ᠥᠪᠥᠷ ᠮᠣᠩᠭᠣᠯ᠎ᠤᠨ ᠱᠢᠯᠢᠳᠡᠭ ᠰᠠᠢᠨ ᠡᠳᠦᠷ ᠤ᠋ᠨ ᠲᠣᠭ᠎ᠠ ᠵᠢᠨ ᠬᠠᠷᠢᠴᠠᠯ 90.9% ᠪᠤᠯᠵᠡᠢ
2025-12-01 15:58:03
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

2025 ᠣᠨ ᠤ᠋ 1 ᠡᠴᠡ 9 ᠰᠠᠷ᠎ᠠ᠎ᠳᠤ᠂ ᠪᠥᠬᠥ᠌ ᠣᠷᠣᠨ ᠤ᠋ ᠱᠢᠯᠢᠳᠡᠭ ᠰᠠᠢᠨ ᠡᠳᠦᠷ ᠤ᠋ᠨ ᠲᠣᠭ᠎ᠠ ᠵᠢᠨ ᠬᠠᠷᠢᠴᠠᠯ 90.9% ᠪᠠᠢᠵᠤ᠂ ᠠᠳᠠᠯᠢ ᠬᠤᠭᠤᠴᠠᠭᠠᠨ ᠤ᠋᠎ᠬᠢ ᠡᠴᠡ ᠵᠠᠭᠤᠨ ᠤ᠋ ᠬᠠᠷᠢᠴᠠᠯ ᠵᠢᠡᠷ 4.1 ᠬᠤᠪᠢ ᠳᠡᠭᠡᠭ᠌ᠰᠢᠯᠡᠪᠡ; ᠵᠢᠷᠭᠤᠭᠠᠨ ᠵᠦᠶ᠋ᠯ ᠤ᠋ᠨ ᠪᠣᠬᠢᠷᠲᠤᠯ ᠪᠣᠳᠠᠰ (SO2᠂ NO2᠂ CO᠂ O3᠂ PM10᠂ PM2.5) ᠤ᠋ᠨ ᠥᠳᠭᠡᠴᠡ ᠠᠳᠠᠯᠢ ᠬᠤᠭᠤᠴᠠᠭᠠᠨ ᠤ᠋᠎ᠬᠢ ᠡᠴᠡ ᠴᠥᠮ ᠪᠠᠭᠤᠷᠠᠪᠠ᠂ ᠡᠭᠦᠨ ᠳ᠋ᠤ PM2.5 ᠵᠢᠨ ᠥᠳᠭᠡᠴᠡ 21 ᠮᠢᠺᠷᠥᠭ᠌ᠷᠠᠮ/ ᠺᠦᠪ ᠮᠧᠲ᠋ᠷ ᠪᠠᠢᠵᠤ᠂ ᠠᠳᠠᠯᠢ ᠬᠤᠭᠤᠴᠠᠭᠠᠨ ᠤ᠋᠎ᠬᠢ ᠡᠴᠡ 12.5% ᠪᠡᠷ ᠪᠠᠭᠤᠷᠠᠵᠤ᠂ ᠲᠡᠦᠬᠡ ᠵᠢᠨ ᠠᠳᠠᠯᠢ ᠬᠤᠭᠤᠴᠠᠭᠠᠨ ᠤ᠋ ᠬᠠᠮᠤᠭ ᠤ᠋ᠨ ᠰᠠᠢᠨ ᠲᠦᠪᠱᠢᠨ ᠳ᠋ᠤ ᠬᠥᠷᠪᠡ᠃

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠠᠭᠠᠷ ᠤ᠋ᠨ ᠶᠠᠰᠤ ᠴᠢᠨᠠᠷ ᠢ᠋ ᠰᠠᠢᠵᠢᠷᠠᠭᠤᠯᠬᠤ ᠪᠡᠷ ᠭᠤᠤᠯ ᠪᠣᠯᠭᠠᠬᠤ ᠶ᠋ᠢ ᠪᠠᠷᠢᠮᠲᠠᠯᠠᠵᠤ᠂ ᠭᠤᠤᠯᠳᠠᠯᠭ᠎ᠠ᠎ᠲᠠᠶ ᠠᠵᠢᠯ ᠲᠥᠷᠥᠯ᠂ ᠭᠤᠤᠯᠳᠠᠯᠭ᠎ᠠ᠎ᠲᠠᠶ ᠣᠷᠣᠨ ᠪᠦᠰᠡ᠂ ᠭᠤᠤᠯᠳᠠᠯᠭ᠎ᠠ᠎ᠲᠠᠶ ᠴᠠᠭ ᠬᠤᠭᠤᠴᠠᠭᠠᠨ ᠤ᠋ ᠠᠭᠠᠷ ᠤ᠋ᠨ ᠪᠣᠬᠢᠷᠲᠤᠯ ᠢ᠋ ᠵᠠᠰᠠᠬᠤ ᠠᠵᠢᠯ ᠢ᠋ ᠭᠦᠨᠵᠡᠭᠡᠶ ᠠᠬᠢᠭᠤᠯᠤᠨ᠂ ᠠᠵᠤ ᠠᠬᠤᠶ ᠵᠢᠨ ᠶᠡᠷᠦᠩᠬᠡᠶ ᠬᠡᠮᠵᠢᠶ᠎ᠡ ᠵᠠᠯᠭᠠᠭ᠎ᠠ ᠪᠡᠷ ᠨᠡᠮᠡᠭ᠌ᠳᠡᠭ᠌ᠰᠡᠨ ᠪᠠᠢᠳᠠᠯ ᠳᠤᠤᠷ᠎ᠠ ᠠᠭᠠᠷ ᠤ᠋ᠨ ᠶᠠᠰᠤ ᠴᠢᠨᠠᠷ ᠦᠷᠭᠦᠯᠵᠢᠯᠡᠨ ᠰᠠᠢᠵᠢᠷᠠᠪᠠ᠃ ᠦᠪᠦᠷ ᠮᠤᠩᠭᠤᠯ 《ᠪᠣᠬᠢᠷᠲᠤᠯ ᠢ᠋ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠭᠦᠨᠵᠡᠭᠡᠢ ᠰᠠᠢᠲᠤᠷ ᠬᠢᠬᠦ᠌ ᠲᠤᠬᠠᠢ ᠬᠡᠷᠡᠭ᠌ᠵᠢᠭᠦᠯᠬᠦ᠌ ᠲᠥᠰᠦᠯ》᠂ 《ᠠᠭᠠᠷ ᠤ᠋ᠨ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠬᠤ ᠠᠵᠢᠯᠯᠠᠭ᠎ᠠ ᠵᠢᠨ ᠬᠡᠷᠡᠭ᠌ᠵᠢᠭᠦᠯᠬᠦ᠌ ᠲᠥᠰᠦᠯ》 ᠢ᠋ ᠲᠣᠭ᠍ᠲᠠᠭᠠᠵᠤ᠂ ᠬᠦᠬᠡ ᠣᠭ᠍ᠲᠠᠷᠭᠤᠢ ᠶ᠋ᠢ ᠬᠠᠮᠠᠭᠠᠯᠠᠬᠤ ᠳᠠᠢᠯᠠᠯᠳᠤᠭᠠᠨ ᠤ᠋ ᠬᠠᠷᠠᠯᠲᠠ ᠡᠭᠦᠷᠭᠡ᠂ ᠪᠣᠳᠠᠲᠠᠢ ᠠᠷᠭ᠎ᠠ ᠬᠡᠮᠵᠢᠶ᠎ᠡ ᠪᠠ ᠠᠵᠢᠯ ᠤ᠋ᠨ ᠬᠠᠷᠢᠭᠤᠴᠠᠯᠭ᠎ᠠ ᠶ᠋ᠢ ᠲᠣᠳᠣᠷᠬᠠᠢᠯᠠᠪᠠ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠠᠵᠤ ᠦᠶ᠋ᠯᠡᠰ ᠤ᠋ᠨ ᠪᠣᠬᠢᠷᠲᠤᠯ ᠥᠬᠡᠶ ᠲᠡᠢᠰᠢ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠬᠦ᠌ ᠶ᠋ᠢ ᠠᠬᠢᠭᠤᠯᠵᠤ᠂ ᠡᠨᠧᠷᠭᠢ ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ ᠶ᠋ᠢ ᠠᠬᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠠᠮᠤᠷ ᠲᠦᠪᠱᠢᠨ ᠢ᠋ ᠳᠡᠭᠡᠭ᠌ᠰᠢᠯᠡᠭᠦᠯᠪᠡ᠃ 2024 ᠣᠨ ᠤ᠋ ᠡᠴᠦᠰ ᠲᠤ᠌ ᠪᠥᠬᠥ᠌ ᠣᠷᠣᠨ ᠤ᠋ ᠱᠢᠨ᠎ᠡ ᠡᠨᠧᠷᠭᠢ ᠵᠢᠨ ᠮᠠᠱᠢᠨ ᠲᠡᠷᠭᠡᠨ᠎ᠦ ᠲᠣᠭ᠎ᠠ 2020 ᠣᠨ ᠤ᠋ ᠬᠢ ᠡᠴᠡ 29.9 ᠲᠦᠮᠡ ᠨᠡᠮᠡᠭ᠌ᠳᠡᠪᠡ; ᠨᠢᠭᠡ ᠴᠣᠭ᠍ᠴᠠᠵᠢᠭᠰᠠᠨ ᠮᠠᠱᠢᠨ ᠲᠡᠷᠭᠡᠨ᠎ᠦ ᠭᠠᠳᠠᠭ᠍ᠰᠢᠯᠠᠭᠤᠯᠤᠯᠲᠠ ᠶ᠋ᠢ ᠬᠢᠨᠠᠨ ᠡᠵᠡᠮᠳᠡᠬᠦ᠌ ᠱᠢᠰᠲ᠋ᠧᠮ ᠢ᠋ ᠪᠠᠢᠭᠤᠯᠤᠨ᠂ ᠮᠠᠱᠢᠨ ᠲᠡᠷᠭᠡᠨ᠎ᠦ ᠭᠠᠳᠠᠭ᠍ᠰᠢᠯᠠᠭᠤᠯᠤᠯᠲᠠ ᠶ᠋ᠢ ᠱᠢᠯᠭᠠᠨ ᠪᠠᠢᠴᠠᠭᠠᠬᠤ ᠪᠠᠢᠭᠤᠯᠤᠮᠵᠢ ᠵᠢᠨ ᠲᠤᠰᠭᠠᠶ ᠪᠠᠢᠴᠠᠭᠠᠯᠲᠠ ᠶ᠋ᠢ ᠦᠷᠭᠦᠯᠵᠢᠯᠡᠨ ᠥᠷᠨᠢᠭᠦᠯᠵᠦ᠍᠂ ᠪᠠᠷᠢᠮᠵᠢᠶ᠎ᠠ ᠳ᠋ᠤ ᠬᠥᠷᠬᠥ᠌ ᠥᠬᠡᠶ ᠲᠡᠷᠭᠡ ᠶ᠋ᠢ  ᠵᠠᠮ ᠳ᠋ᠤ ᠭᠠᠷᠭᠠᠬᠤ ᠶ᠋ᠢ ᠴᠢᠩᠭ᠎ᠠ ᠴᠠᠭᠠᠵᠠᠯᠠᠪᠠ᠃

ᠬᠦᠨᠳᠦ ᠪᠣᠬᠢᠷᠲᠤᠯ᠎ᠲᠠᠶ ᠴᠠᠭ ᠠᠭᠤᠷ ᠢ᠋ ᠢᠳᠡᠪᠬᠢᠲᠡᠶ ᠠᠷᠭᠠᠴᠠᠭᠠᠵᠤ᠂ 《ᠬᠦᠨᠳᠦ ᠪᠣᠬᠢᠷᠲᠤᠯ ᠲᠠᠶ ᠴᠠᠭ ᠠᠭᠤᠷ ᠤ᠋ᠨ ᠪᠠᠴᠢᠮ ᠪᠠᠢᠳᠠᠯ ᠢ᠋ ᠠᠷᠭᠠᠴᠠᠭᠠᠬᠤ ᠪᠡᠯᠡᠳᠭᠡᠯ ᠲᠥᠰᠦᠯ》 ᠳ᠋ᠤ ᠵᠠᠰᠠᠪᠤᠷᠢ ᠣᠷᠣᠭᠤᠯᠤᠨ᠂ 《ᠥᠪᠡᠷᠲᠡᠭᠡᠨ ᠵᠠᠰᠠᠬᠤ ᠣᠷᠣᠨ ᠠᠢᠮᠠᠭ ᠬᠣᠲᠠ ᠬᠣᠱᠢᠭᠤ ᠱᠢᠶᠠᠨ ᠤ᠋ ᠠᠵᠤ ᠠᠬᠤᠢᠯᠠᠯ》 ᠤ᠋ᠨ ᠳᠥᠷᠪᠡᠨ ᠱᠠᠲᠤᠨ ᠤ᠋ ᠬᠦᠨᠳᠦ ᠪᠣᠬᠢᠷᠲᠤᠯ ᠤ᠋ᠨ ᠪᠠᠴᠢᠮ ᠪᠠᠢᠳᠠᠯ ᠢ᠋ ᠠᠷᠭᠠᠴᠠᠭᠠᠬᠤ ᠪᠡᠯᠡᠳᠭᠡᠯ ᠲᠥᠰᠦᠯ ᠤ᠋ᠨ ᠱᠢᠰᠲ᠋ᠧᠮ ᠢ᠋ ᠪᠠᠢᠭᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号