ᠦᠪᠦᠷ ᠮᠤᠩᠭᠤᠯ᠎ᠤᠨ ᠠᠵᠢᠯᠲᠠᠨ ᠠᠵᠢᠯᠴᠢᠨ᠎ᠤ ᠰᠢᠨ᠎ᠡ᠎ᠶᠢ ᠡᠭᠦᠳᠬᠦ 50 ᠠᠵᠢᠯᠯᠠᠬᠤ ᠦᠷᠦᠬᠡ ᠭᠣᠣᠯᠳᠠᠯᠭ᠎ᠠ ᠲᠠᠢ ᠲᠡᠮᠵᠢᠯᠭᠡ ᠬᠦᠷᠲᠡᠵᠡᠢ
2025-12-01 10:10:51
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ ᠦᠪᠡᠷᠲᠡᠭᠡᠨ ᠵᠠᠰᠬᠠᠤ ᠤᠷᠤᠨ᠎ᠤ ᠠᠵᠢᠯᠲᠠᠨ ᠠᠵᠢᠯᠴᠢᠨ᠎ᠤ ᠰᠢᠨ᠎ᠡ᠎ᠶᠢ ᠡᠭᠦᠳᠬᠦ 50 ᠠᠵᠢᠯᠯᠠᠬᠤ ᠦᠷᠦᠬᠡ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠭᠣᠣᠯᠳᠠᠯᠭ᠎ᠠ᠎ᠲᠠᠢ ᠳᠡᠮᠵᠢᠯᠭᠡ᠎ᠶᠢ ᠬᠦᠷᠲᠡᠵᠦ᠂ ᠡᠲᠡᠭᠡᠷ ᠠᠵᠢᠯᠯᠠᠬᠤ ᠦᠷᠦᠬᠡ ᠨᠢ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ᠂ ᠬᠠᠮᠵᠢᠯᠴᠠᠨ ᠪᠣᠭᠣᠮᠲᠠ ᠰᠢᠪᠲᠤᠯᠬᠤ᠂ ᠤᠷ᠎ᠠ ᠮᠡᠷᠭᠡᠵᠢᠯ᠎ᠢ ᠤᠯᠠᠮᠵᠢᠯᠠᠬᠤ ᠵᠡᠷᠭᠡ ᠲᠠᠯ᠎ᠠ᠎ᠪᠠᠷ ᠵᠠᠩᠭᠢᠯᠠᠭ᠎ᠠ᠎ᠶᠢᠨ ᠦᠢᠯᠡᠳᠦᠯ ᠦᠵᠡᠭᠦᠯᠤᠨ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠰᠢᠨ᠎ᠡ᠎ᠶᠢ ᠡᠭᠦᠳᠬᠦ 50 ᠠᠵᠢᠯᠯᠠᠬᠤ ᠦᠷᠦᠬᠡ᠎ᠪᠦᠷᠢ᠎ᠳᠦ 3 ᠲᠦᠮᠡᠨ ᠲᠥᠭᠥᠷᠢᠭ ᠨᠥᠬᠥᠪᠦᠷᠢ ᠤᠯᠭᠤᠵᠦ᠂ ᠰᠢᠨ᠎ᠡ᠎ᠶᠢ ᠡᠭᠦᠳᠬᠦ ᠠᠵᠢᠯᠯᠠᠬᠤ ᠦᠷᠦᠬᠡ ᠵᠢᠨ ᠤᠷ᠎ᠠ ᠴᠢᠳᠠᠪᠤᠷᠢ᠎ᠶᠢᠨ ᠪᠣᠯᠪᠠᠰᠤᠷᠠᠯ᠂ ᠦᠷ᠎ᠡ ᠪᠦᠲᠦᠭᠡᠯ᠎ᠦᠨ ᠤᠨᠳᠤᠤᠰᠢᠭᠤᠯᠤᠯᠲᠠ ᠵᠡᠷᠭᠡ᠎ᠳᠦ ᠬᠡᠷᠡᠭᠯᠡᠨ᠎ᠡ᠃ ᠭᠣᠣᠯᠳᠠᠯᠭ᠎ᠠ᠎ᠲᠠᠢ ᠳᠡᠮᠵᠢᠯᠭᠡ᠎ᠶᠢ ᠬᠦᠷᠲᠡᠭᠰᠡᠨ ᠠᠵᠢᠯᠯᠠᠬᠤ ᠦᠷᠦᠬᠡ ᠵᠢᠨ ᠳᠣᠲᠣᠷ᠎ᠠ᠂ ᠡᠮᠡᠭᠲᠡᠢ ᠠᠵᠢᠯᠲᠠᠨ ᠠᠵᠢᠯᠴᠢᠨ᠎ᠤ ᠰᠢᠨ᠎ᠡ᠎ᠶᠢ ᠡᠭᠦᠳᠬᠦ 10 ᠠᠵᠢᠯᠯᠠᠬᠤ ᠦᠷᠦᠬᠡ ᠵᠢ ᠪᠠᠭᠲᠠᠭᠠᠵᠤ᠂ ᠥᠪᠡᠷᠲᠡᠭᠡᠨ ᠵᠠᠰᠠᠬᠤ ᠣᠷᠣᠨ᠎ᠤ 12 ᠠᠢᠮᠠᠭ ᠬᠣᠲᠠ᠂ 6 ᠠᠵᠤ ᠦᠢᠯᠡᠰ᠎ᠢ ᠬᠠᠮᠤᠷᠴᠤ᠂ ᠥᠪᠥᠷ ᠮᠣᠩᠭᠣᠯ᠎ᠤᠨ 10 ᠲᠣᠮᠣ᠌ ᠠᠵᠤ ᠦᠢᠯᠡᠰ᠎ᠦᠨ ᠪᠦᠯᠦᠭᠯᠡᠯ ᠵᠢᠴᠢ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠬᠰᠠᠨ ᠠᠵᠤ ᠦᠢᠯᠡᠰ ᠪᠠ ᠲᠣᠭᠠᠴᠢᠯᠠᠭᠰᠠᠨ ᠠᠵᠤ ᠠᠬᠤᠢ᠎ᠶᠢᠨ ᠬᠦᠷᠢᠶ᠎ᠡ ᠵᠡᠷᠭᠡ᠎ᠶᠢᠨ ᠲᠣᠭᠣᠷᠢᠨ᠎ᠳᠤ ᠭᠣᠣᠯᠳᠠᠯᠭ᠎ᠠ᠎ᠲᠠᠢ ᠪᠦᠲᠦᠭᠡᠨ ᠪᠠᠢᠭᠤᠯᠤᠯᠲᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ ᠪᠠ ᠠᠵᠤ ᠦᠢᠯᠡᠰ᠎ᠦᠨ ᠬᠡᠯᠬᠢᠶ᠎ᠡ᠎ᠶᠢᠨ ᠭᠣᠣᠯ ᠠᠵᠤ ᠠᠬᠤᠢᠯᠠᠯ᠂ ᠲᠣᠯᠣᠭᠠᠢᠯᠠᠬᠴᠢ ᠠᠵᠤ ᠠᠬᠤᠢᠯᠠᠯ ᠵᠡᠷᠭᠡ ᠳᠠᠢᠰᠢ ᠭᠣᠣᠯᠳᠠᠯᠭ᠎ᠠ ᠲᠠᠢ ᠬᠡᠯᠪᠡᠢᠯᠭᠡᠪᠡ᠃ ᠣᠲᠣᠬᠠᠨ ᠪᠣᠯᠲᠠᠯ᠎ᠠ᠂ ᠮᠠᠨ᠎ᠤ ᠣᠷᠣᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯᠲᠠᠨ ᠠᠵᠢᠯᠴᠢᠨ᠎ᠤ ᠰᠢᠨ᠎ᠡ᠎ᠶᠢ ᠡᠭᠦᠳᠬᠦ ᠠᠵᠢᠯᠯᠠᠬᠤ ᠦᠷᠦᠬᠡ ᠨᠡᠶ᠋ᠢᠲᠡ 458 ᠪᠤᠯᠤᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号