(2025 ᠣᠨ᠎ᠤ 11 ᠰᠠᠷ᠎ᠠ᠎ᠶ᠋ᠢᠨ 27 ᠤ᠋ ᠡᠳᠦᠷ)
《ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠤ᠋ᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠳᠣᠬᠢᠴᠢᠯᠠᠭ᠍ᠰᠠᠨ ᠠᠷᠠᠳ᠎ᠤᠨ ᠬᠣᠲᠠ᠎ᠶ᠋ᠢ ᠲᠦᠷᠭᠡᠳᠭᠡᠨ ᠪᠠᠢᠭᠤᠯᠬᠤ᠎ᠶ᠋ᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠶ ᠤᠶᠠᠯᠳᠤᠭᠤᠯᠤᠨ᠂ ᠳᠤᠤᠷᠠᠬᠢ ᠮᠡᠲᠦ ᠬᠡᠷᠡᠭ᠌ᠵᠢᠭᠦᠯᠬᠦ᠌ ᠰᠠᠨᠠᠯ ᠢ ᠳᠤᠷᠠᠳᠪᠠ᠃
ᠨᠢᠭᠡ᠂ ᠶᠡᠷᠦᠩᠬᠡᠢ ᠱᠠᠭᠠᠷᠳᠠᠯᠭ᠎ᠠ
ᠰᠢ ᠵᠢᠨ ᠫᠢᠩ ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠬᠣᠲᠠ᠎ᠶ᠋ᠢᠨ ᠠᠵᠢᠯ᠎ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠲᠥᠪ ᠦᠨ ᠬᠣᠲᠠ ᠶ᠋ᠢᠨ ᠠᠵᠢᠯ᠎ᠤᠨ ᠬᠤᠷᠠᠯ ᠤ᠋ᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠲᠠᠢ ᠨᠢᠬᠳᠠ ᠤᠶᠠᠯᠳᠤᠭᠤᠯᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠶ᠋ᠢ ᠪᠠᠷᠢᠮᠲᠠᠯᠠᠨ ᠴᠢᠩᠭᠠᠳᠭᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ ᠵᠢ ᠪᠠᠷᠢᠮᠳᠠᠯᠠᠵᠤ᠂ ᠠᠷᠠᠳ᠎ᠤᠨ ᠬᠣᠲᠠ᠎ᠶ᠋ᠢᠨ ᠣᠢᠯᠠᠭᠠᠭ᠍ᠳᠠᠬᠤᠨ ᠢ ᠬᠢᠨᠠᠮᠠᠭᠠᠶ ᠦᠶ᠋ᠯᠡᠳᠦᠯᠭᠡᠵᠢᠭᠦᠯᠵᠤ᠂ ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠤ᠂ ᠬᠣᠲᠠ᠎ᠶ᠋ᠢ ᠱᠢᠨᠡᠳᠭᠡᠬᠦ᠌᠎ᠪᠡᠷ ᠭᠠᠷᠳᠠᠴᠠ ᠪᠣᠯᠭᠠᠵᠤ᠂ ᠬᠣᠲᠠ᠎ᠶ᠋ᠢᠨ ᠲᠤᠳᠤᠭᠠᠳᠤ ᠠᠭᠤᠯᠤᠭ᠍ᠳᠠᠬᠤᠨ ᠮᠠᠶᠢᠭ᠎ᠤᠨ ᠬᠥᠭ᠌ᠵᠢᠯᠲᠡ᠎ᠶ᠋ᠢ ᠠᠬᠢᠭᠤᠯᠬᠤ᠎ᠪᠠᠷ ᠴᠢᠭ᠌ᠯᠡᠯ ᠪᠣᠯᠭᠠᠵᠤ᠂ ᠱᠢᠨ᠎ᠡ ᠶ᠋ᠢ ᠡᠭᠦᠳᠬᠦ᠌᠂ ᠤᠷᠤᠰᠢᠨ ᠰᠠᠭᠤᠷᠢᠱᠢᠬᠤ᠎ᠳᠤ ᠲᠣᠬᠢᠷᠠᠮᠵᠢᠲᠠᠶ᠂ ᠭᠤᠤ᠎ᠠ ᠰᠠᠢᠬᠠᠨ᠂ ᠤᠶᠠᠨ ᠬᠠᠳᠠᠨ ᠴᠢᠨᠠᠷ᠂ ᠪᠣᠯᠪᠠᠰᠤᠨ᠂ ᠣᠶᠤᠨᠴᠢ ᠣᠳᠣᠬᠢᠴᠢᠯᠠᠭ᠍ᠰᠠᠨ ᠠᠷᠠᠳ ᠤᠨ ᠬᠣᠲᠠ ᠵᠢ ᠬᠦᠴᠤᠯᠠᠨ ᠪᠦᠳᠦᠭᠡᠨ ᠪᠠᠢᠭᠤᠯᠬᠤ ᠭᠡᠷᠡᠭᠳᠠᠢ᠃
ᠠᠵᠢᠯ᠎ᠤᠨ ᠬᠠᠷᠠᠯᠲᠠ ᠪᠣᠯ᠄ 2030 ᠣᠨ ᠪᠣᠯᠬᠤ᠎ᠳᠤ᠂ ᠣᠳᠣᠬᠢᠴᠢᠯᠠᠭ᠍ᠰᠠᠨ ᠠᠷᠠᠳ᠎ᠤᠨ ᠬᠤᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠬᠤᠯᠠ ᠠᠬᠢᠴᠠ᠎ᠲᠠᠶ ᠪᠣᠯᠭᠠᠵᠤ᠂ ᠬᠤᠲᠠ᠎ᠶ᠋ᠢᠨ ᠱᠢᠰᠲ᠋ᠧᠮ ᠢ ᠲᠠᠰᠤᠷᠠᠯᠲᠠ ᠦᠭᠡᠢ ᠱᠢᠯᠢᠳᠡᠭ᠌ᠵᠢᠭᠦᠯᠵᠦ᠍᠂ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ᠎ᠶ᠋ᠢ ᠲᠦᠷᠭᠡᠳᠭᠡᠨ ᠬᠤᠪᠢᠷᠠᠭᠤᠯᠵᠤ᠂ ᠬᠤᠲᠠ᠎ᠶ᠋ᠢᠨ ᠶᠠᠰᠤ ᠴᠢᠨᠠᠷ ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠪᠣᠬᠢᠷᠲᠤᠯ ᠦᠭᠡᠢ ᠲᠡᠢᠰᠢ ᠬᠡᠯᠪᠡᠷᠢ ᠪᠠᠨ ᠬᠤᠪᠢᠷᠠᠭᠤᠯᠬᠤ᠎ᠶ᠋ᠢ ᠭᠦᠨᠵᠡᠭᠡᠢ ᠠᠬᠢᠭᠤᠯᠵᠤ᠂ ᠲᠡᠦᠬᠡ ᠰᠣᠶᠣᠯ ᠢ ᠨᠡᠩ ᠰᠠᠢᠲᠤᠷ ᠤᠯᠠᠮᠵᠢᠯᠠᠵᠤ᠂ ᠠᠮᠤᠷ ᠲᠦᠪᠱᠢᠨ᠎ᠦ ᠤᠶᠠᠨ ᠬᠠᠳᠠᠨ ᠴᠢᠨᠠᠷ ᠢ ᠮᠡᠳᠡᠭ᠌ᠳᠡᠮ᠎ᠡ ᠴᠢᠩᠭᠠᠳᠭᠠᠵᠤ᠂ ᠵᠠᠰᠠᠯᠲᠠ᠎ᠶ᠋ᠢᠨ ᠲᠦᠪᠱᠢᠨ᠎ᠢ ᠶᠡᠬᠡᠪᠡᠷ ᠳᠡᠭᠡᠭ᠌ᠰᠢᠯᠡᠭᠦᠯᠦᠨ᠎ᠡ᠃ 2035 ᠣᠨ ᠪᠣᠯᠬᠤ᠎ᠳᠤ᠂ ᠣᠳᠣᠬᠢᠴᠢᠯᠠᠭ᠍ᠰᠠᠨ ᠠᠷᠠᠳ᠎ᠤᠨ ᠬᠣᠲᠠ᠎ᠶ᠋ᠢ ᠦᠨᠳᠦᠰᠦᠨ᠎ᠳᠡᠭᠡᠨ ᠪᠠᠢᠭᠤᠯᠤᠨ᠎ᠠ᠃
ᠬᠣᠶᠠᠷ᠂ ᠣᠳᠣᠬᠢᠴᠢᠯᠠᠭ᠍ᠰᠠᠨ ᠬᠣᠲᠠ᠎ᠶ᠋ᠢᠨ ᠱᠢᠰᠲ᠋ᠧᠮ᠎ᠢ ᠴᠣᠭ᠍ᠴᠠᠯᠠᠨ ᠪᠠᠢᠭᠤᠯᠤᠨ᠎ᠠ
(ᠨᠢᠭᠡ) ᠬᠣᠲᠠ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠵᠡᠭᠦᠨ ᠳᠤᠮᠳᠠ ᠪᠠᠷᠠᠭᠤᠨ ᠣᠷᠣᠨ᠎ᠤ ᠬᠤᠳᠠ᠎ᠶ᠋ᠢᠨ ᠡᠬᠢ ᠪᠠᠶᠠᠯᠢᠭ᠎ᠤᠨ ᠳᠠᠪᠠᠭᠤᠯᠢᠭ ᠪᠣᠯᠤᠨ ᠣᠷᠣᠨ ᠪᠠᠢᠷᠢ᠎ᠶ᠋ᠢᠨ ᠣᠨᠴᠠᠯᠢᠭ᠎ᠤᠨ ᠵᠥᠷᠢᠶᠡᠲᠦ ᠬᠥᠭ᠌ᠵᠢᠯᠲᠡ᠎ᠶ᠋ᠢ ᠠᠬᠢᠭᠤᠯᠵᠤ᠂ 《ᠨᠢᠭᠡ ᠭᠤᠤᠯᠳᠠᠯᠭ᠎ᠠ ᠬᠤᠤᠰ ᠤᠳᠤᠨ ᠤᠯᠠᠨ ᠵᠠᠩᠭᠢᠯᠠᠭ᠎ᠠ᠎ᠶ᠋ᠢᠨ ᠴᠡᠭ》 ᠤ᠋ᠨ ᠬᠤᠳᠠ ᠶ᠋ᠢᠨ ᠬᠥᠭ᠌ᠵᠢᠯᠲᠡ ᠶ᠋ᠢᠨ ᠱᠢᠨ᠎ᠡ ᠪᠠᠢᠷᠢᠱᠢᠯ᠎ᠢ ᠪᠠᠢᠭᠤᠯᠤᠨ᠎ᠠ᠃ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭ᠍ᠴᠠᠵᠢᠭ᠍ᠰᠠᠨ ᠬᠥᠭ᠌ᠵᠢᠯᠲᠡ ᠶ᠋ᠢ ᠠᠬᠢᠭᠤᠯᠵᠤ᠂ ᠰᠠᠭᠤᠷᠢ ᠲᠦᠬᠦᠭᠡᠷᠤᠮᠵᠢ᠎ᠶ᠋ᠢᠨ ᠬᠠᠷᠢᠯᠴᠠᠨ ᠬᠣᠯᠪᠣᠯᠳᠤᠵᠤ ᠬᠠᠷᠢᠯᠴᠠᠨ ᠨᠡᠪᠲᠡᠷᠡᠯᠴᠡᠬᠦ᠌᠂ ᠣᠯᠠᠨ ᠨᠡᠢᠲᠡ᠎ᠶ᠋ᠢᠨ ᠡᠬᠢ ᠪᠠᠶᠠᠯᠢᠭ᠎ᠢ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠬᠦ᠌᠂ ᠵᠠᠩᠭᠢᠯᠠᠭ᠎ᠠ᠎ᠶ᠋ᠢᠨ ᠮᠡᠷᠭᠡᠵᠢᠯ᠎ᠢ ᠬᠠᠮᠲᠤᠷᠠᠨ ᠪᠣᠭᠣᠮᠲᠠ ᠱᠢᠪᠲᠤᠯᠬᠤ᠂ ᠠᠮᠢ ᠠᠬᠤᠶ ᠣᠷᠴᠢᠨ ᠲᠣᠭᠣᠷᠢᠨ᠎ᠢ ᠬᠠᠮᠵᠢᠯᠴᠠᠨ ᠬᠠᠮᠠᠭᠠᠯᠠᠬᠤ᠂ ᠭᠣᠣᠯᠳᠠᠯᠭ᠎ᠠ ᠲᠠᠶ ᠠᠵᠤ ᠦᠢᠯᠡᠰ᠎ᠤᠨ ᠬᠤᠪᠢᠳᠠᠨ ᠬᠠᠮᠵᠢᠯᠴᠠᠬᠤ᠎ᠶ᠋ᠢ ᠴᠢᠩᠭᠠᠳᠭᠠᠨ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ 1 ᠴᠠᠭ ᠤᠨ ᠲᠡᠮᠦᠷ ᠵᠠᠮ᠎ᠤᠨ ᠠᠵᠤ ᠠᠬᠤᠶ᠎ᠶ᠋ᠢᠨ ᠴᠠᠭᠠᠷᠢᠭ᠎ᠢ ᠨᠡᠪᠲᠡᠷᠡᠭᠦᠯᠵᠦ᠍᠂ ᠬᠣᠲᠠ᠎ᠶ᠋ᠢᠨ ᠴᠢᠳᠠᠮᠵᠢ ᠵᠢᠨ ᠬᠠᠷᠢᠯᠴᠠᠨ ᠨᠥᠬᠥᠪᠥᠷᠢᠯᠡᠬᠦ᠌᠂ ᠬᠤᠯᠪᠤᠯᠳᠤᠨ ᠨᠡᠪᠳᠡᠷᠡᠯᠴᠡᠬᠦ᠂ ᠰᠣᠯᠪᠢᠴᠠᠨ ᠬᠥᠭ᠌ᠵᠢᠬᠦ᠌ ᠶ᠋ᠢ ᠪᠡᠶᠡᠯᠡᠭᠦᠯᠦᠨ᠎ᠡ᠃ ᠬᠥᠬᠡᠬᠣᠲᠠ᠎ᠶ᠋ᠢᠨ ᠬᠣᠲᠠ᠎ᠶ᠋ᠢᠨ ᠴᠠᠭᠠᠷᠢᠭ᠎ᠢ ᠪᠦᠲᠦᠭᠡᠨ ᠪᠠᠢᠭᠤᠯᠵᠤ᠂ ᠣᠷᠣᠨ ᠤ ᠲᠥᠪ᠎ᠦᠨ ᠨᠥᠯᠥᠭᠡᠯᠡᠨ ᠳᠠᠢᠴᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠤᠯᠠᠭᠠᠨᠬᠠᠳᠠ᠂ ᠲᠦᠩᠯᠢᠶᠣᠤ᠎ᠶ᠋ᠢᠨ ᠣᠷᠣᠨ ᠪᠦᠰᠡ᠎ᠶ᠋ᠢᠨ ᠲᠥᠪ ᠬᠣᠲᠠ᠎ᠶ᠋ᠢ ᠲᠦᠷᠭᠡᠳᠭᠡᠨ ᠪᠠᠢᠭᠤᠯᠵᠤ᠂ ᠵᠡᠭᠦᠨ ᠬᠡᠰᠡᠭ ᠦᠨ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠨᠡᠮᠡᠭ᠌ᠳᠡᠯ᠎ᠦᠨ ᠲᠤᠢᠯ᠎ᠢ ᠪᠣᠶ ᠪᠣᠯᠭᠠᠨ᠎ᠠ᠃ ᠬᠥᠮᠦᠨ ᠠᠮᠠ᠎ᠶ᠋ᠢᠨ ᠬᠤᠪᠢᠷᠠᠯᠲᠠ᠎ᠶ᠋ᠢᠨ ᠬᠠᠨᠳᠤᠰᠢ᠎ᠳᠤ ᠵᠣᠬᠢᠴᠠᠭᠤᠯᠤᠨ᠂ ᠠᠢᠮᠠᠭ ᠬᠣᠲᠠ᠎ᠶ᠋ᠢᠨ ᠲᠥᠪ ᠬᠣᠲᠠ᠎ᠶ᠋ᠢᠨ ᠲᠣᠭᠣᠷᠢᠭ ᠬᠢᠭᠡᠳ ᠬᠥᠷᠰᠢ ᠵᠡᠷᠭᠡᠯᠡᠳᠡᠭᠡ ᠬᠣᠱᠢᠭᠤ ᠱᠢᠶᠠᠨ᠎ᠤ ᠨᠢᠭᠡ ᠴᠣᠭ᠍ᠴᠠ᠎ᠵᠢᠨ ᠬᠥᠭ᠌ᠵᠢᠬᠦ᠌᠎ᠶ᠋ᠢ ᠠᠬᠢᠭᠤᠯᠤᠨ᠎ᠠ᠃
(ᠬᠤᠶᠠᠷ) ᠬᠤᠰᠢᠭᠤ ᠱᠢᠶᠠᠨ᠎ᠤ ᠬᠡᠪᠴᠢᠶᠡᠨ᠎ᠤ ᠬᠣᠲᠠ ᠪᠠᠯᠭᠠᠰᠤ᠎ᠶ᠋ᠢᠨ ᠳᠠᠭᠠᠭᠠᠴᠠ ᠵᠢ ᠳᠡᠭᠡᠭ᠌ᠰᠢᠯᠡᠭᠦᠯᠦᠨ᠎ᠡ᠃ ᠬᠣᠲᠠ ᠪᠠᠯᠭᠠᠰᠤ᠎ᠶ᠋ᠢᠨ ᠣᠷᠣᠨ ᠪᠠᠢᠷᠢ᠎ᠶ᠋ᠢᠨ ᠨᠥᠬᠥᠴᠡᠯ᠂ ᠠᠵᠤ ᠦᠢᠯᠡᠰ᠎ᠦᠨ ᠰᠠᠭᠤᠷᠢ ᠪᠠ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠶ᠋ᠢ ᠦᠨᠳᠦᠰᠦᠯᠡᠨ᠂ ᠬᠣᠲᠠ᠎ᠶ᠋ᠢᠨ ᠪᠠᠢᠳᠠᠯ ᠳᠤᠨᠢ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠂ ᠲᠥᠷᠥᠯ ᠬᠤᠪᠢᠶᠠᠨ ᠬᠥᠲᠥᠯᠥᠨ ᠵᠢᠯᠣᠭᠣᠳᠭᠤ᠎ᠶ᠋ᠢ ᠪᠠᠷᠢᠮᠲᠠᠯᠠᠵᠤ᠂ ᠬᠣᠲᠠ ᠪᠠᠯᠭᠠᠰᠤ᠎ᠶ᠋ᠢᠨ ᠵᠦᠷᠢᠶᠡᠴᠢᠯᠡᠭ᠌ᠰᠡᠨ ᠬᠥᠭ᠌ᠵᠢᠯᠲᠡ ᠶ᠋ᠢ ᠠᠬᠢᠭᠤᠯᠤᠨ᠎ᠠ᠃ ᠲᠦᠪ ᠪᠠᠯᠭᠠᠰᠤ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠥᠬᠥᠭᠡᠷᠦᠮᠵᠢ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ ᠬᠡᠪᠴᠢᠶ᠎ᠡ ᠶ᠋ᠢ ᠥᠷᠭᠡᠳᠭᠡᠬᠦ᠌᠂ ᠬᠣᠲᠠ᠎ᠶ᠋ᠢᠨ ᠶᠠᠪᠤᠳᠠᠯ᠎ᠤᠨ ᠨᠡᠢᠲᠡ᠎ᠶ᠋ᠢᠨ ᠬᠡᠷᠡᠭ᠌ᠯᠡᠭᠡᠨ᠎ᠦ ᠲᠥᠬᠥᠭᠡᠷᠦᠮᠵᠢ ᠶ᠋ᠢ ᠳᠡᠰ ᠳᠡᠪᠱᠢᠭᠦᠯᠬᠦ᠌᠂ ᠣᠷᠴᠢᠨ ᠲᠣᠭᠣᠷᠢᠨ᠎ᠤ ᠰᠠᠭᠤᠷᠢ ᠲᠥᠬᠥᠭᠡᠷᠦᠮᠵᠢ᠎ᠶ᠋ᠢ ᠳᠡᠰ ᠳᠡᠪᠱᠢᠭᠦᠯᠦᠨ ᠴᠢᠳᠠᠪᠤᠷᠢ᠎ᠶ᠋ᠢ ᠥᠷᠭᠡᠳᠭᠡᠬᠦ᠌᠎ᠶ᠋ᠢ ᠠᠬᠢᠭᠤᠯᠵᠤ᠂ ᠶᠡᠷᠦᠩᠬᠡᠢᠯᠡᠭ᠌ᠰᠡᠨ ᠳᠠᠭᠠᠭᠠᠴᠠ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃ ᠬᠡᠪᠴᠢᠶ᠎ᠡ᠎ᠪᠡᠷ ᠨᠡᠯᠢᠶᠡᠳ ᠶᠡᠬᠡ ᠭᠣᠣᠯ ᠪᠠᠯᠭᠠᠰᠤᠨ᠎ᠤ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠬᠥᠮᠦᠨ ᠠᠮᠠ ᠪᠠ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠡᠬᠢ ᠪᠠᠶᠠᠯᠢᠭ᠎ᠢ ᠵᠣᠬᠢᠰᠲᠠᠢ᠎ᠪᠠᠷ ᠲᠥᠪᠯᠡᠷᠡᠭᠦᠯᠬᠦ᠌᠎ᠶ᠋ᠢ ᠠᠬᠢᠭᠤᠯᠤᠨ᠎ᠠ᠃ ᠬᠣᠲᠠ ᠬᠥᠳᠡᠭᠡ᠎ᠶ᠋ᠢᠨ ᠰᠠᠭᠤᠷᠢ ᠲᠥᠬᠥᠭᠡᠷᠦᠮᠵᠢ᠎ᠶ᠋ᠢ ᠨᠢᠭᠡᠳᠦᠯᠲᠡᠢ ᠲᠥᠯᠥᠪᠵᠢᠭᠦᠯᠦᠨ ᠪᠠᠢᠭᠤᠯᠵᠤ᠂ ᠬᠣᠲᠠ ᠪᠠᠯᠭᠠᠰᠤᠨ ᠤ ᠰᠠᠭᠤᠷᠢ ᠲᠥᠬᠥᠭᠡᠷᠦᠮᠵᠢ᠎ᠶ᠋ᠢ ᠬᠥᠳᠡᠭᠡ ᠲᠣᠰᠭᠣᠨ ᠲᠡᠢᠰᠢ ᠤᠷᠲᠤᠳᠭᠠᠬᠤ᠎ᠶ᠋ᠢ ᠠᠬᠢᠭᠤᠯᠤᠨ᠎ᠠ᠃ ᠱᠢᠶᠠᠩ ᠪᠠᠯᠭᠠᠰᠤᠨ᠎ᠤ ᠨᠢᠭᠡᠳᠦᠭᠡᠷ ᠳᠡᠰ᠎ᠤᠨ ᠪᠠᠭ᠎ᠠ ᠬᠣᠲᠠ ᠪᠠᠯᠭᠠᠰᠤᠨ ᠤ ᠰᠠᠭᠤᠷᠢ ᠲᠥᠬᠥᠭᠡᠷᠦᠮᠵᠢ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠠᠮᠢᠳᠤᠷᠠᠯ᠎ᠤᠨ ᠬᠣᠭ ᠨᠣᠪᠰᠢ᠎ᠶ᠋ᠢ ᠱᠢᠶ᠋ᠳᠪᠦᠷᠢᠯᠡᠬᠦ᠌᠂ ᠪᠣᠬᠢᠷ ᠤᠰᠤ᠎ᠶ᠋ᠢ ᠲᠥᠪᠯᠡᠷᠡᠭᠦᠯᠦᠨ ᠱᠢᠶ᠋ᠳᠪᠦᠷᠢᠯᠡᠬᠦ᠌᠂ ᠪᠠᠷᠠᠭᠠᠨ᠎ᠤ ᠭᠦᠶ᠋ᠯᠭᠡᠭᠡ᠂ ᠬᠥᠳᠡᠭᠡ ᠲᠣᠰᠭᠣᠨ᠎ᠤ ᠵᠠᠮ ᠵᠡᠷᠭᠡ ᠳᠤᠲᠠᠭᠤᠳᠠᠯ᠎ᠢ ᠭᠤᠤᠯᠳᠠᠯᠭ᠎ᠠ᠎ᠲᠠᠶ ᠨᠥᠬᠥᠪᠥᠷᠢᠯᠡᠵᠦ᠍᠂ ᠴᠢᠳᠠᠮᠵᠢ ᠲᠥᠪᠯᠡᠷᠡᠭ᠌ᠰᠡᠨ᠂ ᠠᠵᠤ ᠦᠶ᠋ᠯᠡᠰ ᠬᠥᠭ᠌ᠵᠢᠭ᠌ᠰᠡᠨ᠂ ᠣᠨᠴᠠᠯᠢᠭ ᠢᠯᠡ ᠲᠣᠳᠣ ᠨᠢᠭᠡ ᠪᠦᠯᠦᠭ ᠪᠠᠭ᠎ᠠ ᠬᠣᠲᠠ ᠪᠠᠯᠭᠠᠰᠤ᠎ᠶ᠋ᠢ ᠪᠦᠳᠤᠭᠡᠨ ᠪᠠᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠬᠢᠯᠢ᠎ᠶ᠋ᠢᠨ ᠬᠣᠲᠠ ᠪᠠᠯᠭᠠᠰᠤᠨ ᠤ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠂ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠤᠨ ᠪᠡᠬᠢᠵᠢᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠬᠣᠲᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠣᠯᠠᠨ ᠨᠡᠢᠲᠡ᠎ᠶ᠋ᠢᠨ ᠡᠬᠢ ᠪᠠᠶᠠᠯᠢᠭ᠎ᠢ ᠲᠡᠩᠴᠡᠭᠦᠷᠢᠲᠡᠶ ᠲᠣᠬᠢᠷᠠᠭᠤᠯᠬᠤ᠎ᠶ᠋ᠢ ᠠᠬᠢᠭᠤᠯᠤᠨ᠎ᠠ᠃
ᠭᠤᠷᠪᠠ᠂ ᠬᠣᠲᠠ ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠭᠦ ᠡᠨᠧᠷᠭᠢ ᠶ᠋ᠢ ᠪᠣᠢᠵᠢᠭᠤᠯᠤᠨ᠎ᠠ
(ᠭᠤᠷᠪᠡ) ᠬᠣᠲᠠ ᠶ᠋ᠢᠨ ᠪᠡᠶ᠎ᠡ᠎ᠶ᠋ᠢᠨ ᠪᠠᠢᠴᠠᠭᠠᠯᠲᠠ ᠪᠠ ᠬᠣᠲᠠ᠎ᠶ᠋ᠢᠨ ᠱᠢᠨᠡᠴᠢᠯᠡᠯᠲᠡ᠎ᠶ᠋ᠢ ᠨᠢᠭᠡ ᠴᠣᠭ᠍ᠴᠠᠵᠢᠭᠤᠯᠤᠨ ᠠᠬᠢᠭᠤᠯᠤᠨ᠎ᠠ᠃ ᠬᠣᠲᠠ᠎ᠶ᠋ᠢᠨ ᠪᠡᠶ᠎ᠡ᠎ᠶ᠋ᠢᠨ ᠪᠠᠢᠴᠠᠭᠠᠯᠲᠠ᠎ᠶ᠋ᠢ ᠭᠦᠨᠵᠡᠭᠡᠶ ᠥᠷᠨᠢᠭᠦᠯᠵᠦ᠍᠂ ᠱᠢᠨᠡᠳᠭᠡᠨ ᠥᠭᠡᠷᠡᠴᠢᠯᠡᠬᠦ ᠪᠣᠳᠠᠲᠠᠶ ᠬᠡᠷᠡᠭ᠌ᠴᠡᠭᠡ ᠱᠠᠭᠠᠷᠳᠠᠯᠭ᠎ᠠ ᠪᠠ ᠥᠷᠲᠡᠭ᠎ᠦᠨ ᠳᠠᠯᠳᠠ ᠬᠦᠴᠦᠨ᠎ᠢ ᠲᠣᠳᠣᠷᠬᠠᠶ ᠣᠢᠯᠠᠭᠠᠵᠤ᠂ ᠤᠷᠢᠳ ᠵᠢᠡᠷ ᠬᠢᠯᠪᠠᠷ ᠳᠠᠷᠠᠭ᠎ᠠ ᠨᠢ ᠬᠦᠴᠢᠷᠲᠡᠶ ᠪᠠᠢᠬᠤ ᠳᠡᠰ ᠳᠠᠷᠠᠭᠠᠯᠠᠯ᠎ᠢᠶᠠᠷ ᠬᠣᠲᠠ᠎ᠶ᠋ᠢᠨ ᠱᠢᠨᠡᠳᠭᠡᠨ ᠥᠭᠡᠷᠡᠴᠢᠯᠡᠬᠦ᠌ ᠲᠥᠷᠥᠯ ᠵᠦᠶ᠋ᠯ ᠢ ᠲᠥᠷᠥᠯ ᠬᠤᠪᠢᠶᠠᠨ ᠡᠮᠬᠢ ᠵᠢᠷᠤᠮ᠎ᠲᠠᠶ᠎ᠪᠠᠷ ᠬᠡᠷᠡᠭ᠌ᠵᠢᠭᠦᠯᠦᠨ᠎ᠡ᠃ ᠪᠤᠭᠤᠲᠤ᠎ᠶ᠋ᠢᠨ ᠬᠣᠲᠠ᠎ᠶ᠋ᠢᠨ ᠱᠢᠨᠡᠳᠭᠡᠬᠦ᠌ ᠠᠵᠢᠯᠯᠠᠭ᠎ᠠ᠎ᠪᠠᠨ ᠬᠡᠷᠡᠭ᠌ᠵᠢᠭᠦᠯᠬᠦ᠌᠎ᠶ᠋ᠢ ᠳᠡᠮᠵᠢᠵᠦ᠍᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠱᠢᠨ᠎ᠡ᠎ᠶ᠋ᠢ ᠡᠭᠦᠳᠦᠨ ᠱᠢᠪᠲᠤᠯᠤᠯᠲᠠ ᠭᠠᠷᠭᠠᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠲᠤᠷᠱᠢᠯᠭ᠎ᠠ ᠶ᠋ᠢᠨ ᠵᠠᠭ᠍ᠪᠤᠷ᠎ᠢ ᠪᠣᠶ ᠪᠣᠯᠭᠠᠨ᠎ᠠ᠃ ᠬᠣᠲᠠ᠎ᠶ᠋ᠢᠨ ᠨᠦᠭᠡᠴᠡ ᠡᠬᠢ ᠪᠠᠶᠠᠯᠢᠭ᠎ᠤᠨ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠬᠠᠭᠤᠴᠢᠨ ᠪᠠᠷᠢᠯᠭ᠎ᠠ᠂ ᠳᠣᠣᠷ᠎ᠠ ᠪᠦᠲᠦᠮᠵᠢ᠎ᠳᠤ ᠲᠦᠬᠦᠭᠡᠷᠤᠮᠵᠢ ᠪᠠ ᠰᠤᠯᠠ ᠲᠠᠯᠪᠢᠬᠳᠠᠵᠤ ᠪᠠᠢᠭ᠎ᠠ ᠭᠠᠵᠠᠷ ᠱᠢᠷᠣᠢ᠎ᠶᠢ ᠥᠭᠡᠷᠡᠴᠢᠯᠡᠵᠦ᠍ ᠠᠮᠢᠯᠠᠭᠤᠯᠤᠨ ᠠᠱᠢᠭ᠍ᠯᠠᠬᠤ᠎ᠶ᠋ᠢ ᠨᠢᠭᠡᠳᠦᠯᠲᠡᠢ ᠲᠥᠯᠥᠪᠵᠢᠬᠦᠯᠤᠨ ᠠᠬᠢᠭᠤᠯᠤᠨ᠎ᠠ᠃ ᠰᠤᠯᠠ ᠲᠠᠯᠪᠢᠬᠳᠠᠵᠤ ᠪᠠᠢᠭ᠎ᠠ ᠠᠰᠠᠷ᠎ᠢ ᠡᠷᠬᠢᠯᠳᠡ ᠳ᠋ᠦ ᠤᠷᠤᠭᠤᠯᠬᠤ ᠲᠤᠰᠭᠠᠢ ᠠᠵᠢᠯᠯᠠᠭ᠎ᠠ᠎ᠶ᠋ᠢ ᠥᠷᠨᠢᠭᠦᠯᠵᠦ᠍᠂ ᠰᠤᠯᠠ ᠲᠠᠯᠪᠢᠬᠳᠠᠵᠤ ᠪᠠᠢᠭ᠎ᠠ ᠠᠯᠪᠠᠨ ᠠᠰᠠᠷ᠂ ᠬᠤᠳᠠᠯᠳᠤᠭᠠᠨ᠎ᠤ ᠣᠷᠣᠨ ᠰᠠᠭᠤᠴᠠ᠎ᠶ᠋ᠢᠨ ᠠᠰᠠᠷ ᠵᠡᠷᠭᠡ᠎ᠶ᠋ᠢ ᠥᠨᠳᠥᠷ ᠪᠦᠲᠦᠮᠵᠢᠲᠡᠢ ᠠᠱᠢᠭ᠍ᠯᠠᠬᠤ᠎ᠶ᠋ᠢ ᠠᠬᠢᠭᠤᠯᠤᠨ᠎ᠠ᠃ ᠰᠤᠯᠠ ᠲᠠᠯᠪᠢᠬᠳᠠᠵᠤ ᠪᠠᠢᠭ᠎ᠠ ᠨᠦᠭᠡᠴᠡ ᠭᠠᠵᠠᠷ ᠱᠢᠷᠣᠶ᠎ᠶ᠋ᠢ ᠱᠢᠶ᠋ᠳᠪᠦᠷᠢᠯᠡᠬᠦ᠌ ᠲᠤᠰᠭᠠᠶ ᠠᠵᠢᠯᠯᠠᠭ᠎ᠠ᠎ᠶ᠋ᠢ ᠥᠷᠨᠢᠭᠦᠯᠵᠦ᠍᠂ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠢ ᠴᠢᠩᠭ᠎ᠠ ᠰᠠᠬᠢᠵᠤ᠂ ᠨᠦᠭᠡᠴᠡ ᠭᠠᠵᠠᠷ ᠱᠢᠷᠣᠶ᠎ᠶ᠋ᠢ ᠱᠢᠶ᠋ᠳᠪᠦᠷᠢᠯᠡᠬᠦ᠌᠎ᠶ᠋ᠢ ᠱᠢᠨ᠎ᠡ᠎ᠪᠡᠷ ᠨᠡᠮᠡᠭ᠌ᠳᠡᠭ᠌ᠰᠡᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠱᠢᠷᠣᠶ᠎ᠶ᠋ᠢᠨ ᠭᠦᠶ᠋ᠴᠡᠳᠭᠡᠯ ᠲᠣᠭ᠎ᠠ᠎ᠲᠠᠶ ᠬᠣᠯᠪᠣᠭ᠍ᠳᠠᠭᠤᠯᠬᠤ ᠲᠣᠭ᠍ᠲᠠᠴᠠ᠎ᠶ᠋ᠢ ᠬᠡᠷᠡᠭ᠌ᠵᠢᠭᠦᠯᠦᠨ᠎ᠡ᠃
(ᠲᠦᠷᠪᠡ) ᠠᠵᠤ ᠦᠶ᠋ᠯᠡᠰ ᠪᠠ ᠬᠣᠲᠠ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠬᠣᠲᠠ᠎ᠶ᠋ᠢᠨ ᠡᠬᠢ ᠪᠠᠶᠠᠯᠢᠭ᠎ᠤᠨ ᠳᠠᠪᠠᠭᠤᠯᠢᠭ ᠪᠠ ᠰᠠᠭᠤᠷᠢ ᠨᠥᠬᠥᠴᠡᠯ᠎ᠳᠦ ᠰᠠᠭᠤᠷᠢᠯᠠᠨ᠂ ᠠᠵᠤ ᠦᠢᠯᠡᠰ᠎ᠦᠨ ᠬᠣᠲᠠ ᠶ᠋ᠢᠨ ᠬᠥᠭ᠌ᠵᠢᠯᠲᠡ᠎ᠶ᠋ᠢ ᠲᠤᠯᠭᠠᠭᠤᠷᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠵᠤ ᠦᠢᠯᠡᠰ ᠢᠶᠡᠷ ᠬᠣᠲᠠ᠎ᠶ᠋ᠢ ᠬᠥᠭ᠌ᠵᠢᠭᠦᠯᠬᠦ᠌᠂ ᠬᠣᠲᠠ᠎ᠪᠠᠷ ᠦᠢᠯᠡᠳᠪᠦᠷᠢᠯᠡᠯ᠎ᠢ ᠠᠬᠢᠭᠤᠯᠬᠤ ᠶ᠋ᠢ ᠠᠬᠢᠭᠤᠯᠤᠨ᠎ᠠ᠃ ᠪᠦᠬᠦ᠌ ᠤᠯᠤᠰ᠎ᠤᠨ ᠨᠢᠭᠡ ᠴᠤᠭ᠍ᠴᠠᠵᠢᠭᠤᠯᠤᠭ᠍ᠰᠠᠨ ᠪᠤᠳᠤᠯᠳᠠ ᠵᠢᠨ ᠬᠦᠴᠦᠨ ᠦ ᠰᠦᠯᠵᠢᠶᠡᠨ᠎ᠦ ᠵᠠᠩᠭᠢᠯᠠᠭ᠎ᠠ᠎ᠶ᠋ᠢᠨ ᠴᠡᠭ᠎ᠦᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠤᠨ᠎ᠠ᠃ ᠤᠢᠷ᠎ᠠ ᠤᠬᠳᠠᠷᠭᠤᠢ ᠵᠢᠨ ᠠᠵᠤ ᠠᠬᠤᠶ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠠᠮᠢᠳᠤ ᠪᠣᠳᠠᠰ ᠦᠶ᠋ᠯᠡᠳᠬᠦ᠌᠂ ᠵᠣᠬᠢᠶᠠᠮᠠᠯ ᠣᠶᠤᠨ ᠴᠢᠳᠠᠪᠤᠷᠢ᠂ ᠮᠠᠱᠢᠨ ᠬᠥᠮᠦᠨ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠬᠰᠡᠨ ᠠᠵᠤ ᠦᠶ᠋ᠯᠡᠰ᠎ᠢ ᠲᠦᠷᠤᠬᠦᠯᠡᠨ ᠪᠠᠢᠷᠢᠱᠢᠭᠤᠯᠤᠨ᠎ᠠ᠃ ᠱᠢᠨ᠎ᠡ ᠮᠠᠶᠢᠭ ᠤ᠋ᠨ ᠪᠠᠷᠢᠯᠭ᠎ᠠ᠎ᠶ᠋ᠢᠨ ᠮᠠᠲ᠋ᠧᠷᠢᠶᠠᠯ᠎ᠢ ᠰᠤᠳᠤᠯᠤᠨ ᠨᠡᠭᠡᠭᠡᠵᠦ᠍ ᠬᠡᠷᠡᠭ᠌ᠯᠡᠬᠦ᠌ ᠪᠠ ᠠᠵᠤ ᠦᠢᠯᠡᠰᠵᠢᠭᠦᠯᠦᠨ ᠬᠥᠭ᠌ᠵᠢᠭᠦᠯᠬᠦ᠌᠎ᠶ᠋ᠢ ᠴᠢᠩᠭᠠᠳᠭᠠᠵᠤ᠂ ᠣᠶᠤᠨᠴᠢ᠎ᠪᠠᠷ ᠪᠠᠢᠭᠤᠯᠬᠤ᠎ᠶ᠋ᠢ ᠶᠡᠬᠡ ᠪᠡᠷ ᠳᠡᠯᠭᠡᠷᠡᠭᠦᠯᠦᠨ᠂ ᠪᠠᠷᠢᠯᠭ᠎ᠠ᠎ᠶ᠋ᠢᠨ ᠦᠢᠯᠡᠰ ᠦᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠱᠢᠭᠦᠯᠬᠦ᠎ᠶ᠋ᠢ ᠠᠬᠢᠭᠤᠯᠤᠨ᠎ᠠ᠃ ᠲᠤᠰᠭᠠᠢᠵᠢᠭ᠍ᠰᠠᠨ ᠦᠢᠯᠡᠳᠪᠦᠷᠢᠯᠡᠯ ᠦᠨ ᠴᠢᠨᠠᠷᠲᠠᠢ ᠦᠢᠯᠡᠴᠢᠯᠡᠭᠡᠨ᠎ᠦ ᠦᠢᠯᠡᠰ ᠪᠠ ᠴᠢᠨᠠᠷ ᠰᠠᠢᠲᠠᠢ ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠢ ᠶᠡᠬᠡᠪᠡᠷ ᠬᠥᠭ᠌ᠵᠢᠭᠦᠯᠵᠦ᠍᠂ ᠤᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠦᠢᠯᠡᠴᠢᠯᠡᠭᠡᠨ᠎ᠦ ᠬᠡᠷᠡᠭ᠌ᠯᠡᠭᠡ᠎ᠶ᠋ᠢ ᠨᠡᠮᠡᠭ᠌ᠳᠡᠭᠦᠯᠦᠨ᠎ᠡ᠃ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ ᠬᠤᠳᠠᠯᠳᠤᠭ᠎ᠠ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠢᠷᠡᠭᠦᠯᠵᠦ᠍᠂ ᠡᠯ᠎ᠡ ᠭᠠᠵᠠᠷᠤᠨᠬᠢᠨᠦ ᠳᠠᠭᠤᠤᠬᠦᠭᠵᠢᠮ ᠤ᠋ᠨ ᠦᠳᠡᠰᠢᠯᠡᠬᠡ᠂ ᠪᠡᠶ᠎ᠡ ᠶ᠋ᠢᠨ ᠲᠠᠮᠢᠷ ᠤᠨ ᠤᠷᠤᠯᠳᠤᠭᠠᠨ ᠵᠡᠷᠭᠡ ᠤᠷᠤᠰᠴᠠ᠎ᠶ᠋ᠢᠨ ᠬᠡᠯᠪᠡᠷᠢ᠎ᠶ᠋ᠢᠨ᠂ ᠬᠣᠯᠪᠣᠭᠠᠯᠠᠨ ᠬᠥᠳᠡᠯᠦᠯᠴᠡᠬᠦ᠌ ᠬᠡᠯᠪᠡᠷᠢ᠎ᠶ᠋ᠢᠨ ᠠᠵᠢᠯᠯᠠᠭ᠎ᠠ ᠡᠷᠭᠢᠯᠡᠬᠦ᠌᠎ᠶ᠋ᠢ ᠵᠣᠷᠢᠭ᠍ᠵᠢᠭᠤᠯᠵᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠢ ᠳᠥᠷᠪᠡᠨ ᠤᠯᠠᠷᠢᠯ ᠳᠠᠢᠰᠢ ᠥᠷᠭᠡᠳᠭᠡᠬᠦ᠌᠎ᠶ᠋ᠢ ᠠᠬᠢᠭᠤᠯᠤᠨ᠎ᠠ᠃ ᠠᠵᠤ ᠦᠢᠯᠡᠰ ᠦᠨ ᠬᠦᠷᠢᠶᠡᠯᠡᠩ ᠲᠣᠭᠣᠷᠢᠭ᠍ᠵᠢᠭ᠍ᠰᠠᠨ ᠬᠡᠪᠴᠢᠶᠡᠵᠢᠭ᠌ᠰᠡᠨ ᠬᠥᠭ᠌ᠵᠢᠯᠲᠡ᠎ᠶ᠋ᠢ ᠠᠬᠢᠭᠤᠯᠵᠤ᠂ ᠬᠦᠷᠢᠶᠡᠯᠡᠩ ᠲᠣᠭᠣᠷᠢᠭ ᠤᠨ ᠳᠠᠭᠠᠭᠠᠴᠠ ᠪᠣᠯᠤᠨ ᠮᠦ᠍ ᠲᠤᠮᠳᠠᠴᠢ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃
(ᠲᠠᠪᠤ) ᠬᠣᠲᠠ᠎ᠶ᠋ᠢᠨ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠠᠬᠢᠭᠤᠯᠤᠨ᠎ᠠ᠃ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠢ ᠴᠢᠨᠠᠷ ᠰᠠᠢᠲᠠᠶ ᠪᠥᠲᠥᠭᠡᠨ ᠪᠠᠢᠭᠤᠯᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠢᠭᠤᠯᠬᠤ᠎ᠳᠤ ᠪᠥᠬᠥ᠌ ᠲᠠᠯ᠎ᠠ᠎ᠪᠠᠷ ᠣᠷᠣᠯᠴᠠᠨ᠂ ᠬᠠᠮᠲᠤ᠎ᠪᠠᠷ ᠪᠥᠲᠥᠭᠡᠨ ᠪᠠᠢᠭᠤᠯᠬᠤ ᠤᠯᠤᠰ ᠤ᠋ᠳᠯᠤᠭᠠᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠦᠨ ᠥᠷᠭᠡᠳᠭᠡᠵᠦ᠍᠂ ᠤᠮᠠᠷᠠᠰᠢ ᠨᠡᠭᠡᠭᠡᠯᠲᠡ ᠬᠢᠬᠦ᠌ ᠲᠦᠪᠱᠢᠨ᠎ᠢᠶᠡᠨ ᠳᠡᠭᠡᠭ᠌ᠰᠢᠯᠡᠭᠦᠯᠦᠨ᠎ᠡ᠃ ᠧᠦ᠋ᠷᠣᠫᠠ ᠲᠢᠪ᠂ ᠶᠠᠫᠣᠨ ᠺᠣᠷᠢᠶᠠ᠂ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ ᠵᠡᠷᠭᠡ ᠤᠯᠤᠰ ᠪᠠ ᠭᠠᠵᠠᠷ ᠣᠷᠣᠨ᠎ᠯᠤᠭ᠎ᠠ ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠨ᠎ᠠ᠃ ᠴᠢᠯᠥᠭᠡᠲᠦ ᠠᠷᠠᠯᠵᠢᠶᠠᠨ᠎ᠤ ᠣᠷᠣᠨ᠎ᠢ ᠴᠢᠨᠠᠷ ᠰᠠᠢᠲᠠᠶ ᠪᠥᠲᠥᠭᠡᠨ ᠪᠠᠢᠭᠤᠯᠤᠨ᠎ᠠ᠃ ᠳᠤᠮᠳᠠᠳᠤ ᠮᠣᠩᠭᠣᠯ᠎ᠤᠨ ᠡᠷᠢᠶᠡᠨ ᠬᠣᠲᠠ ᠵᠠᠮ ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠳᠤᠷᠠᠯᠴᠠᠭᠠᠨ᠎ᠤ ᠣᠷᠣᠨ᠎ᠤ ᠪᠦᠲᠦᠭᠡᠨ ᠪᠠᠢᠭᠤᠯᠤᠯᠲᠠ ᠶ᠋ᠢ ᠲᠦᠷᠭᠡᠳᠭᠡᠨ ᠠᠬᠢᠭᠤᠯᠵᠤ᠂ ᠶᠡᠷᠦᠩᠬᠡᠢᠯᠡᠭ᠌ᠰᠡᠨ ᠭᠠᠢᠯᠢ ᠦᠭᠡᠢ ᠣᠷᠣᠨ᠎ᠤ ᠠᠷᠠᠯᠵᠢᠶᠠᠨ ᠤ ᠡᠵᠡᠩᠨᠡᠯᠲᠡ᠎ᠶ᠋ᠢᠨ ᠪᠠᠢᠳᠠᠯ᠎ᠢ ᠪᠤᠵᠠᠭᠠᠢᠷᠠᠭᠤᠯᠤᠨ᠎ᠠ᠃ ᠮᠠᠨᠵᠤᠤᠷ᠂ ᠡᠷᠢᠶᠡᠨ ᠬᠣᠲᠠ᠎ᠶ᠋ᠢᠨ ᠬᠢᠯᠢ ᠳᠠᠭᠠᠤ ᠭᠣᠣᠯᠳᠠᠯᠭ᠎ᠠ᠎ᠲᠠᠶ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ᠎ᠶ᠋ᠢᠨ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠭᠠᠭ᠍ᠴᠠᠮᠣᠳᠣ ᠵᠡᠷᠭᠡ ᠬᠢᠯᠢ᠎ᠶ᠋ᠢᠨ ᠪᠣᠭᠣᠮᠲᠠ᠎ᠶ᠋ᠢᠨ ᠦᠢᠯᠡᠴᠢᠯᠡᠵᠦ᠍ ᠲᠤᠯᠭᠠᠭᠤᠷᠢᠯᠠᠬᠤ ᠴᠢᠳᠠᠪᠤᠷᠢ ᠶ᠋ᠢ ᠳᠡᠭᠡᠭ᠌ᠰᠢᠯᠡᠭᠦᠯᠦᠨ᠎ᠡ᠃ ᠬᠥᠭ᠌ᠵᠢᠭ᠌ᠰᠡᠨ ᠭᠠᠵᠠᠷ ᠣᠷᠣᠨ᠂ ᠬᠥᠷᠰᠢ ᠵᠡᠷᠭᠡᠯᠡᠳᠡᠭᠡ ᠮᠤᠵᠢ ᠣᠷᠣᠨ᠎ᠯᠤᠭ᠎ᠠ ᠵᠢᠨ ᠵᠣᠯᠭᠠᠯᠴᠠᠭ᠎ᠠ ᠶ᠋ᠢ ᠴᠢᠩᠭᠠᠳᠭᠠᠵᠤ᠂ ᠪᠡᠭᠡᠵᠢᠩ ᠥᠪᠥᠷ ᠮᠣᠩᠭᠣᠯ᠎ᠤᠨ ᠵᠡᠭᠦᠨ ᠪᠠᠷᠠᠭᠤᠨ ᠬᠡᠰᠡᠭ᠎ᠦᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠦᠨ᠂ ᠪᠡᠭᠡᠵᠢᠩ ᠲᠢᠶᠠᠨᠵᠢᠨ ᠾᠧᠪᠧᠶ᠎ᠶ᠋ᠢᠨ ᠬᠠᠮᠵᠢᠯᠴᠠᠨ ᠬᠥᠭ᠌ᠵᠢᠬᠦ᠌᠎ᠳᠦ ᠭᠦᠨᠵᠡᠭᠡᠶ ᠠᠭᠤᠰᠤᠯᠴᠠᠨ᠎ᠠ᠃
ᠳᠥᠷᠪᠡ᠂ ᠬᠣᠲᠠ᠎ᠶ᠋ᠢᠨ ᠠᠵᠢᠯᠯᠠᠵᠤ ᠠᠮᠢᠳᠤᠷᠠᠬᠤ᠎ᠳᠤ ᠲᠣᠬᠢᠲᠠᠶ ᠬᠢᠷᠢ ᠲᠦᠪᠰᠢᠨ᠎ᠢ ᠳᠡᠭᠡᠭ᠌ᠰᠢᠯᠡᠭᠦᠯᠦᠨ᠎ᠡ
(ᠵᠢᠷᠭᠤᠭ᠎ᠠ) 《ᠳᠥᠷᠪᠡᠨ ᠰᠠᠢᠨ》 ᠢ᠋ ᠵᠣᠬᠢᠴᠠᠭᠤᠯᠤᠨ ᠬᠣᠯᠪᠣᠭᠠᠯᠠᠨ ᠬᠥᠭ᠌ᠵᠢᠭᠦᠯᠬᠦ᠌᠎ᠶ᠋ᠢ ᠠᠬᠢᠭᠤᠯᠤᠨ᠎ᠠ᠃《ᠰᠠᠢᠨ ᠭᠡᠷ ᠪᠠᠢᠰᠢᠩ᠂ ᠰᠠᠢᠨ ᠰᠠᠭᠤᠭᠠᠯᠢ ᠲᠣᠭᠣᠷᠢᠭ᠂ ᠰᠠᠢᠨ ᠨᠡᠢᠭᠡᠮ ᠲᠣᠭᠣᠷᠢᠭ᠂ ᠰᠠᠢᠨ ᠬᠣᠲᠠ ᠶ᠋ᠢᠨ ᠲᠣᠭᠣᠷᠢᠭ》᠎ᠤ᠋ᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠭᠡᠷ ᠭᠠᠵᠠᠷ ᠤᠨ ᠬᠥᠷᠥᠩᠭᠡ᠎ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠤᠨ᠎ᠠ᠃ ᠬᠡᠷ ᠭᠠᠵᠠᠷ ᠤᠨ ᠬᠥᠷᠥᠩᠭᠡ᠎ᠶ᠋ᠢᠨ ᠬᠥᠭ᠌ᠵᠢᠯᠲᠡ ᠶ᠋ᠢᠨ ᠱᠢᠨ᠎ᠡ ᠵᠠᠭ᠍ᠪᠤᠷ ᠢ ᠪᠠᠢᠭᠤᠯᠵᠤ᠂ ᠬᠡᠷ ᠭᠠᠵᠠᠷ ᠤᠨ ᠬᠥᠷᠥᠩᠭᠡ᠎ᠶ᠋ᠢᠨ ᠨᠡᠭᠡᠭᠡᠯᠲᠡ᠎ᠶ᠋ᠢᠨ ᠲᠥᠷᠥᠯ ᠵᠦᠶ᠋ᠯ᠎ᠦᠨ ᠺᠣᠮᠫᠠᠨᠢ᠎ᠶ᠋ᠢᠨ ᠲᠦᠷᠢᠮ᠂ ᠲᠠᠸᠠᠷ᠎ᠤᠨ ᠬᠡᠷ ᠪᠠᠢᠱᠢᠩ ᠪᠡᠯᠡᠨ ᠬᠡᠷ ᠪᠠᠢᠱᠢᠩ ᠪᠣᠷᠣᠯᠠᠭᠤᠯᠬᠤ ᠲᠦᠷᠢᠮ᠂ ᠭᠤᠤᠯᠯᠠᠨ ᠡᠷᠭᠢᠯᠡᠬᠦ᠌ ᠪᠠᠩᠬᠢ᠎ᠶ᠋ᠢᠨ ᠲᠦᠷᠢᠮ᠎ᠢ ᠯᠠᠪᠳᠠᠭᠤᠨ᠎ᠢᠶᠠᠷ ᠬᠡᠷᠡᠭ᠌ᠵᠢᠭᠦᠯᠵᠦ᠍᠂ ᠬᠡᠷ ᠭᠠᠵᠠᠷ᠎ᠤᠨ ᠬᠥᠷᠥᠩᠭᠡ᠎ᠶ᠋ᠢᠨ ᠬᠦᠷᠢᠶᠡᠨ᠎ᠳᠡᠬᠢ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠨ᠎ᠠ᠃ ᠴᠢᠨᠠᠷ ᠰᠠᠢᠲᠠᠶ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠠᠮᠤᠷ ᠲᠦᠪᠱᠢᠨ ᠲᠠᠭᠠᠯᠠᠮᠵᠢᠲᠠᠶ ᠪᠣᠬᠢᠷᠲᠤᠯ ᠥᠬᠡᠶ ᠣᠶᠤᠨᠴᠢ《ᠰᠠᠢᠨ ᠬᠡᠷ ᠪᠠᠢᠱᠢᠩ》 ᠪᠠᠢᠭᠤᠯᠬᠤ᠎ᠶ᠋ᠢ ᠠᠬᠢᠭᠤᠯᠤᠨ᠎ᠠ᠃ ᠬᠣᠲᠠ ᠪᠠᠯᠭᠠᠰᠤᠨ᠎ᠤ ᠬᠠᠭᠤᠴᠢᠨ ᠰᠠᠭᠤᠭᠠᠯᠢ ᠲᠣᠭᠣᠷᠢᠭ᠂ ᠬᠣᠲᠠ ᠶ᠋ᠢᠨ ᠳᠤᠮᠳᠠᠬᠢ ᠲᠣᠰᠭᠣᠨ᠎ᠤ ᠥᠭᠡᠷᠡᠴᠢᠯᠡᠯᠲᠡ᠎ᠶ᠋ᠢ ᠯᠠᠪᠳᠠᠭᠤᠨ᠎ᠢᠶᠠᠷ ᠠᠬᠢᠭᠤᠯᠵᠤ᠂ ᠬᠣᠲᠠ᠎ᠶ᠋ᠢᠨ ᠨᠤᠷᠠᠬᠤ ᠠᠶᠤᠯᠲᠠᠢ ᠭᠡᠷ ᠪᠠᠢᠱᠢᠩ᠎ᠤᠨ ᠤᠤᠯ᠎ᠤᠨ ᠪᠠᠷᠢᠯᠭ᠎ᠠ ᠵᠢ ᠨᠤᠷᠠᠭᠠᠬᠤ᠎ᠶ᠋ᠢ ᠳᠠᠮᠵᠢᠵᠤ᠂ ᠨᠢᠭᠡᠨᠲᠡ ᠪᠠᠢᠭ᠎ᠠ ᠪᠠᠷᠢᠯᠭ᠎ᠠ᠎ᠶ᠋ᠢᠨ ᠴᠠᠬᠢᠯᠭᠠᠨ ᠱᠠᠲᠤ ᠨᠡᠮᠡᠵᠦ᠍ ᠤᠭ᠍ᠰᠠᠷᠠᠬᠤ᠎ᠶ᠋ᠢ ᠠᠬᠢᠭᠤᠯᠤᠨ᠎ᠠ᠃ ᠪᠦᠷᠢᠨ ᠪᠦᠲᠦᠨ ᠨᠡᠢᠭᠡᠮ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠬᠣᠲᠠ᠎ᠶ᠋ᠢᠨ 《ᠠᠷᠠᠳ᠎ᠲᠤ ᠳᠥᠭᠥᠮ ᠦᠵᠡᠭᠦᠯᠬᠦ᠌ ᠨᠢᠭᠡ ᠮᠦᠴᠡ ᠵᠢᠨ ᠠᠮᠢᠳᠤᠷᠠᠯ᠎ᠤᠨ ᠲᠤᠭᠤᠷᠢᠭ》 ᠤ᠋ᠨ ᠪᠦᠲᠦᠭᠡᠨ ᠪᠠᠢᠭᠤᠯᠤᠯᠲᠠ᠎ᠶ᠋ᠢᠨ ᠬᠡᠪᠴᠢᠶ᠎ᠡ᠎ᠶ᠋ᠢ ᠥᠷᠭᠡᠳᠭᠡᠨ ᠳᠡᠰ ᠳᠡᠪᠱᠢᠭᠦᠯᠬᠦ᠌᠎ᠶ᠋ᠢ ᠠᠬᠢᠭᠤᠯᠤᠨ᠎ᠠ᠃
(ᠳᠣᠯᠣᠭ᠎ᠠ) ᠬᠣᠲᠠ ᠶ᠋ᠢᠨ ᠰᠠᠭᠤᠷᠢ ᠲᠦᠬᠦᠭᠡᠷᠦᠮᠵᠢ᠎ᠶ᠋ᠢ ᠥᠭᠡᠷᠡᠴᠢᠯᠡᠨ ᠳᠡᠭᠡᠭ᠌ᠰᠢᠯᠡᠭᠦᠯᠬᠦ᠌ ᠡᠷᠴᠢᠮ ᠢ ᠴᠢᠩᠭᠠᠷᠠᠭᠤᠯᠤᠨ᠎ᠠ᠃ ᠬᠣᠲᠠ᠎ᠶ᠋ᠢᠨ ᠶᠠᠪᠤᠳᠠᠯ᠎ᠤᠨ ᠲᠦᠬᠦᠭᠡᠷᠦᠮᠵᠢ᠎ᠶ᠋ᠢᠨ ᠨᠡᠢᠳᠡᠮ ᠪᠠᠢᠴᠠᠭᠠᠯᠲᠠ ᠶ᠋ᠢ ᠥᠷᠨᠢᠭᠦᠯᠵᠦ᠍᠂ ᠮᠠᠲᠧᠷᠢᠶᠠᠯ᠎ᠤᠨ ᠴᠢᠨᠠᠷ ᠬᠣᠴᠣᠷᠤᠩᠭᠤᠶ᠂ ᠬᠡᠷᠡᠭ᠌ᠯᠡᠭᠰᠡᠨ ᠬᠤᠭᠤᠴᠠᠭ᠎ᠠ ᠨᠢ ᠨᠡᠯᠢᠶᠡᠳ ᠤᠷᠲᠤ᠂ ᠠᠮᠤᠷ ᠲᠦᠪᠱᠢᠨ᠎ᠦ ᠳᠠᠯᠳᠠ ᠭᠡᠮ ᠣᠷᠣᠱᠢᠵᠤ ᠪᠠᠢᠭ᠎ᠠ ᠬᠠᠭᠤᠴᠢᠨ ᠬᠣᠭᠣᠯᠠᠶ ᠲᠣᠣᠷ᠎ᠢ ᠦᠷᠭᠦᠯᠵᠢᠯᠡᠨ ᠱᠢᠨᠡᠳᠭᠡᠨ ᠥᠭᠡᠷᠡᠴᠢᠯᠡᠬᠦ᠌ ᠬᠡᠷᠡᠭ᠌ᠲᠡᠶ᠃ ᠰᠠᠭᠤᠭᠠᠯᠢ ᠠᠷᠠᠳ᠎ᠤᠨ ᠬᠣᠶᠠᠳᠠᠬᠢ ᠤᠳᠠᠭ᠎ᠠ ᠳᠠᠷᠤᠯᠲᠠ ᠨᠡᠮᠡᠵᠦ᠍ ᠲᠣᠬᠢᠷᠠᠭᠤᠯᠤᠨ ᠬᠠᠳᠠᠭᠠᠯᠠᠬᠤ ᠤᠰᠤ ᠬᠠᠩᠭᠠᠬᠤ ᠲᠦᠬᠦᠭᠡᠷᠦᠮᠵᠢ ᠶ᠋ᠢ ᠵᠢᠷᠤᠮᠵᠢᠭᠤᠯᠤᠨ ᠬᠠᠮᠢᠶᠠᠷᠬᠤ᠎ᠶ᠋ᠢ ᠴᠢᠩᠭᠠᠳᠭᠠᠵᠤ᠂ ᠬᠣᠲᠠ᠎ᠶ᠋ᠢᠨ ᠬᠠᠩᠭᠠᠬᠤ ᠤᠰᠤᠨ ᠤ ᠴᠢᠨᠠᠷ ᠢ ᠬᠡᠮᠵᠢᠨ ᠪᠠᠢᠴᠠᠭᠠᠬᠤ ᠶ᠋ᠢ ᠴᠢᠩᠭᠠᠷᠠᠭᠤᠯᠤᠨ᠂ ᠤᠰᠤ ᠬᠠᠩᠭᠠᠬᠤ ᠠᠮᠤᠷ ᠲᠦᠪᠱᠢᠨ ᠢ ᠪᠠᠲᠤᠯᠠᠨ᠎ᠠ᠃ ᠤᠰᠤ ᠬᠠᠩᠭᠠᠬᠤ ᠬᠣᠭᠣᠯᠠᠶ ᠲᠤᠤᠷ ᠤᠨ ᠭᠣᠭᠣᠵᠢᠵᠤ ᠡᠪᠳᠡᠷᠡᠬᠦ ᠶ᠋ᠢ ᠵᠠᠰᠠᠬᠤ᠎ᠪᠠᠨ ᠴᠢᠩᠭᠠᠳᠭᠠᠵᠤ᠂ ᠳᠠᠬᠢᠯᠲᠠ ᠤᠰᠤ ᠶ᠋ᠢ ᠠᠱᠢᠭ᠍ᠯᠠᠬᠤ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠶ᠋ᠢ ᠠᠬᠢᠭᠤᠯᠤᠨ᠂ 2030 ᠣᠨ ᠪᠣᠯᠲᠠᠯ᠎ᠠ ᠬᠣᠲᠠ᠎ᠶ᠋ᠢᠨ ᠣᠯᠠᠨ ᠨᠡᠢᠲᠡ᠎ᠶ᠋ᠢᠨ ᠤᠰᠤ ᠬᠠᠩᠭᠠᠬᠤ ᠬᠣᠭᠣᠯᠠᠶ ᠲᠤᠤᠷ᠎ᠤᠨ ᠭᠣᠭᠣᠵᠢᠵᠤ ᠡᠪᠳᠡᠷᠡᠬᠦ ᠨᠣᠷᠮ᠎ᠠ᠎ᠶ᠋ᠢ 9 % ᠶ᠋ᠢᠨ ᠳᠣᠲᠣᠷ᠎ᠠ ᠬᠢᠵᠠᠭᠠᠷᠯᠠᠵᠤ᠂ ᠬᠣᠲᠠ ᠪᠠᠯᠭᠠᠰᠤ᠎ᠶ᠋ᠢᠨ ᠳᠠᠬᠢᠯᠲᠠ ᠤᠰᠤ᠎ᠶ᠋ᠢ ᠠᠱᠢᠭ᠍ᠯᠠᠬᠤ ᠨᠣᠷᠮ᠎ᠠ᠎ᠶ᠋ᠢ 50 % ᠡᠴᠡ ᠳᠡᠭᠡᠭ᠌ᠰᠢ᠎ᠳᠦ ᠬᠦᠷᠦᠭᠦᠯᠦᠨ᠎ᠡ᠃ ᠢᠯᠴᠢ ᠬᠠᠩᠭᠠᠬᠤ ᠬᠣᠭᠣᠯᠠᠶ ᠲᠤᠤᠷ᠎ᠤᠨ ᠬᠣᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠵᠤ᠂ ᠢᠯᠴᠢ ᠬᠠᠩᠭᠠᠬᠤ ᠣᠶᠤᠨᠴᠢ ᠵᠠᠭ᠍ᠪᠤᠷ᠎ᠢ ᠳᠡᠯᠭᠡᠷᠡᠭᠦᠯᠦᠨ᠎ᠡ᠃ ᠬᠣᠲᠠ᠎ᠶ᠋ᠢᠨ ᠬᠥᠭᠥᠷᠭᠡ᠂ ᠨᠦᠬᠡᠨ ᠵᠠᠮ᠎ᠤᠨ ᠠᠮᠤᠷ ᠲᠦᠪᠱᠢᠨ᠎ᠦ ᠬᠡᠮ ᠰᠣᠭᠣᠭ᠎ᠤᠨ ᠨᠡᠢᠳᠡᠮ ᠪᠠᠢᠴᠠᠭᠠᠯᠲᠠ᠎ᠶ᠋ᠢ ᠥᠷᠨᠢᠭᠦᠯᠵᠦ᠍᠂ 2030 ᠣᠨ᠎ᠡᠴᠡ ᠡᠮᠦᠨ᠎ᠡ ᠡᠪᠳᠡᠷᠡᠵᠦ ᠬᠠᠭᠤᠴᠢᠷᠠᠭᠰᠠᠨ ᠲᠦᠬᠦᠭᠡᠷᠦᠮᠵᠢ ᠶ᠋ᠢ ᠪᠡᠬᠢᠵᠢᠭᠦᠯᠦᠨ ᠥᠭᠡᠷᠡᠴᠢᠯᠡᠬᠦ᠌᠎ᠶ᠋ᠢ ᠪᠡᠶᠡᠯᠡᠭᠦᠯᠦᠨ᠎ᠡ᠃ ᠢᠯᠴᠢ ᠬᠠᠩᠭᠠᠬᠤ᠂ ᠤᠰᠤ ᠬᠠᠩᠭᠠᠬᠤ᠂ ᠱᠢᠲᠠᠮᠠᠬᠠᠶ ᠬᠡᠢ ᠵᠡᠷᠭᠡ᠎ᠶ᠋ᠢᠨ ᠦᠨ᠎ᠡ ᠬᠠᠩᠰᠢ᠎ᠶ᠋ᠢ ᠬᠥᠳᠡᠯᠦᠩᠭᠦᠶ ᠪᠡᠷ ᠲᠣᠬᠢᠷᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠬᠣᠲᠠ᠎ᠶ᠋ᠢᠨ ᠶᠠᠪᠤᠳᠠᠯ᠎ᠤᠨ ᠨᠡᠢᠲᠡ᠎ᠶ᠋ᠢᠨ ᠬᠡᠷᠡᠭ᠌ᠯᠡᠭᠡᠨ ᠦ ᠦᠢᠯᠡᠰ᠎ᠦᠨ ᠬᠥᠭ᠌ᠵᠢᠯᠲᠡ᠎ᠶ᠋ᠢᠨ ᠦᠷᠭᠦᠯᠵᠢᠯᠡᠬᠦ᠌ ᠴᠢᠨᠠᠷ᠎ᠢ ᠨᠡᠮᠡᠭ᠌ᠳᠡᠭᠦᠯᠦᠨ᠎ᠡ᠃
(ᠨᠠᠶ᠋ᠮᠠ) ᠬᠣᠲᠠ ᠶ᠋ᠢᠨ ᠵᠠᠮ ᠬᠠᠷᠢᠯᠴᠠᠭᠠᠨ᠎ᠤ ᠲᠦᠬᠦᠭᠡᠷᠦᠮᠵᠢ᠎ᠶ᠋ᠢᠨ ᠱᠢᠰᠲᠧᠮ᠎ᠢ ᠬᠦᠴᠦᠯᠡᠨ ᠲᠡᠭᠦᠯᠳᠡᠷᠵᠢᠭᠦᠯᠦᠨ᠎ᠡ᠃ ᠵᠠᠮ ᠬᠠᠷᠢᠯᠴᠠᠭᠠᠨ᠎ᠤ ᠰᠠᠭᠤᠷᠢ ᠲᠦᠬᠦᠭᠡᠷᠦᠮᠵᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠵᠡᠭᠦᠨ ᠳᠤᠮᠳᠠ ᠪᠠᠷᠠᠭᠤᠨ ᠬᠡᠰᠡᠭ᠎ᠢ ᠬᠣᠯᠪᠣᠭ᠍ᠰᠠᠨ ᠲᠦᠷᠭᠡᠨ᠎ᠤ ᠲᠡᠮᠦᠷ ᠵᠠᠮ᠎ᠤᠨ ᠲᠡᠷᠭᠡ ᠨᠡᠪᠲᠡᠷᠡᠬᠦ᠌ ᠵᠠᠮ ᠪᠠ ᠵᠡᠭᠦᠨ ᠬᠣᠢᠲᠤ᠂ ᠪᠠᠷᠠᠭᠤᠨ ᠬᠣᠢᠲᠤ ᠣᠷᠣᠨ᠎ᠢ ᠱᠢᠭᠤᠳ ᠬᠣᠯᠪᠣᠭ᠍ᠰᠠᠨ ᠪᠠᠷᠠᠭᠠᠨ᠎ᠤ ᠭᠦᠶ᠋ᠯᠭᠡᠭᠡᠨ᠎ᠦ ᠨᠡᠪᠲᠡᠷᠡᠬᠦ᠌ ᠵᠠᠮ᠎ᠢ ᠨᠡᠪᠲᠡᠷᠡᠭᠦᠯᠵᠦ᠍᠂ ᠵᠡᠭᠦᠨ ᠪᠠᠷᠠᠭᠤᠨ᠎ᠢ ᠬᠥᠨᠳᠡᠯᠡᠨ᠎ᠢᠶᠡᠷ ᠬᠣᠯᠪᠣᠭ᠍ᠰᠠᠨ᠂ ᠡᠮᠦᠨ᠎ᠡ ᠤᠮᠠᠷ᠎ᠠ ᠵᠢ ᠭᠤᠯᠳᠤ᠎ᠪᠠᠷ ᠬᠣᠯᠪᠣᠭ᠍ᠰᠠᠨ᠂ ᠬᠣᠲᠠ ᠬᠥᠳᠡᠭᠡ᠎ᠶ᠋ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠤᠤᠷ᠎ᠢ ᠪᠠᠢᠭᠤᠯᠤᠨ᠎ᠠ᠃ ᠱᠧᠩ ᠯᠧ ᠣᠯᠠᠨ ᠤᠯᠤᠰ᠎ᠤᠨ ᠨᠢᠰᠭᠡᠯ᠎ᠦᠨ ᠪᠠᠭᠤᠳᠠᠯ᠎ᠢ ᠤᠯᠤᠰ᠎ᠤᠨ ᠣᠷᠣᠨ ᠪᠦᠰᠡ᠎ᠶ᠋ᠢᠨ ᠴᠢᠨᠠᠷᠲᠠᠢ ᠬᠦᠢᠰᠦ ᠨᠢᠰᠭᠡᠯ᠎ᠦᠨ ᠪᠠᠭᠤᠳᠠᠯ᠂ ᠨᠢᠭᠡᠳᠦᠭᠡᠷ ᠲᠥᠷᠥᠯ᠎ᠦᠨ ᠠᠭᠠᠷ᠎ᠤᠨ ᠠᠶᠠᠯᠠᠯ᠎ᠤᠨ ᠬᠢᠯᠢ ᠵᠢᠨ ᠪᠣᠭᠣᠮᠲᠠ ᠪᠠ ᠣᠷᠣᠨ ᠪᠦᠰᠡ᠎ᠶ᠋ᠢᠨ ᠴᠢᠨᠠᠷᠲᠠᠢ ᠠᠭᠠᠷ᠎ᠤᠨ ᠠᠶᠠᠯᠠᠯ᠎ᠤᠨ ᠪᠠᠷᠠᠭᠠᠨ᠎ᠤ ᠭᠦᠢᠯᠭᠡᠭᠡᠨ᠎ᠦ ᠰᠠᠭᠤᠷᠢᠨ ᠪᠣᠯᠭᠠᠨ ᠪᠦᠲᠦᠭᠡᠨ ᠪᠠᠢᠭᠤᠯᠬᠤ᠎ᠶ᠋ᠢ ᠠᠬᠢᠭᠤᠯᠤᠨ᠎ᠠ᠃ ᠬᠣᠲᠠ᠎ᠶ᠋ᠢᠨ 《ᠮᠤᠬᠤᠷ ᠵᠠᠮ》 ᠢ᠋ ᠲᠦᠷᠭᠡᠨ ᠨᠡᠪᠲᠡᠷᠡᠭᠦᠯᠵᠦ᠍᠂ ᠨᠢᠭᠡ ᠪᠦᠯᠦᠭ ᠲᠠᠩ ᠴᠢᠭᠯᠡᠯ᠎ᠳᠦ ᠨᠡᠢᠲᠡ᠎ᠶ᠋ᠢᠨ ᠮᠠᠱᠢᠨ ᠲᠡᠷᠭᠡᠨ᠎ᠦ ᠥᠷᠲᠡᠭᠡ᠎ᠶ᠋ᠢ ᠥᠭᠡᠷᠡᠴᠢᠯᠡᠨ ᠪᠠᠢᠭᠤᠯᠵᠤ᠂ ᠤᠶᠤᠨᠲᠤ ᠵᠠᠮ ᠬᠠᠷᠢᠯᠴᠠᠭᠠᠨ᠎ᠤ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ᠎ᠢᠶᠠᠷ ᠠᠬᠢᠭᠤᠯᠵᠤ᠂ ᠬᠣᠲᠠ᠎ᠶ᠋ᠢᠨ ᠨᠡᠪᠲᠡᠷᠡᠯ ᠪᠠ ᠵᠠᠮ᠎ᠤᠨ ᠲᠤᠤᠷ᠎ᠤᠨ ᠨᠡᠪᠲᠡᠷᠡᠯ᠎ᠦᠨ ᠦᠷ᠎ᠡ ᠪᠦᠲᠦᠮᠵᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠣᠯᠠᠨ ᠨᠡᠢᠲᠡ᠎ᠶ᠋ᠢᠨ ᠮᠠᠰᠢᠨ ᠲᠡᠷᠭᠡ ᠵᠣᠭ᠍ᠰᠣᠬᠤ ᠲᠦᠬᠦᠭᠡᠷᠦᠮᠵᠢ ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠨ ᠪᠠᠢᠷᠢᠱᠢᠭᠤᠯᠵᠤ᠂ ᠲᠡᠷᠭᠡ ᠵᠣᠭ᠍ᠰᠣᠬᠤ ᠭᠠᠵᠠᠷ᠂ ᠴᠠᠬᠢᠯᠭᠠᠨ ᠴᠡᠨᠡᠭ᠌ᠯᠡᠬᠦ᠌ ᠱᠣᠩ ᠵᠡᠷᠭᠡ ᠠᠷᠠᠳ᠎ᠲᠤ ᠳᠥᠭᠥᠮ ᠦᠵᠡᠭᠦᠯᠬᠦ᠌ ᠵᠠᠮ ᠬᠠᠷᠢᠯᠴᠠᠭᠠᠨ᠎ᠤ ᠲᠦᠬᠦᠭᠡᠷᠦᠮᠵᠢ᠎ᠶ᠋ᠢ ᠨᠡᠮᠡᠭ᠌ᠳᠡᠭᠦᠯᠦᠨ᠎ᠡ᠃ ᠲᠡᠷᠭᠡ ᠵᠣᠭ᠍ᠰᠣᠬᠤ᠎ᠳᠦ ᠰᠦᠶ᠋ᠳᠭᠡᠯ ᠬᠤᠷᠢᠶᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠠᠮ᠎ᠤᠨ ᠳᠣᠲᠣᠷ᠎ᠠ ᠵᠠᠮ ᠤᠨ ᠬᠠᠵᠠᠭᠤ᠎ᠳᠤ ᠲᠡᠷᠭᠡ ᠵᠣᠭ᠍ᠰᠣᠬᠤ᠎ᠳᠦ ᠰᠦᠶ᠋ᠳᠭᠡᠯ ᠬᠤᠷᠢᠶᠠᠬᠤ ᠲᠤᠷᠱᠢᠯᠲᠠ᠎ᠶ᠋ᠢᠨ ᠴᠢᠭ ᠢ ᠥᠷᠨᠢᠭᠦᠯᠵᠦ᠍᠂ ᠲᠡᠷᠭᠡ ᠵᠣᠭ᠍ᠰᠣᠬᠤ᠎ᠳᠤ ᠬᠦᠴᠢᠷᠲᠡᠶ ᠪᠠᠢᠭ᠎ᠠ ᠠᠰᠠᠭᠤᠳᠠᠯ᠎ᠢ ᠵᠠᠬ᠎ᠠ ᠳᠡᠯᠭᠡᠭᠦᠷᠴᠢᠯᠡᠬᠦ᠌ ᠠᠷᠭ᠎ᠠ ᠮᠠᠶᠢᠭ᠎ᠢᠶᠠᠷ ᠨᠠᠮᠳᠠᠭᠤᠯᠬᠤ ᠬᠡᠷᠡᠭ᠌ᠲᠡᠶ᠃
(ᠶᠢᠰᠦ) ᠬᠣᠲᠠ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠬᠠᠩᠭᠠᠯᠭ᠎ᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠦᠨ᠎ᠡ᠃ ᠪᠠᠲᠤᠯᠠᠭ᠎ᠠ᠎ᠶ᠋ᠢᠨ ᠴᠢᠨᠠᠷᠲᠠᠢ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢ ᠱᠢᠯᠢᠳᠡᠭ᠌ᠵᠢᠭᠦᠯᠦᠨ᠎ᠡ᠃ ᠠᠮᠢᠳᠤᠯᠢᠭ᠎ᠢᠶᠠᠷ ᠠᠵᠢᠯ ᠣᠯᠤᠭ᠍ᠰᠠᠳ᠎ᠤᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠳᠦ ᠣᠷᠣᠯᠴᠠᠬᠤ ᠲᠦᠷᠢᠮ᠎ᠢ ᠯᠠᠪᠳᠠᠭᠤᠨ᠎ᠢᠶᠠᠷ ᠠᠬᠢᠭᠤᠯᠤᠨ᠎ᠠ᠃ ᠣᠷᠣᠨ ᠰᠠᠭᠤᠴᠠ᠎ᠶ᠋ᠢᠨ ᠲᠦᠷᠢᠶᠡᠰᠦᠯᠡᠯ᠎ᠦᠨ ᠵᠠᠬ᠎ᠠ ᠳᠡᠯᠭᠡᠭᠦᠷ ᠢ ᠵᠢᠷᠤᠮᠵᠢᠭᠤᠯᠤᠨ ᠬᠥᠭ᠌ᠵᠢᠭᠦᠯᠵᠦ᠍᠂ ᠣᠯᠠᠨ ᠨᠡᠢᠲᠡ᠎ᠶ᠋ᠢᠨ ᠦᠶ᠋ᠯᠡᠴᠢᠯᠡᠭᠡ ᠲᠦᠷᠢᠶᠡᠰᠦᠯᠡᠬᠦ᠌ ᠪᠠ ᠬᠤᠳᠠᠯᠳᠤᠨ ᠠᠪᠬᠤ᠎ᠳᠤ ᠠᠳᠠᠯᠢ ᠡᠷᠬᠡ᠎ᠲᠡᠶ ᠪᠠᠢᠬᠤ᠎ᠶ᠋ᠢ ᠪᠡᠶᠡᠯᠡᠭᠦᠯᠬᠦ᠌᠎ᠶ᠋ᠢ ᠠᠬᠢᠭᠤᠯᠤᠨ᠎ᠠ᠃ ᠠᠵᠢᠯ ᠣᠯᠭᠣᠬᠤ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲᠧᠮ᠎ᠢ ᠪᠦᠷᠢᠨᠱᠢᠭᠦᠯᠵᠦ᠍᠂ ᠠᠵᠢᠯ ᠣᠯᠭᠣᠬᠤ ᠦᠢᠯᠡᠴᠢᠯᠡᠭᠡᠨ᠎ᠦ ᠳᠥᠭᠥᠮ ᠦᠵᠡᠭᠦᠯᠬᠦ᠌ ᠬᠡᠮᠵᠢᠶ᠎ᠡ ᠪᠣᠯᠤᠨ ᠬᠦᠷᠲᠡᠵᠦ᠍ ᠪᠣᠯᠬᠤᠢᠴᠠ ᠴᠢᠨᠠᠷ᠎ᠢ ᠳᠡᠭᠡᠭ᠌ᠰᠢᠯᠡᠭᠦᠯᠦᠨ᠎ᠡ᠃ ᠠᠭᠤᠰᠤᠯᠴᠠᠯ ᠮᠠᠶᠢᠭ᠎ᠤᠨ ᠨᠡᠢᠭᠡᠮ ᠲᠣᠭᠣᠷᠢᠭ᠎ᠤᠨ ᠨᠠᠰᠤᠵᠢᠯ᠎ᠤᠨ ᠦᠶ᠋ᠯᠡᠴᠢᠯᠡᠭᠡ ᠵᠢ ᠬᠥᠭ᠌ᠵᠢᠭᠦᠯᠵᠦ᠍᠂ ᠲᠦᠭᠡᠮᠡᠯ ᠬᠠᠷᠠᠭᠠᠯᠵᠠᠯᠲᠤ ᠨᠠᠰᠤᠵᠢᠯ᠎ᠤᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠥᠷᠭᠡᠳᠭᠡᠨ᠎ᠡ᠃ ᠬᠣᠲᠠ᠎ᠶ᠋ᠢᠨ ᠰᠤᠯᠠ ᠭᠠᠵᠠᠷ᠎ᠢ ᠠᠱᠢᠭ᠍ᠯᠠᠨ ᠪᠡᠶ᠎ᠡ ᠴᠢᠭᠢᠷᠠᠭ᠍ᠵᠢᠭᠤᠯᠬᠤ ᠣᠷᠣᠨ ᠵᠠᠶ᠎ᠶ᠋ᠢ ᠥᠷᠭᠡᠳᠭᠡᠵᠦ᠍᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠣᠯᠠᠨ ᠲᠦᠮᠡᠨ᠎ᠦ ᠠᠮᠠᠷᠬᠠᠨ ᠬᠦᠷᠳᠡᠵᠦ ᠪᠤᠯᠬᠤᠢᠴᠠ ᠪᠡᠶ᠎ᠡ ᠴᠢᠭᠢᠷᠠᠭ᠍ᠵᠢᠭᠤᠯᠬᠤ ᠲᠦᠬᠦᠭᠡᠷᠦᠮᠵᠢ᠎ᠶ᠋ᠢ ᠪᠥᠲᠥᠭᠡᠨ ᠪᠠᠢᠭᠤᠯᠤᠨ᠎ᠠ᠃ ᠨᠢᠭ᠍ᠲᠠᠷᠠᠭ᠍ᠰᠠᠨ ᠬᠡᠯᠪᠡᠷᠢ᠎ᠶ᠋ᠢᠨ ᠡᠮᠴᠢᠯᠡᠭᠡᠨ᠎ᠦ ᠬᠣᠯᠪᠣᠭᠠᠲᠤ ᠴᠣᠭ᠍ᠴᠠ᠎ᠶ᠋ᠢᠨ ᠠᠭᠤᠯᠤᠭ᠍ᠳᠠᠬᠤᠨ᠎ᠤ ᠪᠠᠢᠭᠤᠯᠤᠯᠲᠠ᠎ᠶ᠋ᠢ ᠴᠢᠩᠭᠠᠳᠭᠠᠵᠤ᠂《ᠬᠣᠲᠠ᠎ᠪᠠᠷ ᠲᠣᠭᠣᠷᠢᠭ ᠢ᠋ ᠳᠠᠢᠴᠢᠯᠠᠬᠤ᠂ ᠲᠣᠭᠣᠷᠢᠭ ᠨᠠᠢᠭᠡᠮ ᠲᠤᠭᠤᠷᠢᠭ ᠢ᠋ ᠨᠢᠭᠡ ᠴᠣᠭ᠍ᠴᠠᠵᠢᠭᠤᠯᠬᠤ》ᠬᠠᠮᠵᠢᠯᠴᠠᠬᠤ ᠵᠠᠭ᠍ᠪᠤᠷ ᠢ ᠪᠠᠢᠭᠤᠯᠤᠨ᠎ᠠ᠃ ᠪᠡᠭᠡᠵᠢᠩ᠎ᠦᠨ ᠶᠢᠦ ᠢ ᠡᠮᠨᠡᠯᠭᠡ᠎ᠶ᠋ᠢᠨ ᠬᠣᠷᠢᠶ᠎ᠠ ᠵᠢᠨ ᠥᠪᠥᠷ ᠮᠣᠩᠭᠣᠯ᠎ᠤᠨ ᠡᠮᠨᠡᠯᠭᠡ᠎ᠶ᠋ᠢᠨ ᠬᠣᠷᠢᠶ᠎ᠠ᠂ ᠪᠡᠭᠡᠵᠢᠩ ᠶᠡᠬᠡ ᠰᠤᠷᠭᠠᠭᠤᠯᠢ᠎ᠶ᠋ᠢᠨ ᠬᠠᠪᠤᠳᠠᠷ᠎ᠤᠨ ᠡᠮᠨᠡᠯᠭᠡ᠎ᠶ᠋ᠢᠨ ᠬᠣᠷᠢᠶ᠎ᠠ᠎ᠶ᠋ᠢᠨ ᠥᠪᠥᠷ ᠮᠣᠩᠭᠣᠯ᠎ᠤᠨ ᠡᠮᠨᠡᠯᠭᠡ᠎ᠶ᠋ᠢᠨ ᠬᠣᠷᠢᠶ᠎ᠠ ᠵᠡᠷᠭᠡ ᠬᠣᠶᠠᠷ ᠤᠯᠤᠰ᠎ᠤᠨ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠎ᠦᠨ ᠪᠥᠲᠥᠭᠡᠨ ᠪᠠᠢᠭᠤᠯᠤᠯᠲᠠ ᠶ᠋ᠢ ᠲᠦᠷᠭᠡᠳᠭᠡᠨ᠎ᠡ᠃ ᠦᠷᠡᠵᠢᠯ᠎ᠦᠨ ᠳᠡᠮᠵᠢᠯᠭᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ ᠢ ᠲᠡᠭᠦᠯᠳᠡᠷᠵᠢᠭᠦᠯᠵᠦ᠍᠂ ᠦᠷᠡᠵᠢᠯᠳ᠋ᠦ ᠨᠥᠬᠥᠷᠰᠡᠭ ᠬᠡᠯᠪᠡᠷᠢ᠎ᠶ᠋ᠢᠨ ᠨᠡᠢᠭᠡᠮ᠎ᠢ ᠪᠠᠢᠭᠤᠯᠬᠤ᠎ᠶ᠋ᠢ ᠠᠬᠢᠭᠤᠯᠤᠨ᠎ᠠ᠃ ᠬᠥᠮᠦᠨ ᠠᠮᠠ᠎ᠶ᠋ᠢᠨ ᠬᠥᠳᠡᠯᠦᠩᠭᠦᠶ ᠬᠤᠪᠢᠷᠠᠯᠲᠠ᠎ᠶ᠋ᠢ ᠦᠨᠳᠦᠰᠦᠯᠡᠨ ᠬᠣᠲᠠ᠎ᠶ᠋ᠢᠨ ᠰᠤᠷᠭᠠᠭᠤᠯᠢ᠎ᠶ᠋ᠢᠨ ᠪᠠᠢᠷᠢᠱᠢᠭᠤᠯᠤᠯᠲᠠ᠎ᠶ᠋ᠢ ᠲᠣᠬᠢᠷᠠᠭᠤᠯᠵᠤ᠂ ᠰᠤᠷᠭᠠᠨ ᠬᠥᠮᠦᠵᠢᠯ᠎ᠦᠨ ᠡᠬᠢ ᠪᠠᠶᠠᠯᠢᠭ ᠬᠢᠭᠡᠳ ᠰᠤᠷᠭᠠᠭᠤᠯᠢ ᠵᠢᠨ ᠨᠠᠰᠤᠨ᠎ᠤ ᠬᠥᠮᠦᠨ ᠠᠮᠠ᠎ᠶ᠋ᠢᠨ ᠡᠪᠴᠡᠯᠳᠦᠯ᠎ᠢ ᠳᠡᠭᠡᠭ᠌ᠰᠢᠯᠡᠭᠦᠯᠦᠨ᠎ᠡ᠃
ᠲᠠᠪᠤ᠂ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠶ ᠦᠵᠡᠰᠭᠦᠯᠡᠩᠲᠦ ᠰᠠᠢᠬᠠᠨ ᠬᠣᠲᠠ᠎ᠶ᠋ᠢᠨ ᠣᠷᠴᠢᠨ ᠨᠥᠬᠥᠴᠡᠯ᠎ᠢ ᠪᠣᠶ ᠪᠤᠯᠭᠠᠨ᠎ᠠ
(ᠠᠷᠪᠠ) ᠬᠣᠲᠠ᠎ᠶ᠋ᠢᠨ ᠠᠮᠢ ᠠᠬᠤᠶ᠎ᠶ᠋ᠢᠨ ᠣᠷᠴᠢᠨ ᠲᠣᠭᠣᠷᠢᠨ᠎ᠤ ᠵᠠᠰᠠᠯᠲᠠ᠎ᠶ᠋ᠢ ᠴᠢᠩᠭᠠᠳᠭᠠᠨ᠎ᠠ᠃ ᠦᠵᠡᠰᠭᠦᠯᠡᠩᠲᠦ ᠰᠠᠢᠬᠠᠨ ᠬᠣᠲᠠ᠂《ᠬᠠᠶᠠᠭ᠍ᠳᠠᠮᠠᠯ ᠪᠣᠳᠠᠰ ᠥᠬᠡᠶ ᠬᠣᠲᠠ》 ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠥᠬᠡᠬᠣᠲᠠ᠂ ᠣᠷᠳᠣᠰ᠂ ᠱᠢᠯᠢ᠎ᠶ᠋ᠢᠨ ᠭᠤᠤᠯ ᠠᠢᠮᠠᠭ᠎ᠤᠨ ᠦᠵᠡᠰᠭᠦᠯᠡᠩᠲᠦ ᠰᠠᠢᠬᠠᠨ ᠬᠣᠲᠠ᠎ᠶ᠋ᠢᠨ ᠬᠣᠱᠢᠭᠤᠴᠢ ᠣᠷᠣᠨ᠎ᠢ ᠪᠥᠲᠥᠭᠡᠨ ᠪᠠᠢᠭᠤᠯᠬᠤ᠎ᠶ᠋ᠢ ᠳᠡᠮᠵᠢᠨ᠎ᠡ᠃ ᠬᠠᠢᠮᠢᠶᠠᠨ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠬᠣᠲᠠ᠎ᠶ᠋ᠢᠨ ᠨᠤᠭᠤ ᠭᠠᠵᠠᠷ᠎ᠢ ᠬᠠᠮᠠᠭᠠᠯᠠᠨ ᠰᠡᠷᠭᠦᠭᠡᠨ᠎ᠡ᠃ ᠬᠣᠲᠠ᠎ᠶ᠋ᠢᠨ ᠪᠣᠬᠢᠷ ᠦᠮᠡᠬᠡᠶ ᠤᠰᠤᠨ ᠴᠣᠭ᠍ᠴᠠ᠎ᠶ᠋ᠢ ᠵᠠᠰᠠᠭ᠍ᠰᠠᠨ ᠦᠷ᠎ᠡ ᠪᠦᠲᠦᠮᠵᠢ᠎ᠶ᠋ᠢ ᠪᠡᠬᠢᠵᠢᠭᠦᠯᠵᠦ᠍᠂ ᠬᠣᠲᠠ ᠪᠠᠯᠭᠠᠰᠤ ᠶ᠋ᠢᠨ ᠪᠣᠬᠢᠷ ᠤᠰᠤ ᠱᠢᠶ᠋ᠳᠪᠦᠷᠢᠯᠡᠬᠦ᠌ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠂ ᠬᠣᠲᠠ᠎ᠶ᠋ᠢᠨ ᠪᠦᠳᠦᠭᠡᠨ ᠪᠠᠢᠭᠤᠯᠬᠤ ᠤᠷᠤᠨ᠎ᠤ ᠠᠮᠢᠳᠤᠷᠠᠯ᠎ᠤᠨ ᠪᠣᠬᠢᠷ ᠤᠰᠤ᠎ᠶ᠋ᠢ ᠱᠢᠭᠤᠳ ᠭᠠᠳᠠᠭ᠍ᠰᠢᠯᠠᠭᠤᠯᠬᠤ ᠠᠮᠠᠰᠠᠷ ᠪᠠ ᠲᠦᠬᠦᠭᠡᠷᠦᠮᠵᠢ ᠦᠭᠡᠶ ᠣᠷᠣᠨ᠎ᠢ ᠠᠷᠢᠯᠭᠠᠨ᠎ᠠ᠃ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠥᠷᠥᠰᠥ᠍ ᠱᠢᠷᠣᠶ᠎ᠶ᠋ᠢᠨ ᠪᠣᠬᠢᠷᠲᠤᠯ᠎ᠤᠨ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠪᠠ ᠵᠠᠰᠠᠨ ᠰᠡᠷᠭᠦᠭᠡᠬᠦ᠌᠎ᠶ᠋ᠢ ᠥᠷᠨᠢᠭᠦᠯᠦᠨ᠎ᠡ᠃ ᠢᠯᠴᠢ ᠡᠭᠦᠰᠭᠡᠭ᠌ᠴᠢ᠎ᠶ᠋ᠢ ᠴᠡᠪᠡᠷᠱᠢᠭᠦᠯᠦᠨ ᠥᠭᠡᠷᠡᠴᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠴᠡᠪᠡᠷ ᠳᠤᠯᠠᠭᠠᠯᠠᠭ᠎ᠠ᠎ᠶ᠋ᠢᠨ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠎ᠡ᠃ ᠡᠨᠧᠷᠭᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠪᠣᠯᠣᠳ ᠲᠡᠮᠦᠷ᠂ ᠱᠦᠶ᠋ᠨᠢ ᠵᠡᠷᠭᠡ ᠭᠤᠤᠯᠳᠠᠯᠭ᠎ᠠ᠎ᠲᠠᠶ ᠠᠵᠢᠯ ᠲᠥᠷᠥᠯ ᠦᠨ ᠬᠡᠲᠦ ᠳᠤᠤᠷ᠎ᠠ ᠭᠠᠳᠠᠭ᠍ᠰᠢᠯᠠᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ ᠢ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌᠎ᠶ᠋ᠢ ᠭᠦᠨᠵᠡᠭᠡᠢᠷᠡᠭᠦᠯᠦᠨ᠎ᠡ᠃
(ᠠᠷᠪᠠᠨ ᠨᠢᠭᠡ) ᠬᠣᠲᠠ᠎ᠶ᠋ᠢᠨ ᠡᠨᠧᠷᠭᠢ ᠠᠷᠪᠢᠯᠠᠨ ᠪᠣᠬᠢᠷᠲᠤᠯ᠎ᠢ ᠪᠠᠭᠠᠰᠬᠠᠵᠤ ᠨᠡᠭᠦᠷᠡᠰᠦᠳᠦᠢ᠍ᠷᠦᠭᠴᠢ ᠵᠢᠨ ᠭᠠᠳᠠᠭ᠍ᠰᠢᠯᠠᠭᠤᠯᠤᠯᠳᠠ ᠶ᠋ᠢ ᠪᠠᠭᠤᠷᠠᠭᠤᠯᠬᠤ᠎ᠶᠢ ᠠᠬᠢᠭᠤᠯᠤᠨ᠎ᠠ᠃ ᠬᠣᠲᠠ᠎ᠶ᠋ᠢᠨ ᠪᠣᠬᠢᠷᠲᠤᠯ ᠥᠬᠡᠶ ᠦᠶ᠋ᠯᠡᠳᠬᠦ᠌ ᠪᠠ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠵᠦ᠍᠂ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠲᠦᠷᠭᠡᠳᠭᠡᠨ᠂ ᠭᠤᠤᠯᠳᠠᠯᠭ᠎ᠠ᠎ᠲᠠᠶ ᠠᠵᠢᠯ ᠲᠥᠷᠥᠯ᠎ᠦᠨ ᠡᠨᠧᠷᠭᠢ ᠠᠷᠪᠢᠯᠠᠨ ᠨᠡᠭᠦᠷᠡᠰᠦᠲᠥ᠋ᠷᠥᠭ᠌ᠴᠢ ᠪᠠᠭᠠᠰᠭᠠᠬᠤ᠎ᠶ᠋ᠢ ᠠᠬᠢᠭᠤᠯᠵᠤ᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠤᠯᠠᠷᠢᠭᠤᠯᠤᠨ ᠠᠱᠢᠭ᠍ᠯᠠᠬᠤ᠎ᠶ᠋ᠢ ᠴᠢᠩᠭᠠᠳᠭᠠᠨ᠎ᠠ᠃ ᠬᠡᠲᠦ ᠳᠣᠣᠷ᠎ᠠ ᠡᠨᠧᠷᠭᠢ᠎ᠶ᠋ᠢᠨ ᠬᠣᠷᠣᠭ᠍ᠳᠠᠯ᠎ᠲᠠᠶ ᠪᠠᠷᠢᠯᠭ᠎ᠠ᠎ᠶ᠋ᠢ ᠡᠮᠬᠢ ᠵᠢᠷᠤᠮ᠎ᠲᠠᠶ ᠳᠡᠯᠭᠡᠷᠡᠭᠦᠯᠵᠦ᠍᠂ ᠨᠢᠭᠡᠨᠲᠡ ᠪᠠᠢᠭ᠎ᠠ ᠪᠠᠷᠢᠯᠭ᠎ᠠ ᠶ᠋ᠢᠨ ᠡᠨᠧᠷᠭᠢ ᠠᠷᠪᠢᠯᠠᠬᠤ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ᠂ ᠪᠣᠬᠢᠷᠲᠤᠯ ᠦᠭᠡᠢ ᠪᠠᠷᠢᠯᠭ᠎ᠠ᠎ᠶ᠋ᠢᠨ ᠪᠠᠷᠢᠮᠵᠢᠶ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ 2030 ᠣᠨ ᠪᠣᠯᠬᠤ᠎ᠳᠤ ᠣᠳᠣᠨ ᠲᠡᠰ᠎ᠤᠨ ᠪᠣᠬᠢᠷᠲᠤᠯ ᠦᠭᠡᠢ ᠪᠠᠷᠢᠯᠭ᠎ᠠ᠎ᠳᠤ ᠪᠣᠬᠢᠷᠲᠤᠯ ᠦᠭᠡᠢ ᠪᠠᠷᠢᠯᠭ᠎ᠠ᠎ᠶ᠋ᠢᠨ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠬᠡᠷᠡᠭ᠌ᠯᠡᠨ᠎ᠡ᠃ ᠤᠰᠤᠲᠥ᠋ᠷᠥᠭ᠌ᠴᠢ ᠲᠦᠯᠡᠱᠢᠨ ᠳ᠋ᠢᠶᠠᠨ ᡂᠢ᠎ᠶ᠋ᠢᠨ ᠮᠠᠱᠢᠨ ᠲᠡᠷᠭᠡᠨ᠎ᠦ ᠣᠯᠠᠨ ᠲᠠᠯᠠᠪᠤᠷ ᠲᠦ᠍ ᠬᠡᠪᠴᠢᠶᠡᠵᠢᠭᠦᠯᠦᠨ ᠬᠡᠷᠡᠭ᠌ᠯᠡᠬᠦ᠌᠎ᠶ᠋ᠢ ᠠᠬᠢᠭᠤᠯᠤᠨ᠎ᠠ᠃ ᠠᠮᠢᠳᠤᠷᠠᠯ᠎ᠤᠨ ᠬᠣᠭ ᠨᠣᠪᠰᠢ᠎ᠶ᠋ᠢ ᠲᠥᠷᠥᠯ ᠬᠤᠪᠢᠶᠠᠨ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠠᠮᠢᠳᠤᠷᠠᠯ᠎ᠤᠨ ᠬᠣᠭ ᠨᠣᠪᠰᠢ᠎ᠶ᠋ᠢ ᠱᠢᠲᠠᠭᠠᠨ ᠱᠢᠶ᠋ᠳᠪᠦᠷᠢᠯᠡᠬᠦ᠌ ᠪᠠ ᠬᠣᠭᠣᠯᠠᠨ ᠬᠡᠷ᠎ᠦᠨ ᠬᠣᠭ ᠨᠣᠪᠰᠢ᠎ᠶ᠋ᠢ ᠱᠢᠶ᠋ᠳᠪᠦᠷᠢᠯᠡᠬᠦ᠌ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ 2035 ᠣᠨ ᠪᠣᠯᠬᠤ᠎ᠳᠤ ᠲᠤᠰᠭᠠᠶ ᠣᠷᠣᠨ᠎ᠤ ᠲᠠᠰ᠎ᠤᠨ ᠬᠣᠲᠠ᠎ᠶ᠋ᠢ ᠪᠦᠬᠦᠨ᠎ᠢ ᠬᠤᠭ ᠨᠤᠪᠰᠢ ᠵᠢ ᠱᠢᠲᠠᠭᠠᠨ ᠰᠢᠢᠳᠪᠦᠷᠢᠯᠡᠬᠦ ᠴᠢᠳᠠᠪᠤᠷᠢ᠎ᠲᠠᠶ ᠪᠣᠯᠭᠠᠨ᠎ᠠ᠃ ᠪᠠᠷᠢᠯᠭ᠎ᠠ᠎ᠶ᠋ᠢᠨ ᠬᠣᠭ ᠨᠣᠪᠰᠢ᠎ᠶ᠋ᠢ ᠬᠤᠷᠢᠶᠠᠨ ᠲᠡᠭᠡᠭᠡᠪᠦᠷᠢᠯᠡᠬᠦ᠌᠂ ᠠᠱᠢᠭ᠍ᠯᠠᠬᠤ᠎ᠶ᠋ᠢ ᠨᠢᠭᠡ ᠴᠣᠭ᠍ᠴᠠᠵᠢᠭᠤᠯᠤᠨ ᠡᠵᠡᠩᠨᠡᠬᠦ᠌᠎ᠶ᠋ᠢ ᠠᠬᠢᠭᠤᠯᠵᠤ᠂ ᠡᠬᠢ ᠪᠠᠶᠠᠯᠢᠭ᠍ᠵᠢᠭᠤᠯᠤᠨ ᠠᠱᠢᠭ᠍ᠯᠠᠬᠤ ᠪᠠ ᠬᠣᠭ ᠨᠣᠪᠰᠢ ᠪᠠᠭᠳᠠᠭᠠᠨ ᠱᠢᠩᠭᠡᠭᠡᠬᠦ᠌ ᠲᠠᠯᠠᠪᠤᠷ ᠭᠠᠵᠠᠷ ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃
(ᠠᠷᠪᠠᠨ ᠬᠣᠶᠠᠷ) ᠠᠮᠢ ᠠᠬᠤᠶ᠎ᠶ᠋ᠢᠨ ᠴᠡᠴᠡᠷᠯᠢᠭ᠌ᠵᠢᠭᠦᠯᠦᠭ᠌ᠰᠡᠨ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠠᠳᠠᠯᠢ ᠪᠤᠰᠤ ᠨᠠᠰᠤᠨ᠎ᠤ ᠬᠦᠮᠦᠰ ᠲᠦ᠍ ᠨᠥᠬᠥᠷᠰᠡᠭ ᠬᠡᠯᠪᠡᠷᠢ᠎ᠶ᠋ᠢᠨ ᠴᠡᠴᠡᠷᠯᠢᠭ᠎ᠢ ᠲᠠᠰ ᠳᠡᠪᠱᠢᠭᠦᠯᠦᠨ ᠥᠭᠡᠷᠡᠴᠢᠯᠡᠨ ᠪᠠᠢᠭᠤᠯᠬᠤ᠎ᠶ᠋ᠢ ᠥᠷᠨᠢᠭᠦᠯᠵᠦ᠍᠂ ᠬᠣᠲᠠ᠎ᠶ᠋ᠢᠨ ᠵᠠᠬ᠎ᠠ ᠬᠢᠵᠠᠭᠠᠷ᠎ᠤᠨ ᠣᠷᠣᠨ ᠵᠠᠶ᠎ᠶ᠋ᠢ ᠭᠦᠶ᠋ᠴᠡᠳ ᠠᠭᠤᠳᠠᠯᠤᠨ᠂ ᠭᠠᠵᠠᠷ ᠣᠷᠣᠨ᠎ᠤ ᠪᠠᠢᠳᠠᠯ᠎ᠳᠠᠭᠠᠨ ᠳᠣᠭᠢᠷᠠᠭᠤᠯᠤᠨ《ᠬᠠᠷᠮᠠᠨ ᠴᠡᠴᠡᠷᠯᠢᠭ》 ᠢ᠋ ᠪᠥᠲᠥᠭᠡᠨ ᠪᠠᠢᠭᠤᠯᠤᠨ᠎ᠠ᠃《ᠴᠡᠴᠡᠷᠯᠢᠭ +》ᠠᠮᠢᠵᠢᠷᠠᠯ᠎ᠤᠨ ᠬᠦᠴᠦᠨ᠎ᠲᠡᠶ ᠠᠬᠤᠢ ᠲᠠᠯᠠᠪᠠᠢ᠎ᠶ᠋ᠢ ᠲᠦᠷᠭᠡᠨ ᠪᠣᠢᠵᠢᠭᠤᠯᠵᠤ᠂ ᠵᠦᠯᠭᠡ ᠪᠠ ᠤᠢ᠎ᠶ᠋ᠢᠨ ᠳᠣᠣᠷᠠᠬᠢ ᠣᠷᠣᠨ ᠵᠠᠢ᠎ᠶ᠋ᠢᠨ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠵᠦ᠍᠂ ᠴᠡᠴᠡᠷᠯᠢᠭ᠎ᠢ ᠨᠡᠭᠡᠭᠡᠯᠲᠡᠲᠡᠶ ᠪᠠᠢᠯᠭᠠᠵᠤ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂《ᠬᠢᠵᠠᠭᠠᠷ ᠦᠭᠡᠢ》ᠴᠡᠴᠡᠷᠯᠢᠭ᠎ᠢ ᠪᠦᠲᠦᠭᠡᠨ ᠪᠠᠢᠭᠤᠯᠤᠨ᠎ᠠ᠃ ᠠᠮᠢ ᠠᠬᠤᠶ᠎ᠶ᠋ᠢᠨ ᠬᠣᠩᠭᠢᠯ ᠵᠠᠮ᠂ ᠰᠠᠯᠬᠢ ᠨᠡᠪᠲᠡᠷᠡᠭᠦᠯᠬᠦ᠌ ᠬᠣᠩᠭᠢᠯ ᠵᠠᠮ᠂ ᠬᠣᠲᠠ᠎ᠶ᠋ᠢᠨ ᠨᠣᠭᠣᠭᠠᠷᠠᠭᠤᠯᠤᠯᠲᠠ᠎ᠶ᠋ᠢᠨ ᠵᠠᠮ᠂ ᠦᠵᠡᠮᠵᠢ᠎ᠶ᠋ᠢᠨ ᠬᠣᠩᠭᠢᠯ ᠵᠠᠮ ᠵᠢᠴᠢ ᠰᠠᠭᠤᠷᠢ ᠲᠦᠬᠦᠭᠡᠷᠦᠮᠵᠢ᠎ᠶ᠋ᠢᠨ ᠨᠢᠭᠡ ᠴᠣᠭ᠍ᠴᠠᠵᠢᠭᠤᠯᠤᠭ᠍ᠰᠠᠨ ᠪᠠᠢᠷᠢᠱᠢᠭᠤᠯᠤᠯᠲᠠ᠎ᠶ᠋ᠢ ᠴᠢᠩᠭᠠᠳᠭᠠᠵᠤ᠂ ᠬᠣᠲᠠ᠎ᠶ᠋ᠢᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠲᠤᠤᠷ ᠢ᠋ ᠲᠡᠭᠦᠯᠳᠡᠷᠵᠢᠭᠦᠯᠦᠨ᠎ᠡ᠃ ᠠᠷᠪᠢᠳᠠᠢ ᠪᠠᠭ᠎ᠠ ᠨᠡᠭᠦᠷᠡᠰᠦᠲᠥ᠋ᠷᠥᠭ᠌ᠴᠢᠳᠤ ᠬᠡᠯᠪᠡᠷᠢ᠎ᠶ᠋ᠢᠨ ᠨᠣᠭᠣᠭᠠᠷᠠᠭᠤᠯᠤᠯᠲᠠ᠎ᠶ᠋ᠢ ᠳᠡᠯᠭᠡᠷᠡᠭᠦᠯᠵᠦ᠍᠂《ᠨᠠᠷᠢᠯᠢᠭ ᠦᠵᠡᠮᠵᠢ ᠵᠢᠨ ᠤᠷᠤᠨ ᠪᠠ ᠬᠡᠭᠡᠷ᠎ᠡ ᠲᠠᠯ᠎ᠠ᠎ᠶ᠋ᠢᠨ ᠪᠠᠢᠭᠠᠯᠢ ᠵᠢᠨ ᠤᠷᠤᠨ ᠢ᠋ ᠤᠶᠠᠯᠳᠤᠭᠤᠯᠬᠤ᠂ ᠲᠠᠰ ᠲᠥᠷᠥᠯ ᠬᠤᠪᠢᠶᠠᠬᠤ》ᠠᠷᠠᠴᠢᠯᠠᠨ ᠬᠠᠮᠠᠭᠠᠯᠠᠬᠤ ᠠᠷᠭ᠎ᠠ ᠮᠠᠶᠢᠭ᠎ᠲᠤ ᠱᠢᠨ᠎ᠡ᠎ᠶ᠋ᠢ ᠡᠭᠦᠳᠴᠦ᠍᠂ ᠨᠤᠲᠤᠭ᠎ᠤᠨ ᠤᠷᠭᠤᠮᠠᠯ᠎ᠤᠨ ᠬᠡᠷᠡᠭ᠌ᠯᠡᠭᠡᠨ᠎ᠦ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃
ᠵᠢᠷᠭᠤᠭ᠎ᠠ᠂ ᠬᠣᠲᠠ᠎ᠶ᠋ᠢᠨ ᠠᠮᠤᠷ ᠲᠦᠪᠱᠢᠨ ᠦ ᠤᠶᠠᠨ ᠬᠠᠲᠠᠨ ᠴᠢᠨᠠᠷ᠎ᠢ ᠳᠡᠭᠡᠭ᠌ᠰᠢᠯᠡᠭᠦᠯᠦᠨ᠎ᠡ
(ᠠᠷᠪᠠᠨ ᠭᠤᠷᠪᠠ) ᠬᠡᠷ ᠪᠠᠢᠱᠢᠩ ᠪᠠ ᠬᠣᠲᠠ᠎ᠶ᠋ᠢᠨ ᠶᠠᠪᠤᠳᠠᠯ᠎ᠤᠨ ᠲᠦᠬᠦᠭᠡᠷᠦᠮᠵᠢ᠎ᠶ᠋ᠢᠨ ᠠᠮᠤᠷ ᠲᠦᠪᠱᠢᠨ᠎ᠦ ᠬᠡᠮ ᠰᠣᠭᠣᠭ᠎ᠢ ᠵᠠᠰᠠᠬᠤ᠎ᠶ᠋ᠢ ᠴᠢᠩᠭᠠᠳᠭᠠᠨ᠎ᠠ᠃ ᠬᠡᠷ ᠪᠠᠢᠱᠢᠩ᠎ᠤᠨ ᠠᠮᠤᠷ ᠲᠦᠪᠱᠢᠨ᠎ᠦ ᠪᠡᠶ᠎ᠡ᠎ᠶ᠋ᠢᠨ ᠪᠠᠢᠴᠠᠭᠠᠯᠲᠠ᠂ ᠬᠡᠷ ᠪᠠᠢᠱᠢᠩ᠎ᠤᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠪᠠᠯᠠ ᠮᠥᠩᠭᠥ᠌᠂ ᠬᠡᠷ ᠪᠠᠢᠱᠢᠩ ᠤᠨ ᠶᠠᠰᠤ ᠴᠢᠨᠠᠷ᠎ᠤᠨ ᠠᠮᠤᠷ ᠲᠦᠪᠱᠢᠨ᠎ᠦ ᠳᠠᠭᠠᠳᠭᠠᠯ ᠵᠡᠷᠭᠡ ᠲᠦᠷᠢᠮ᠎ᠢ ᠰᠦᠪᠡᠭ᠌ᠴᠢᠯᠡᠨ ᠪᠠᠢᠭᠤᠯᠵᠤ᠂ ᠬᠡᠷ ᠪᠠᠢᠱᠢᠩ᠎ᠳᠤ ᠠᠮᠢ ᠨᠠᠰᠤᠨ᠎ᠤ ᠪᠥᠬᠥ᠌ ᠦᠶᠡᠯᠡᠯ᠎ᠦᠨ ᠬᠤᠭᠤᠴᠠᠭᠠᠨ᠎ᠤ ᠠᠮᠤᠷ ᠲᠦᠪᠱᠢᠨ᠎ᠦ ᠪᠠᠲᠤᠯᠠᠭ᠎ᠠ ᠬᠠᠩᠭᠠᠨ᠎ᠠ᠃ ᠠᠶᠤᠯ ᠥᠬᠡᠶ ᠦᠶ᠋ᠯᠡᠳᠪᠦᠷᠢᠯᠡᠯ᠎ᠦᠨ ᠦᠨᠳᠦᠰᠦ᠎ᠡᠴᠡ᠎ᠨᠢ ᠵᠠᠰᠠᠬᠤ ᠱᠢᠪᠲᠤᠯᠤᠯᠲᠠ᠎ᠶ᠋ᠢᠨ ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ ᠠᠯᠤᠰᠯᠠᠭ᠍ᠰᠠᠨ ᠬᠡᠮᠵᠢᠶ᠎ᠡ᠎ᠨᠢ ᠶᠡᠬᠡ᠂ ᠱᠢᠯ ᠬᠥᠱᠢᠭᠡ᠎ᠲᠦ ᠬᠡᠷᠡᠮ ᠵᠡᠷᠭᠡ ᠪᠠᠷᠢᠯᠭ᠎ᠠ᠎ᠶ᠋ᠢᠨ ᠶᠠᠰᠤ ᠴᠢᠨᠠᠷ᠎ᠤᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠴᠢᠩᠭᠠᠳᠭᠠᠨ᠂ ᠬᠣᠲᠠ ᠪᠠᠯᠭᠠᠰᠤ᠎ᠶ᠋ᠢᠨ ᠤᠷᠢᠳᠴᠢᠯᠠᠨ ᠦᠶ᠋ᠯᠡᠳᠦᠭ᠌ᠰᠡᠨ ᠬᠠᠪᠲᠠᠰᠤᠨ ᠬᠡᠷ ᠪᠠᠢᠱᠢᠩ ᠢ ᠵᠠᠰᠠᠵᠤ ᠥᠭᠡᠷᠡᠴᠢᠯᠡᠬᠦ᠌ ᠠᠵᠢᠯᠯᠠᠭ᠎ᠠ ᠪᠠ ᠭᠠᠵᠠᠷ ᠬᠥᠳᠡᠯᠦᠯᠲᠡ ᠠᠮᠠᠷᠬᠠᠨ ᠡᠭᠦᠰᠭᠦ ᠣᠷᠣᠨ ᠤ ᠬᠡᠷ ᠪᠠᠢᠱᠢᠩ᠎ᠤᠨ ᠲᠦᠬᠦᠭᠡᠷᠦᠮᠵᠢ᠎ᠶ᠋ᠢ ᠪᠡᠬᠢᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠣᠯᠠᠨᠬᠦᠮᠦᠨ ᠨᠢᠭᠡ ᠭᠡᠷ ᠢ᠋ ᠲᠦᠷᠢᠶᠡᠰᠦᠯᠡᠬᠦ᠌ ᠭᠡᠷ ᠪᠠᠢᠱᠢᠩ᠎ᠤᠨ ᠠᠮᠤᠷ ᠲᠦᠪᠱᠢᠨ᠎ᠦ ᠬᠡᠮ ᠰᠤᠭᠤᠭ᠎ᠢ ᠴᠡᠭ᠌ᠴᠡᠯᠡᠨ ᠵᠠᠰᠠᠬᠤ᠎ᠶ᠋ᠢ ᠴᠢᠩᠭᠠᠳᠭᠠᠨ᠎ᠠ᠃ ᠬᠣᠲᠠ᠎ᠶ᠋ᠢᠨ ᠰᠠᠭᠤᠷᠢ ᠲᠦᠬᠦᠭᠡᠷᠦᠮᠵᠢ᠎ᠶ᠋ᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ 2035 ᠣᠨ ᠪᠣᠯᠬᠤ᠎ᠳᠤ ᠠᠢᠮᠠᠭ ᠬᠣᠲᠠ᠎ᠶ᠋ᠢᠨ ᠵᠠᠰᠠᠭ᠎ᠤᠨ ᠣᠷᠳᠣᠨ (ᠵᠠᠬᠢᠷᠭ᠎ᠠ) ᠤ᠋ ᠪᠠᠢᠭ᠎ᠠ ᠭᠠᠵᠠᠷ᠎ᠤᠨ ᠠᠮᠢ ᠨᠠᠰᠤᠨ᠎ᠤ ᠱᠤᠭᠤᠮ᠎ᠢ ᠴᠠᠭ ᠲᠤᠬᠠᠶ᠎ᠳᠤᠨᠢ ᠬᠢᠨᠠᠨ ᠬᠡᠮᠵᠢᠵᠦ᠍᠂ ᠴᠠᠭ ᠲᠤᠬᠠᠶ᠎ᠳᠤᠨᠢ ᠰᠡᠷᠡᠮᠵᠢᠯᠡᠭᠦᠯᠬᠦ᠌᠎ᠶ᠋ᠢ ᠪᠡᠶᠡᠯᠡᠭᠦᠯᠦᠨ᠎ᠡ᠃ ᠪᠠᠷᠢᠯᠭ᠎ᠠ ᠵᠢᠨ ᠴᠢᠮᠡᠭᠡ ᠬᠣᠯᠪᠣᠭ᠎ᠠ ᠵᠢᠨ ᠰᠠᠭᠤᠷᠢ ᠲᠦᠬᠦᠭᠡᠷᠦᠮᠵᠢ ᠵᠢᠨ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠶ᠋ᠢ ᠬᠡᠷᠡᠭ᠌ᠵᠢᠭᠦᠯᠬᠦ᠌ ᠶ᠋ᠢ ᠴᠢᠩᠭᠠᠳᠭᠠᠨ᠂ ᠪᠠᠲᠤ ᠴᠢᠩᠭ᠎ᠠ ᠬᠡᠰᠡᠭ ᠲᠠᠯ᠎ᠠ ᠵᠢᠨ ᠴᠠᠬᠢᠯᠭᠠᠨ ᠤ᠋ ᠲᠣᠣᠷ ᠢ᠋ ᠪᠦᠳᠦᠭᠡᠨ ᠪᠠᠢᠭᠤᠯᠵᠤ᠂ ᠪᠠᠴᠢᠮ ᠪᠠᠢᠳᠠᠯ ᠢ᠋ ᠠᠷᠭᠠᠴᠠᠭᠠᠬᠤ ᠪᠡᠯᠡᠳᠭᠡᠯ ᠤᠰᠤᠨ ᠤ᠋ ᠰᠤᠷᠪᠤᠯᠵᠢ ᠵᠢᠨ ᠪᠦᠳᠦᠭᠡᠨ ᠪᠠᠢᠭᠤᠯᠤᠯᠲᠠ ᠶ᠋ᠢ ᠲᠦᠷᠭᠡᠳᠭᠡᠨ᠂ ᠬᠤᠳᠠ ᠵᠢᠨ ᠤᠰᠤᠨ᠎ᠤ ᠬᠠᠩᠭᠠᠯᠭ᠎ᠠ ᠵᠢᠨ ᠤᠯᠠᠨ ᠢᠷᠡᠯᠳᠡ᠎ᠲᠡᠶ ᠪᠥᠭᠡᠳ ᠬᠠᠷᠢᠯᠴᠠᠨ ᠨᠥᠬᠥᠪᠥᠷᠢᠯᠡᠬᠦ᠌ ᠶ᠋ᠢ ᠠᠬᠢᠭᠤᠯᠵᠤ᠂ ᠭᠠᠮᠱᠢᠭ ᠤ᠋ᠨ ᠬᠡᠯᠬᠢᠶᠡᠵᠢᠯ ᠤ᠋ᠨ ᠲᠦᠭ᠌ᠰᠢᠭᠦᠷᠢ ᠶ᠋ᠢ ᠢᠯᠡᠷᠬᠡᠢ ᠪᠠᠭᠤᠷᠠᠭᠤᠯᠤᠨ᠎ᠠ᠃
(ᠠᠷᠪᠠᠨ ᠳᠥᠷᠪᠡ)ᠬᠣᠲᠠ᠎ᠶ᠋ᠢᠨ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢᠨ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠨ᠎ᠠ᠃ ᠠᠶᠤᠯᠲᠠᠶ ᠬᠢᠮᠢ᠎ᠶ᠋ᠢᠨ ᠪᠣᠳᠠᠰ᠂ ᠣᠨᠴᠠ ᠲᠥᠷᠥᠯ᠎ᠦᠨ ᠲᠥᠬᠥᠭᠡᠷᠦᠮᠵᠢ᠂ ᠪᠠᠷᠢᠯᠭ᠎ᠠ᠎ᠶ᠋ᠢᠨ ᠠᠵᠢᠯ᠂ ᠬᠣᠲᠠ ᠪᠠᠯᠭᠠᠰᠤ᠎ᠶ᠋ᠢᠨ ᠱᠢᠲᠠᠮᠠᠬᠠᠶ ᠬᠡᠶ᠂ ᠵᠠᠮ ᠬᠠᠷᠢᠯᠴᠠᠭ᠎ᠠ ᠵᠢᠴᠢ ᠭᠠᠯ ᠰᠡᠷᠭᠡᠢᠯᠡᠯᠲᠡ᠎ᠶ᠋ᠢᠨ ᠠᠮᠤᠷ ᠲᠦᠪᠱᠢᠨ ᠵᠡᠷᠭᠡ᠎ᠪᠡᠷ ᠭᠤᠤᠯᠳᠠᠯᠭ᠎ᠠ ᠪᠣᠯᠭᠠᠵᠤ᠂ ᠬᠦᠨᠳᠦ ᠶᠡᠬᠡ ᠲᠦᠭ᠌ᠰᠢᠭᠦᠷᠢ᠎ᠶ᠋ᠢᠨ ᠡᠬᠢ ᠰᠤᠷᠪᠤᠯᠵᠢ᠎ᠶ᠋ᠢ ᠱᠠᠲᠤ ᠬᠤᠪᠢᠶᠠᠨ᠂ ᠣᠶᠤᠨᠴᠢ᠎ᠪᠠᠷ᠂ ᠲᠤᠢᠯ᠎ᠤᠨ ᠣᠨᠣᠪᠴᠢᠲᠠᠶ᠎ᠪᠠᠷ ᠬᠠᠮᠢᠶᠠᠷᠤᠨ ᠡᠵᠡᠮᠳᠡᠨ᠎ᠡ᠃ ᠬᠤᠳᠠ᠎ᠶ᠋ᠢᠨ ᠦᠶᠡᠷ᠎ᠢ ᠰᠡᠷᠭᠡᠢᠯᠡᠬᠦ᠌ ᠪᠠ ᠤᠰᠤᠲᠤᠯ ᠢ ᠵᠠᠰᠠᠬᠤ ᠠᠵᠢᠯ᠎ᠢ ᠨᠢᠭᠡᠳᠦᠯᠲᠡᠢ ᠲᠥᠯᠥᠪᠯᠡᠵᠦ᠍᠂ ᠦᠶᠡᠷ ᠤᠰᠤᠲᠤᠯ᠎ᠢ ᠬᠠᠮᠲᠤᠷᠠᠨ ᠵᠠᠯᠠᠵᠤ ᠬᠠᠮᠲᠤᠷᠠᠨ ᠲᠤᠬᠢᠷᠠᠭᠤᠯᠬᠤ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠤᠰᠤ ᠲᠠᠲᠠᠷᠠᠭᠤᠯᠬᠤ ᠤᠰᠤᠲᠤᠯ᠎ᠢ ᠰᠡᠷᠭᠡᠢᠯᠡᠬᠦ᠌ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠦᠷᠭᠡᠪᠴᠢᠯᠡᠨ ᠠᠬᠢᠭᠤᠯᠵᠤ᠂ ᠬᠤᠳᠠ᠎ᠶ᠋ᠢᠨ ᠠᠮᠠᠷᠬᠠᠨ ᠤᠰᠤᠲᠤᠬᠤ ᠬᠤᠷᠠᠮᠠᠯ ᠤᠰᠤ᠎ᠶ᠋ᠢ ᠬᠥᠳᠡᠯᠦᠩᠭᠦᠢ᠎ᠪᠡᠷ ᠠᠷᠢᠯᠭᠠᠬᠤ᠎ᠶ᠋ᠢ ᠪᠡᠶᠡᠯᠡᠭᠦᠯᠦᠨ᠎ᠡ᠃ ᠯᠣᠩᠬᠣᠨ᠎ᠳᠤ ᠰᠠᠪᠠᠯᠠᠬᠤ ᠱᠢᠩᠭᠡᠨᠵᠢᠮᠡᠯ ᠴᠢᠯᠠᠭᠤᠨ ᠲᠣᠰᠣ ᠪᠠᠢᠭᠠᠯᠢ ᠵᠢᠨ ᠰᠢᠳᠠᠮᠠᠬᠠᠢ ᠬᠡᠢ᠎ᠶ᠋ᠢᠨ ᠠᠮᠤᠷ ᠲᠦᠪᠰᠢᠨ᠎ᠤ ᠬᠠᠮᠢᠶᠠᠷᠤᠯᠲᠠ᠎ᠶ᠋ᠢ ᠴᠢᠩᠭᠠᠳᠭᠠᠨ᠂ ᠪᠦᠬᠦ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠱᠢᠰᠲᠧᠮ ᠢ᠋ ᠪᠠᠢᠭᠤᠯᠤᠨ᠎ᠠ᠃ ᠣᠯᠠᠨ ᠨᠡᠢᠲᠡ᠎ᠶ᠋ᠢᠨ ᠭᠠᠯ ᠤᠨᠲᠠᠷᠠᠭᠠᠬᠤ ᠰᠠᠭᠤᠷᠢ ᠲᠦᠬᠦᠭᠡᠷᠦᠮᠵᠢ᠎ᠶᠢ ᠪᠠᠷᠢᠮᠵᠢᠶ᠎ᠠ᠎ᠳᠤ ᠬᠦᠷᠦᠭᠦᠯᠬᠦ᠌ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠨᠢᠭᠡᠴᠢ᠂ ᠨᠡᠢᠭᠡᠮ ᠲᠣᠭᠣᠷᠢᠭ᠎ᠢ ᠵᠣᠷᠢᠭ᠍ᠵᠢᠭᠤᠯᠤᠨ ᠭᠠᠯ ᠤᠨᠲᠠᠷᠠᠭᠠᠬᠤ ᠪᠢᠴᠢᠯ ᠥᠷᠲᠡᠭᠡ ᠪᠠᠢᠭᠤᠯᠵᠤ᠂ ᠭᠠᠯ ᠤᠨᠲᠠᠷᠠᠭᠠᠬᠤ ᠣᠶᠤᠨᠴᠢ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠤᠯᠠᠨ ᠨᠡᠢᠲᠡ᠎ᠶ᠋ᠢᠨ ᠲᠥᠬᠥᠭᠡᠷᠦᠮᠵᠢ ᠪᠠ ᠲᠠᠯᠠᠪᠤᠷ ᠭᠠᠵᠠᠷ᠎ᠤᠨ ᠣᠷᠣᠨ ᠵᠠᠢ᠎ᠶ᠋ᠢ ᠨᠢᠭᠡᠳᠦᠯᠲᠡᠢ ᠲᠥᠯᠥᠪᠯᠡᠨ ᠠᠱᠢᠭ᠍ᠯᠠᠵᠤ᠂ ᠬᠤᠳᠠ ᠬᠥᠳᠡᠭᠡ᠎ᠶ᠋ᠢᠨ ᠲᠠᠷᠬᠠᠮᠠᠯ ᠮᠠᠶᠢᠭ᠎ᠤᠨ ᠪᠠᠴᠢᠮ ᠪᠠᠢᠳᠠᠯ᠎ᠢ ᠠᠷᠭᠠᠴᠠᠭᠠᠬᠤ ᠠᠶᠤᠯ᠎ᠡᠴᠡ ᠵᠠᠢᠯᠠᠬᠤ ᠲᠠᠯᠠᠪᠤᠷ ᠭᠠᠵᠠᠷ᠎ᠤᠨ ᠱᠢᠰᠲ᠋ᠧᠮ᠎ᠢ ᠪᠠᠢᠭᠤᠯᠤᠨ᠎ᠠ᠃
(ᠠᠷᠪᠠᠨ ᠲᠠᠪᠤ) ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠰᠡᠷᠭᠡᠢᠯᠡᠨ ᠡᠵᠡᠮᠳᠡᠵᠦ᠍ ᠠᠪᠤᠷᠠᠨ ᠵᠠᠰᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠡᠮᠴᠢᠯᠡᠭᠡᠨ᠎ᠦ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠭᠡᠨᠡᠳᠲᠡ᠎ᠶ᠋ᠢᠨ ᠬᠡᠷᠡᠭ᠎ᠢ ᠠᠷᠭᠠᠴᠠᠭᠠᠨ ᠱᠢᠶ᠋ᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠱᠢᠯᠢ᠎ᠶ᠋ᠢᠨ ᠭᠤᠤᠯ ᠠᠢᠮᠠᠭ ᠤᠯᠤᠰ᠎ᠤᠨ ᠡᠮᠴᠢᠯᠡᠭᠡᠨ᠎ᠦ ᠪᠠᠴᠢᠮ ᠪᠠᠢᠳᠠᠯ᠎ᠢ ᠠᠷᠭᠠᠴᠠᠭᠠᠬᠤ ᠭᠤᠤᠯᠳᠠᠯᠭ᠎ᠠ᠎ᠲᠠᠶ ᠬᠣᠲᠠ᠎ᠶ᠋ᠢ ᠪᠥᠲᠥᠭᠡᠨ ᠪᠠᠢᠭᠤᠯᠬᠤ ᠶ᠋ᠢ ᠳᠡᠮᠵᠢᠨ᠎ᠡ᠃ ᠡᠮᠴᠢᠯᠡᠭᠡ ᠡᠷᠡᠭᠦᠯ ᠬᠠᠮᠠᠭᠠᠯᠠᠯ᠎ᠤᠨ ᠰᠠᠭᠤᠷᠢ᠎ᠶ᠋ᠢ ᠪᠡᠬᠢᠵᠢᠭᠦᠯᠬᠦ᠌ ᠢᠨᠵᠧᠨᠧᠷᠢᠩ ᠢ ᠬᠡᠷᠡᠭ᠌ᠵᠢᠭᠦᠯᠵᠦ᠍᠂ ᠱᠢᠯᠢᠳᠡᠭ ᠡᠮᠴᠢᠯᠡᠭᠡᠨ᠎ᠦ ᠡᠬᠢ ᠪᠠᠶᠠᠯᠢᠭ᠎ᠤᠨ ᠪᠠᠭ᠍ᠲᠠᠭᠠᠮᠵᠢ᠎ᠶ᠋ᠢ ᠥᠷᠭᠡᠳᠭᠡᠬᠦ᠌ ᠪᠠ ᠣᠷᠣᠨ ᠪᠦᠰᠡ᠎ᠶ᠋ᠢ ᠲᠡᠩᠴᠡᠭᠦᠷᠢᠲᠡᠢ ᠪᠠᠢᠷᠢᠱᠢᠭᠤᠯᠬᠤ᠎ᠶ᠋ᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ(ᠬᠣᠲᠠ᠂ ᠲᠣᠭᠣᠷᠢᠭ)᠂ ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ) ᠳᠥᠷᠪᠡᠨ ᠱᠠᠲᠤᠨ᠎ᠤ ᠣᠶᠤᠨ ᠮᠡᠳᠡᠷᠡᠯ ᠦᠨ ᠡᠷᠡᠭᠦᠯ ᠬᠠᠮᠠᠭᠠᠯᠠᠯ᠎ᠤᠨ ᠰᠡᠷᠭᠡᠢᠯᠡᠨ ᠵᠠᠰᠠᠬᠤ ᠱᠢᠰᠲ᠋ᠧᠮ ᠢ᠋ ᠪᠦᠷᠢᠨᠱᠢᠭᠦᠯᠵᠦ᠍᠂ 《ᠤᠷᠢᠳᠴᠢᠯᠠᠨ ᠰᠡᠷᠭᠡᠢᠯᠡᠵᠦ᠍ ᠣᠨᠣᠱᠢᠯᠠᠨ ᠵᠠᠰᠠᠵᠤ ᠡᠷᠡᠭᠦᠯᠵᠢᠭᠦᠯᠬᠦ᠌》 ᠶ᠋ᠢ ᠨᠢᠭᠡ ᠴᠣᠭ᠍ᠴᠠᠵᠢᠭᠤᠯᠤᠭ᠍ᠰᠠᠨ ᠦᠶ᠋ᠯᠡᠴᠢᠯᠡᠭᠡ ᠶᠢ ᠠᠬᠢᠭᠤᠯᠤᠨ᠂ ᠣᠶᠤᠨ ᠮᠡᠳᠡᠷᠡᠯ᠎ᠦᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡ᠎ᠶᠢ ᠬᠣᠲᠠ ᠬᠥᠳᠡᠭᠡ᠎ᠳᠦ ᠠᠳᠠᠯᠢᠪᠳᠤᠷ ᠪᠤᠯᠬᠤ᠎ᠶ᠋ᠢ ᠪᠡᠶᠡᠯᠡᠭᠦᠯᠦᠨ᠎ᠡ᠃
ᠳᠣᠯᠣᠭ᠎ᠠ᠂ ᠬᠣᠲᠠ᠎ᠶ᠋ᠢᠨ ᠪᠣᠯᠪᠠᠰᠤᠨ᠎ᠤ ᠬᠢᠷᠢ ᠲᠦᠪᠰᠢᠨ᠎ᠢ ᠳᠡᠭᠡᠭ᠌ᠰᠢᠯᠡᠭᠦᠯᠦᠨ᠎ᠡ
(ᠠᠷᠪᠠᠨ ᠵᠢᠷᠭᠤᠭ᠎ᠠ) ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠵᠤ ᠠᠱᠢᠭ᠍ᠯᠠᠬᠤ᠎ᠶ᠋ᠢ ᠴᠢᠩᠭᠠᠳᠭᠠᠨ᠎ᠠ᠃ ᠬᠠᠭᠤᠴᠢᠨ ᠬᠣᠲᠠ ᠲᠣᠭᠣᠷᠢᠭ᠂ ᠲᠡᠦᠬᠡ ᠰᠣᠶᠣᠯ᠎ᠤᠨ ᠵᠡᠭᠡᠯᠢ ᠲᠣᠭᠣᠷᠢᠭ᠎ᠤᠨ ᠰᠣᠶᠣᠯ᠎ᠤᠨ ᠥᠪ᠎ᠦᠨ ᠡᠬᠢ ᠪᠠᠶᠠᠯᠢᠭ᠎ᠤᠨ ᠲᠣᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠲᠣᠳᠣᠷᠬᠠᠶ ᠣᠢᠯᠠᠭᠠᠵᠤ᠂ ᠲᠡᠦᠬᠡ ᠰᠣᠶᠣᠯ᠎ᠤᠨ ᠨᠠᠷᠠᠲᠤ ᠬᠣᠲᠠ᠂ ᠵᠡᠭᠡᠯᠢ ᠲᠣᠭᠣᠷᠢᠭ ᠪᠠ ᠲᠡᠦᠬᠡ᠎ᠶ᠋ᠢᠨ ᠪᠠᠷᠢᠯᠭ᠎ᠠ᠎ᠶ᠋ᠢ ᠨᠡᠢᠳᠡᠮ ᠪᠠᠢᠴᠠᠭᠠᠵᠤ ᠬᠢᠨᠠᠨ ᠲᠣᠭ᠍ᠲᠠᠭᠠᠬᠤ᠂ ᠨᠡᠷᠡᠰ᠎ᠢ ᠭᠤᠶᠤᠴᠢᠯᠠᠨ ᠮᠡᠳᠡᠭᠦᠯᠬᠦ᠌᠂ ᠫᠠᠢᠰᠠ ᠡᠯᠭᠦᠨ ᠬᠠᠮᠠᠭᠠᠯᠠᠬᠤ ᠪᠠ ᠠᠮᠢᠳᠤᠯᠢᠭ᠎ᠢᠶᠠᠷ ᠠᠱᠢᠭ᠍ᠯᠠᠬᠤ ᠶ᠋ᠢ ᠦᠷᠭᠦᠯᠵᠢᠯᠡᠨ ᠠᠬᠢᠭᠤᠯᠤᠨ᠎ᠠ᠃ ᠭᠠᠵᠠᠷ ᠤᠨ ᠨᠡᠷᠡᠢᠳᠦᠯ ᠢ ᠨᠡᠷᠡᠢᠳᠬᠦ᠌᠂ ᠬᠠᠯᠠᠬᠤ ᠳᠡᠰ ᠳᠠᠷᠠᠭᠠᠯᠠᠯ᠎ᠢ ᠵᠢᠷᠤᠮᠵᠢᠭᠤᠯᠵᠤ᠂ ᠭᠠᠵᠠᠷ ᠤᠨ ᠨᠡᠷᠡᠢᠳᠦᠯ ᠦᠨ ᠰᠣᠶᠣᠯ ᠤᠨ ᠥᠪ᠎ᠦᠨ ᠬᠠᠮᠠᠭᠠᠯᠠᠯᠲᠠ᠎ᠶ᠋ᠢᠨ ᠨᠡᠷᠡᠰ ᠦᠨ ᠵᠢᠭ᠍ᠰᠠᠭᠠᠯᠲᠠ᠎ᠶ᠋ᠢ ᠪᠠᠢᠭᠤᠯᠵᠤ᠂ ᠭᠠᠵᠠᠷ᠎ᠤᠨ ᠨᠡᠷᠡᠢᠳᠦᠯ᠎ᠦᠨ ᠰᠣᠶᠣᠯ᠎ᠤᠨ ᠨᠡᠢᠲᠡ᠎ᠶ᠋ᠢᠨ ᠠᠰᠠᠷᠠᠮᠵᠢ ᠶ᠋ᠢᠨ ᠤᠬᠠᠭᠤᠯᠭ᠎ᠠ ᠵᠢᠴᠢ ᠰᠤᠳᠤᠯᠤᠨ ᠤᠯᠠᠮᠵᠢᠯᠠᠬᠤ᠎ᠶ᠋ᠢ ᠠᠬᠢᠭᠤᠯᠤᠨ᠎ᠠ᠃ ᠠᠢᠮᠠᠭ ᠬᠣᠲᠠ᠎ᠶ᠋ᠢᠨ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠳᠠᠩᠰᠠ ᠡᠪᠬᠡᠮᠡᠯ᠎ᠦᠨ ᠰᠠᠩ᠎ᠤᠨ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠳᠠᠩᠰᠠ ᠡᠪᠬᠡᠮᠡᠯ᠎ᠢ ᠲᠠᠩᠰᠠᠯᠠᠬᠤ ᠶᠤᠰᠤᠳᠠᠢ ᠵᠢ ᠨᠢ ᠪᠦᠬᠦᠨ᠎ᠢ ᠲᠠᠩᠰᠠᠯᠠᠬᠤ ᠵᠢ ᠪᠡᠶᠡᠯᠡᠭᠦᠯᠦᠨ᠎ᠡ᠃
(ᠠᠷᠪᠠᠨ ᠳᠣᠯᠣᠭ᠎ᠠ) ᠬᠣᠲᠠ᠎ᠶ᠋ᠢᠨ ᠳᠦᠷᠢ ᠲᠥᠷᠬᠦ᠌᠎ᠶ᠋ᠢ ᠱᠤᠭᠤᠬᠤ ᠪᠠ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠨ᠎ᠠ᠃ ᠬᠣᠲᠠ᠎ᠶ᠋ᠢᠨ ᠣᠷᠣᠨ ᠵᠠᠶ᠎ᠶ᠋ᠢᠨ ᠪᠣᠰᠣᠭ᠎ᠠ ᠴᠣᠭ᠍ᠴᠠᠲᠤ ᠴᠢᠨᠠᠷ᠂ ᠬᠠᠪᠲᠠᠭᠠᠶ᠎ᠶ᠋ᠢᠨ ᠵᠣᠬᠢᠴᠠᠯᠳᠤ ᠴᠢᠨᠠᠷ᠂ ᠳᠦᠷᠰᠦ ᠪᠠᠢᠳᠠᠯ᠎ᠤᠨ ᠪᠦᠬᠦᠯᠢ ᠴᠣᠭ᠍ᠴᠠᠲᠤ ᠴᠢᠨᠠᠷ᠂ ᠰᠣᠶᠣᠯ᠎ᠤᠨ ᠰᠤᠳᠠᠰᠤ᠎ᠶ᠋ᠢᠨ ᠦᠷᠭᠦᠯᠵᠢᠯᠡᠯᠳᠦ ᠴᠢᠨᠠᠷ᠎ᠤᠨ ᠲᠥᠯᠥᠪᠵᠢᠭᠦᠯᠭᠡ᠎ᠶ᠋ᠢᠨ ᠬᠠᠮᠢᠶᠠᠷᠤᠯᠲᠠ ᠡᠵᠡᠮᠳᠡᠯ᠎ᠢ ᠴᠢᠩᠭᠠᠳᠭᠠᠵᠤ᠂ ᠲᠣᠰ ᠲᠣᠰ᠎ᠤᠨ ᠣᠨᠴᠠᠯᠢᠭ᠎ᠲᠠᠶ ᠬᠣᠲᠠ᠎ᠶ᠋ᠢᠨ ᠳᠦᠷᠰᠦ ᠪᠠᠢᠳᠠᠯ᠎ᠢ ᠪᠣᠶ ᠪᠣᠯᠭᠠᠨ᠎ᠠ᠃《ᠲᠤᠬᠢᠷᠠᠮᠵᠢᠳᠠᠢ᠂ ᠬᠢᠮᠳᠠ᠂ ᠪᠣᠬᠢᠷᠲᠤᠯ ᠦᠭᠡᠢ᠂ ᠦᠵᠡᠮᠵᠢᠳᠤ》 ᠪᠠᠷᠢᠯᠭ᠎ᠠ᠎ᠶ᠋ᠢᠨ ᠴᠢᠭ᠌ᠯᠡᠯᠲᠡ ᠶ᠋ᠢ ᠨᠠᠢᠳᠠᠪᠤᠷᠢᠵᠢᠭᠤᠯᠵᠤ᠂ ᠪᠡᠯᠭᠡ ᠲᠡᠮᠳᠡᠭ᠌ᠲᠦ ᠪᠠᠷᠢᠯᠭ᠎ᠠ᠂ ᠱᠤᠭᠤᠮᠠᠯ ᠬᠦᠷᠦᠭ᠂ ᠴᠡᠴᠡᠷᠯᠢᠭ᠎ᠦᠨ ᠦᠵᠡᠮᠵᠢ᠎ᠶ᠋ᠢᠨ ᠲᠥᠯᠥᠪᠵᠢᠭᠦᠯᠭᠡ ᠵᠢᠯᠤᠭᠤᠳᠤᠯᠭ᠎ᠠ᠎ᠶ᠋ᠢ ᠴᠢᠩᠭᠠᠳᠭᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠡᠯᠧᠮᠧᠨ᠋ᠲ᠎ᠢ ᠠᠭᠤᠰᠤᠯᠴᠠᠭᠤᠯᠤᠨ᠎ᠠ᠃ ᠬᠣᠲᠠ᠎ᠶ᠋ᠢᠨ ᠬᠡᠳᠦ ᠶᠡᠬᠡ ᠬᠡᠮᠵᠢᠶ᠎ᠡ ᠪᠣᠯᠤᠨ ᠬᠡᠳᠦ ᠥᠨᠳᠥᠷ ᠳᠠᠪᠬᠤᠷᠭ᠎ᠠ᠎ᠳᠤ ᠪᠠᠷᠢᠯᠭ᠎ᠠ᠎ᠶ᠋ᠢ ᠴᠢᠩᠭ᠎ᠠ ᠬᠠᠮᠢᠶᠠᠷᠴᠤ᠌᠂ ᠬᠣᠲᠠ᠎ᠶ᠋ᠢᠨ ᠬᠡᠪᠴᠢᠶ᠎ᠡ᠂ ᠣᠷᠣᠨ ᠵᠠᠶ᠎ᠶ᠋ᠢᠨ ᠬᠡᠮᠵᠢᠶ᠎ᠡ᠎ᠯᠦᠭᠡ ᠬᠠᠷᠢᠯᠴᠠᠨ ᠲᠣᠬᠢᠷᠠᠯᠴᠠᠭᠤᠯᠤᠨ᠎ᠠ᠃
(ᠠᠷᠪᠠᠨ ᠨᠠᠶ᠋ᠮᠠ) ᠬᠣᠲᠠ᠎ᠶ᠋ᠢᠨ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠎ᠠ᠃ ᠦᠨᠳᠦᠰᠦᠲᠡᠨ ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠭᠦᠨᠵᠡᠭᠡᠢᠷᠡᠭᠦᠯᠵᠦ᠍᠂ 《ᠨᠠᠮ ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠬᠤ 》 ᠣᠯᠠᠨ ᠲᠦᠮᠡᠨᠴᠢ ᠬᠥᠮᠦᠵᠢᠯ ᠢ ᠦᠷᠭᠦᠯᠵᠢᠯᠡᠨ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ᠃ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ ᠦᠨ ᠦᠵᠡᠯᠲᠡ᠎ᠶ᠋ᠢ ᠶᠡᠬᠡᠪᠡᠷ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠠᠷᠠᠳ ᠢᠷᠭᠡᠳ᠎ᠦᠨ ᠶᠣᠰᠣ ᠰᠤᠷᠲᠠᠬᠤᠨ᠎ᠤ ᠪᠠᠢᠭᠤᠯᠤᠯᠲᠠ᠎ᠶ᠋ᠢ ᠠᠬᠢᠭᠤᠯᠵᠤ᠂ ᠬᠣᠲᠠ᠎ᠶ᠋ᠢᠨ ᠠᠷᠠᠳ᠎ᠤᠨ ᠪᠣᠯᠪᠠᠰᠤᠨ᠎ᠤ ᠬᠡᠪ ᠴᠢᠨᠠᠷ᠎ᠢ ᠳᠡᠭᠡᠭ᠌ᠰᠢᠯᠡᠭᠦᠯᠵᠦ᠍᠂ ᠰᠣᠶᠣᠯ᠎ᠤᠨ ᠠᠭᠤᠯᠤᠭ᠍ᠳᠠᠬᠤᠨ ᠪᠠ ᠥᠪᠡᠷᠮᠢᠴᠡ ᠬᠡᠪ ᠴᠢᠨᠠᠷ᠎ᠢ ᠢᠯᠡᠷᠡᠭᠦᠯᠦᠭ᠌ᠰᠡᠨ ᠬᠣᠲᠠ᠎ᠶ᠋ᠢᠨ ᠵᠣᠷᠢᠭ ᠰᠠᠨᠠᠭ᠎ᠠ᠎ᠶ᠋ᠢ ᠪᠣᠶ ᠪᠣᠯᠭᠠᠨ᠎ᠠ᠃ ᠪᠣᠯᠪᠠᠰᠤᠨ ᠵᠠᠮ ᠬᠠᠷᠢᠯᠴᠠᠭ᠎ᠠ᠂ ᠪᠣᠯᠪᠠᠰᠤᠨ ᠬᠣᠭᠣᠯᠠᠨ ᠱᠢᠷᠡᠭᠡ᠂ ᠪᠣᠯᠪᠠᠰᠤᠨ ᠵᠢᠭᠤᠯᠴᠢᠯᠠᠯ᠂ ᠪᠣᠯᠪᠠᠰᠤᠨ ᠦᠵᠡᠭᠦᠯᠭᠡ (ᠤᠷᠤᠯᠳᠤᠭᠠᠨ) ᠵᠡᠷᠭᠡ ᠪᠣᠯᠪᠠᠰᠤᠨ ᠶᠣᠰᠣ ᠮᠣᠷᠠᠯ᠎ᠤᠨ ᠬᠥᠮᠦᠵᠢᠯ ᠦᠨ ᠬᠥᠲᠥᠯᠥᠨ ᠵᠢᠯᠣᠭᠣᠳᠭᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠦᠨ᠎ᠡ᠃ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠪᠢᠴᠢᠭ᠎ᠦᠨ ᠰᠤᠷᠪᠤᠯᠵᠢᠲᠤ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ᠎ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠪᠠᠳᠠᠷᠠᠭᠤᠯᠵᠤ᠂ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭ᠌ᠰᠢᠯᠡᠭᠦᠯᠦᠨ᠎ᠡ᠃
ᠨᠠᠶ᠋ᠮᠠ᠂ ᠬᠣᠲᠠ᠎ᠶ᠋ᠢᠨ ᠣᠶᠤᠨᠴᠢᠯᠠᠭ᠍ᠰᠠᠨ ᠨᠠᠷᠢᠯᠢᠬ᠍ᠵᠢᠭᠤᠯᠤᠭ᠍ᠰᠠᠨ ᠵᠠᠰᠠᠯᠲᠠ᠎ᠶ᠋ᠢ ᠴᠢᠩᠭᠠᠳᠭᠠᠨ᠎ᠠ
(ᠠᠷᠪᠠ ᠶᠢᠰᠦ) ᠬᠣᠲᠠ᠎ᠶ᠋ᠢᠨ ᠵᠠᠰᠠᠯᠲᠠ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠦᠨ᠎ᠡ᠃ ᠬᠣᠲᠠ᠎ᠶ᠋ᠢᠨ ᠬᠠᠮᠢᠶᠠᠷᠤᠯᠲᠠ᠎ᠶ᠋ᠢᠨ 《 ᠨᠢᠭᠡ ᠵᠥᠪᠯᠡᠯ ᠨᠢᠭᠡ ᠠᠯᠪᠠᠨ ᠭᠡᠷ ᠨᠢᠭᠡ ᠲᠠᠪᠴᠠᠩ 》 ᠤ᠋ᠨ ᠠᠵᠢᠯ᠎ᠤᠨ ᠲᠣᠭ᠍ᠲᠡᠴᠡ᠎ᠶ᠋ᠢᠨ ᠦᠢᠯᠡᠳᠦᠯ᠎ᠢ ᠪᠠᠳᠠᠷᠠᠭᠤᠯᠵᠤ᠂ ᠬᠣᠲᠠ᠎ᠶ᠋ᠢᠨ ᠵᠠᠰᠠᠯᠲᠠ᠎ᠶ᠋ᠢᠨ ᠱᠢᠰᠲ᠋ᠧᠮ᠎ᠢ ᠪᠦᠷᠢᠨᠱᠢᠭᠦᠯᠦᠨ᠎ᠡ᠃ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠪᠠᠢᠭᠤᠯᠤᠯ ᠢ ᠲᠡᠭᠦᠯᠳᠡᠷᠵᠢᠭᠦᠯᠦᠨ᠂ ᠬᠠᠤᠯᠢ ᠬᠡᠷᠡᠭ᠌ᠵᠢᠭᠦᠯᠬᠦ᠌ ᠨᠥᠬᠥᠴᠡᠯ᠎ᠦᠨ ᠪᠠᠲᠤᠯᠠᠭ᠎ᠠ᠎ᠶ᠋ᠢᠨ ᠡᠷᠴᠢᠮ ᠢ ᠨᠡᠮᠡᠭ᠌ᠳᠡᠭᠦᠯᠵᠦ᠍᠂ ᠬᠣᠲᠠ᠎ᠶ᠋ᠢᠨ ᠬᠠᠮᠢᠶᠠᠷᠤᠯᠲᠠ᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ ᠶ᠋ᠢ ᠠᠬᠢᠭᠤᠯᠵᠤ᠂ ᠦᠶ᠋ᠯᠡᠴᠢᠯᠡᠬᠦ᠌᠂ ᠬᠢᠨᠠᠨ ᠬᠠᠮᠢᠶᠠᠷᠬᠤ᠂ ᠱᠢᠢᠳᠭᠡᠨ ᠲᠣᠷᠭᠠᠬᠤ᠎ᠶ᠋ᠢᠨ ᠬᠠᠮᠵᠢᠯᠴᠠᠨ ᠬᠠᠮᠲᠤᠷᠠᠨ ᠬᠥᠳᠡᠯᠦᠯᠴᠡᠬᠦ᠌᠎ᠶ᠋ᠢ ᠪᠡᠶᠡᠯᠡᠭᠦᠯᠦᠨ᠎ᠡ᠃ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ ᠲᠣᠭ᠍ᠲᠡᠴᠡ᠎ᠶ᠋ᠢ ᠪᠦᠷᠢᠨᠱᠢᠭᠦᠯᠦᠨ᠎ᠡ᠃ ᠱᠢᠨ᠎ᠡ ᠴᠠᠭ ᠦᠶ᠎ᠡ᠎ᠶ᠋ᠢᠨ 《ᠹᠸᠩ ᠴᠢᠶᠣᠤ᠎ᠶ᠋ᠢᠨ ᠲᠤᠷᠱᠢᠯᠭ᠎ᠠ》 ᠶ᠋ᠢ ᠪᠠᠷᠢᠮᠲᠠᠯᠠᠨ ᠬᠥᠭ᠌ᠵᠢᠭᠦᠯᠵᠦ᠍᠂ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠶ᠋ᠴᠡᠳᠭᠡᠬᠦ᠌ ᠲᠦᠷᠢᠮ᠎ᠢ ᠬᠡᠷᠡᠭ᠌ᠵᠢᠭᠦᠯᠦᠨ᠂ 《ᠲᠠᠷᠤᠢ ᠲᠦᠷᠭᠡᠨ ᠴᠤᠤᠷᠢᠶᠠᠳᠤᠨ ᠬᠦᠳᠡᠯᠦᠯᠴᠡᠬᠦ᠂ ᠵᠠᠷᠭᠤ᠎ᠶ᠋ᠢ ᠭᠥᠯᠢᠶᠡᠨ ᠠᠪᠤᠪᠠᠯ ᠳᠠᠷᠤᠶ ᠭᠦᠶ᠋ᠴᠡᠳᠭᠡᠬᠦ᠌ 》 ᠠᠵᠢᠯ᠎ᠤᠨ ᠲᠣᠭ᠍ᠲᠡᠴᠡ᠎ᠶ᠋ᠢ ᠳᠡᠯᠭᠡᠷᠡᠭᠦᠯᠵᠦ᠍᠂ 《12345 》 ᠬᠠᠯᠠᠮᠱᠢᠯ ᠤᠲᠠᠰᠤ᠎ᠶ᠋ᠢ ᠭᠥᠯᠢᠶᠡᠨ ᠠᠪᠴᠤ᠌ ᠭᠦᠶ᠋ᠴᠡᠳᠭᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠᠪᠠ ᠪᠣᠳᠠᠲᠤ ᠪᠠᠢᠯᠳᠤᠭᠠᠨᠴᠢᠯᠠᠭ᠍ᠰᠠᠨ ᠠᠵᠢᠯᠯᠠᠭ᠎ᠠ᠎ᠨᠢ ᠠᠬᠢᠭᠤᠯᠤᠨ᠎ᠠ᠃
(ᠬᠣᠷᠢ) ᠠᠳᠠᠯ ᠠᠬᠤᠶ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ ᠢ ᠳᠡᠭᠡᠭ᠌ᠰᠢᠯᠡᠭᠦᠯᠦᠨ᠎ᠡ᠃ ᠠᠳᠠᠯ ᠠᠬᠤᠢ᠎ᠶ᠋ᠢᠨ ᠬᠠᠮᠢᠶᠠᠷᠤᠯᠲᠠ᠎ᠶ᠋ᠢ ᠦᠨᠳᠦᠰᠦᠨ ᠱᠠᠲᠤᠨ᠎ᠤ ᠵᠠᠰᠠᠯᠲᠠ᠎ᠳᠤ ᠠᠭᠤᠰᠤᠯᠴᠠᠭᠤᠯᠬᠤ᠎ᠶ᠋ᠢ ᠠᠬᠢᠭᠤᠯᠵᠤ᠂ ᠠᠳᠠᠯ ᠠᠬᠤᠢ᠎ᠶ᠋ᠢᠨ ᠵᠠᠬ᠎ᠠ ᠳᠡᠯᠭᠡᠭᠦᠷ᠎ᠦᠨ ᠵᠢᠷᠤᠮᠵᠢᠭ᠍ᠰᠠᠨ ᠬᠠᠮᠢᠶᠠᠷᠤᠯᠲᠠ᠎ᠶ᠋ᠢ ᠴᠢᠩᠭᠠᠷᠠᠭᠤᠯᠤᠨ᠂ ᠠᠳᠠᠯ ᠠᠬᠤᠢ᠎ᠶ᠋ᠢᠨ ᠦᠶ᠋ᠯᠡᠴᠢᠯᠡᠭᠡᠨ᠎ᠦ ᠪᠠᠷᠢᠮᠵᠢᠶ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠠᠳᠠᠯ ᠠᠬᠤᠢ᠎ᠶ᠋ᠢᠨ ᠬᠠᠮᠢᠶᠠᠷᠤᠯᠲᠠ᠎ᠶ᠋ᠢᠨ ᠠᠵᠤ ᠠᠬᠤᠢᠯᠠᠯ᠎ᠳᠤ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠎ᠡ᠃ ᠠᠳᠠᠯ ᠠᠬᠤᠶ᠎ᠶ᠋ᠢᠨ ᠦᠶ᠋ᠯᠡᠴᠢᠯᠡᠭᠡ᠎ᠨᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠠᠳᠠᠯ ᠠᠬᠤᠶ᠎ᠶ᠋ᠢᠨ ᠦᠶ᠋ᠯᠡᠴᠢᠯᠡᠭᠡᠨ᠎ᠦ ᠠᠵᠤ ᠠᠬᠤᠢᠯᠠᠯ᠎ᠤᠨ ᠲᠠᠰ ᠲᠥᠷᠥᠯ ᠬᠤᠪᠢᠶᠠᠨ ᠬᠠᠮᠢᠶᠠᠷᠬᠤ᠎ᠶ᠋ᠢ ᠠᠬᠢᠭᠤᠯᠤᠨ᠂ 《ᠲᠣᠪᠶᠣᠭ᠎ᠤᠨ ᠬᠡᠯᠪᠡᠷᠢ 》 ᠶ᠋ᠢᠨ ᠦᠶ᠋ᠯᠡᠴᠢᠯᠡᠭᠡᠨ ᠢ ᠬᠡᠷᠡᠭ᠌ᠵᠢᠭᠦᠯᠵᠦ᠍᠂ ᠠᠳᠠᠯ ᠠᠬᠤᠶ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ ᠪᠠ ᠦᠨ᠎ᠡ ᠬᠠᠩᠰᠢ᠎ᠶ᠋ᠢᠨ ᠬᠠᠷᠢᠯᠴᠠᠨ ᠨᠡᠢᠴᠡᠬᠦ᠌᠎ᠶ᠋ᠢ ᠠᠬᠢᠭᠤᠯᠤᠨ᠎ᠠ᠃
(ᠬᠣᠷᠢᠨ ᠨᠢᠭᠡ) ᠬᠣᠲᠠ᠎ᠶ᠋ᠢᠨ ᠨᠠᠷᠢᠯᠢᠬ᠍ᠵᠢᠭᠤᠯᠤᠭ᠍ᠰᠠᠨ ᠵᠠᠰᠠᠯᠲᠠ᠎ᠶ᠋ᠢᠨ ᠲᠦᠪᠰᠢᠨ᠎ᠢ ᠳᠡᠭᠡᠭ᠌ᠰᠢᠯᠡᠭᠦᠯᠦᠨ᠎ᠡ᠃ ᠬᠣᠲᠠ᠎ᠶ᠋ᠢᠨ ᠨᠠᠷᠢᠯᠢᠬ᠍ᠵᠢᠭᠤᠯᠤᠭ᠍ᠰᠠᠨ ᠵᠠᠰᠠᠯᠲᠠ᠎ᠶ᠋ᠢᠨ ᠪᠠᠷᠢᠮᠵᠢᠶ᠎ᠠ᠎ᠶ᠋ᠢ ᠲᠡᠭᠦᠯᠳᠡᠷᠵᠢᠭᠦᠯᠵᠦ᠍᠂ ᠨᠠᠷᠢᠯᠢᠬ᠍ᠵᠢᠭᠤᠯᠤᠭ᠍ᠰᠠᠨ ᠵᠠᠰᠠᠯᠲᠠ᠎ᠶ᠋ᠢᠨ ᠵᠢᠯᠣᠭᠣᠳᠭᠤ ᠳᠦᠷᠢᠮ᠎ᠢ ᠲᠣᠭ᠍ᠲᠠᠭᠠᠨ᠎ᠠ᠃ ᠬᠠᠭᠤᠴᠢᠨ ᠵᠡᠭᠡᠯᠢ ᠲᠣᠭᠣᠷᠢᠭ᠂ ᠬᠣᠲᠠ ᠬᠥᠳᠡᠭᠡ᠎ᠶ᠋ᠢᠨ ᠠᠭᠤᠯᠵᠠᠷ ᠬᠡᠰᠡᠭ᠂ ᠭᠡᠷ ᠪᠠᠢᠱᠢᠩ᠎ᠤᠨ ᠡᠮᠦᠨ᠎ᠡ ᠬᠣᠢᠨ᠎ᠠ᠂ ᠵᠡᠭᠡᠯᠢ ᠳᠠᠭᠠᠤ ᠵᠢᠵᠢᠭ ᠭᠤᠳᠤᠮᠵᠢ᠂ ᠲᠠᠷᠢᠶᠠᠯᠠᠩ ᠠᠷᠠᠯᠵᠢᠶᠠᠨ᠎ᠤ ᠵᠠᠬ᠎ᠠ ᠳᠡᠯᠭᠡᠭᠦᠷ ᠵᠡᠷᠭᠡ ᠪᠠᠭᠤᠷᠠᠶ ᠣᠷᠣᠨ ᠪᠦᠰᠡ᠎ᠶ᠋ᠢᠨ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠎ᠶ᠋ᠢ ᠴᠢᠩᠭᠠᠳᠭᠠᠨ᠎ᠠ᠃ ᠬᠣᠲᠠ᠎ᠶ᠋ᠢᠨ ᠣᠯᠠᠨ ᠨᠡᠢᠲᠡ᠎ᠶ᠋ᠢᠨ ᠣᠷᠣᠨ ᠵᠠᠶ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠵᠢᠵᠢᠭ ᠪᠢᠴᠢᠯ ᠣᠯᠠᠨ ᠨᠡᠢᠲᠡ᠎ᠶ᠋ᠢᠨ ᠣᠷᠣᠨ ᠵᠠᠶ᠎ᠶ᠋ᠢ ᠥᠭᠡᠷᠡᠴᠢᠯᠡᠬᠦ᠌ ᠡᠷᠴᠢᠮ᠎ᠢ ᠴᠢᠩᠭᠠᠷᠠᠭᠤᠯᠵᠤ᠂ 《 U ᠬᠡᠯᠪᠡᠷᠢ 》 ᠶ᠋ᠢᠨ ᠣᠷᠣᠨ ᠵᠠᠶ᠎ᠶ᠋ᠢᠨ ᠪᠥᠬᠥ᠌ ᠡᠯᠧᠮᠧᠨ᠋ᠲ᠎ᠦᠨ ᠬᠠᠮᠢᠶᠠᠷᠤᠯᠲᠠ ᠡᠵᠡᠮᠳᠡᠯ᠎ᠢ ᠴᠢᠩᠭᠠᠳᠭᠠᠵᠤ᠂ ᠬᠤᠳᠠ ᠵᠢᠨ ᠲᠦᠭᠦᠭᠡᠷᠦᠮᠵᠢ᠂ ᠳᠡᠯᠭᠡᠭᠡ ᠮᠠᠢᠮᠠᠶ᠎ᠶ᠋ᠢᠨ ᠴᠡᠭ᠂ ᠬᠡᠷ᠎ᠦᠨ ᠭᠠᠳᠠᠨᠠᠬᠢ ᠵᠠᠷ ᠮᠡᠳᠡᠭᠡᠨ᠎ᠦ ᠲᠣᠬᠢᠷᠠᠭᠤᠯᠤᠯᠲᠠ᠎ᠶ᠋ᠢ ᠵᠢᠷᠤᠮᠵᠢᠭᠤᠯᠤᠨ᠎ᠠ᠃ ᠨᠡᠢᠭᠡᠮ᠎ᠦᠨ ᠠᠮᠤᠷ ᠲᠦᠪᠱᠢᠨ᠎ᠢ ᠪᠦᠬᠦᠯᠢ ᠴᠣᠭ᠍ᠴᠠ᠎ᠪᠠᠷ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠨᠡᠢᠭᠡᠮ᠎ᠦᠨ ᠠᠮᠤᠷ ᠲᠦᠪᠱᠢᠨ ᠲᠣᠭ᠍ᠲᠠᠭᠤᠨ᠎ᠤ ᠠᠶᠤᠯ ᠲᠦᠭ᠌ᠰᠢᠭᠦᠷᠢ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠲᠣᠭ᠍ᠲᠡᠴᠡ᠎ᠶ᠋ᠢ ᠪᠦᠷᠢᠨᠱᠢᠭᠦᠯᠦᠨ᠎ᠡ᠃
(ᠬᠣᠷᠢᠨ ᠬᠣᠶᠠᠷ) ᠬᠣᠲᠠ᠎ᠶ᠋ᠢᠨ ᠣᠶᠤᠨᠴᠢᠯᠠᠭ᠍ᠰᠠᠨ ᠬᠠᠮᠢᠶᠠᠷᠤᠯᠲᠠ᠎ᠶ᠋ᠢ ᠠᠬᠢᠭᠤᠯᠤᠨ᠎ᠠ᠃ ᠬᠣᠲᠠ᠎ᠶ᠋ᠢᠨ ᠢᠲᠡᠭᠡᠮᠵᠢᠲᠦ ᠳ᠋ᠠᠢᠲ᠋ᠠ᠎ᠶ᠋ᠢᠨ ᠣᠷᠣᠨ ᠵᠠᠶ᠎ᠶ᠋ᠢ ᠪᠠᠢᠭᠤᠯᠵᠤ᠂ ᠰᠠᠭᠤᠷᠢ ᠲᠦᠬᠦᠭᠡᠷᠦᠮᠵᠢ᠎ᠶ᠋ᠢᠨ ᠤᠶᠤᠨᠴᠢᠯᠠᠬᠤ ᠥᠭᠡᠷᠡᠴᠢᠯᠡᠯᠲᠡ᠎ᠶ᠋ᠢ ᠲᠦᠷᠭᠡᠳᠭᠡᠨ᠂ ᠬᠣᠲᠠ᠎ᠶ᠋ᠢᠨ ᠮᠡᠳᠡᠭᠡ ᠵᠠᠩᠭᠢ᠎ᠶ᠋ᠢᠨ ᠵᠠᠭ᠍ᠪᠤᠷ (CIM) ᠤ᠋ᠨ ᠲᠠᠪᠴᠠᠩ᠎ᠤᠨ ᠪᠠᠢᠭᠤᠯᠤᠯᠲᠠ᠎ᠶ᠋ᠢ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ ᠠᠬᠢᠭᠤᠯᠵᠤ᠂ ᠪᠥᠬᠥ᠌ ᠣᠷᠣᠨ ᠪᠦᠰᠡ᠎ᠶ᠋ᠢ ᠨᠢᠭᠡ ᠴᠣᠭ᠍ᠴᠠᠵᠢᠭᠤᠯᠤᠭ᠍ᠰᠠᠨ ᠲᠣᠭᠠᠴᠢᠯᠠᠭ᠍ᠰᠠᠨ ᠰᠠᠭᠤᠷᠢ᠎ᠶ᠋ᠢ ᠴᠣᠭ᠍ᠴᠠᠯᠠᠨ᠎ᠠ᠃ 《ᠵᠣᠬᠢᠶᠠᠮᠠᠯ ᠣᠶᠤᠨ ᠴᠢᠳᠠᠪᠤᠷᠢ + 》 ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠲᠣᠮᠣ ᠳ᠋ᠠᠢᠲ᠋ᠠ᠎ᠶ᠋ᠢᠨ ᠠᠵᠤ ᠦᠶ᠋ᠯᠡᠰ ᠰᠠᠭᠤᠷᠢ ᠦᠵᠦᠭᠦᠷ ᠪᠠ ᠬᠡᠷᠡᠭ᠌ᠯᠡᠭᠡᠨ᠎ᠦ ᠦᠵᠦᠭᠦᠷ᠎ᠲᠦ ᠬᠤᠤᠰ ᠴᠢᠭ᠌ᠯᠡᠯ᠎ᠢᠶᠡᠷ ᠬᠦᠴᠦᠯᠡᠬᠦ᠌᠎ᠶ᠋ᠢ ᠠᠬᠢᠭᠤᠯᠵᠤ᠂ ᠲᠠᠪᠤᠳᠤᠭᠠᠷ ᠦᠶ᠎ᠡ᠎ᠶ᠋ᠢᠨ ᠱᠢᠯᠵᠢᠭᠡ ᠮᠡᠳᠡᠭᠡ ᠬᠣᠯᠪᠣᠭ᠎ᠠ (5G)᠂ᠮᠢᠩᠭᠠᠨ ᠰᠠᠶ᠎ᠠ ᠭᠡᠷᠡᠯᠯᠢᠭ ᠰᠦᠯᠵᠢᠶᠡᠨ᠎ᠦ ᠬᠡᠪᠴᠢᠶᠡᠵᠢᠯ᠎ᠦᠨ ᠪᠠᠢᠷᠢᠯᠠᠭᠤᠯᠤᠯᠲᠠ᠎ᠶ᠋ᠢ ᠠᠬᠢᠭᠤᠯᠵᠤ᠂ ᠪᠠᠷᠠᠭᠠᠨ᠎ᠤ ᠰᠦᠯᠵᠢᠶ᠎ᠠ᠎ᠵᠢᠨ ᠮᠡᠳᠡᠷᠡᠬᠦ᠌ ᠲᠥᠬᠥᠭᠡᠷᠦᠮᠵᠢ᠎ᠶ᠋ᠢ ᠪᠠᠢᠷᠢᠯᠠᠭᠤᠯᠬᠤ᠎ᠶ᠋ᠢ ᠵᠣᠷᠢᠭ᠍ᠵᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ 《 ᠬᠣᠭᠣᠯᠠᠶ ᠲᠤᠤᠷ᠎ᠤᠨ ᠬᠠᠷᠠᠭᠤᠯ 》 ᠤ᠋ᠨ ᠬᠢᠨᠠᠨ ᠬᠡᠮᠵᠢᠬᠦ᠌ ᠱᠢᠰᠲ᠋ᠧᠮ᠎ᠢ ᠪᠠᠢᠷᠢᠯᠠᠭᠤᠯᠤᠨ᠎ᠠ᠃ ᠳ᠋ᠠᠢᠲ᠋ᠠ᠎ᠶ᠋ᠢᠨ ᠡᠬᠢ ᠪᠠᠶᠠᠯᠢᠭ᠎ᠢ ᠭᠠᠵᠠᠷ ᠣᠷᠣᠨ ᠠᠯᠤᠰᠯᠠᠨ᠂ ᠰᠠᠯᠠᠭ᠎ᠠ ᠮᠥᠴᠢᠷ ᠠᠯᠤᠰᠯᠠᠨ᠂ ᠲᠠᠰ ᠱᠠᠲᠤ ᠠᠯᠤᠰᠯᠠᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠬᠣᠲᠠ᠎ᠶ᠋ᠢᠨ ᠠᠵᠢᠯᠯᠠᠭ᠎ᠠ᠎ᠨᠢ 《ᠨᠢᠭᠡ ᠰᠦᠯᠵᠢᠶ᠎ᠡ᠎ᠪᠡᠷ ᠨᠢᠭᠡᠳᠦᠯᠲᠡᠶ ᠬᠠᠮᠢᠶᠠᠷᠬᠤ 》 ᠶ᠋ᠢ ᠠᠬᠢᠭᠤᠯᠤᠨ᠂ ᠬᠣᠲᠠ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠥᠨᠳᠥᠷ ᠳᠠᠪᠲᠠᠮᠵᠢᠲᠤ ᠵᠦᠶ᠋ᠯᠡᠰ᠎ᠢ 《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌ 》 ᠶ᠋ᠢ ᠪᠡᠶᠡᠯᠡᠭᠦᠯᠦᠨ᠎ᠡ᠃
ᠶᠢᠰᠦ᠂ ᠪᠠᠲᠤᠯᠠᠭ᠎ᠠ᠎ᠶ᠋ᠢᠨ ᠠᠷᠭ᠎ᠠ ᠬᠡᠮᠵᠢᠢ᠎ᠡ
ᠨᠠᠮ᠎ᠤᠨ ᠬᠤᠳᠠ᠎ᠶ᠋ᠢᠨ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠬᠤᠳᠠ ᠶ᠋ᠢᠨ ᠬᠥᠭ᠌ᠵᠢᠯᠲᠡ᠎ᠶ᠋ᠢᠨ ᠵᠦᠷᠢᠶᠡᠴᠢᠯᠡᠭ᠌ᠰᠡᠨ ᠬᠢᠨᠠᠨ ᠱᠢᠯᠭᠠᠯᠲᠠ ᠦᠨᠡᠯᠡᠯᠲᠡ᠎ᠶ᠋ᠢ ᠬᠡᠷᠡᠭ᠌ᠵᠢᠭᠦᠯᠵᠦ᠍᠂ ᠬᠢᠨᠠᠨ ᠱᠢᠯᠭᠠᠯᠲᠠ᠎ᠶ᠋ᠢᠨ ᠦᠷ᠎ᠡ ᠳ᠋ᠦᠩ᠎ᠦᠨ ᠬᠡᠷᠡᠭ᠌ᠯᠡᠯᠲᠡ᠎ᠶ᠋ᠢ ᠴᠢᠩᠭᠠᠳᠭᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠳ᠎ᠦᠨ ᠠᠢᠮᠠᠭ ᠬᠣᠲᠠ ᠲᠠᠶ ᠬᠠᠷᠢᠯᠴᠠᠬᠤ ᠠᠵᠢᠯ ᠤᠨ ᠲᠣᠭ᠍ᠲᠡᠴᠡ᠎ᠶ᠋ᠢ ᠨᠠᠢᠳᠠᠪᠤᠷᠢᠵᠢᠭᠤᠯᠬᠤ᠂ ᠰᠠᠯᠠᠭ᠎ᠠ ᠮᠥᠴᠢᠷ ᠠᠯᠤᠰᠯᠠᠭ᠍ᠰᠠᠨ᠂ ᠱᠠᠲᠤ ᠳᠡᠰ ᠠᠯᠤᠰᠯᠠᠭ᠍ᠰᠠᠨ᠂ ᠣᠷᠣᠨ ᠪᠦᠰᠡ ᠠᠯᠤᠰᠯᠠᠭ᠍ᠰᠠᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠬᠦᠨᠳᠦ ᠬᠦᠴᠢᠷ ᠠᠰᠠᠭᠤᠳᠠᠯ ᠢ ᠴᠠᠭ ᠲᠤᠬᠠᠶ᠎ᠳᠤᠨᠢ ᠵᠣᠬᠢᠴᠠᠭᠤᠯᠤᠨ ᠱᠢᠶ᠋ᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠨᠢ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠵᠣᠬᠢᠴᠠᠭᠤᠯᠤᠨ ᠵᠢᠯᠣᠭᠣᠳᠭᠤ᠎ᠪᠠᠨ ᠴᠢᠩᠭᠠᠳᠭᠠᠵᠤ᠂ ᠡᠯ᠎ᠡ ᠵᠦᠶ᠋ᠯ ᠦᠨ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ ᠶ᠋ᠢ ᠠᠬᠢᠭᠤᠯᠬᠤ ᠬᠡᠷᠡᠭ᠌ᠲᠡᠶ᠃ ᠬᠤᠳᠠ᠎ᠶ᠋ᠢᠨ ᠲᠥᠯᠥᠪᠵᠢᠭᠦᠯᠭᠡ ᠪᠦᠳᠦᠭᠡᠨ ᠪᠠᠢᠭᠤᠯᠤᠯᠲᠠ ᠵᠠᠰᠠᠯᠲᠠ᠎ᠶ᠋ᠢᠨ ᠲᠦᠷᠦ᠍᠎ᠶ᠋ᠢᠨ ᠪᠤᠳᠤᠯᠭ᠎ᠠ ᠬᠠᠤᠯᠢ ᠲᠣᠭ᠍ᠲᠠᠭᠠᠯ ᠪᠠ ᠣᠷᠣᠨ ᠨᠤᠲᠤᠭ ᠤᠨ ᠪᠠᠷᠢᠮᠵᠢᠶ᠎ᠠ᠎ᠶ᠋ᠢ ᠲᠡᠭᠦᠯᠳᠡᠷᠵᠢᠭᠦᠯᠦᠨ᠎ᠡ᠃ ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢ ᠲᠤᠯᠭᠠᠭᠤᠷᠢᠯᠠᠬᠤ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ᠎ᠶ᠋ᠢᠨ ᠲᠣᠭ᠍ᠲᠡᠴᠡ᠎ᠶ᠋ᠢ ᠪᠠᠢᠭᠤᠯᠵᠤ᠂ ᠵᠠᠰᠠᠭ᠎ᠤᠨ ᠣᠷᠳᠣᠨ᠎ᠤ ᠳᠠᠯᠳᠠ ᠥᠷᠢ ᠥᠭ᠌ᠴᠡᠭᠡ᠎ᠶ᠋ᠢ ᠱᠢᠨ᠎ᠡ᠎ᠪᠡᠷ ᠨᠡᠮᠡᠭ᠌ᠳᠡᠭᠦᠯᠬᠦ᠌᠎ᠶ᠋ᠢ ᠴᠢᠩᠭ᠎ᠠ ᠴᠠᠭᠠᠵᠠᠯᠠᠨ᠎ᠠ᠃ ᠬᠣᠲᠠ᠎ᠶ᠋ᠢᠨ ᠠᠵᠢᠯ᠎ᠤᠨ ᠺᠠᠳ᠋ᠷ᠎ᠤᠨ ᠡᠩᠨᠡᠭᠡᠨ᠎ᠦ ᠬᠡᠪ ᠴᠢᠨᠠᠷ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠣᠲᠠ᠎ᠶ᠋ᠢᠨ ᠲᠥᠯᠥᠪᠵᠢᠭᠦᠯᠭᠡ᠂ ᠪᠦᠲᠦᠭᠡᠨ ᠪᠠᠢᠭᠤᠯᠤᠯᠲᠠ᠂ ᠵᠠᠰᠠᠯᠲᠠ ᠵᠡᠷᠭᠡ ᠡᠯ᠎ᠡ ᠲᠥᠷᠥᠯ᠎ᠦᠨ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠦᠨ᠎ᠡ᠃ ᠴᠢᠬᠤᠯᠠ ᠶᠡᠬᠡ ᠤᠴᠢᠷ ᠶᠠᠪᠤᠳᠠᠯ᠎ᠢ ᠴᠠᠭ ᠲᠤᠬᠠᠢᠳᠤᠨᠢ ᠲᠡᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠡᠴᠡ ᠵᠢᠭᠠᠪᠤᠷᠢ ᠠᠪᠴᠤ᠌ ᠮᠡᠳᠡᠭᠦᠯᠬᠦ᠌ ᠬᠡᠷᠡᠭ᠌ᠲᠡᠢ᠃