ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠭᠣᠣᠯᠯᠠᠨ ᠡᠷᠬᠢᠯᠡᠭᠰᠡᠨ 2025 ᠣᠨ᠎ᠤ ᠥᠪᠥᠷ ᠮᠣᠩᠭᠣᠯ᠎ᠤᠨ 《ᠠᠨ ᠺᠠᠩ ᠬᠤᠨᠳᠠᠭᠠᠲᠤ》 ᠮᠡᠳᠡᠯᠭᠡ᠎ᠶᠢᠨ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠤᠢᠷ᠎ᠠ᠎ᠳᠦ ᠬᠥᠬᠡᠬᠣᠲᠠ᠎ᠳᠤ ᠶᠠᠪᠤᠭᠳᠠᠵᠤ᠂ ᠣᠷᠳᠣᠰ ᠬᠤᠳᠠ᠂ ᠤᠯᠠᠭᠠᠨᠬᠠᠳᠠ ᠬᠤᠳᠠ᠂ ᠬᠥᠬᠡᠬᠣᠲᠠ᠎ᠶᠢᠨ ᠲᠥᠯᠥᠭᠡᠯᠡᠭᠴᠢᠳ᠎ᠦᠨ ᠠᠩᠭᠢ ᠲᠤᠰ ᠲᠤᠰ ᠨᠢᠭᠡᠳᠦᠭᠡᠷ᠂ ᠬᠣᠶᠠᠳᠤᠭᠠᠷ᠂ ᠭᠤᠷᠪᠠᠳᠤᠭᠠᠷ ᠨᠡᠷᠡᠰ᠎ᠲᠤ ᠣᠷᠣᠪᠠ᠃
ᠤᠷᠤᠯᠳᠤᠭᠠᠨ᠎ᠢ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠢ᠋ᠢᠨ ᠰᠢᠢᠳᠪᠦᠷᠢᠲᠦ ᠤᠷᠤᠯᠳᠤᠭᠠᠨ ᠭᠡᠵᠦ ᠬᠣᠶᠠᠷ ᠱᠠᠲᠤ ᠬᠤᠪᠢᠶᠠᠵᠤ᠂ 1 ᠰᠠᠷ᠎ᠠ ᠰᠢᠬᠠᠮ ᠶᠠᠪᠤᠭᠳᠠᠭᠤᠯᠪᠠ᠃ ᠰᠦᠯᠵᠢᠶᠡᠨ ᠳᠡᠭᠡᠷᠡᠬᠢ ᠤᠷᠤᠯᠳᠤᠭᠠᠨ ᠨᠢ 《ᠤᠮᠠᠷᠠᠲᠤ ᠬᠢᠯᠢ᠎ᠶᠢᠨ ᠠᠵᠢᠯᠲᠠᠨ ᠠᠵᠢᠯᠴᠢᠨ᠎ᠳᠤ ᠠᠰᠢᠭ ᠬᠦᠷᠲᠡᠬᠡᠬᠦ》 APP ᠳᠡᠭᠡᠷ᠎ᠡ ᠶᠠᠪᠤᠭᠳᠠᠵᠤ᠂ 5 ᠲᠦᠮᠡ ᠰᠢᠬᠠᠮ ᠬᠦᠮᠦᠨ ᠤᠳᠠᠭ᠎ᠠ ᠢ᠋ᠢᠨ ᠠᠵᠢᠯᠲᠠᠨ ᠠᠵᠢᠯᠴᠢᠨ ᠤᠷᠤᠯᠳᠤᠭᠠᠨ᠎ᠳᠤ ᠣᠷᠣᠯᠴᠠᠵᠤ᠂ ᠴᠠᠬᠢᠯᠭᠠᠨ ᠬᠦᠴᠦᠨ᠂ ᠮᠠᠰᠢᠨ ᠮᠧᠬᠠᠨᠢᠭ᠋᠂ ᠪᠠᠷᠢᠯᠭ᠎ᠠ᠂ ᠵᠠᠮ ᠬᠠᠷᠢᠯᠴᠠᠭ᠎ᠠ᠂ ᠴᠢᠮᠡᠭᠡ ᠬᠣᠯᠪᠣᠭ᠎ᠠ ᠵᠡᠷᠭᠡ ᠭᠣᠣᠯᠳᠠᠯᠭ᠎ᠠ ᠲᠠᠢ ᠠᠵᠢᠯ ᠲᠥᠷᠥᠯ᠎ᠢ ᠬᠠᠮᠤᠷᠪᠠ; ᠠᠬᠤᠢ ᠲᠠᠯᠠᠪᠠᠢ ᠢ᠋ᠢᠨ ᠰᠢᠢᠳᠪᠦᠷᠢᠲᠦ ᠤᠷᠤᠯᠳᠤᠭᠠᠨ᠎ᠳᠤ 20 ᠲᠥᠯᠥᠭᠡᠯᠡᠭᠴᠢᠳ᠎ᠦᠨ ᠠᠩᠭᠢ ᠦᠷᠢᠰᠦᠯᠲᠦᠵᠦ᠂ ᠠᠶᠤᠯᠭᠦᠢ ᠦᠢᠯᠡᠳᠪᠦᠷᠢᠯᠡᠯ᠎ᠦᠨ ᠬᠠᠤᠯᠢ ᠴᠠᠭᠠᠵᠠ ᠬᠠᠤᠯᠢ ᠲᠣᠭᠲᠠᠭᠠᠯ᠂ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ ᠤᠷ᠎ᠠ ᠮᠡᠷᠭᠡᠵᠢᠯ᠂ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠶᠠᠪᠤᠴᠠ᠂ ᠠᠵᠢᠯ᠎ᠤᠨ ᠨᠥᠯᠥᠭᠡᠨᠦ ᠡᠪᠡᠳᠴᠢᠨ᠎ᠢ ᠰᠡᠷᠭᠡᠢᠯᠡᠨ ᠵᠠᠰᠠᠬᠤ ᠵᠡᠷᠭᠡ ᠠᠭᠤᠯᠭ᠎ᠠ᠎ᠶᠢᠨ ᠲᠣᠭᠣᠷᠢᠨ᠎ᠳᠤ ᠶᠠᠪᠤᠬᠲᠠᠪᠠ᠃ ᠤᠷᠤᠯᠳᠤᠭᠠᠨ᠎ᠳᠤ ᠤᠷᠤᠯᠴᠠᠬᠰᠠᠳ ᠰᠡᠳᠦᠪ ᠬᠠᠷᠢᠭᠤᠯᠬᠤ ᠪᠠᠷ ᠲᠠᠮᠵᠢᠨ ᠠᠮᠤᠷ ᠲᠦᠪᠰᠢᠨ᠎ᠦ ᠤᠷ᠎ᠠ ᠮᠡᠷᠭᠡᠵᠢᠯ᠎ᠢᠶᠡᠨ ᠳᠠᠪᠲᠠᠨ ᠪᠣᠯᠪᠠᠰᠤᠷᠠᠭᠤᠯᠵᠤ᠂ ᠰᠣᠯᠢᠯᠴᠠᠭ᠎ᠠ ᠵᠥᠪᠳᠡᠯᠴᠡᠭᠡ᠎ᠪᠡᠷ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠦ᠂ ᠪᠦᠬᠦ ᠠᠷᠠᠳ᠎ᠢᠶᠠᠷ᠎ᠢᠶᠠᠨ ᠠᠮᠤᠷ ᠲᠦᠪᠰᠢᠨ᠎ᠦ ᠮᠡᠳᠡᠯᠭᠡ᠎ᠶᠢ ᠰᠤᠷᠤᠯᠴᠠᠬᠤ ᠰᠠᠢᠨ ᠰᠠᠢᠬᠠᠨ ᠠᠭᠤᠷ ᠠᠮᠢᠰᠬᠤᠯ᠎ᠢ ᠪᠦᠷᠢᠯᠳᠦᠭᠦᠯᠵᠦ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠠᠵᠤ ᠦᠢᠯᠡᠰ᠎ᠦᠨ ᠠᠵᠢᠯᠴᠢᠨ᠎ᠤ ᠭᠠᠷᠮᠠᠭᠠᠢ ᠠᠮᠤᠷ ᠲᠦᠪᠰᠢᠨ᠎ᠦ ᠬᠡᠪ ᠪᠣᠯᠪᠠᠰᠤᠷᠠᠯ ᠪᠣᠯᠣᠨ ᠴᠤᠭ ᠪᠠᠳᠠᠷᠠᠩᠭᠤᠢ ᠤᠶᠤᠨ ᠰᠠᠨᠠᠭᠠᠨ᠎ᠤ ᠳᠦᠷᠰᠦ ᠪᠠᠢᠳᠠᠯ᠎ᠢ ᠭᠦᠢᠴᠡᠳ ᠢᠯᠡᠷᠡᠭᠦᠯᠪᠡ᠃
《ᠠᠨ ᠺᠠᠩ ᠬᠤᠨᠳᠠᠭᠠᠲᠤ》 ᠤᠷᠤᠯᠳᠤᠭᠠᠨ᠎ᠤ ᠠᠵᠢᠯᠯᠠᠭ᠎ᠠ᠎ᠶᠢ ᠳᠡᠭᠡᠷ᠎ᠡ ᠵᠠᠭᠤᠨ᠎ᠤ ᠨᠠᠶᠠᠭᠠᠳ ᠣᠨ᠎ᠳᠤ ᠪᠤᠭᠤᠲᠤ ᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ ᠵᠡᠷᠭᠡ ᠰᠠᠯᠠᠭ᠎ᠠ ᠮᠥᠴᠢᠷ᠎ᠡᠴᠡ ᠠᠩᠬ᠎ᠠ ᠡᠭᠦᠳᠦᠭᠰᠡᠨ ᠪᠥᠭᠡᠳ ᠪᠥᠬᠥ ᠤᠯᠤᠰ᠎ᠲᠤ ᠠᠯᠬᠤᠮ ᠠᠯᠬᠤᠮ᠎ᠢᠶᠠᠷ ᠳᠡᠯᠭᠡᠷᠡᠭᠦᠯᠵᠡᠢ᠃ 40 ᠭᠠᠷᠤᠢ ᠵᠢᠯ᠎ᠦᠨ ᠲᠤᠷᠰᠢ᠂ ᠥᠷᠭᠡᠨ ᠣᠯᠠᠨ ᠠᠵᠢᠯᠲᠠᠨ ᠠᠵᠢᠯᠴᠢᠨ ᠪᠠ ᠤᠷᠤᠯᠳᠤᠭᠠᠨ᠎ᠳᠤ ᠣᠷᠣᠯᠴᠠᠭᠰᠠᠨ ᠠᠵᠤ ᠠᠬᠤᠢᠯᠠᠯ ᠤᠷᠤᠯᠳᠤᠭᠠᠨ᠎ᠤ ᠠᠵᠢᠯᠯᠠᠭ᠎ᠠ᠎ᠪᠠᠷ ᠳᠠᠮᠵᠢᠨ ᠠᠶᠤᠯᠭᠦᠢ ᠦᠢᠯᠡᠳᠪᠦᠷᠢᠯᠡᠯ᠎ᠦᠨ ᠤᠬᠠᠮᠰᠠᠷ ᠪᠠ ᠥᠪᠡᠷ᠎ᠢ᠎ᠪᠡᠨ ᠬᠠᠮᠠᠭᠠᠯᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢᠯᠠᠯ᠎ᠤᠨ ᠠᠶᠤᠯᠭᠦᠢ ᠦᠢᠯᠡᠳᠪᠦᠷᠢᠯᠡᠯ᠎ᠢ ᠠᠬᠢᠭᠤᠯᠬᠤ᠂ ᠠᠵᠢᠯ ᠮᠡᠷᠭᠡᠵᠢᠯ᠎ᠦᠨ ᠡᠷᠡᠭᠦᠯ ᠬᠠᠮᠠᠭᠠᠯᠠᠯ᠎ᠤᠨ ᠪᠠᠢᠳᠠᠯ᠎ᠢ ᠰᠠᠢᠵᠢᠷᠠᠭᠤᠯᠬᠤ᠂ ᠠᠵᠢᠯᠲᠠᠨ ᠠᠵᠢᠯᠴᠢᠨ᠎ᠤ ᠠᠮᠤᠷ ᠲᠦᠪᠰᠢᠨ ᠡᠷᠡᠭᠦᠯ ᠮᠡᠨᠳᠦ᠎ᠶᠢᠨ ᠡᠷᠬᠡ ᠠᠰᠢᠭ᠋᠎ᠢ ᠬᠠᠮᠠᠭᠠᠯᠠᠬᠤ᠎ᠳᠤ ᠣᠷᠣᠯᠠᠭᠤᠯᠵᠤ ᠪᠣᠯᠣᠰᠢ ᠦᠭᠡᠢ ᠦᠢᠯᠡᠳᠦᠯ᠎ᠢᠶᠡᠨ ᠪᠠᠳᠠᠷᠠᠭᠤᠯᠪᠠ᠃