ᠣᠢᠷ᠎ᠠ᠎ᠳᠤ᠂ ᠬᠥᠬᠡᠬᠣᠲᠠ 《ᠵᠠᠯᠠᠭᠤᠴᠤᠳ᠎ᠤᠨ ᠦᠢᠯᠡᠰ ᠪᠤᠰᠬᠠᠬᠤ ᠠᠶᠠᠯᠠᠯ ᠳ᠋ᠤ ᠲᠤᠰᠠᠯᠠᠵᠤ ᠢᠷᠠᠬᠡᠲᠤᠢ ᠪᠠᠨ ᠴᠤᠭᠴᠠᠯᠠᠬᠤ》 ᠦᠢᠯᠡᠰ ᠪᠤᠰᠬᠠᠬᠤ ᠤᠷᠤᠯᠳᠤᠭᠠᠨ᠎ᠤ ᠶᠡᠷᠦᠩᠬᠡᠶ ᠱᠢᠶ᠋ᠳᠪᠦᠷᠢᠲᠦ ᠤᠷᠤᠯᠳᠤᠭᠠᠨ ᠡᠷᠭᠢᠯᠡᠪᠠ᠃ ᠦᠶ᠋ᠯᠡᠰ ᠪᠤᠰᠬᠠᠬᠤ ᠤᠷᠤᠯᠳᠤᠭᠠᠨ ᠨᠢ ᠡᠨᠡ ᠵᠢᠯ᠎ᠦᠨ 7 ᠰᠠᠷ᠎ᠠ᠎ᠳᠤ ᠡᠬᠢᠯᠡᠭ᠌ᠰᠡᠨ᠎ᠡᠴᠡ ᠨᠠᠭᠠᠰᠢ ᠨᠡᠢᠲᠡ 102 ᠦᠢᠯᠡᠰ ᠪᠤᠰᠬᠠᠬᠤ ᠵᠦᠶ᠋ᠯ ᠨᠡᠷ᠎ᠡ ᠮᠡᠳᠡᠭᠦᠯᠵᠦ᠍᠂ ᠬᠠᠮᠤᠭ᠎ᠤᠨ ᠡᠴᠦᠰ᠎ᠲᠦ 6 ᠴᠢᠨᠠᠷ ᠰᠠᠢᠲᠠᠶ ᠦᠢᠯᠡᠰ ᠪᠤᠰᠬᠠᠬᠤ ᠵᠦᠶ᠋ᠯ ᠱᠢᠶ᠋ᠳᠪᠦᠷᠢᠲᠦ ᠤᠷᠤᠯᠳᠤᠭᠠᠨ᠎ᠳᠤ ᠤᠷᠤᠯᠴᠠᠵᠠᠢ᠃
ᠤᠢᠯᠠᠭᠠᠭᠰᠠᠨ᠎ᠢᠶᠡᠷ᠂ ᠶᠡᠷᠦᠩᠬᠡᠶ ᠱᠢᠶ᠋ᠳᠪᠦᠷᠢᠲᠦ ᠤᠷᠤᠯᠳᠤᠭᠠᠨ ᠨᠢ 《6 ᠮᠢᠨᠦ᠋ᠲ᠎ᠦᠨ ᠲᠣᠭ᠍ᠯᠠᠯᠲᠠ + 5 ᠮᠢᠨᠦ᠋ᠲ᠎ᠦᠨ ᠠᠰᠠᠭᠤᠯᠲᠠ ᠬᠠᠷᠢᠭᠤᠯᠲᠠ》 ᠶ᠋ᠢᠨ ᠬᠡᠯᠪᠡᠷᠢ᠎ᠪᠡᠷ ᠶᠠᠪᠤᠭ᠍ᠳᠠᠵᠤ᠂ ᠱᠢᠯᠭᠠᠷᠠᠭᠤᠯᠬᠤ ᠺᠣᠮᠢᠰ᠎ᠤᠨ ᠭᠡᠱᠢᠭᠦᠳ ᠲᠥᠷᠥᠯ ᠵᠦᠶ᠋ᠯ᠎ᠦᠨ ᠱᠢᠨ᠎ᠡ᠎ᠶ᠋ᠢ ᠡᠭᠦᠳᠬᠦ᠌ ᠴᠢᠨᠠᠷ᠂ ᠪᠦᠯᠬᠦᠮ ᠨᠡᠢᠲᠡ᠎ᠶ᠋ᠢᠨ ᠪᠠᠢᠭᠤᠯᠤᠯᠲᠠ᠂ ᠵᠠᠬ᠎ᠠ ᠳᠡᠯᠭᠡᠭᠦᠷ᠎ᠦᠨ ᠳᠠᠯᠳᠠ ᠬᠦᠴᠦᠨ ᠵᠡᠷᠭᠡ ᠭᠤᠤᠯ ᠬᠠᠷᠠᠭᠠᠰᠤ᠎ᠠᠴᠠ ᠬᠢᠨᠠᠨ ᠲᠣᠭ᠍ᠲᠠᠭᠠᠵᠤ᠂ ᠨᠢᠭᠡᠳᠦᠭᠡᠷ ᠳᠡᠰ᠎ᠤᠨ ᠱᠠᠩᠨᠠᠯ 1᠂ ᠬᠣᠶᠠᠳᠤᠭᠠᠷ ᠳᠡᠰ᠎ᠤᠨ ᠱᠠᠩᠨᠠᠯ 2᠂ ᠭᠤᠷᠪᠠᠳᠤᠭᠠᠷ ᠳᠡᠰ᠎ᠤᠨ ᠱᠠᠩᠨᠠᠯ 3 ᠰᠢᠯᠭᠠᠷᠠᠭᠤᠯᠪᠠ᠃
ᠤᠷᠤᠯᠳᠤᠭᠠᠨ᠎ᠠᠴᠠ ᠡᠮᠦᠨ᠎ᠡ᠂ ᠬᠥᠬᠡᠬᠣᠲᠠ 14 ᠲᠤᠰᠭᠠᠶ ᠮᠡᠷᠭᠡᠵᠢᠯ᠎ᠦᠨ ᠦᠶ᠋ᠯᠡᠰ ᠪᠤᠰᠬᠠᠬᠤ᠎ᠶ᠋ᠢ ᠵᠢᠯᠣᠭᠣᠳᠭᠤ ᠠᠵᠢᠯ᠎ᠤᠨ ᠲᠠᠰᠤᠭ᠎ᠢ ᠨᠡᠢᠲᠡᠯᠡᠵᠦ᠍ ᠮᠠᠭᠠᠳᠯᠠᠨ ᠲᠣᠭ᠍ᠲᠠᠭᠠᠵᠤ᠂ 《ᠵᠠᠯᠠᠭᠤᠴᠤᠳ᠎ᠤᠨ ᠦᠢᠯᠡᠰ ᠪᠤᠰᠬᠠᠬᠤ ᠠᠶᠠᠯᠠᠯ ᠳ᠋ᠤ ᠲᠤᠰᠠᠯᠠᠵᠤ ᠢᠷᠠᠬᠡᠲᠤᠢ ᠪᠠᠨ ᠴᠤᠭᠴᠠᠯᠠᠬᠤ》 ᠱᠢᠷᠢᠰ ᠠᠵᠢᠯᠯᠠᠭ᠎ᠠ ᠥᠷᠨᠢᠭᠦᠯᠬᠦ᠌᠂ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠬᠡᠷ᠎ᠲᠦᠨᠢ ᠬᠦᠷᠴᠦ᠍ 《ᠨᠢᠭᠡ ᠵᠢ ᠨᠢᠭᠡ᠎ᠳᠦ ᠬᠠᠷᠠᠭᠠᠯᠵᠠᠭᠤᠯᠤᠨ》 ᠵᠢᠯᠣᠭᠣᠳᠬᠤ ᠵᠡᠷᠭᠡᠦᠢᠯᠡᠴᠢᠯᠡᠭᠡ ᠬᠠᠩᠭᠠᠵᠤ᠂ ᠬᠤᠳᠠᠯᠳᠤᠭᠠᠨ᠎ᠤ ᠰᠡᠳᠭᠢᠬᠦᠶ᠂ ᠪᠣᠳᠠᠲᠠᠶ ᠠᠵᠢᠯᠯᠠᠬᠤ ᠤᠷ᠎ᠠ ᠴᠢᠳᠠᠪᠤᠷᠢ᠂ ᠡᠬᠢ ᠪᠠᠶᠠᠯᠢᠭ᠎ᠢ ᠵᠣᠯᠭᠠᠭᠤᠯᠬᠤ᠂ ᠲᠥᠷᠥ᠎ᠶ᠋ᠢᠨ ᠪᠣᠳᠣᠯᠭ᠎ᠠ᠎ᠶ᠋ᠢ ᠵᠣᠬᠢᠴᠠᠭᠤᠯᠬᠤ ᠵᠡᠷᠭᠡ ᠲᠠᠯ᠎ᠠ᠎ᠠᠴᠠ ᠦᠶ᠋ᠯᠡᠰ ᠪᠤᠰᠬᠠᠬᠤ ᠪᠦᠯᠬᠦᠮ ᠨᠡᠢᠲᠡ᠎ᠳᠦ ᠬᠦᠴᠦᠨ ᠣᠯᠭᠣᠵᠠᠢ᠃ ᠱᠢᠶ᠋ᠳᠪᠦᠷᠢᠲᠦ ᠤᠷᠤᠯᠳᠤᠭᠠᠨ᠎ᠤ ᠲᠤᠬᠠᠶ᠎ᠶ᠋ᠢᠨ ᠲᠠᠯᠠᠪᠠᠶ᠎ᠳᠤ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠡᠭᠦᠳᠦᠨ ᠪᠠᠢᠭᠤᠯᠬᠤ ᠪᠠᠯᠠ ᠣᠷᠣᠭᠤᠯᠤᠯᠲᠠ᠎ᠶ᠋ᠢᠨ ᠳᠠᠭᠠᠭᠤᠯᠤᠭ᠍ᠴᠢ᠂ ᠤᠯᠤᠰ᠎ᠤᠨ ᠲᠠᠰ᠎ᠤᠨ ᠱᠢᠨ᠎ᠡ᠎ᠶ᠋ᠢ ᠡᠭᠦᠳᠬᠦ᠌ ᠪᠠ ᠦᠶ᠋ᠯᠡᠰ ᠪᠤᠰᠬᠠᠬᠤ ᠵᠢᠯᠣᠭᠣᠳᠣᠭ᠍ᠴᠢ ᠪᠠᠭ᠍ᠰᠢ ᠪᠠᠷ ᠪᠦᠷᠢᠯᠳᠦᠭ᠌ᠰᠡᠨ 7 ᠬᠥᠮᠦᠨ᠎ᠦ ᠱᠢᠯᠭᠠᠷᠠᠭᠤᠯᠬᠤ ᠺᠣᠮᠢᠰ᠎ᠤᠨ ᠪᠦᠯᠬᠦᠮ ᠪᠥᠬᠥ᠌ ᠲᠠᠯ᠎ᠠ᠎ᠶ᠋ᠢᠨ ᠱᠢᠯᠭᠠᠨ ᠦᠨᠡᠯᠡᠯᠲᠡ ᠥᠷᠨᠢᠭᠦᠯᠵᠦ᠍᠂ ᠳᠤᠮᠳᠠᠳᠤ ᠤᠯᠤᠰ᠎ᠤᠨ ᠪᠠᠩᠬᠢ ᠵᠡᠷᠭᠡ 6 ᠮᠥᠩᠭᠥᠨ ᠭᠦᠶ᠋ᠯᠭᠡᠭᠡᠨ᠎ᠦ ᠪᠠᠢᠭᠤᠯᠤᠮᠵᠢ 《ᠮᠥᠩᠭᠥᠨ ᠭᠦᠶ᠋ᠯᠭᠡᠭᠡᠨ᠎ᠦ ᠬᠠᠪᠰᠤᠷᠬᠤ ᠪᠦᠯᠬᠦᠮ》 ᠢ᠋ ᠪᠦᠷᠢᠯᠳᠦᠭᠦᠯᠵᠦ᠍᠂ ᠲᠤᠬᠠᠶ᠎ᠶ᠋ᠢᠨ ᠲᠠᠯᠠᠪᠠᠶ᠎ᠳᠤ ᠮᠥᠩᠭᠥᠨ ᠭᠦᠶ᠋ᠯᠭᠡᠭᠡᠨ᠎ᠦ ᠨᠠᠷᠢᠯᠢᠭ ᠣᠨᠣᠴᠠᠲᠠᠶ ᠵᠣᠯᠭᠠᠭᠤᠯᠬᠤ ᠦᠶ᠋ᠯᠡᠴᠢᠯᠡᠭᠡ ᠬᠠᠩᠭᠠᠵᠠᠢ᠃ ᠤᠷᠤᠯᠳᠤᠭᠠᠨ᠎ᠤ ᠳᠠᠷᠠᠭ᠎ᠠ᠂ ᠱᠠᠩᠨᠠᠯ ᠣᠯᠤᠭ᠍ᠰᠠᠨ ᠲᠥᠷᠥᠯ ᠵᠦᠶ᠋ᠯ᠎ᠨᠢ ᠨᠠᠩ ᠥᠨᠳᠥᠷ ᠲᠠᠰ ᠳᠠᠪᠬᠤᠷᠭ᠎ᠠ᠎ᠶ᠋ᠢᠨ ᠤᠷᠤᠯᠳᠤᠭᠠᠨ᠂ ᠨᠡᠪᠴᠢᠭᠦᠯᠬᠦ᠌ ᠰᠠᠭᠤᠷᠢᠨ ᠳ᠋ᠤ ᠣᠷᠣᠵᠤ ᠰᠠᠭᠤᠭ᠍ᠰᠠᠨ ᠬᠡᠷ ᠲᠦᠷᠢᠶᠡᠰᠦᠯᠡᠬᠦ᠌ ᠤᠰᠤ ᠴᠠᠬᠢᠯᠭᠠᠨ᠎ᠤ ᠰᠦᠶ᠋ᠳᠭᠡᠯ᠎ᠢ ᠬᠠᠰᠤᠵᠤ ᠬᠡᠯᠲᠦᠷᠢᠭᠦᠯᠬᠦ᠌᠂ ᠦᠶ᠋ᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠭᠤᠶᠤᠴᠢᠯᠠᠨ ᠠᠪᠬᠤ ᠵᠡᠷᠭᠡ ᠣᠯᠠᠨ ᠳᠠᠪᠬᠤᠷ ᠬᠠᠪᠰᠤᠷᠤᠯᠭ᠎ᠠ ᠳᠡᠮᠵᠢᠯᠭᠡ ᠭᠥᠷᠳᠡᠬᠦ ᠪᠣᠯᠤᠨ᠎ᠠ᠃