ᠳᠠᠪᠠᠭᠤᠯᠢᠭ᠎ᠢᠶᠠᠨ ᠪᠠᠳᠠᠷᠠᠭᠤᠯᠵᠤ ᠬᠦᠴᠦᠯᠠᠨ ᠴᠢᠷᠮᠠᠢᠵᠦ ᠪᠣᠭᠣᠮᠲᠠ ᠱᠢᠪᠲᠤᠯᠤᠨ ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠲᠤᠮᠳᠠ ᠲᠦᠩᠯᠢᠶᠣᠤ᠎ᠶ᠋ᠢᠨ ᠱᠢᠨ᠎ᠡ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠦᠨ᠎ᠠ
2025-12-01 09:49:08
ᠵᠣᠬᠢᠶᠠᠭ᠍ᠴᠢ᠄
ᠾᠦᠸᠸ ᠱᠢᠶᠤᠤ ᠴᠢᠩ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ ᠲᠦᠩᠯᠢᠶᠣᠤ ᠬᠤᠳᠠ᠎ᠶ᠋ᠢᠨ ᠨᠠᠮ᠎ᠤᠨ ᠬᠣᠷᠢᠶ᠎ᠠ ᠎ᠶ᠋ᠢᠨ ᠱᠦᠵᠢ ᠮᠸᠩ ᠱᠢᠶᠠᠨ ᠳ᠋ᠦᠩ ᠢ᠋ ᠰᠤᠷᠪᠤᠯᠵᠢᠯᠠᠭ᠍ᠰᠠᠨ ᠨᠢ

 

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠡᠴᠡ ᠢᠷᠡᠬᠦ ᠲᠠᠪᠤᠨ ᠵᠢᠯ᠎ᠦᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠵᠢᠷᠤᠭ ᠲᠦᠰᠦᠪ᠎ᠢ ᠵᠢᠷᠤᠭ᠍ᠯᠠᠪᠠ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠮᠸᠩ ᠱᠢᠶᠠᠨ ᠳ᠋ᠦᠩ᠎ᠢ ᠰᠤᠷᠪᠤᠯᠵᠢᠯᠠᠪᠠ᠃

ᠮᠸᠩ ᠱᠢᠶᠠᠨ ᠳ᠋ᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠨᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠶ ᠪᠥᠬᠥ᠌ ᠲᠠᠯ᠎ᠠ᠎ᠪᠠᠷ ᠪᠠᠷᠢᠮᠵᠢᠶᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠲᠠᠶ ᠪᠥᠬᠥ᠌ ᠲᠠᠯ᠎ᠠ᠎ᠪᠠᠷ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠲᠤᠬᠠᠶ ᠰᠠᠨᠠᠭᠤᠯᠭ᠎ᠠ᠎ᠶ᠋ᠢ ᠲᠤᠰᠭᠠᠢᠯᠠᠨ ᠰᠤᠳᠤᠯᠵᠦ ᠬᠢᠨᠠᠨ ᠵᠥᠪᠯᠡᠵᠦ᠍᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ᠂ ᠦᠶ᠋ᠯᠡᠳᠦᠯᠭᠡ᠎ᠶ᠋ᠢᠨ ᠠᠷᠭ᠎ᠠ ᠵᠠᠮ᠎ᠢ ᠲᠣᠳᠣᠷᠬᠠᠢᠯᠠᠪᠠ᠃ ᠲᠦᠩᠯᠢᠶᠣᠤ ᠬᠣᠲᠠ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠷᠡᠰ ᠭᠤᠢᠪᠢᠰᠢ ᠥᠬᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠎ᠶ᠋ᠢ ᠦᠷᠭᠦᠯᠵᠢᠯᠡᠨ ᠬᠦᠴᠦᠯᠡᠨ ᠪᠥᠲᠥᠭᠡᠨ ᠪᠠᠢᠭᠤᠯᠵᠤ᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠦᠨ ᠪᠠᠢᠭᠤᠯᠤᠯᠲᠠ᠎ᠶ᠋ᠢᠨ ᠴᠢᠬᠤᠯᠠ ᠠᠬᠢᠴᠠ᠎ᠲᠠᠶ ᠪᠣᠯᠬᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠣᠷᠣᠨ ᠪᠦᠰᠡ᠎ᠶ᠋ᠢᠨ ᠭᠤᠤᠯ ᠬᠣᠲᠠ᠎ᠶ᠋ᠢᠨ ᠪᠥᠲᠥᠭᠡᠨ ᠪᠠᠢᠭᠤᠯᠤᠯᠲᠠ᠎ᠳᠤ ᠴᠢᠬᠤᠯᠠ ᠶᠡᠬᠡ ᠱᠢᠪᠲᠤᠯᠤᠯᠲᠠ ᠭᠠᠷᠭᠠᠬᠤ ᠵᠢ ᠪᠥᠬᠥ᠌ ᠬᠦᠴᠦᠨ᠎ᠢᠶᠡᠷ ᠵᠢᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠵᠠᠮ᠎ᠨᠡᠬᠡᠬᠡᠬᠦ ᠦᠶ᠋ᠯᠡᠳᠦᠯᠭᠡ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠱᠢᠨ᠎ᠡ ᠴᠠᠭ ᠦᠶ᠎ᠡ᠎ᠳᠦ ᠵᠡᠭᠦᠨ ᠬᠣᠢᠲᠤ ᠣᠷᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠳᠤᠮᠳᠠ ᠡᠮᠦᠨ᠎ᠡ ᠡᠩᠨᠡᠭᠡᠨ᠎ᠳᠦ ᠬᠣᠱᠢᠭᠤᠷᠠᠬᠤ᠎ᠪᠠᠷ ᠴᠢᠷᠮᠠᠢᠨ᠎ᠠ᠃

ᠨᠢᠭᠡ᠂ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠣᠨᠴᠠᠯᠢᠭ᠍ᠲᠤ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠎ᠳᠤ ᠠᠩᠬᠠᠷᠤᠯ ᠪᠠ ᠬᠦᠴᠦᠨ ᠵᠢᠡᠨ ᠲᠥᠪᠯᠡᠷᠡᠭᠦᠯᠦᠨ᠎ᠠ᠃ ᠡᠬᠢ ᠪᠠᠶᠠᠯᠢᠭ᠎ᠤᠨ ᠳᠠᠪᠠᠭᠤᠯᠢᠭ ᠪᠠ ᠠᠵᠤ ᠦᠢᠯᠡᠰ᠎ᠦᠨ ᠰᠠᠭᠤᠷᠢ᠎ᠳᠤ ᠰᠠᠭᠤᠷᠢᠯᠠᠨ᠂ ᠦᠨᠳᠦᠰᠦ᠎ᠶ᠋ᠢ ᠪᠡᠬᠢᠵᠢᠭᠦᠯᠦᠨ ᠳᠡᠰ ᠳᠡᠪᠱᠢᠭᠦᠯᠬᠦ᠌᠂ ᠱᠢᠨ᠎ᠡ᠎ᠶ᠋ᠢ ᠡᠭᠦᠳᠦᠨ ᠱᠢᠨ᠎ᠡ᠎ᠶ᠋ᠢ ᠪᠣᠢᠵᠢᠭᠤᠯᠬᠤ᠂ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌᠂ ᠰᠠᠭᠤᠷᠢ᠎ᠶ᠋ᠢ ᠪᠠᠳᠤᠳᠬᠠᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠠᠵᠤ ᠦᠢᠯᠡᠰ᠎ᠦᠨ ᠭᠣᠣᠯᠯᠠᠬᠤ ᠥᠷᠢᠰᠦᠯᠳᠦᠬᠦ᠌ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃ ᠣᠳᠣᠬᠢᠴᠢᠯᠠᠭ᠍ᠰᠠᠨ ᠲᠤᠮᠤ ᠲᠠᠷᠢᠶᠠᠯᠠᠩ᠎ᠤᠨ ᠲᠥᠪᠯᠡᠷᠡᠭ᠌ᠰᠡᠨ ᠣᠷᠣᠨ᠎ᠢ ᠲᠦᠷᠭᠡᠳᠭᠡᠨ ᠪᠦᠳᠦᠭᠡᠨ ᠪᠠᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠨᠢᠭᠡ ᠤᠯᠠᠷᠢᠯ᠎ᠤᠨ ᠡᠷᠳᠡᠨᠢ ᠱᠢᠰᠢ᠎ᠶ᠋ᠢᠨ 《ᠲᠣᠨ ᠤ᠋ ᠤᠨᠠᠯᠳᠠ ᠲᠠᠢ ᠲᠠᠷᠢᠶ᠎ᠠ》 ᠵᠢᠨ ᠬᠡᠪ ᠳᠠᠭᠤᠷᠢᠶᠠᠯ ᠣᠷᠣᠨ᠎ᠢ ᠪᠦᠳᠦᠭᠡᠨ ᠪᠠᠢᠭᠤᠯᠵᠤ᠂ ᠠᠮᠤ ᠪᠤᠳᠠᠭᠠᠨ᠎ᠤ ᠭᠠᠷᠤᠯᠲᠠ᠎ᠶ᠋ᠢᠨ ᠲᠤᠮᠤ ᠬᠤᠳᠠ᠎ᠶ᠋ᠢᠨ ᠲᠡᠰ ᠲᠡᠪᠱᠢᠯᠳᠡ᠎ᠶ᠋ᠢ ᠤᠯᠠᠮ ᠨᠢᠭᠡ ᠠᠯᠬᠤᠮ ᠪᠡᠶᠡᠯᠡᠭᠦᠯᠤᠨ᠎ᠠ; ᠮᠢᠬᠠᠨ᠎ᠤ ᠦᠬᠡᠷ᠎ᠦᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠨᠡᠭᠡᠭᠡᠨ ᠬᠥᠭ᠌ᠵᠢᠭᠦᠯᠬᠦ᠌᠎ᠶ᠋ᠢ ᠭᠦᠨᠵᠡᠭᠡᠢᠷᠡᠭᠦᠯᠵᠦ᠍᠂ ᠲᠣᠭ᠎ᠠ ᠬᠡᠮᠵᠢᠶᠡᠨ᠎ᠦ ᠬᠡᠪᠴᠢᠶ᠎ᠡ᠎ᠡᠴᠡ ᠶᠠᠰᠤ ᠴᠢᠨᠠᠷ ᠦᠷ᠎ᠡ ᠠᠱᠢᠭ ᠳᠠᠢᠰᠢ  

ᠬᠤᠪᠢᠷᠠᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠪᠥᠬᠥ᠌ ᠤᠯᠤᠰ᠎ᠤᠨ ᠮᠢᠬᠠᠨ᠎ᠤ ᠦᠬᠡᠷ᠎ᠦᠨ ᠠᠵᠤ ᠦᠶ᠋ᠯᠡᠰ᠎ᠦᠨ ᠨᠢᠭᠡᠳᠦᠭᠡᠷ ᠴᠢᠬᠤᠯᠠ ᠪᠠᠯᠭᠠᠰᠤ᠎ᠶ᠋ᠢ ᠪᠠᠢᠭᠤᠯᠤᠨ᠎ᠠ᠃ ᠱᠢᠨ᠎ᠡ ᠮᠠᠶᠢᠭ᠎ᠤᠨ ᠠᠵᠤ ᠦᠢᠯᠡᠳᠪᠦᠷᠢᠵᠢᠯᠲᠡ᠎ᠶ᠋ᠢ ᠲᠦᠷᠭᠡᠳᠭᠡᠨ ᠠᠬᠢᠭᠤᠯᠵᠤ᠂ ᠳᠡᠭᠡᠳᠦ ᠲᠡᠰᠵᠢᠬᠦᠯᠬᠦ᠌᠂ ᠤᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠴᠢᠭ᠌ᠯᠡᠯ᠎ᠢ ᠪᠠᠷᠢᠮᠲᠠᠯᠠᠨ᠂ 8 ᠳᠠᠪᠠᠭᠤᠯᠢᠭ ᠭᠣᠣᠯᠯᠠᠬᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌ ᠪᠠ 4 ᠱᠢᠨ᠎ᠡ᠎ᠪᠡᠷ ᠮᠠᠨᠳᠤᠬᠰᠡᠨ᠂ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠤᠯᠤᠰ᠎ᠤᠨ ᠪᠣᠬᠢᠷᠲᠤᠯ ᠦᠭᠡᠢ ᠬᠦᠨᠭ᠌ᠭᠡᠨᠴᠠᠭᠠᠨ᠎ᠢᠶᠡᠷ ᠰᠠᠭᠤᠷᠢ ᠪᠤᠯᠭᠠᠬᠰᠠᠨ ᠱᠢᠨ᠎ᠡ ᠮᠠᠲ᠋ᠧᠷᠢᠶᠠᠯ᠎ᠤᠨ ᠱᠢᠨ᠎ᠡ᠎ᠶ᠋ᠢ ᠡᠭᠦᠳᠴᠦ᠍ ᠨᠡᠭᠡᠭᠡᠨ ᠬᠥᠭ᠌ᠵᠢᠭᠦᠯᠬᠦ᠌ ᠲᠦᠪᠯᠡᠷᠡᠭᠰᠡᠨ ᠣᠷᠣᠨ᠂ ᠳᠡᠭᠡᠳᠦ ᠲᠡᠰ᠎ᠤᠨ ᠬᠦᠨᠳᠦ ᠬᠡᠯᠪᠡᠷᠢ᠎ᠶ᠋ᠢᠨ ᠲᠣᠨᠣᠭ᠍ᠯᠠᠯ ᠦᠢᠯᠡᠳᠬᠦ᠌ ᠰᠠᠭᠤᠷᠢᠨ᠂ ᠴᠢᠬᠤᠯᠠ ᠨᠥᠯᠥᠭᠡᠯᠡᠬᠦ᠌ ᠬᠦᠴᠦᠨ᠎ᠪᠦᠬᠦᠢ ᠱᠢᠨ᠎ᠡ ᠮᠠᠶᠢᠭ᠎ᠤᠨ ᠬᠢᠮᠢ᠎ᠶ᠋ᠢᠨ ᠠᠵᠤ ᠦᠢᠯᠡᠳᠪᠦᠷᠢ ᠪᠠ ᠴᠡᠪᠡᠷ ᠬᠤᠵᠢᠷ᠎ᠤᠨ ᠦᠢᠯᠡᠳᠪᠦᠷᠢᠯᠡᠯ᠎ᠦᠨ ᠰᠠᠭᠤᠷᠢᠨ᠎ᠢ ᠪᠦᠳᠦᠭᠡᠨ ᠪᠠᠢᠭᠤᠯᠵᠤ᠂ ᠠᠵᠤ ᠦᠢᠯᠡᠳᠪᠦᠷᠢ᠎ᠶ᠋ᠢᠨ ᠦᠢᠯᠡᠳᠬᠦᠨ᠎ᠦ ᠪᠦᠬᠦ᠌ ᠦᠷᠳᠡᠭ᠎ᠢ ᠬᠣᠶᠠᠷ ᠲᠠᠬᠢᠨ᠎ᠢᠶᠠᠷ ᠨᠡᠮᠡᠭ᠌ᠳᠡᠭᠦᠯᠬᠦ᠌᠎ᠶ᠋ᠢ ᠪᠡᠶᠡᠯᠡᠭᠦᠯᠦᠨ᠂ ᠪᠠᠰᠠ ᠨᠢᠬᠡ 《ᠲᠦᠩᠯᠢᠶᠣᠤ᠎ᠶ᠋ᠢᠨ ᠠᠵᠤ ᠦᠢᠯᠡᠳᠪᠦᠷᠢ》 ᠶ᠋ᠢ ᠪᠠᠢᠭᠤᠯᠤᠨ᠎ᠠ᠃ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠦᠨ ᠱᠢᠨ᠎ᠡ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠦᠶ᠋ᠯᠡᠴᠢᠯᠡᠭᠡᠨ᠎ᠦ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠪᠣᠭᠣᠮᠲᠠ ᠱᠢᠪᠲᠤᠯᠬᠤ ᠠᠵᠢᠯᠯᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠪᠠᠷᠠᠭᠠᠨ᠎ᠤ ᠭᠦᠶ᠋ᠯᠭᠡᠭᠡ᠂ ᠮᠥᠩᠭᠥᠨ ᠭᠦᠶ᠋ᠯᠭᠡᠭᠡᠨ᠂ ᠲᠠᠷᠢᠶᠠᠯᠠᠩ᠎ᠤᠨ ᠨᠡᠢᠭᠡᠮᠴᠢᠯᠡᠭ᠌ᠰᠡᠨ ᠦᠶ᠋ᠯᠡᠴᠢᠯᠡᠭᠡ ᠵᠡᠷᠭᠡ ᠦᠶ᠋ᠯᠡᠳᠪᠦᠷᠢᠯᠡᠯ᠎ᠦᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠦᠨ ᠠᠵᠤ ᠦᠶ᠋ᠯᠡᠰ᠎ᠦᠨ ᠬᠡᠪᠴᠢᠶ᠎ᠡ᠎ᠶ᠋ᠢ ᠪᠤᠵᠠᠭᠠᠢᠷᠠᠭᠤᠯᠵᠤ᠂ ᠠᠷᠠᠯᠵᠢᠶ᠎ᠠ ᠬᠤᠳᠠᠯᠳᠤᠭ᠎ᠠ᠂ ᠰᠣᠶᠣᠯ ᠵᠢᠭᠤᠯᠴᠢᠯᠠᠯ᠂ ᠬᠡᠷ ᠭᠠᠵᠠᠷ ᠤ᠋ᠨ ᠬᠥᠷᠥᠩᠭᠡ ᠵᠡᠷᠭᠡ ᠠᠮᠢᠳᠤᠷᠠᠯ᠎ᠤᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠤᠨ᠎ᠠ᠃

ᠬᠣᠶᠠᠷ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠴᠦ᠍ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ ᠱᠢᠨ᠎ᠡ ᠳᠠᠪᠠᠭᠤᠯᠢᠭ᠎ᠢ ᠪᠤᠢ ᠪᠣᠯᠭᠠᠨ᠎ᠠ᠃ ᠬᠡᠷᠡᠭ᠌ᠯᠡᠭᠡᠨ᠎ᠢᠶᠡᠷ ᠤᠳᠤᠷᠢᠳᠤᠮᠵᠢ ᠪᠣᠯᠭᠠᠨ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠲᠡᠭᠦᠯᠳᠡᠷᠵᠢᠭᠦᠯᠦᠨ᠂ ᠡᠷᠳᠡᠨᠢ ᠱᠢᠰᠢ᠎ᠶ᠋ᠢᠨ ᠡᠭᠦᠯᠳᠡᠷ ᠪᠣᠢᠵᠢᠭᠤᠯᠬᠤ᠂ ᠤᠰᠤ ᠠᠷᠪᠢᠯᠠᠵᠤ ᠠᠮᠤ ᠪᠤᠳᠠᠭ᠎ᠠ᠎ᠶ᠋ᠢ ᠨᠡᠮᠡᠭ᠌ᠳᠡᠭᠦᠯᠬᠦ᠌᠂ ᠱᠢᠨ᠎ᠡ ᠮᠠᠲ᠋ᠧᠷᠢᠶᠠᠯ᠎ᠢ ᠰᠤᠳᠤᠯᠤᠨ ᠨᠡᠭᠡᠭᠡᠬᠦ᠌᠂ ᠱᠢᠨ᠎ᠡ ᠡᠨᠧᠷᠭᠢ᠎ᠶ᠋ᠢ ᠱᠢᠩᠭᠡᠭᠡᠬᠦ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠲᠠ ᠬᠢᠵᠦ᠍᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠤᠯᠤᠮᠳᠠ᠎ᠶ᠋ᠢ ᠴᠣᠭ᠍ᠴᠠᠯᠠᠨ᠎ᠠ᠃ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠡᠷᠦᠩᠬᠡᠢᠯᠡᠭ᠌ᠰᠡᠨ ᠨᠡᠷᠡᠰ᠎ᠦᠨ ᠵᠢᠭ᠍ᠰᠠᠭᠠᠯᠲᠠ ᠳ᠋ᠤ ᠪᠥᠬᠥ᠌ ᠣᠷᠣᠨ᠎ᠤ ᠨᠢᠭᠡᠳᠦᠭᠡᠷ ᠡᠩᠨᠡᠭᠡᠨ᠎ᠳᠦ ᠲᠣᠭ᠍ᠲᠠᠭᠤᠨ ᠪᠠᠢᠬᠤ᠎ᠶ᠋ᠢ ᠪᠠᠲᠤᠯᠠᠵᠤ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠬᠠᠷᠱᠢᠯᠠᠵᠤ ᠪᠠᠢᠭ᠎ᠠ ᠬᠣᠷᠢᠭ᠎ᠠ ᠴᠡᠭ ᠲᠦᠭ᠌ᠵᠢᠷᠡᠯ ᠴᠡᠭ ᠢ᠋ ᠡᠷᠡᠰ ᠠᠷᠢᠯᠭᠠᠵᠤ᠂ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢ ᠤᠷᠲᠤᠳᠭᠠᠬᠤ᠂ ᠨᠤᠳᠤᠬ ᠪᠡᠯᠴᠢᠬᠡᠷ᠎ᠤᠨ ᠳᠠᠭᠠᠭᠠᠴᠢᠯᠠᠯᠲᠠ᠎ᠶ᠋ᠢᠨ ᠲᠤᠷᠱᠢᠯᠲᠠ ᠵᠢᠨ ᠴᠡᠭ ᠵᠡᠷᠭᠡ ᠬᠦᠷᠢᠶᠡᠨ᠎ᠳᠡᠬᠢ ᠭᠤᠤᠯᠳᠠᠯᠭ᠎ᠠ᠎ᠲᠠᠶ ᠥᠭᠡᠷᠡᠴᠢᠯᠡᠯᠲᠡ᠎ᠶ᠋ᠢ ᠡᠮᠬᠢ ᠵᠢᠷᠤᠮ᠎ᠲᠠᠶ ᠠᠬᠢᠭᠤᠯᠤᠨ᠎ᠠ᠃ ᠤᠮᠠᠷᠠᠰᠢ ᠨᠡᠭᠡᠭᠡᠯᠲᠡ ᠬᠢᠬᠦ᠌ 《ᠪᠡᠬᠢᠯᠡᠯᠲᠡ》 ᠶ᠋ᠢᠨ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠠᠱᠢᠭ᠍ᠯᠠᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠬᠢᠯᠢ ᠳᠠᠭᠠᠤ ᠬᠢᠯᠢ ᠵᠢᠨ ᠪᠣᠭᠣᠮᠲᠠ ᠪᠣᠯᠤᠨ ᠯᠢᠶᠣᠤᠨᠢᠩ ᠤ᠋ᠨ ᠪᠠᠷᠠᠭᠤᠨ ᠭᠡᠰᠡᠭ ᠤ᠋ᠨ ᠲᠡᠯᠡᠶ ᠳᠠᠭᠠᠤ ᠭᠠᠷᠠᠮ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠭᠠᠢᠯᠢ ᠪᠠᠲᠤᠯᠠᠬᠤ ᠪᠠᠷᠠᠭᠠᠨ᠎ᠤ ᠭᠦᠶ᠋ᠯᠭᠡᠭᠡ ᠵᠢᠨ ᠲᠥᠪ (B ᠬᠡᠯᠪᠡᠷᠢ)᠂ ᠣᠯᠠᠨ ᠬᠡᠯᠪᠡᠷᠢ᠎ᠶ᠋ᠢᠨ ᠬᠣᠯᠪᠣᠭᠠᠯᠠᠨ ᠲᠡᠭᠡᠭᠡᠪᠦᠷᠢᠯᠡᠬᠦ᠌ ᠪᠣᠭᠣᠮᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠥᠪ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠵᠡᠷᠭᠡ ᠲᠠᠪᠴᠠᠩ᠎ᠤᠨ ᠴᠢᠳᠠᠮᠵᠢ ᠲᠠᠰ᠎ᠢ ᠳᠡᠭᠡᠭ᠌ᠰᠢᠯᠡᠭᠦᠯᠵᠦ᠍᠂ ᠠᠵᠤ ᠠᠬᠤᠶ᠎ᠶ᠋ᠢᠨ ᠭᠠᠳᠠᠭ᠍ᠰᠢ ᠬᠠᠨᠳᠤᠭᠤᠯᠬᠤ ᠬᠡᠮᠵᠢᠶ᠎ᠡ᠎ᠶ᠋ᠢ ᠪᠦᠲᠦᠮᠵᠢᠲᠡᠶ ᠳᠡᠭᠡᠭ᠌ᠰᠢᠯᠡᠭᠦᠯᠤᠨ᠎ᠠ᠃ 《ᠲᠥᠷᠥᠯ ᠵᠦᠶ᠋ᠯ᠎ᠢ ᠲᠡᠷᠢᠬᠦᠨ ᠳ᠋ᠤ ᠲᠠᠯᠪᠢᠬᠤ᠂ ᠠᠷᠠᠯᠵᠢᠶᠠᠴᠢᠨ ᠤᠷᠢᠬᠤ ᠵᠢ ᠴᠢᠬᠤᠯᠠ ᠶᠠᠪᠤᠳᠠᠯ ᠪᠣᠯᠭᠠᠬᠤ》 ᠶ᠋ᠢ ᠦᠷᠭᠦᠯᠵᠢᠯᠡᠨ ᠭᠤᠢᠪᠢᠰᠢ ᠥᠬᠡᠶ ᠪᠠᠷᠢᠮᠲᠠᠯᠠᠵᠤ᠂ ᠠᠷᠠᠯᠵᠢᠶᠠᠴᠢᠨ ᠤᠷᠢᠬᠤ ᠬᠡᠯᠪᠡᠷᠢ ᠵᠢᠨ ᠱᠢᠨ᠎ᠡ᠎ᠶ᠋ᠢ ᠡᠭᠦᠳᠴᠦ᠍᠂ ᠲᠥᠷᠥᠯ ᠵᠦᠶ᠋ᠯ᠎ᠦᠨ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠦᠨ᠂ ᠲᠥᠷᠥᠯ ᠵᠦᠶ᠋ᠯ᠎ᠦᠨ ᠪᠠᠯᠠ ᠣᠷᠣᠭᠤᠯᠤᠯᠲᠠ᠎ᠶ᠋ᠢᠨ ᠬᠦᠴᠦᠲᠡᠶ ᠵᠠᠯᠭᠠᠨ ᠦᠷᠬᠦᠯᠵᠢᠯᠡᠬᠦ᠎ᠶ᠋ᠢ ᠪᠠᠲᠤᠯᠠᠨ᠎ᠠ᠃

ᠭᠤᠷᠪᠠ᠂ ᠡᠨᠧᠷᠭᠢ᠎ᠶ᠋ᠢᠨ ᠠᠵᠤ ᠦᠢᠯᠡᠰ ᠪᠣᠯᠤᠨ ᠪᠤᠰᠤᠳ ᠠᠵᠤ ᠦᠢᠯᠡᠰ᠎ᠦᠨ ᠬᠠᠮᠵᠢᠯᠴᠠᠨ ᠬᠥᠭ᠌ᠵᠢᠬᠦ᠌᠎ᠶ᠋ᠢ ᠯᠠᠪᠳᠠᠭᠤᠨ ᠪᠠᠲᠤᠲᠠᠢ ᠪᠥᠭᠡᠳ ᠥᠨᠳᠥᠷ ᠪᠦᠲᠦᠮᠵᠢᠲᠡᠢ᠎ᠪᠡᠷ ᠠᠬᠢᠭᠤᠯᠤᠨ᠎ᠠ᠃ ᠲᠤᠰ ᠭᠠᠵᠠᠷ ᠣᠷᠣᠨ᠎ᠤ ᠡᠨᠧᠷᠭᠢ᠎ᠶ᠋ᠢᠨ ᠡᠬᠢ ᠪᠠᠶᠠᠯᠢᠭ᠎ᠤᠨ ᠨᠥᠬᠥᠴᠡᠯ᠎ᠳᠦ ᠰᠠᠭᠤᠷᠢᠯᠠᠨ᠂ ᠡᠨᠧᠷᠭᠢ᠎ᠶ᠋ᠢᠨ ᠪᠦᠲᠦᠴᠡ᠎ᠳᠦ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠲᠤᠬᠢᠷᠠᠭᠤᠯᠤᠯᠲᠠ ᠬᠢᠬᠦ᠌᠎ᠶ᠋ᠢ ᠲᠦᠷᠭᠡᠳᠭᠡᠵᠦ᠍᠂ ᠱᠢᠨ᠎ᠡ ᠡᠨᠧᠷᠭᠢ᠎ᠶ᠋ᠢᠨ ᠦᠨ᠎ᠡ ᠬᠠᠩᠰᠢ᠎ᠶ᠋ᠢᠨ ᠳᠠᠪᠠᠭᠤᠯᠢᠭ ᠪᠠ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ᠎ᠵᠢ ᠪᠠᠭᠠᠰᠭᠠᠬᠤ ᠴᠢᠳᠠᠮᠵᠢ᠎ᠶ᠋ᠢ ᠠᠱᠢᠭ᠍ᠯᠠᠨ ᠠᠵᠤ ᠦᠢᠯᠡᠰ᠎ᠦᠨ ᠱᠢᠯᠵᠢᠯᠲᠡ᠎ᠶ᠋ᠢ ᠢᠳᠡᠪᠬᠢᠲᠡᠢ ᠬᠦᠯᠢᠶᠡᠨ ᠠᠪᠴᠤ᠌᠂ ᠱᠢᠨ᠎ᠡ ᠡᠨᠧᠷᠭᠢ ᠪᠠ ᠲᠡᠷᠢᠭᠦᠨ᠎ᠦ ᠪᠣᠬᠢᠷᠲᠤᠯ ᠦᠭᠡᠢ ᠪᠥᠭᠡᠳ ᠡᠨᠧᠷᠭᠢ ᠵᠢᠨ ᠬᠤᠷᠤᠬᠳᠠᠭᠤᠯᠤᠯ ᠶᠡᠬᠡ ᠠᠵᠤ ᠦᠢᠯᠡᠰ᠎ᠦᠨ ᠠᠭᠤᠰᠤᠯᠴᠠᠨ ᠬᠥᠭ᠌ᠵᠢᠵᠤ ᠲᠦᠪᠯᠡᠷᠡᠭᠰᠡᠨ ᠣᠷᠣᠨ᠎ᠢ ᠪᠦᠲᠦᠭᠡᠨ ᠪᠠᠢᠭᠤᠯᠤᠨ᠎ᠠ᠃ ᠤᠯᠠᠮᠵᠢᠯᠠᠯᠲᠤ ᠡᠨᠧᠷᠭᠢ᠎ᠶ᠋ᠢᠨ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠨᠡᠭᠦᠷᠡᠰᠦᠨ᠎ᠦ ᠴᠢᠨᠠᠷ ᠰᠠᠢᠲᠠᠶ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠦᠷᠭᠦᠯᠵᠢᠯᠡᠨ ᠪᠠᠳᠠᠷᠠᠭᠤᠯᠵᠤ᠂ 《ᠨᠡᠭᠦᠷᠡᠰᠦ ᠦᠶ᠋ᠯᠡᠳᠪᠦᠷᠢᠯᠡᠵᠦ᠍ ᠪᠠᠢᠭᠠᠳ ᠨᠡᠭᠦᠷᠡᠰᠦ ᠳᠤᠲᠠᠭ᠍ᠳᠠᠬᠤ》 ᠠᠰᠠᠭᠤᠳᠠᠯ᠎ᠢ ᠲᠡᠦᠬᠡᠲᠦ ᠴᠢᠨᠠᠷᠲᠠᠶ᠎ᠪᠠᠷ ᠱᠢᠶ᠋ᠳᠪᠦᠷᠢᠯᠡᠵᠦ᠍᠂ ᠨᠡᠬᠦᠷᠡᠰᠦ ᠬᠡᠷᠡᠭᠯᠡᠬᠦ ᠣᠷᠭᠢᠯ᠎ᠤᠨ ᠬᠤᠭᠤᠴᠠᠭ᠎ᠠ ᠵᠢᠴᠢ ᠢᠯᠴᠢ᠎ᠶ᠋ᠢᠨ ᠡᠬᠢ ᠰᠤᠷᠪᠤᠯᠵᠢ᠎ᠶ᠋ᠢᠨ ᠬᠡᠷᠡᠭ᠌ᠴᠡᠭᠡ᠎ᠶ᠋ᠢ ᠵᠣᠬᠢᠰᠲᠠᠶ ᠬᠠᠩᠭᠠᠬᠤ ᠱᠢᠨ᠎ᠡ ᠨᠢᠭᠡ ᠦᠶ᠎ᠡ᠎ᠶ᠋ᠢᠨ ᠨᠡᠭᠦᠷᠡᠰᠦ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢ ᠪᠠᠢᠷᠢᠯᠠᠭᠤᠯᠬᠤ᠎ᠪᠠᠷ ᠢᠳᠡᠪᠬᠢᠲᠡᠶ ᠴᠢᠷᠮᠠᠢᠨ᠎ᠠ᠃ ᠱᠢᠨ᠎ᠡ ᠡᠨᠧᠷᠭᠢ᠎ᠶ᠋ᠢ ᠣᠯᠠᠨ ᠡᠱᠢᠵᠢᠭᠦᠯᠬᠦ᠌᠂ ᠬᠡᠪᠴᠢᠶᠡᠵᠢᠭᠦᠯᠦᠨ ᠬᠥᠭ᠌ᠵᠢᠭᠦᠯᠬᠦ᠌᠎ᠶ᠋ᠢ ᠠᠬᠢᠭᠤᠯᠵᠤ᠂《ᠲᠤᠬᠠᠶ᠎ᠶ᠋ᠢᠨ ᠭᠠᠵᠠᠷ᠎ᠲᠤᠨᠢ ᠱᠢᠩᠭᠡᠭᠡᠬᠦ᠎ᠶ᠋ᠢ ᠲᠡᠷᠢᠭᠦᠨ᠎ᠳᠦ ᠲᠠᠯᠪᠢᠬᠤ᠂ ᠲᠤᠤᠷ᠎ᠲᠤ ᠨᠡᠢᠯᠡᠭᠦᠯᠦᠨ ᠭᠠᠳᠠᠭ᠍ᠰᠢ ᠬᠦᠷᠭᠡᠬᠦ᠌᠎ᠶ᠋ᠢ ᠬᠠᠮᠲᠤ᠎ᠳᠤᠨᠢ ᠬᠠᠷᠠᠭᠠᠯᠵᠠᠬᠤ》 ᠴᠢᠭ᠌ᠯᠡᠯᠲᠡ᠎ᠶ᠋ᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠨ ᠱᠢᠨ᠎ᠡ ᠡᠨᠧᠷᠭᠢ᠎ᠶ᠋ᠢ ᠱᠢᠩᠭᠡᠭᠡᠨ ᠨᠡᠭᠡᠭᠡᠨ ᠬᠥᠭ᠌ᠵᠢᠭᠦᠯᠬᠦ᠌᠎ᠶ᠋ᠢ ᠳᠡᠮᠵᠢᠵᠦ᠍᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠶ᠋ᠢ ᠬᠣᠶᠠᠷ ᠳᠠᠬᠢᠨ ᠪᠣᠯᠲᠠᠯ᠎ᠠ ᠨᠡᠮᠡᠭ᠌ᠳᠡᠭᠦᠯᠬᠦ᠌᠎ᠶ᠋ᠢ ᠪᠡᠶᠡᠯᠡᠭᠦᠯᠦᠨ᠎ᠠ᠃ ᠪᠤᠬᠢᠷᠲᠤᠯ ᠦᠭᠡᠢ ᠡᠨᠧᠷᠭᠢ ᠪᠣᠯᠤᠨ ᠠᠵᠤ ᠦᠢᠯᠡᠰ᠎ᠢ ᠬᠠᠮᠵᠢᠯᠴᠠᠭᠤᠯᠤᠨ ᠨᠡᠭᠡᠭᠡᠨ ᠬᠥᠭ᠌ᠵᠢᠭᠦᠯᠬᠦ᠌᠎ᠶ᠋ᠢ ᠠᠬᠢᠭᠤᠯᠵᠤ᠂ ᠪᠤᠬᠢᠷᠲᠤᠯ ᠦᠭᠡᠢ ᠴᠠᠬᠢᠯᠭᠠᠨ᠎ᠤ ᠡᠵᠡᠯᠡᠬᠦ ᠲᠤᠮᠤ ᠬᠠᠷᠢᠴᠠᠯ᠎ᠢᠶᠠᠷ ᠠᠵᠤ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠤᠢ ᠪᠣᠯᠭᠠᠨ᠎ᠠ᠃ ᠠᠭᠤᠷᠬᠠᠶ᠎ᠶ᠋ᠢᠨ ᠦᠶ᠋ᠯᠡᠰ᠎ᠦᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠱᠢᠨ᠎ᠡ ᠨᠢᠭᠡ ᠡᠭᠡᠯᠵᠢ᠎ᠶ᠋ᠢᠨ ᠠᠭᠤᠷᠬᠠᠶ ᠬᠠᠢᠬᠤ ᠱᠢᠪᠲᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠳᠠᠪᠠᠭᠤᠯᠢᠭ ᠠᠭᠤᠷᠬᠠᠶ᠎ᠶ᠋ᠢᠨ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠳᠠᠯᠳᠠ ᠬᠦᠴᠦᠨ᠎ᠢ ᠲᠦᠷᠭᠡᠳᠭᠡᠨ ᠪᠠᠳᠠᠷᠠᠭᠤᠯᠤᠨ᠎ᠠ᠃

ᠳᠥᠷᠪᠡ᠂ ᠬᠥᠮᠦᠨ᠎ᠢᠶᠡᠷ ᠦᠨᠳᠦᠰᠦ ᠪᠣᠯᠭᠠᠵᠤ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠬᠣᠲᠠ ᠪᠠᠯᠭᠠᠰᠤᠵᠢᠯᠲᠠ᠎ᠶ᠋ᠢᠨ ᠣᠷᠣᠨ ᠵᠠᠶ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠬᠥᠮᠦᠨ ᠠᠮᠠ᠂ ᠠᠵᠤ ᠦᠢᠯᠡᠰ᠎ᠢ ᠬᠥᠲᠥᠯᠥᠨ ᠵᠢᠯᠣᠭᠣᠳᠴᠤ᠌ ᠵᠡᠭᠦᠨᠰᠢ ᠪᠠᠷᠠᠭᠤᠨᠰᠢ ᠪᠠᠨ 《ᠤᠯᠠᠭᠠᠨᠬᠠᠳᠠ — ᠲᠦᠩᠯᠢᠶᠣᠤ — ᠴᠠᠨᠭᠴᠦ᠋ᠨ》 ᠤ᠋ ᠬᠣᠲᠠ ᠪᠠᠯᠭᠠᠰᠤ᠎ᠶ᠋ᠢᠨ ᠬᠥᠭ᠌ᠵᠢᠯᠲᠡ᠎ᠶ᠋ᠢᠨ ᠲᠡᠩᠭᠡᠯᠢᠭ ᠵᠢᠴᠢ ᠡᠮᠦᠨᠡᠰᠢ ᠤᠮᠠᠷᠠᠰᠢ ᠪᠠᠨ 《ᠬᠣᠣᠯᠢᠨ ᠭᠣᠣᠯ — ᠲᠦᠩᠯᠢᠶᠣᠤ — ᠮᠦᠭᠳᠡᠨ》ᠤ᠋ ᠵᠠᠮ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢᠨ ᠲᠡᠩᠭᠡᠯᠢᠭ᠎ᠤᠨ ᠲᠤᠭᠤᠷᠢᠨ ᠳ᠋ᠤ ᠲᠥᠪᠯᠡᠷᠡᠭᠦᠯᠦᠨ᠂ ᠰᠣᠯᠪᠢᠴᠠᠭᠤᠯᠤᠨ ᠬᠥᠭ᠌ᠵᠢᠭᠦᠯᠦᠨ᠎ᠠ᠃ ᠭᠣᠣᠯ ᠬᠤᠳᠠ᠎ᠵᠢᠨ ᠲᠣᠭᠣᠷᠢᠭ᠎ᠤᠨ ᠲᠡᠷᠢᠭᠦᠨ ᠪᠠᠢᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠵᠠᠭᠤᠨ ᠲᠦᠮᠡᠨ ᠬᠥᠮᠦᠨ ᠠᠮᠠ᠎ᠲᠠᠶ ᠭᠣᠣᠯ ᠬᠤᠳᠠ ᠵᠢᠨ ᠲᠣᠭᠣᠷᠢᠭ᠎ᠢ ᠪᠦᠳᠦᠬᠡᠨ ᠪᠠᠢᠭᠤᠯᠬᠤ ᠪᠠ ᠪᠣᠳᠠᠲᠤ ᠬᠦᠴᠦᠨ᠎ᠲᠡᠶ ᠱᠢᠶᠠᠨ᠎ᠤ ᠬᠤᠳᠠ᠎ᠶ᠋ᠢ ᠲᠦᠷᠭᠡᠳᠭᠡᠨ ᠪᠦᠳᠦᠬᠡᠨ ᠪᠠᠢᠭᠤᠯᠬᠤ᠎ᠪᠠᠷ ᠬᠠᠷᠠᠯᠲᠠ ᠪᠣᠯᠭᠠᠵᠤ᠂ ᠦᠢᠯᠡᠳᠦᠯ ᠴᠢᠳᠠᠮᠵᠢ᠎ᠶ᠋ᠢ ᠬᠤᠷᠠᠭᠤᠯᠬᠤ᠂ ᠠᠵᠤ ᠦᠢᠯᠡᠰ᠎ᠢ ᠲᠥᠪᠯᠡᠷᠡᠭᠦᠯᠬᠦ᠂ ᠬᠥᠮᠦᠨ ᠠᠮᠠ᠎ᠶ᠋ᠢ ᠲᠦᠪᠯᠡᠷᠡᠬᠦᠯᠬᠦ᠎ᠵᠢ ᠠᠬᠢᠭᠤᠯᠤᠨ᠎ᠠ᠃ ᠬᠣᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠠᠵᠢᠯᠯᠠᠵᠤ ᠠᠮᠢᠳᠤᠷᠠᠬᠤ᠎ᠳᠤ ᠲᠣᠬᠢᠲᠠᠶ ᠡᠶ᠎ᠡ ᠵᠤᠬᠢᠴᠠᠨᠭᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠲᠦᠷᠭᠡᠳᠭᠡᠨ ᠪᠠᠢᠭᠤᠯᠤᠨ᠎ᠠ᠃

ᠲᠠᠪᠤ᠂ ᠠᠵᠤ ᠠᠬᠤᠢ ᠨᠡᠢᠭᠡᠮ᠎ᠦᠨ ᠪᠦᠬᠦ᠌ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠤᠷᠳᠤ ᠬᠤᠭᠤᠴᠠᠭ᠎ᠠ ᠪᠡᠷ ᠤᠳᠠᠭᠠᠨ ᠲᠠᠭᠠᠭᠠᠮᠠᠭᠠᠢ ᠠᠬᠢᠭᠤᠯᠤᠨ᠎ᠠ᠃ ᠬᠣᠷᠴᠢᠨ᠎ᠤ ᠡᠯᠡᠰᠦᠷᠬᠡᠭ ᠭᠠᠵᠠᠷ᠎ᠤᠨ ᠰᠦᠨᠦᠭᠡᠯᠲᠡ ᠵᠢᠨ ᠳᠠᠢᠯᠠᠯᠳᠤᠭᠠᠨ᠎ᠤ ᠢᠯᠠᠯᠲᠠ᠎ᠶ᠋ᠢ ᠪᠥᠬᠥ᠌ ᠲᠠᠯ᠎ᠠ᠎ᠪᠠᠷ ᠲᠠᠮᠠᠴᠠᠨ ᠣᠯᠵᠤ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠂ ᠪᠠᠷᠠᠭᠤᠨ ᠯᠢᠶᠣᠤᠾᠧ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢ ᠰᠡᠷᠭᠦᠭᠡᠬᠦ᠌ ᠵᠡᠷᠭᠡ ᠴᠢᠬᠤᠯᠠ ᠶᠡᠬᠡ ᠠᠮᠢ ᠠᠬᠤᠶ᠎ᠶ᠋ᠢᠨ ᠲᠥᠷᠥᠯ ᠵᠦᠶ᠋ᠯ᠎ᠢ ᠨᠢᠭᠡᠳᠦᠯᠲᠡᠶ ᠲᠥᠯᠥᠪᠵᠢᠭᠦᠯᠦᠨ ᠬᠡᠷᠡᠭ᠌ᠵᠢᠭᠦᠯᠵᠦ᠍᠂ ᠣᠶ ᠱᠢᠭᠤᠶ ᠨᠤᠲᠤᠭ ᠪᠡᠯᠴᠢᠭᠡᠷ᠎ᠦᠨ ᠬᠠᠮᠠᠭᠠᠯᠠᠯᠲᠠ ᠪᠣᠯᠤᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠦᠨ᠎ᠠ᠃ ᠬᠠᠮᠤᠭ᠎ᠤᠨ ᠴᠢᠩᠭ᠎ᠠ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠲᠦᠷᠢᠮ᠎ᠢ ᠬᠡᠷᠡᠭ᠌ᠵᠢᠭᠦᠯᠵᠦ᠍᠂ ᠬᠦᠬᠡ ᠣᠭ᠍ᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠵᠢᠵᠢᠭ ᠮᠥᠬᠥᠯᠢᠭ᠌ᠲᠦ ᠪᠣᠳᠠᠰ᠎ᠤᠨ ᠳᠤᠮᠳᠠᠴᠢ ᠥᠳᠭᠡᠴᠡ᠂ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠂ ᠲᠠᠷᠢᠶᠠᠨ ᠭᠠᠵᠠᠷ᠎ᠢ ᠠᠮᠤᠷ ᠲᠦᠪᠱᠢᠨ᠎ᠢᠶᠡᠷ ᠠᠱᠢᠭ᠍ᠯᠠᠬᠤ ᠵᠡᠷᠭᠡ ᠵᠢᠭᠠᠯᠲᠠ ᠲᠣᠭ᠎ᠠ᠎ᠶ᠋ᠢ ᠵᠣᠬᠢᠰᠲᠠᠢ ᠬᠡᠪᠴᠢᠶᠡᠨ᠎ᠳᠦ ᠲᠣᠭ᠍ᠲᠠᠪᠤᠷᠢᠵᠢᠭᠤᠯᠦᠨ᠎ᠠ᠃ ᠡᠨᠧᠷᠭᠢ ᠵᠢ ᠠᠷᠪᠢᠯᠠᠨ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠬᠡᠮᠵᠢᠢ᠎ᠡ᠎ᠶ᠋ᠢ ᠪᠠᠭᠠᠰᠭᠠᠬᠤ ᠪᠠ ᠡᠬᠢ ᠪᠠᠶᠠᠯᠢᠭ᠎ᠢ ᠡᠷᠬᠢᠯᠳᠦᠬᠦᠯᠦᠨ ᠠᠱᠢᠭ᠍ᠯᠠᠬᠤ᠎ᠶ᠋ᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ ᠤᠯᠬᠤ᠎ᠶ᠋ᠢ ᠠᠬᠢᠭᠤᠯᠤᠨ᠎ᠠ᠃

ᠵᠢᠷᠭᠤᠭ᠎ᠠ᠂ ᠠᠷᠭ᠎ᠠ ᠪᠦᠬᠦᠨ᠎ᠢ ᠰᠦᠪᠡᠭ᠌ᠴᠢᠯᠡᠵᠦ᠍ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠦᠨ᠎ᠡ᠃ ᠰᠤᠷᠭᠠᠨ ᠬᠥᠮᠦᠵᠢᠯ᠎ᠢᠶᠡᠷ ᠬᠣᠲᠠ᠎ᠪᠠᠨ ᠬᠦᠴᠦᠷᠬᠡᠭ᠌ᠵᠢᠭᠦᠯᠬᠦ᠌᠎ᠪᠦᠳᠦᠭᠡᠨ ᠪᠠᠢᠭᠤᠯᠤᠯᠲᠠ ᠶ᠋ᠢ ᠲᠦᠷᠭᠡᠳᠭᠡᠵᠦ᠍᠂ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠨ ᠬᠥᠮᠦᠵᠢᠯ᠎ᠦᠨ ᠵᠣᠬᠢᠴᠠᠩᠭᠤᠶ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠤᠯᠤᠰ᠎ᠤᠨ ᠠᠯᠪᠠᠨ᠎ᠡᠴᠡ ᠪᠠᠢᠭᠤᠯᠤᠭ᠍ᠰᠠᠨ ᠡᠮᠨᠡᠯᠭᠡ᠎ᠶ᠋ᠢᠨ ᠬᠣᠷᠢᠶ᠎ᠠ ᠵᠢᠨ ᠥᠭᠡᠷᠡᠴᠢᠯᠡᠯᠲᠡ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠢᠱ᠌ᠢᠢ᠎ᠡ ᠦᠵᠡᠭᠦᠯᠬᠦ᠌ ᠲᠦᠷᠦᠯ ᠵᠦᠢᠯ᠎ᠢᠶᠡᠷ ᠵᠢᠯᠣᠭᠣᠳᠤᠮᠵᠢ ᠪᠣᠯᠭᠠᠵᠤ᠂ ᠡᠪᠡᠳᠴᠢᠨ ᠡᠮᠭᠡᠭ᠎ᠢ ᠣᠨᠣᠱᠢᠯᠠᠨ ᠡᠮᠨᠡᠬᠦ᠌ ᠴᠢᠳᠠᠪᠤᠷᠢ ᠪᠣᠯᠤᠨ ᠡᠷᠡᠭᠦᠯ ᠮᠡᠨᠳᠦ᠍᠎ᠶ᠋ᠢᠨ ᠦᠢᠯᠡᠴᠢᠯᠡᠭᠡᠨ᠎ᠦ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠠ᠃ ᠨᠠᠰᠤᠵᠢᠯ᠎ᠤᠨ ᠠᠰᠠᠷᠠᠮᠵᠢ ᠵᠢᠨ ᠨᠡᠢᠭᠡᠮᠴᠢᠯᠡᠭ᠌ᠰᠡᠨ ᠦᠶ᠋ᠯᠡᠴᠢᠯᠡᠭᠡᠨ᠎ᠦ ᠱᠢᠰᠲ᠋ᠧᠮ᠎ᠢ ᠪᠦᠷᠢᠨᠱᠢᠬᠦᠯᠵᠤ᠂ ᠦᠷᠡᠵᠢᠯ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ ᠪᠠ ᠤᠷᠮᠠᠱᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠥᠮᠦᠨ ᠠᠮᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠵᠤ᠂ ᠠᠵᠢᠯ ᠣᠯᠵᠤ ᠦᠶ᠋ᠯᠡᠰ ᠪᠤᠰᠬᠠᠬᠤ᠎ᠶ᠋ᠢ ᠠᠬᠢᠭᠤᠯᠤᠨ᠂ ᠴᠠᠯᠢᠩ᠎ᠤᠨ ᠬᠢᠷᠢ ᠲᠦᠪᠰᠢᠨ᠎ᠢ ᠡᠮᠬᠢ ᠵᠢᠷᠤᠮ᠎ᠲᠠᠶ᠎ᠪᠠᠷ ᠳᠡᠭᠡᠭ᠌ᠰᠢᠯᠡᠭᠦᠯᠵᠦ᠍᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠭᠡᠨ᠎ᠠ᠃

ᠵᠢᠷᠤᠭ ᠲᠥᠰᠦᠪ᠎ᠢ ᠨᠢᠬᠡᠨᠳᠡ ᠵᠢᠷᠤᠭ᠍ᠯᠠᠵᠤ᠂ ᠱᠢᠨ᠎ᠡ ᠠᠶᠠᠨ᠎ᠢᠶᠠᠨ ᠡᠬᠢᠯᠡᠭᠦᠯᠦᠨ᠎ᠠ᠃ ᠲᠦᠩᠯᠢᠶᠣᠤ ᠬᠣᠲᠠ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠢᠲᠡᠭᠡᠯ ᠵᠣᠷᠢᠭ᠎ᠢᠶᠠᠨ ᠪᠠᠲᠤᠳᠭᠠᠨ᠂ ᠱᠢᠷᠭᠠᠭᠤ ᠬᠠᠲᠠᠭᠤᠵᠢᠯᠲᠠᠶ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠦᠩᠯᠢᠶᠣᠤ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠠ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号