ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠫᠤᠰᠲ ᠳ᠋ᠣᠺᠲ᠋ᠣᠷ᠎ᠤᠨ ᠱᠢᠨ᠎ᠡ᠎ᠶ᠋ᠢ ᠡᠭᠦᠳᠬᠦ ᠦᠶ᠋ᠯᠡᠰ ᠪᠤᠰᠬᠠᠬᠤ ᠤᠷᠤᠯᠳᠤᠭᠠᠨ᠎ᠤ ᠱᠢᠶ᠋ᠳᠪᠦᠷᠢᠲᠦ ᠤᠷᠤᠯᠳᠤᠭᠠᠨ ᠲᠦᠷᠦᠬᠦᠬᠡᠨ ᠹᠦᠵᠢᠶᠠᠨ ᠮᠤᠵᠢ᠎ᠶ᠋ᠢᠨ ᠴᠢᠤᠸᠠᠨᠵᠸᠤ ᠬᠣᠲᠠ᠎ᠳᠤ ᠶᠠᠪᠤᠭ᠍ᠳᠠᠪᠠ᠃ ᠥᠪᠥᠷ ᠮᠣᠩᠭᠣᠯ᠎ᠤᠨ 19 ᠲᠥᠷᠥᠯ ᠵᠦᠶ᠋ᠯ ᠤᠷᠤᠯᠳᠤᠭᠠᠨ᠎ᠳᠤ ᠣᠷᠣᠯᠴᠠᠵᠤ᠂ ᠡᠭᠦᠨ᠎ᠳᠦ ᠱᠢᠨ᠎ᠡ᠎ᠶ᠋ᠢ ᠡᠭᠦᠳᠬᠦ᠌ ᠤᠷᠤᠯᠳᠤᠭᠠᠨ᠎ᠳᠦ 14᠂ ᠦᠶ᠋ᠯᠡᠰ ᠪᠤᠰᠬᠠᠬᠤ ᠤᠷᠤᠯᠳᠤᠭᠠᠨ᠎ᠳᠦ 3᠂ ᠭᠠᠳᠠᠭᠠᠳᠤ᠎ᠳᠠᠬᠢ (《ᠨᠢᠭᠡ ᠪᠦᠰᠡ ᠨᠢᠭᠡ ᠵᠠᠮ》) ᠤᠷᠤᠯᠳᠤᠭᠠᠨ᠎ᠳᠦ 2 ᠪᠣᠶ᠃
ᠲᠣᠰ ᠬᠤᠭᠤᠴᠠᠭᠠᠨ᠎ᠤ ᠤᠷᠤᠯᠳᠤᠭᠠᠨ ᠨᠢ 《ᠫᠤᠰᠲ ᠳ᠋ᠣᠺᠲ᠋ᠣᠷ᠎ᠤᠨ ᠱᠢᠨᠡᠡᠬᠦᠲᠤᠯᠲᠠ ᠵᠢᠨ ᠳᠥᠴᠢᠨ ᠵᠢᠯ ᠣᠶᠤᠨ ᠴᠢᠳᠠᠪᠤᠷᠢ ᠪᠠᠷ ᠢᠷᠡᠭᠡᠳᠦᠶ᠎ᠳᠦ ᠬᠦᠴᠦᠨ ᠨᠡᠮᠡᠷᠢᠯᠡᠨ᠎ᠡ》 ᠬᠡᠬᠦ ᠭᠤᠤᠯ ᠰᠡᠳᠦᠪ᠎ᠢᠶᠡᠷ᠂ ᠱᠢᠨ᠎ᠡ᠎ᠶ᠋ᠢ ᠡᠭᠦᠳᠬᠦ᠌ ᠤᠷᠤᠯᠳᠤᠭᠠᠨ᠂ ᠦᠶ᠋ᠯᠡᠰ ᠪᠤᠰᠬᠠᠬᠤ ᠤᠷᠤᠯᠳᠤᠭᠠᠨ᠂ ᠭᠠᠳᠠᠭᠠᠳᠤ ᠳᠠᠬᠢ (《ᠨᠢᠭᠡ ᠪᠦᠰᠡ ᠨᠢᠭᠡ ᠵᠠᠮ》) ᠤ᠋ᠨ ᠤᠷᠤᠯᠳᠤᠭᠠᠨ ᠪᠠ ᠨᠡᠷᠡᠰ᠎ᠦᠨ ᠵᠢᠭ᠍ᠰᠠᠭᠠᠯᠲᠠ ᠨᠡᠢᠲᠡᠯᠡᠬᠦ᠌ ᠤᠷᠤᠯᠳᠤᠭᠠᠨ ᠵᠡᠷᠭᠡ 4 ᠳᠤᠭᠤᠢᠯᠠᠩ ᠭᠠᠷᠭᠠᠵᠤ᠂ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ ᠬᠢᠭᠡᠳ ᠵᠣᠬᠢᠶᠠᠮᠠᠯ ᠣᠶᠤᠨ ᠴᠢᠳᠠᠪᠤᠷᠢ᠂ ᠳᠡᠭᠡᠳᠦ ᠲᠠᠰ᠎ᠤᠨ ᠲᠣᠨᠣᠭ᠍ᠯᠠᠯ ᠦᠶ᠋ᠯᠡᠳᠬᠦ᠌ ᠪᠠ ᠮᠠᠱᠢᠨ ᠬᠥᠮᠦᠨ᠂ ᠱᠢᠨ᠎ᠡ ᠡᠨᠧᠷᠭᠢ ᠬᠢᠭᠡᠳ ᠡᠨᠧᠷᠭᠢ ᠠᠷᠪᠢᠯᠠᠵᠤ ᠣᠷᠴᠢᠨ ᠠᠬᠤᠶ᠎ᠶ᠋ᠢ ᠬᠠᠮᠠᠭᠠᠯᠠᠬᠤ ᠵᠡᠷᠭᠡ 7 ᠤᠷᠤᠯᠳᠤᠭᠠᠨ᠎ᠤ ᠵᠠᠮ ᠭᠠᠷᠭᠠᠵᠤ᠂ ᠪᠥᠬᠥ᠌ ᠤᠯᠤᠰ᠎ᠤᠨ 1721 ᠪᠦᠯᠬᠦᠮ ᠨᠡᠢᠲᠡ᠎ᠶ᠋ᠢᠨ ᠲᠦᠷᠦᠯ ᠵᠦᠶ᠋ᠯ ᠱᠢᠶ᠋ᠳᠪᠦᠷᠢᠲᠦ ᠤᠷᠤᠯᠳᠤᠭᠠᠨ᠎ᠳᠤ ᠤᠷᠤᠯᠴᠠᠪᠠ᠃
ᠥᠪᠥᠷ ᠮᠣᠩᠭᠣᠯ᠎ᠤᠨ ᠤᠷᠤᠯᠳᠤᠭᠠᠨ᠎ᠳᠤ ᠣᠷᠣᠯᠴᠠᠭ᠍ᠰᠠᠨ ᠲᠥᠷᠥᠯ ᠵᠦᠶ᠋ᠯ᠎ᠳᠦ᠂ ᠤᠶᠤᠨᠴᠢ ᠪᠡᠷ ᠪᠠᠺᠲ᠋ᠧᠷᠢ᠎ᠵᠢ ᠲᠠᠨᠢᠵᠤ ᠲᠣᠭ᠎ᠠ ᠪᠠᠷᠢᠮᠲᠠ᠎ᠪᠠᠷ ᠳᠤᠮᠳᠠᠳᠤ ᠤᠯᠤᠰ᠎ᠤᠨ ᠪᠠᠺᠲ᠋ᠧᠷᠢ᠎ᠶ᠋ᠢᠨ ᠠᠵᠤ ᠦᠶ᠋ᠯᠡᠰ᠎ᠦᠨ ᠬᠦᠭᠵᠢᠯᠳᠡ᠎ᠳᠦ ᠬᠦᠴᠦᠨ ᠤᠯᠭᠤᠬᠤ᠂ ᠰᠠᠭᠠᠯᠢ᠎ᠶ᠋ᠢᠨ ᠦᠨᠢᠶᠡᠨ᠎ᠦ ᠣᠶᠤᠨᠴᠢ ᠡᠭᠦᠯᠳᠡᠷ ᠪᠣᠢᠵᠢᠭᠤᠯᠬᠤ ᠠᠮᠢ ᠠᠬᠤᠶ᠎ᠶ᠋ᠢᠨ ᠬᠡᠯᠬᠢᠶ᠎ᠡ᠂ ᠱᠢᠨ᠎ᠡ ᠨᠢᠭᠡ ᠦᠶ᠎ᠡ᠎ᠶ᠋ᠢᠨ ᠱᠢᠨ᠎ᠡ ᠡᠨᠧᠷᠭᠢ᠎ᠶ᠋ᠢᠨ ᠰᠠᠯᠬᠢᠨ ᠬᠦᠴᠦᠨ᠎ᠦ ᠴᠠᠬᠢᠯᠭᠠᠨ᠎ᠤ ᠰᠤᠪᠤᠷᠭ᠎ᠠ᠎ᠶ᠋ᠢᠨ ᠣᠶᠤᠨᠴᠢ ᠲᠣᠭᠣᠷᠢᠨ ᠪᠠᠢᠴᠠᠭᠠᠬᠤ ᠮᠠᠱᠢᠨ ᠬᠥᠮᠦᠨ ᠵᠡᠷᠭᠡ 19 ᠲᠦᠷᠦᠯ ᠵᠦᠢᠯ ᠪᠠᠢᠵᠤ᠂ ᠣᠲᠣ ᠦᠶ᠎ᠡ᠎ᠶ᠋ᠢᠨ ᠲᠠᠷᠢᠶᠠᠯᠠᠩ ᠬᠢᠭᠡᠳ ᠢᠳᠡᠭᠡᠨ᠎ᠦ ᠵᠦᠶ᠋ᠯ᠂ ᠠᠮᠢᠳᠤ ᠪᠣᠳᠠᠰ᠎ᠤᠨ ᠡᠮ ᠡᠮᠨᠡᠯᠭᠡ ᠬᠢᠭᠡᠳ ᠡᠷᠡᠭᠦᠯ ᠮᠡᠨᠳᠦ ᠵᠢᠴᠢ ᠴᠠᠬᠢᠯᠭᠠᠨ ᠬᠦᠴᠦᠨ᠎ᠦ ᠡᠨᠧᠷᠭᠢ ᠵᠡᠷᠭᠡ ᠬᠦᠷᠢᠶ᠎ᠡ᠎ᠶ᠋ᠢ ᠬᠠᠮᠤᠷᠴᠤ᠌᠂ ᠥᠪᠥᠷ ᠮᠣᠩᠭᠣᠯ᠎ᠤᠨ ᠵᠠᠯᠠᠭᠤ ᠳᠡᠭᠡᠳᠦ ᠲᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶ᠋ᠢᠨ ᠱᠢᠨ᠎ᠡ᠎ᠶ᠋ᠢ ᠡᠭᠦᠳᠬᠦ᠌ ᠴᠢᠳᠠᠪᠤᠷᠢ ᠪᠠ ᠦᠶ᠋ᠯᠡᠰ ᠪᠤᠰᠬᠠᠬᠤ ᠠᠮᠢᠵᠢᠷᠠᠯ᠎ᠤᠨ ᠬᠦᠴᠦᠨ᠎ᠢ ᠪᠥᠬᠥ᠌ ᠲᠠᠯ᠎ᠠ᠎ᠪᠠᠷ ᠳᠡᠯᠭᠡᠨ ᠦᠵᠡᠬᠦᠯᠪᠡ᠃
ᠤᠷᠤᠯᠳᠤᠭᠠᠨ᠎ᠤ ᠬᠤᠭᠤᠴᠠᠭᠠᠨ᠎ᠳᠤ᠂ ᠪᠠᠰᠠ ᠪᠥᠬᠥ᠌ ᠤᠯᠤᠰ᠎ᠤᠨ ᠳ᠋ᠣᠺᠲ᠋ᠣᠷ᠂ ᠫᠤᠰᠲ ᠳ᠋ᠣᠺᠲ᠋ᠣᠷ᠎ᠤᠨ ᠴᠢᠳᠠᠪᠤᠷᠢᠲᠠᠨ ᠡᠯᠰᠡᠬᠦ᠂ ᠴᠢᠳᠠᠪᠤᠷᠢᠲᠠᠨ᠎ᠤ ᠲᠥᠷᠥᠯ ᠵᠦᠶ᠋ᠯ᠎ᠢ ᠵᠣᠯᠭᠠᠭᠤᠯᠬᠤ᠂ ᠱᠢᠨ᠎ᠡ᠎ᠶ᠋ᠢ ᠡᠭᠦᠳᠬᠦ ᠦᠶ᠋ᠯᠡᠰ ᠪᠤᠰᠭᠠᠬᠤ ᠦᠷ᠎ᠡ ᠪᠦᠲᠦᠭᠡᠯ᠎ᠢ ᠳᠡᠯᠭᠡᠨ ᠦᠵᠡᠭᠦᠯᠬᠦ᠌ ᠪᠠ ᠰᠣᠯᠢᠯᠴᠠᠵᠤ ᠰᠤᠳᠤᠯᠤᠨ ᠶᠠᠷᠢᠯᠴᠠᠬᠤ ᠬᠤᠷᠠᠯ ᠵᠡᠷᠭᠡ ᠠᠵᠢᠯᠯᠠᠭ᠎ᠠ᠎ᠶ᠋ᠢ ᠵᠡᠷᠭᠡ ᠪᠡᠷ ᠡᠷᠬᠢᠯᠡᠵᠦ᠂ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠵᠡᠷᠭᠡ ᠣᠯᠠᠨ ᠨᠢᠭᠡᠴᠢ ᠳᠡᠭᠡᠳᠦ ᠲᠠᠰ᠎ᠤᠨ ᠴᠢᠳᠠᠪᠤᠷᠢᠲᠠᠨ ᠡᠯᠰᠡᠬᠦ᠌ ᠠᠵᠢᠯᠯᠠᠭ᠎ᠠ᠎ᠳᠤ ᠤᠷᠤᠯᠴᠠᠪᠠ᠃