11 ᠰᠠᠷ᠎ᠠ᠎ᠶ᠋ᠢᠨ 29 ᠤ᠋ ᠡᠳᠦᠷ᠂ ᠳᠤᠮᠳᠠᠳᠤ ᠤᠯᠤᠰ ᠤᠨ ᠠᠷᠠᠳ᠎ᠤᠨ ᠶᠡᠬᠡ ᠰᠤᠷᠭᠠᠭᠤᠯᠢ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠬᠠᠮᠲᠤᠷᠠᠨ ᠭᠣᠣᠯᠯᠠᠨ ᠡᠷᠬᠢᠯᠡᠭ᠌ᠰᠡᠨ 《ᠱᠠᠨ ᠭᠦᠩ ᠶᠡᠭᠡ ᠬᠢᠴᠢᠶᠠᠯ ᠤ᠋ᠨ ᠲᠠᠩᠭᠢᠮ》 ᠤᠨ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠪᠥᠷ ᠮᠣᠩᠭᠣᠯ ᠤᠨ ᠮᠦᠽᠧᠢ᠎ᠳᠦ ᠶᠠᠪᠤᠭ᠍ᠳᠠᠪᠠ᠃ ᠣᠷᠣᠨ᠎ᠤ ᠱᠢᠭᠤᠳ ᠬᠠᠷᠢᠶ᠎ᠠ ᠰᠤᠷᠲᠠᠯ ᠤᠬᠠᠭᠤᠯᠭ᠎ᠠ ᠰᠣᠶᠣᠯ ᠤᠨ ᠱᠢᠰᠲ᠋ᠧᠮ᠎ᠦᠨ ᠨᠢᠭᠡᠴᠢ᠎ᠶ᠋ᠢᠨ ᠨᠠᠮ᠎ᠤᠨ ᠭᠡᠱᠢᠭᠦᠨ ᠺᠠᠳ᠋ᠷ᠎ᠤᠨ ᠲᠥᠯᠥᠭᠡᠯᠡᠭ᠌ᠴᠢ ᠵᠡᠷᠭᠡ 400 ᠭᠠᠷᠤᠢ ᠬᠥᠮᠦᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠪᠠ᠃
ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠎ᠶ᠋ᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ ᠤᠨ ᠣᠨᠴᠠᠯᠢᠭ ᠪᠦᠬᠥᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠨ ᠰᠤᠳᠤᠯᠭᠠᠨ ᠤ ᠬᠦᠷᠢᠶᠡᠯᠡᠩ ᠦᠨ ᠳᠠᠷᠤᠭ᠎ᠠ᠂ ᠱᠢᠨ ᠮᠢᠨ ᠪᠢᠴᠢᠭ᠎ᠦᠨ ᠬᠦᠷᠢᠶᠡᠯᠡᠩ᠎ᠦᠨ ᠳᠠᠷᠤᠭ᠎ᠠ᠂ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ ᠴᠢᠨ ᠱᠢᠤᠸᠠᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭ᠌ᠵᠢᠯᠲᠡ ᠵᠢᠨ ᠣᠷᠣᠱᠢᠬᠤ ᠲᠡᠦᠬᠡᠨ ᠣᠷᠣᠨ ᠪᠠᠢᠷᠢ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠲᠤᠬᠠᠢ ᠨᠠᠮ ᠤᠨ ᠲᠥᠪ ᠬᠣᠷᠢᠶ᠎ᠠ ᠵᠢᠨ ᠦᠨᠳᠦᠰᠦᠨ ᠮᠠᠭᠠᠳᠯᠠᠯᠲᠠ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ᠂ ᠭᠣᠣᠯ ᠬᠠᠷᠠᠯᠲᠠ᠂ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ ᠵᠡᠷᠭᠡ ᠲᠠᠯ᠎ᠠ᠎ᠡᠴᠡ ᠪᠦᠬᠥᠳᠡ ᠬᠤᠷᠠᠯ᠎ᠤᠨ ᠵᠣᠷᠢᠭ ᠰᠠᠨᠠᠭ᠎ᠠ ᠵᠢ ᠱᠢᠰᠲ᠋ᠧᠮ ᠲᠡᠶ ᠪᠦᠬᠡᠳ ᠨᠡᠪᠲᠡᠷᠬᠡᠢ᠂ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠨᠢ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠥᠬᠥᠳᠡ ᠬᠤᠷᠠᠯ ᠤᠨ 《ᠰᠠᠨᠠᠭᠤᠯᠭ᠎ᠠ》 ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠶ ᠤᠶᠠᠯᠳᠤᠭᠤᠯᠤᠨ᠂ ᠭᠤᠤᠯ ᠰᠡᠳᠦᠪ ᠨᠢ ᠢᠯᠡ ᠲᠣᠳᠣ᠂ ᠠᠭᠤᠯᠤᠭ᠍ᠳᠠᠬᠤᠨ᠎ᠨᠢ ᠪᠠᠶᠠᠯᠢᠭ ᠪᠠᠢᠵᠤ᠂ ᠮᠠᠨ ᠤ ᠣᠷᠣᠨ ᠤ ᠰᠤᠷᠲᠠᠯ ᠤᠬᠠᠭᠤᠯᠭ᠎ᠠ ᠰᠣᠶᠣᠯ᠎ᠤᠨ ᠱᠢᠰᠲ᠋ᠧᠮ᠎ᠦᠨ᠎ᠬᠢᠨ ᠦ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ᠎ᠳᠤ ᠵᠢᠯᠣᠭᠣᠳᠣᠯᠭ᠎ᠠ ᠪᠠ ᠬᠠᠪᠰᠤᠷᠤᠯᠭ᠎ᠠ ᠬᠠᠩᠭᠠᠪᠠ᠃
《ᠮᠡᠳᠡᠭᠦᠯᠦᠯᠲᠡ᠎ᠶ᠋ᠢᠨ ᠵᠣᠭ᠍ᠰᠣᠴᠠ ᠨᠢ ᠥᠨᠳᠥᠷ᠂ ᠠᠭᠤᠯᠭ᠎ᠠ ᠨᠢ ᠪᠣᠳᠠᠲᠠᠶ ᠪᠠᠢᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠪᠠ᠂ ᠰᠣᠨᠣᠰᠤᠭ᠍ᠰᠠᠨ᠎ᠤ ᠳᠠᠷᠠᠭ᠎ᠠ ᠭᠦᠨ ᠰᠡᠩᠬᠡᠷᠡᠭᠦᠯᠦᠯ ᠪᠠ ᠬᠥᠮᠦᠵᠢᠯ ᠭᠥᠷᠳᠡᠪᠡ᠃ ᠢᠯᠠᠩᠭᠤᠶ᠎ᠠ ᠪᠦᠬᠦᠳᠡ ᠬᠤᠷᠠᠯ᠎ᠡᠴᠡ ᠬᠢᠭᠰᠡᠨ 〈ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌〉ᠴᠢᠬᠤᠯᠠ ᠶᠡᠬᠡ ᠪᠠᠢᠷᠢᠯᠠᠭᠤᠯᠤᠯᠲᠠ᠎ᠶ᠋ᠢᠨ ᠲᠤᠬᠠᠢ ᠭᠦᠨᠵᠡᠭᠡᠢ ᠲᠠᠢᠯᠪᠤᠷᠢᠯᠠᠯᠲᠠ ᠨᠢ ᠪᠢᠳᠡᠨ᠎ᠢ ᠰᠣᠶᠣᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤᠲᠤᠬᠠᠢ ᠢᠲᠡᠭᠡᠯ᠎ᠢ ᠨᠠᠩ ᠪᠠᠳᠤ ᠪᠣᠯᠭᠠᠵᠠᠢ》᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠯᠧᠺᠲ᠋ᠣᠷ᠎ᠤᠨ ᠪᠦᠯᠬᠦᠮ᠎ᠦᠨ ᠳᠡᠳ᠋ ᠳᠠᠷᠤᠭ᠎ᠠ ᠡᠸ᠋ ᠳ᠋ᠦᠩ ᠹᠧᠩ᠂ ᠪᠢ ᠠᠵᠢᠯ᠎ᠤᠨ ᠪᠠᠢᠷᠢ᠎ᠶ᠋ᠢᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠪᠥᠬᠥᠳᠡ ᠬᠤᠷᠠᠯ ᠤᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠷᠢᠯᠠᠭᠤᠯᠤᠯᠲᠠ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠵᠤ᠂ ᠰᠣᠶᠣᠯ᠎ᠤᠨ ᠬᠦᠴᠦᠷᠬᠡᠭ ᠣᠷᠣᠨ᠎ᠢ ᠪᠥᠲᠥᠭᠡᠨ ᠪᠠᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠷᠳᠡᠮ ᠱᠢᠨᠵᠢᠯᠡᠭᠡᠨ᠎ᠦ ᠲᠥᠪ᠎ᠦᠨ ᠺᠠᠳ᠋ᠷ ᠯᠢ ᠮᠸᠩ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠄ 《ᠤᠬᠠᠭᠤᠯᠤᠨ ᠲᠠᠢᠯᠪᠤᠷᠢᠯᠠᠯᠳᠠ ᠨᠢ ᠱᠢᠰᠲᠸᠮ ᠲᠠᠢ ᠪᠦᠭᠡᠳ ᠪᠦᠬᠦ᠌ ᠲᠠᠯ᠎ᠠ᠎ᠶ᠋ᠢᠨ᠂ ᠠᠭᠤᠯᠤᠭ᠍ᠳᠠᠬᠤᠨ ᠡᠯᠪᠡᠭ ᠪᠠᠶᠠᠯᠢᠭ᠂ ᠪᠢ ᠮᠠᠰᠢ ᠵᠣᠷᠢᠭ᠍ᠵᠢᠵᠤ ᠪᠠᠢᠨ᠎ᠠ᠃ ᠨᠡᠢᠭᠡᠮ ᠦᠨ ᠱᠢᠨᠵᠢᠯᠡᠬᠦ᠌ ᠤᠬᠠᠭᠠᠨ᠎ᠤ ᠠᠵᠢᠯᠳᠠᠨ ᠪᠣᠯᠤᠭ᠍ᠰᠠᠨ᠎ᠤ ᠬᠤᠪᠢ᠎ᠳᠤ᠂ ᠪᠢᠳᠡ ᠤᠨᠤᠯ ᠤᠨ ᠱᠢᠨ᠎ᠡ ᠵᠢ ᠡᠭᠦᠳᠬᠦ᠎ᠶ᠋ᠢ ᠠᠬᠢᠭᠤᠯᠵᠤ᠂ ᠤᠬᠠᠭᠤᠯᠤᠨ ᠲᠠᠢᠯᠪᠤᠷᠢᠯᠠᠬᠤ ᠶ᠋ᠢ ᠭᠦᠨᠵᠡᠭᠡᠢᠷᠡᠭᠦᠯᠦᠨ᠂ ᠠᠷᠭ᠎ᠠ ᠪᠤᠳᠤᠯᠭ᠎ᠠ᠎ᠶ᠋ᠢᠨ ᠰᠤᠳᠤᠯᠭᠠᠨ ᠢ ᠴᠢᠩᠭᠠᠳᠭᠠᠵᠤ᠂ ᠰᠤᠳᠤᠯᠭᠠᠨ ᠤ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠤᠨᠳᠤᠤᠰᠢᠭᠤᠯᠵᠤ᠂ ᠤᠨᠤᠯ᠎ᠢᠶᠡᠷ ᠵᠡᠪᠰᠡᠭ᠌ᠯᠡᠬᠦ᠎ᠵᠢ ᠠᠬᠢᠭᠤᠯᠵᠤ᠂ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠦᠢᠯᠡᠰ᠎ᠢ ᠴᠡᠴᠡᠭ᠌ᠯᠡᠭᠦᠯᠦᠨ ᠬᠥᠭ᠌ᠵᠢᠭᠦᠯᠬᠦ᠌᠎ᠳᠦ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠠ》 ᠭᠡᠪᠡ᠃
ᠣᠢᠯᠠᠭᠠᠭ᠍ᠰᠠᠨ᠎ᠢᠶᠠᠷ᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠎ᠶ᠋ᠢᠨ《ᠱᠠᠨ ᠭᠦᠩ ᠶᠡᠭᠡ ᠬᠢᠴᠢᠶᠠᠯ ᠤ᠋ᠨ ᠲᠠᠩᠭᠢᠮ》 ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ 11 ᠰᠠᠷ᠎ᠠ᠎ᠶ᠋ᠢᠨ ᠰᠡᠭᠦᠯᠴᠢ᠎ᠪᠡᠷ ᠪᠥᠬᠥ᠌ ᠤᠯᠤᠰ᠎ᠤᠨ 30 ᠭᠠᠷᠤᠶ ᠮᠤᠵᠢ (ᠣᠷᠣᠨ᠂ ᠬᠣᠲᠠ) ᠳ᠋ᠤ ᠵᠡᠷᠭᠡ ᠪᠡᠷ ᠶᠠᠪᠤᠭ᠍ᠳᠠᠬᠤ ᠪᠤᠯᠤᠨ᠎ᠠ᠃