᠯᠬᠦ᠂ ᠰᠦᠯᠵᠢᠶᠡᠨ᠎ᠦ ᠠᠮᠤᠷ ᠲᠦᠪᠰᠢᠨ᠂ ᠰᠦᠯᠵᠢᠶᠡᠨ᠎ᠦ ᠪᠣᠯᠪᠠᠰᠤᠨ ᠵᠡᠷᠭᠡ ᠲᠦᠷᠦᠯ ᠲᠡᠮᠲᠡᠭ᠎ᠤᠨ ᠠᠵᠢᠯᠯᠠᠭ᠎ᠠ ᠪᠠ ᠳᠠᠪᠠᠭᠤᠯᠢᠭ᠋ ᠡᠬᠢ ᠪᠠᠶᠠᠯᠢᠭ᠋᠎ᠢ ᠭᠦᠨᠵᠡᠭᠡᠢ ᠨᠡᠢᠳᠭᠡᠵᠤ᠂ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠲᠤᠬᠠᠢ ᠢ᠋ᠢᠨ ᠲᠠᠯᠠᠪᠠᠢ ᠢ᠋ᠢᠨ ᠬᠥᠮᠦᠵᠢᠯ ᠪᠣᠯᠪᠠᠰᠤᠷᠠᠯ᠎ᠬᠦᠷᠳᠡᠭᠡᠭᠰᠡᠨ ᠬᠦᠮᠦᠨ᠎ᠤ ᠲᠤᠭ᠎ᠠ 20 ᠲᠦᠮᠡ ᠭᠠᠷᠤᠢ ᠬᠥᠮᠥᠨ ᠤᠳᠠᠭ᠎ᠠ᠎ᠶᠢ ᠳᠠᠪᠠᠵᠤ᠂ ᠰᠦᠯᠵᠢᠶᠡᠨ ᠳᠡᠭᠡᠷᠡᠬᠢ ᠤᠬᠠᠭᠤᠯᠭ᠎ᠠ ᠢ᠋ᠢᠨ ᠤᠩᠰᠢᠯᠭ᠎ᠠ᠎ᠶᠢᠨ ᠬᠡᠮᠵᠢᠶ᠎ᠡ 3 ᠳ᠋ᠦᠩᠰᠢᠭᠤᠷ ᠭᠠᠷᠤᠢ ᠤᠳᠠᠭ᠎ᠠ᠎ᠳᠤ ᠬᠥᠷᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号