ᠥᠪᠥᠷ ᠮᠣᠩᠭᠣᠯ ᠤ᠋ᠨ ᠣᠶ ᠱᠢᠭᠤᠶ ᠵᠢᠨ ᠪᠦᠷᠬᠦᠴᠡ ᠵᠢᠨ ᠨᠣᠷᠮ᠎ᠠ 21.98% ᠎ᠳ᠋ᠦ᠍ ᠬᠦᠷᠴᠠᠢ
2025-12-01 16:57:12
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ ᠢ᠋ ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ 2024 ᠣᠨ ᠳ᠋ᠤ ᠥᠪᠥᠷ ᠮᠣᠩᠭᠣᠯ ᠤ᠋ᠨ ᠣᠶ ᠱᠢᠭᠤᠶ ᠵᠢᠨ ᠪᠦᠷᠬᠦᠴᠡ 21.98%᠎ᠳ᠋ᠤ ᠬᠦᠷᠴᠦ᠍᠂ 2021 ᠣᠨ ᠤ᠋᠎ᠬᠢ ᠡᠴᠡ ᠵᠠᠭᠤᠨ ᠤ᠋ ᠬᠠᠷᠢᠴᠠᠯ ᠵᠢᠡᠷ 1.19 ᠬᠤᠪᠢ ᠳᠡᠭᠡᠭ᠌ᠰᠢᠯᠡᠪᠡ; ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ ᠶ᠋ᠢ ᠦᠷᠭᠦᠯᠵᠢᠯᠡᠨ 45% ᠡᠴᠡ ᠳᠡᠭᠡᠭ᠌ᠰᠢ᠎ᠳᠦ ᠲᠣᠭ᠍ᠲᠠᠪᠤᠷᠢᠵᠢᠭᠤᠯᠪᠠ; ᠨᠤᠭᠤ ᠭᠠᠵᠠᠷ ᠤ᠋ᠨ ᠲᠠᠯᠠᠪᠠᠢ ᠶ᠋ᠢ 7000 ᠲᠦᠮᠡᠨ ᠮᠦ᠍ ᠣᠷᠴᠢᠮ ᠳ᠋ᠤ ᠲᠣᠭ᠍ᠲᠠᠪᠤᠷᠢᠵᠢᠭᠤᠯᠵᠤ᠂ ᠠᠮᠢ ᠠᠬᠤᠢ ᠵᠢᠨ ᠠᠮᠤᠷ ᠲᠦᠪᠱᠢᠨ᠎ᠦ ᠬᠠᠯᠬᠠᠪᠴᠢ ᠵᠢᠨ ᠴᠢᠳᠠᠮᠵᠢ ᠶ᠋ᠢ ᠦᠷᠭᠦᠯᠵᠢᠯᠡᠨ ᠪᠡᠬᠢᠵᠢᠭᠦᠯᠪᠡ᠃

ᠥᠪᠥᠷ ᠮᠣᠩᠭᠣᠯ ᠬᠠᠤᠯᠢ ᠶᠣᠰᠣᠭᠠᠷ ᠣᠶ ᠱᠢᠭᠤᠶ ᠪᠠ ᠨᠤᠲᠤᠭ ᠪᠡᠯᠴᠢᠭᠡᠷ ᠢ᠋ ᠵᠠᠰᠠᠬᠤ ᠶ᠋ᠢ ᠢᠮᠠᠭ᠍ᠲᠠ ᠪᠠᠷᠢᠮᠲᠠᠯᠠᠵᠤ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠠᠯ ᠪᠡᠯᠴᠢᠭᠡᠷ ᠢ᠋ ᠲᠡᠩᠴᠡᠭᠦᠷᠢᠲᠡᠶ ᠪᠠᠢᠯᠭᠠᠬᠤ ᠪᠠ ᠪᠡᠯᠴᠢᠭᠡᠷᠯᠡᠭᠦᠯᠬᠦ᠌ ᠶ᠋ᠢ ᠴᠠᠭᠠᠵᠠᠯᠠᠬᠤ ᠪᠡᠯᠴᠢᠭᠡᠷ ᠢ᠋ ᠠᠮᠠᠷᠠᠭᠤᠯᠬᠤ ᠲᠦᠷᠢᠮ》 ᠢ᠋ ᠨᠡᠢᠲᠡᠯᠡᠨ ᠬᠡᠷᠡᠭ᠌ᠵᠢᠭᠦᠯᠵᠦ᠍᠂《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠲᠦᠷᠢᠮ ( ᠲᠥᠰᠦᠯ)》 ᠢ᠋ ᠨᠡᠢᠲᠡᠯᠡᠵᠦ᠍᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠤᠲᠤᠭ ᠪᠡᠯᠴᠢᠭᠡᠷ ᠤ᠋ᠨ ᠬᠠᠮᠢᠶᠠᠷᠤᠯᠲᠠ ᠵᠢᠨ ᠲᠦᠷᠢᠮ》  ᠵᠡᠷᠭᠡ ᠣᠷᠣᠨ ᠨᠤᠲᠤᠭ ᠤ᠋ᠨ ᠬᠠᠤᠯᠢ ᠲᠣᠭ᠍ᠲᠠᠭᠠᠯ ᠳ᠋ᠤ ᠵᠠᠰᠠᠪᠤᠷᠢ ᠣᠷᠣᠭᠤᠯᠬᠤ ᠠᠵᠢᠯ ᠢ᠋ ᠡᠬᠢᠯᠡᠭᠦᠯᠪᠡ᠃ ᠨᠤᠲᠤᠭ ᠪᠡᠯᠴᠢᠭᠡᠷ ᠢ᠋ ᠬᠠᠮᠠᠭᠠᠯᠠᠨ ᠰᠡᠷᠭᠦᠭᠡᠬᠦ᠌᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ ᠢ᠋ ᠨᠡᠭᠡᠭᠡᠨ ᠠᠱᠢᠭ᠍ᠯᠠᠬᠤ ᠬᠢᠨᠠᠯᠲᠠ ᠬᠠᠮᠢᠶᠠᠷᠤᠯᠲᠠ᠂ ᠥᠪᠡᠷᠲᠡᠭᠡᠨ ᠵᠠᠰᠠᠬᠤ ᠣᠷᠣᠨ ᠤ᠋ ᠱᠠᠲᠤᠨ ᠤ᠋ ᠪᠠᠢᠭᠠᠯᠢ ᠵᠢᠨ ᠴᠡᠴᠡᠷᠯᠢᠭ ᠤ᠋ᠨ ᠬᠠᠮᠢᠶᠠᠷᠤᠯᠲᠠ ᠶ᠋ᠢ ᠵᠢᠷᠤᠮᠵᠢᠭᠤᠯᠬᠤ᠂ ᠡᠬᠡ ᠬᠠᠭᠤᠷᠠᠶ ᠵᠢᠨ ᠬᠡᠭᠡᠷ᠎ᠡ ᠵᠢᠨ ᠠᠮᠢᠲᠠᠨ ᠤ᠋ ᠬᠠᠮᠠᠭᠠᠯᠠᠯᠲᠠ ᠶ᠋ᠢ ᠴᠢᠩᠭᠠᠳᠭᠠᠬᠤ ᠵᠡᠷᠭᠡ ᠲᠠᠯ᠎ᠠ ᠵᠢᠨ ᠲᠣᠭᠣᠷᠢᠨ ᠳ᠋ᠤ ᠠᠯᠢ ᠣᠯᠠᠨ ᠲᠥᠷᠥ ᠵᠢᠨ ᠪᠣᠳᠣᠯᠭ᠎ᠠ ᠵᠢᠨ ᠴᠢᠨᠠᠷᠲᠠᠶ ᠪᠢᠴᠢᠭ ᠮᠠᠲ᠋ᠧᠷᠢᠶᠠᠯ ᠨᠡᠢᠲᠡᠯᠡᠵᠦ᠍᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ ᠤ᠋ᠨ ᠬᠠᠮᠠᠭᠠᠯᠠᠯᠲᠠ ᠶ᠋ᠢ ᠴᠢᠩᠭᠠᠳᠭᠠᠬᠤ ᠳ᠋ᠤ ᠪᠠᠲᠤ ᠪᠠᠬᠢ ᠬᠠᠤᠯᠢᠵᠢᠯ ᠤ᠋ᠨ ᠪᠠᠲᠤᠯᠠᠭ᠎ᠠ ᠬᠠᠩᠭᠠᠭᠰᠠᠨ ᠪᠠᠢᠨ᠎ᠠ᠃

ᠣᠶ ᠱᠢᠭᠤᠶ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ ᠢ᠋ ᠬᠠᠮᠠᠭᠠᠯᠠᠬᠤ ᠡᠷᠴᠢᠮ ᠵᠢᠡᠨ ᠴᠢᠩᠭᠠᠷᠠᠭᠤᠯᠬᠤ ᠵᠢᠨ ᠲᠥᠯᠥᠭᠡ᠂ 2023 ᠣᠨ ᠡᠴᠡ ᠡᠬᠢᠯᠡᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠡᠴᠡ ᠬᠣᠶᠠᠷ ᠵᠢᠯ ᠳᠠᠷᠠᠭᠠᠯᠠᠨ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠳ᠋ᠤ ᠡᠷᠬᠡ ᠣᠯᠭᠣᠵᠤ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠵᠠᠰᠠᠭ ᠵᠠᠬᠢᠷᠭᠠᠨ ᠤ᠋ ᠱᠢᠢᠳᠭᠡᠯ ᠥᠭ᠌ᠬᠦ ᠡᠷᠬᠡ ᠶ᠋ᠢ ᠬᠡᠷᠡᠭ᠌ᠵᠢᠭᠦᠯᠪᠡ᠃ ᠣᠶ ᠱᠢᠭᠤᠶ ᠵᠢᠨ ᠳᠠᠷᠤᠭ᠎ᠠ ᠵᠢᠨ ᠲᠦᠷᠢᠮ ᠤ᠋ᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ᠂ ᠳᠠᠭᠠᠭᠤᠯᠢ ᠣᠳᠣᠨ ᠤ᠋ ᠠᠯᠤᠰ ᠰᠡᠷᠡᠯ ᠤ᠋ᠨ ᠮᠡᠷᠭᠡᠵᠢᠯ ᠢ᠋ ᠬᠡᠷᠡᠭ᠌ᠯᠡᠨ᠂ ᠣᠶ ᠱᠢᠭᠤᠶ ᠪᠠ ᠨᠤᠲᠤᠭ ᠪᠡᠯᠴᠢᠭᠡᠷ ᠢ᠋ ᠡᠪᠳᠡᠨ ᠰᠦᠶ᠋ᠳᠭᠡᠬᠦ᠌ ᠦᠶ᠋ᠯᠡ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠴᠦ᠂ ᠣᠶ ᠱᠢᠭᠤᠶ ᠪᠠ ᠨᠤᠲᠤᠭ ᠪᠡᠯᠴᠢᠭᠡᠷ ᠢ᠋ ᠡᠪᠳᠡᠨ ᠰᠦᠶ᠋ᠳᠭᠡᠬᠦ᠌ ᠠᠰᠠᠭᠤᠳᠠᠯ ᠢ᠋ ᠱᠢᠰᠲ᠋ᠧᠮ᠎ᠲᠡᠶ ᠦᠨᠳᠦᠰᠦᠨ ᠡᠴᠡ᠎ᠨᠢ ᠵᠠᠰᠠᠪᠠ᠃ ᠡᠭᠦᠨ᠎ᠦ ᠬᠠᠮᠲᠤ ᠂ ᠥᠪᠥᠷ ᠮᠣᠩᠭᠣᠯ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠱᠢᠰᠲ᠋ᠧᠮ ᠢ᠋ ᠲᠦᠷᠭᠡᠳᠭᠡᠨ ᠪᠠᠢᠭᠤᠯᠵᠤ᠂ ᠭᠠᠮᠱᠢᠭ ᠢ᠋ ᠰᠡᠷᠭᠡᠢᠯᠡᠨ ᠡᠵᠡᠮᠳᠡᠬᠦ᠌ ᠴᠢᠳᠠᠪᠤᠷᠢ ᠲᠣᠭ᠍ᠲᠠᠭᠤᠨ ᠵᠢᠡᠷ ᠳᠡᠭᠡᠭ᠌ᠰᠢᠯᠡᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号