ᠤᠯᠠᠭᠠᠨᠬᠠᠳᠠ ᠬᠤᠲᠠ ᠠᠷᠠᠳ ᠲᠦᠮᠡᠨ᠎ᠢᠶᠠᠷ ᠭᠤᠣᠯ ᠪᠤᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠴᠢᠨᠠᠷ ᠰᠠᠢᠲᠠᠢ ᠬᠦᠭᠵᠢᠬᠦᠯᠬᠦ ᠵᠢᠨ ᠦᠨᠳᠦᠰᠦᠨ ᠭᠠᠷᠳᠠᠴᠠ ᠪᠠ ᠦᠷ᠎ᠡ ᠳ᠋ᠦᠩ ᠪᠤᠯᠭᠠᠵᠤ᠂ ᠣᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ᠍ ᠪᠠᠢᠭ᠎ᠠ ᠠᠰᠠᠭᠤᠳᠠᠯ᠎ᠤᠨ ᠲᠣᠭᠤᠷᠢᠨ᠎ᠳᠤ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠵᠠᠰᠠᠨ ᠱᠢᠨᠡᠳᠭᠡᠬᠦ᠂ ᠬᠤᠲᠠ᠎ᠶ᠋ᠢᠨ ᠴᠢᠳᠠᠮᠵᠢ᠎ᠶ᠋ᠢ ᠲᠠᠰ ᠳᠡᠪᠱᠢᠭᠦᠯᠬᠦ᠂ ᠡᠮᠴᠢᠯᠡᠭᠡᠨ᠎ᠤ ᠡᠬᠢ ᠪᠠᠶᠠᠯᠢᠭ᠎ᠢ ᠥᠷᠭᠡᠳᠭᠡᠬᠦ᠂ ᠰᠠᠭᠤᠷᠢ ᠲᠥᠬᠦᠭᠡᠷᠦᠮᠵᠢ᠎ᠶ᠋ᠢ ᠱᠢᠨᠡᠳᠭᠡᠬᠦ᠌ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠢᠨᠵᠧᠨᠧᠷᠢᠩ᠎ᠢ ᠠᠬᠢᠭᠤᠯᠵᠤ᠂ ᠬᠤᠲᠠ᠎ᠶ᠋ᠢᠨ ᠶᠠᠰᠤ ᠴᠢᠨᠠᠷ ᠪᠠ ᠰᠠᠭᠤᠭᠠᠯᠢ ᠠᠷᠠᠳ᠎ᠤᠨ ᠠᠮᠢᠳᠤᠷᠠᠯ᠎ᠤᠨ ᠵᠢᠷᠭᠠᠯᠲᠤ ᠲᠥᠷᠥᠭ᠌ᠳᠡᠯ᠎ᠢ ᠦᠷᠭᠦᠯᠵᠢᠯᠡᠨ ᠨᠡᠮᠡᠭᠳᠡᠭᠦᠯᠵᠡᠢ᠃
ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠵᠠᠰᠠᠨ ᠰᠢᠨᠡᠳᠭᠡᠵᠦ ᠵᠢᠷᠭᠠᠯᠲᠤ ᠲᠥᠷᠥᠭ᠌ᠳᠡᠯ᠎ᠢ ᠨᠡᠮᠡᠭᠳᠡᠭᠦᠯᠪᠡ᠃ 《ᠵᠠᠰᠠᠨ ᠰᠢᠨᠡᠳᠭᠡᠭᠰᠡᠨᠤ ᠳᠠᠷᠠᠭᠠᠬᠢ ᠬᠤᠪᠢᠷᠠᠯᠲᠠ᠎ᠶ᠋ᠢ ᠬᠥᠮᠥᠨ ᠪᠦᠭᠦᠨ ᠬᠠᠷᠠᠵᠤ ᠪᠠᠢᠨ᠎ᠠ᠂ ᠲᠦᠭᠡᠭᠡᠯ ᠤᠰᠤᠨ᠎ᠤ ᠢᠨᠵᠧᠨᠧᠷᠢᠩ ᠳᠡᠰ ᠳᠡᠪᠱᠢᠵᠦ᠍᠂ ᠵᠠᠮ ᠬᠠᠲᠠᠭᠤᠷᠠᠨ᠂ ᠲᠡᠷᠭᠡᠨ ᠵᠣᠭ᠍ᠰᠣᠭᠠᠯ ᠨᠡᠮᠡᠭ᠌ᠳᠡᠵᠦ᠍᠂ ᠣᠷᠴᠢᠨ ᠲᠣᠭᠤᠷᠢᠨ ᠨᠡᠩ ᠰᠠᠢᠵᠢᠷᠠᠵᠦ᠂ ᠤᠯᠠᠨ᠎ᠢᠶᠠᠷ᠎ᠢᠶᠠᠨ ᠮᠠᠰᠢ ᠬᠠᠨᠤᠮᠵᠢᠲᠠᠢ ᠪᠠᠢᠨ᠎ᠠ》 ᠭᠡᠵᠦ᠍ ᠬᠤᠩᠱᠠᠨ ᠲᠣᠭᠤᠷᠢᠭ᠎ᠤᠨ ᠬᠠᠳᠠ ᠵᠡᠭᠡᠯᠢ᠎ᠶ᠋ᠢᠨ ᠴᠠᠩ ᠴᠢᠩ ᠡᠦ ᠵᠢᠨ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠤᠨ ᠰᠠᠭᠤᠭᠠᠯᠢ ᠠᠷᠠᠳ ᠪᠠᠢ ᠰᠢ ᠹᠧᠩ ᠡᠷᠡᠬᠡᠢ ᠭᠤᠵᠤᠢᠯᠭᠠᠨᠠ᠃
ᠬᠤᠩᠱᠠᠨ ᠲᠣᠭᠤᠷᠢᠭ ᠤ᠋ᠨ ᠪᠠᠢᠭᠤᠯᠤᠭᠳᠠᠭᠰᠠᠨ ᠴᠠᠭ᠎ᠨᠢ ᠡᠷᠲᠡ ᠪᠤᠯᠬᠤᠷ 2005 ᠣᠨ᠎ᠠᠴᠠ ᠡᠮᠦᠨ᠎ᠡ ᠪᠠᠢᠭᠤᠯᠤᠭᠳᠠᠭᠰᠠᠨ ᠰᠠᠭᠤᠭᠠᠯᠢ ᠠᠷᠠᠳ᠎ᠤᠨ ᠲᠣᠭᠤᠷᠢᠭ 553 ᠪᠠᠢᠵᠤ᠂ ᠪᠦᠭᠦ᠌ ᠬᠤᠲᠠ᠎ᠶ᠋ᠢᠨ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠵᠠᠰᠠᠨ ᠱᠢᠨᠡᠳᠭᠡᠬᠦ᠌ ᠡᠭᠦᠷᠭᠡ᠎ᠶ᠋ᠢᠨ 43% ᠵᠢ ᠡᠵᠡᠯᠡᠵᠦ ᠪᠠᠢᠳᠠᠭ᠃ ᠬᠤᠩᠱᠠᠨ ᠲᠣᠭᠤᠷᠢᠭ 《ᠬᠤᠳᠠ᠎ᠶ᠋ᠢᠨ ᠴᠢᠳᠠᠮᠵᠢ᠎ᠶ᠋ᠢ ᠲᠡᠰ ᠳᠡᠪᠱᠢᠭᠦᠯᠬᠦ᠌ ᠠᠵᠢᠯᠯᠠᠭ᠎ᠠ》 ᠪᠠᠷ ᠭᠠᠷᠳᠠᠴᠠ ᠪᠤᠯᠭᠠᠵᠤ᠂ ᠥᠨᠳᠥᠷ ᠭᠠᠷᠤᠭ᠎ᠠ᠎ᠠᠴᠠ ᠲᠥᠯᠥᠪᠵᠢᠭᠦᠯᠦᠨ᠂ ᠴᠢᠨᠠᠷ᠎ᠢ ᠪᠠᠲᠤᠯᠠᠵᠤ᠂ ᠥᠨᠳᠥᠷ ᠪᠠᠷᠢᠮᠵᠢᠶ᠎ᠠ᠎ᠪᠠᠷ ᠬᠡᠷᠡᠭ᠌ᠵᠢᠭᠦᠯᠵᠦ᠍᠂ ᠲᠤᠬᠠᠢ᠎ᠶ᠋ᠢᠨ ᠭᠠᠵᠠᠷ᠎ᠤᠨ ᠪᠠᠢᠳᠠᠯ᠎ᠳᠤᠨᠢ ᠲᠣᠬᠢᠷᠠᠭᠤᠯᠤᠨ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠵᠠᠰᠠᠨ ᠰᠢᠨᠡᠳᠭᠡᠬᠦ ᠢᠨᠵᠧᠨᠧᠷᠢᠩ᠎ᠢ ᠠᠬᠢᠭᠤᠯᠵᠤ᠂ ᠨᠡᠢᠲᠡ 676 ᠲᠦᠮᠡᠨ ᠲᠡᠭ᠌ᠰᠢ ᠳᠥᠷᠪᠡᠯᠵᠢᠨ ᠮᠧᠲᠷ ᠵᠠᠰᠠᠨ ᠱᠢᠨᠡᠳᠭᠡᠵᠦ᠍᠂ ᠪᠦᠬᠦᠯᠢ ᠴᠣᠭ᠍ᠴᠠ᠎ᠪᠠᠷ ᠵᠠᠰᠠᠨ ᠱᠢᠨᠡᠳᠭᠡᠭ᠌ᠰᠡᠨ ᠲᠠᠯᠠᠪᠠᠶ᠎ᠨᠢ ᠪᠦᠭᠦ᠌ ᠬᠤᠲᠠ᠎ᠶ᠋ᠢᠨ ᠲᠡᠷᠢᠭᠦᠨ᠎ᠳᠤ ᠣᠷᠣᠪᠠ᠃
ᠰᠦᠩᠱᠠᠨ ᠲᠣᠭᠤᠷᠢᠭ᠎ᠤᠨ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠵᠠᠰᠠᠨ ᠰᠢᠨᠡᠳᠭᠡᠬᠦ ᠠᠵᠢᠯ ᠴᠤ᠌ ᠬᠦᠭᠵᠢᠶᠡᠨᠲᠡᠢ ᠶᠠᠪᠤᠭ᠍ᠳᠠᠵᠤ ᠪᠤᠢ᠃ ᠬᠤᠢᠲᠤ ᠸᠠᠩ᠎ᠤᠨ ᠬᠤᠷᠤᠭ᠎ᠠ ᠴᠡᠴᠡᠷᠯᠢᠭ᠎ᠤᠨ ᠰᠠᠭᠤᠭᠠᠯᠢ ᠠᠷᠠᠳ᠎ᠤᠨ ᠲᠣᠭᠤᠷᠢᠭ᠎ᠤᠨ ᠬᠤᠶᠠᠳᠤᠭᠠᠷ ᠬᠤᠭᠤᠴᠠᠭᠠᠨ᠎ᠤ ᠵᠠᠰᠠᠨ ᠰᠢᠨᠡᠳᠭᠡᠬᠦ ᠲᠦᠷᠦᠯ ᠵᠦᠢᠯ᠎ᠤᠨ ᠲᠤᠬᠠᠢ᠎ᠶ᠋ᠢᠨ ᠲᠠᠯᠠᠪᠠᠢ᠎ᠳᠤ 《ᠬᠡᠰᠡᠭ ᠬᠤᠪᠢᠶᠠᠨ ᠬᠡᠷᠡᠭᠵᠢᠭᠦᠯᠬᠦ》 ᠵᠠᠭᠪᠤᠷ ᠡᠮᠬᠢ ᠲᠢᠭᠯᠢᠮ᠎ᠲᠠᠢ ᠶᠠᠪᠤᠭᠳᠠᠵᠤ᠂ ᠰᠠᠭᠤᠭᠠᠯᠢ ᠠᠷᠠᠳ᠎ᠤᠨ ᠠᠮᠢᠳᠤᠷᠠᠯ ᠳ᠋ᠦ ᠦᠵᠡᠭᠦᠯᠬᠦ ᠨᠦᠯᠦᠭᠡ ᠵᠢ ᠬᠠᠮᠤᠭ ᠤ᠋ᠨ ᠪᠠᠭ᠎ᠠ ᠬᠡᠮᠵᠢᠶᠡᠨ ᠳ᠋ᠦ ᠬᠢᠵᠠᠭᠠᠷᠯᠠᠪᠠ᠃ ᠲᠣᠰ ᠰᠠᠭᠤᠭᠠᠯᠢ ᠠᠷᠠᠳ᠎ᠤᠨ ᠲᠣᠭᠤᠷᠢᠭᠬᠠᠭᠤᠴᠢᠷᠠᠭᠰᠠᠨ ᠭᠠᠵᠠᠷ ᠳᠣᠣᠷᠠᠬᠢ ᠬᠤᠭᠤᠯᠠᠢ ᠲᠣᠣᠷ᠂ ᠡᠪᠳᠡᠭᠳᠡᠭᠰᠡᠨ ᠵᠠᠮ᠎ᠤᠨ ᠭᠠᠳᠠᠷᠭᠤ ᠵᠡᠷᠭᠡ ᠠᠰᠠᠭᠤᠳᠠᠯ᠎ᠢ ᠲᠤᠢᠯᠪᠤᠷᠢᠲᠠᠢ ᠱᠢᠢᠳᠪᠦᠷᠢᠯᠡᠬᠦ᠌᠎ᠶ᠋ᠢᠨ ᠬᠠᠮᠲᠤ ᠴᠠᠭᠢᠯᠭᠠᠨ ᠴᠡᠨᠡᠭ᠌ᠯᠡᠬᠦ᠌ ᠱᠣᠩ ᠵᠡᠷᠭᠡ ᠠᠷᠠᠳ᠎ᠲᠤ ᠲᠥᠭᠦᠮ ᠦᠵᠡᠭᠦᠯᠭᠦ᠌ ᠲᠥᠬᠦᠭᠡᠷᠦᠮᠵᠢ᠎ᠶ᠋ᠢ ᠢᠵᠢᠯ ᠠᠯᠬᠤᠮ᠎ᠢᠶᠠᠷ ᠪᠠᠢᠭᠤᠯᠵᠤ᠂ ᠣᠷᠣᠨ ᠰᠠᠭᠤᠴᠠ᠎ᠶ᠋ᠢᠨ ᠨᠦᠭᠦᠴᠡᠯ ᠳ᠋ᠦ ᠮᠦᠨ ᠴᠢᠨᠠᠷ ᠤ᠋ᠨ ᠬᠤᠪᠢᠷᠠᠯᠲᠠ ᠲᠠᠢ ᠪᠤᠯᠭᠠᠬᠤ ᠪᠡᠷ ᠬᠦᠴᠦᠯᠡᠵᠦ ᠪᠠᠢᠨ᠎ᠠ᠃
《ᠮᠤᠬᠤᠷ ᠵᠠᠮ》 ᠢ᠋ ᠨᠠᠪᠲᠠᠷᠡᠭᠦᠯᠵᠦ᠍ ᠬᠤᠲᠠ᠎ᠶ᠋ᠢᠨ ᠬᠦᠢᠰᠦ ᠵᠠᠮ᠎ᠢ ᠨᠠᠩ ᠰᠢᠯᠤᠭᠤᠳᠬᠠᠪᠠ᠃ 《ᠤᠤᠯ᠎ᠨᠢ ᠬᠡᠦᠬᠡᠳ᠎ᠢᠶᠠᠨ ᠲᠤᠰᠴᠤ᠌ ᠬᠦᠷᠭᠡᠬᠦ᠌᠎ᠳᠤ ᠬᠤᠶᠠᠷ ᠺᠢᠯᠣᠮᠧᠲᠷ ᠲᠣᠭᠤᠷᠢᠭᠤ ᠶᠠᠪᠤᠳᠠᠭ ᠪᠠᠢᠯ᠎ᠠ᠂ ᠤᠳᠤ ᠵᠠᠮ ᠨᠡᠪᠳᠡᠷᠡᠭᠡᠳ ᠲᠠᠪᠤᠬᠠᠨ ᠮᠢᠨᠦ᠋ᠲ᠎ᠲᠤ ᠬᠦᠷᠴᠢᠬᠡᠨ᠎ᠡ᠂ ᠦᠨᠡᠬᠡᠷ ᠳᠦᠭᠦᠮ ᠪᠤᠯᠵᠠᠢ》 ᠭᠡᠵᠦ ᠰᠦᠩᠱᠠᠨ ᠲᠤᠭᠤᠷᠢᠭ᠎ᠤᠨ ᠰᠠᠭᠤᠭᠠᠯᠢ ᠠᠷᠠᠳ ᠵᠠᠩ ᠯᠢ ᠮᠸᠢ ᠪᠠᠶᠠᠷᠯᠠᠨ ᠶᠠᠷᠢᠨ᠎ᠠ᠃
《ᠮᠤᠬᠤᠷ ᠵᠠᠮ》 ᠪᠣᠯ ᠬᠤᠲᠠ᠎ᠶ᠋ᠢᠨ ᠵᠠᠮ ᠬᠠᠷᠢᠯᠴᠠᠭᠠᠨ᠎ᠤ 《ᠲᠦᠭ᠌ᠵᠢᠷᠡᠯ》 ᠮᠥᠨ᠂ ᠨᠠᠩ ᠴᠤ᠌ ᠬᠤᠲᠠ᠎ᠶ᠋ᠢᠨ ᠠᠷᠠᠳ᠎ᠤᠨ ᠰᠡᠳᠭᠢᠯ᠎ᠳᠠᠬᠢ 《ᠡᠪᠡᠷᠱᠢᠶᠡᠯ》 ᠮᠥᠨ᠃ ᠤᠯᠠᠭᠠᠨᠬᠠᠳᠠ ᠬᠤᠲᠠ ᠨᠢᠭᠡ ᠪᠦᠯᠦᠭ ᠭᠤᠣᠯ ᠬᠤᠲᠠ ᠲᠣᠭᠤᠷᠢᠭ᠎ᠤᠨ 《ᠮᠤᠬᠤᠷ ᠵᠠᠮ》 ᠢ᠋ ᠨᠡᠪᠲᠡᠷᠡᠭᠦᠯᠬᠦ᠌᠎ᠶ᠋ᠢ ᠡᠨᠡ ᠵᠢᠯ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠨᠢᠭᠡ ᠪᠣᠯᠭᠠᠵᠤ᠂ ᠤᠷᠢᠳ ᠬᠤᠵᠢᠳ ᠭᠤᠣᠯ ᠬᠤᠲᠠ ᠲᠣᠭᠤᠷᠢᠭ᠎ᠤᠨ 《ᠮᠤᠬᠤᠷ ᠵᠠᠮ》 ᠢ᠋ ᠨᠡᠪᠲᠡᠷᠡᠭᠦᠯᠬᠦ᠌ ᠠᠵᠢᠯ᠎ᠤᠨ ᠲᠤᠬᠠᠢ 5 ᠤᠳᠠᠭ᠎ᠠ ᠪᠣᠳᠠᠲᠠᠢ ᠭᠠᠵᠠᠷ᠎ᠲᠤᠨᠢ ᠱᠠᠯᠠᠪᠳᠠᠭᠤᠯᠤᠨ ᠱᠢᠢᠳᠪᠦᠷᠢᠯᠡᠭᠦᠯᠵᠦ᠂ 2 ᠤᠳᠠᠭ᠎ᠠ ᠪᠢᠴᠢᠭ᠎ᠢᠶᠠᠷ ᠱᠠᠯᠠᠪᠳᠠᠭᠤᠯᠵᠡᠢ᠂ ᠡᠭᠦᠨ᠎ᠤ ᠬᠠᠮᠲᠤ ᠠᠵᠢᠯ᠎ᠤᠨ ᠡᠬᠡ ᠲᠠᠩᠰᠠ ᠪᠠᠢᠭᠤᠯᠵᠤ᠂ ᠥᠨᠳᠥᠷ ᠬᠦᠴᠦᠳᠡᠯᠲᠦ ᠲᠡᠮᠦᠷ ᠰᠤᠪᠤᠷᠭ᠎ᠠ᠎ᠶ᠋ᠢ ᠥᠭᠡᠷᠡᠴᠢᠯᠡᠬᠦ᠂ ᠭᠡᠷ ᠪᠠᠢᠱᠢᠩ᠎ᠢ ᠲᠠᠲᠠᠪᠤᠷᠢᠯᠠᠨ ᠨᠤᠷᠠᠭᠠᠬᠤ᠂ ᠬᠤᠭᠤᠯᠠᠢ ᠤᠲᠠᠰᠤ᠎ᠶ᠋ᠢ ᠨᠡᠭᠦᠯᠭᠡᠨ ᠥᠭᠡᠷᠡᠴᠢᠯᠡᠬᠦ᠂ ᠪᠡᠯᠡ ᠮᠥᠩᠭᠦ ᠥᠭ᠌ᠬᠦ ᠵᠡᠷᠭᠡ ᠪᠣᠳᠠᠲᠠᠢ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠵᠤ᠂ 《ᠮᠤᠬᠤᠷ ᠵᠠᠮ》 ᠢ᠋ ᠲᠦᠷᠭᠡᠨ ᠨᠡᠪᠲᠡᠷᠡᠭᠦᠯᠬᠦ᠌᠎ᠳᠤ ᠬᠦᠴᠦᠲᠡᠢ ᠳᠡᠮᠵᠢᠯᠭᠡ ᠬᠠᠩᠭᠠᠪᠠ᠃ ᠡᠭᠦᠨ᠎ᠤ ᠬᠠᠮᠲᠤ᠌᠂ ᠬᠤᠲᠠ᠎ᠶ᠋ᠢᠨ ᠵᠠᠰᠠᠭ᠎ᠤᠨ ᠣᠷᠳᠣᠨ᠎ᠤ ᠱᠠᠯᠠᠪᠳᠠᠭᠤᠯᠤᠨ ᠪᠠᠢᠴᠠᠭᠠᠬᠤ ᠲᠠᠰᠤᠭ ᠪᠠᠰᠠ ᠬᠤᠲᠠ᠎ᠶ᠋ᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ᠎ᠶ᠋ᠢᠨ ᠲᠣᠭᠤᠷᠢᠨ᠎ᠳᠤ ᠪᠥᠬᠦ᠌ ᠶᠠᠪᠤᠴᠠ᠎ᠳᠤ ᠨᠠᠷᠢᠯᠢᠭ ᠣᠨᠣᠪᠴᠢᠲᠠᠶᠬᠦᠴᠦᠯᠡᠪᠡ᠃
ᠣᠳᠣᠬᠠᠨ᠎ᠳᠤ᠂ 4 ᠵᠠᠮ᠎ᠢ ᠵᠠᠰᠠᠭᠠᠳ ᠲᠡᠷᠭᠡ ᠨᠡᠪᠲᠡᠷᠡᠭᠦᠯᠵᠦ᠍᠂ 10 《ᠮᠤᠬᠤᠷ ᠵᠠᠮ》 ᠢ᠋ ᠨᠡᠪᠲᠡᠷᠡᠭᠦᠯᠬᠦ᠌ ᠪᠠᠷᠢᠯᠭ᠎ᠠ ᠴᠦ᠍ ᠱᠢᠪᠲᠤᠷᠠᠭᠠᠨ᠎ᠳᠠᠭᠠᠨ ᠣᠷᠤᠭᠠᠳ ᠪᠤᠢ᠃ ᠡᠲᠡᠭᠡᠷ ᠵᠠᠮ᠎ᠢ ᠨᠡᠪᠲᠡᠷᠡᠭᠦᠯᠦᠭ᠌ᠰᠡᠨ᠎ᠨᠢ ᠣᠷᠣᠨ ᠪᠦᠰᠡ᠎ᠶ᠋ᠢᠨ ᠵᠠᠮ ᠬᠠᠷᠢᠯᠴᠠᠭᠠᠨ᠎ᠤ ᠲᠦᠭ᠌ᠵᠢᠷᠡᠯ᠎ᠢ ᠠᠷᠢᠯᠭᠠᠨ᠂ ᠡᠷᠬᠢᠨ ᠲᠣᠭᠤᠷᠢᠨ᠎ᠤ ᠰᠠᠭᠤᠭᠠᠯᠢ ᠠᠷᠠᠳ᠎ᠤᠨ ᠡᠳᠦᠷ ᠲᠤᠲᠤᠮ᠎ᠤᠨ ᠶᠠᠪᠤᠵᠤ ᠰᠠᠭᠤᠬᠤ᠎ᠳᠤ ᠮᠠᠰᠢ ᠲᠥᠬᠦᠮ ᠦᠵᠡᠭᠦᠯᠵᠦ᠍᠂ ᠬᠤᠲᠠ᠎ᠶ᠋ᠢᠨ ᠵᠠᠮ ᠬᠠᠷᠢᠯᠴᠠᠭᠠᠨ᠎ᠤ ᠱᠢᠰᠲ᠋ᠧᠮ᠎ᠢ ᠨᠠᠩ ᠰᠠᠭᠠᠳ ᠥᠬᠡᠶ ᠪᠥᠭᠡᠳ ᠡᠮᠬᠢ ᠲᠢᠭᠯᠢᠮ᠎ᠲᠠᠢ ᠪᠣᠯᠭᠠᠪᠠ᠃
ᠡᠮᠴᠢᠯᠡᠭᠡᠨ᠎ᠤ ᠡᠬᠢ ᠪᠠᠶᠠᠯᠢᠭ᠎ᠢ ᠳᠠᠬᠢᠨᠲᠠ ᠥᠷᠭᠡᠳᠭᠡᠵᠦ᠍᠂ 《ᠡᠷᠡᠭᠦᠯ ᠡᠩᠬᠡ ᠤᠯᠠᠭᠠᠨᠬᠠᠳᠠ》 ᠶ᠋ᠢᠨ ᠰᠠᠭᠤᠷᠢ᠎ᠶ᠋ᠢ ᠪᠠᠲᠤᠳᠬᠠᠪᠠ᠃ ᠤᠯᠠᠭᠠᠨᠬᠠᠳᠠ ᠬᠤᠲᠠ ᠣᠷᠣᠱᠢᠨ ᠰᠠᠭᠤᠷᠢᠰᠢᠬᠤ ᠤᠷᠴᠢᠨ ᠨᠥᠬᠦᠴᠡᠯ᠎ᠢ ᠪᠦᠭᠦ᠌ ᠬᠦᠴᠦᠨᠢᠶᠠᠷᠰᠠᠢᠵᠢᠷᠠᠭᠤᠯᠬᠤᠶ᠋ᠢᠨ ᠬᠠᠮᠲᠤ᠌ ᠪᠠᠰᠠ ᠡᠮ ᠡᠮᠨᠡᠯᠭᠡ ᠡᠷᠡᠭᠦᠯ ᠬᠠᠮᠠᠭᠠᠯᠠᠯ ᠡᠨᠡ ᠬᠦ᠌ ᠠᠷᠠᠳ᠎ᠤᠨ ᠠᠮᠢᠳᠤᠷᠠᠯ᠎ᠤᠨ ᠰᠠᠭᠤᠷᠢ᠎ᠶ᠋ᠢ ᠦᠷᠭᠦᠯᠵᠢᠯᠡᠨ ᠪᠠᠬᠢᠵᠢᠭᠦᠯᠵᠡᠢ᠃
ᠬᠤᠩᠱᠠᠨ ᠲᠣᠭᠤᠷᠢᠭ᠎ᠤᠨ ᠱᠢᠶᠣᠣ ᠱᠢᠨ ᠳ᠋ᠢ ᠬᠡᠰᠡᠭᠯᠡᠯ ᠤᠷᠤᠨ ᠳ᠋ᠡᠬᠢ ᠤᠯᠠᠭᠠᠨᠬᠠᠳᠠ ᠬᠤᠳᠠ᠎ᠶ᠋ᠢᠨ ᠡᠮᠨᠡᠯᠭᠡ᠎ᠶ᠋ᠢᠨ ᠬᠤᠷᠢᠶᠠᠨ᠎ᠤ ᠱᠢᠨ᠎ᠡ ᠬᠤᠳᠠ ᠲᠣᠭᠤᠷᠢᠭ ᠲᠡᠬᠢ ᠬᠤᠪᠢᠶᠠᠷᠢ ᠬᠤᠷᠢᠶ᠎ᠠ ᠵᠢ ᠪᠠᠢᠭᠤᠯᠬᠤ ᠲᠦᠷᠦᠯ ᠵᠦᠢᠯ ᠪᠣᠯ ᠤᠯᠠᠭᠠᠨᠬᠠᠳᠠ ᠬᠤᠳᠠ᠎ᠶ᠋ᠢᠨ ᠡᠮᠴᠢᠯᠡᠭᠡᠨ᠎ᠤ ᠡᠬᠢ ᠪᠠᠶᠠᠯᠢᠭ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠂ ᠡᠮᠴᠢᠯᠡᠭᠡᠨ᠎ᠤ ᠦᠢᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠭᠦ᠌ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ ᠪᠣᠯᠣᠨ᠎ᠠ᠃ ᠲᠣᠰ ᠲᠥᠷᠥᠯ ᠵᠦᠢᠯ᠎ᠤᠨ ᠶᠡᠷᠦᠩᠬᠡᠢ ᠪᠠᠷᠢᠯᠭ᠎ᠠ᠎ᠶ᠋ᠢᠨ ᠲᠠᠯᠠᠪᠠᠶ᠎ᠨᠢ 28.2 ᠲᠦᠮᠡᠨ ᠲᠡᠭ᠌ᠰᠢ ᠳᠥᠷᠪᠡᠯᠵᠢᠨ ᠮᠧᠲᠷ᠎ᠲᠤ ᠬᠦᠷᠴᠦ᠍᠂ 1500 ᠡᠪᠡᠳᠴᠢᠲᠡᠨ ᠤ᠋ ᠣᠷᠣ (500 ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠢ ᠨᠦᠭᠡᠴᠡᠯᠡᠭᠰᠡᠨ ᠣᠷᠣ ᠪᠠᠭ᠍ᠲᠠᠨ᠎ᠠ) ᠲᠣᠬᠢᠷᠠᠭᠤᠯᠵᠤ᠂ ᠶᠡᠷᠦᠩᠬᠡᠢ ᠪᠡᠯᠡ ᠣᠷᠣᠭᠤᠯᠤᠯᠲᠠ᠎ᠨᠢ 22.39 ᠳ᠋ᠦᠩᠱᠢᠭᠤᠷ ᠲᠥᠭᠦᠷᠢᠭ᠎ᠲᠤ ᠬᠦᠷᠴᠠᠢ᠃ ᠲᠥᠷᠥᠯ ᠵᠦᠢᠯ᠎ᠢ ᠪᠦᠬᠦᠯᠢ ᠴᠣᠭ᠍ᠴᠠ᠎ᠪᠠᠷ ᠲᠥᠯᠥᠪᠵᠢᠭᠦᠯᠬᠦ᠂ ᠬᠤᠭᠤᠴᠠᠭ᠎ᠠ ᠬᠤᠪᠢᠶᠠᠨ ᠵᠢᠷᠤᠵᠤ ᠲᠥᠯᠥᠪᠯᠡᠬᠦ᠌ ᠪᠠ ᠪᠠᠷᠢᠯᠭ᠎ᠠ ᠵᠢᠨ ᠠᠵᠢᠯ ᠦᠷᠨᠢᠭᠦᠯᠬᠦ ᠵᠠᠷᠴᠢᠮ᠎ᠢᠶᠠᠷ ᠪᠦᠲᠦᠭᠡᠨ ᠪᠠᠢᠭᠤᠯᠵᠤ᠂ ᠣᠳᠣᠬᠠᠨ᠎ᠳᠤ ᠨᠢᠭᠡᠳᠦᠭᠡᠷ ᠬᠤᠭᠤᠴᠠᠭᠠᠨ᠎ᠤ ᠭᠤᠣᠯ ᠪᠦᠲᠦᠴᠡ ᠵᠢ ᠨᠢᠭᠡᠨᠲᠡ ᠪᠠᠷᠢᠵᠤ ᠳᠠᠭᠤᠰᠬᠠᠨ᠂ ᠵᠠᠰᠠᠵᠤ ᠴᠢᠮᠡᠭ᠌ᠯᠡᠬᠦ᠌ ᠠᠵᠢᠯ᠎ᠤᠨ ᠬᠤᠭᠤᠴᠠᠭᠠᠨ᠎ᠳᠤ ᠪᠦᠭᠦ᠌ ᠲᠠᠯ᠎ᠠ᠎ᠪᠠᠷ ᠣᠷᠣᠭ᠍ᠰᠠᠨ ᠪᠠᠢᠨ᠎ᠠ᠃ ᠲᠥᠷᠦᠯ ᠵᠦᠢᠯ ᠠᠰᠢᠬᠯᠠᠯᠲᠠ᠎ᠳᠤ ᠤᠷᠤᠭᠰᠠᠨ᠎ᠤ ᠳᠠᠷᠠᠭ᠎ᠠ ᠱᠢᠨ᠎ᠡ ᠬᠤᠲᠠ ᠲᠣᠭᠤᠷᠢᠭ᠎ᠤᠨ ᠣᠯᠠᠨ ᠲᠦᠮᠡᠨ᠎ᠤ 《ᠡᠪᠡᠳᠴᠢᠨ ᠦᠵᠡᠭᠦᠯᠭᠦ᠎ᠳᠤ ᠬᠦᠴᠢᠷᠲᠡᠢ》 ᠠᠰᠠᠭᠤᠳᠠᠯ᠎ᠢ ᠶᠡᠭᠡ᠎ᠪᠠᠷ ᠨᠠᠮᠳᠠᠭᠤᠯᠵᠤ᠂ 《ᠡᠷᠡᠭᠦᠯ ᠡᠩᠬᠡ ᠤᠯᠠᠭᠠᠨᠬᠠᠳᠠ》 ᠶ᠋ᠢᠨ ᠪᠠᠢᠭᠤᠯᠤᠯᠲᠠ᠎ᠳᠤ ᠪᠠᠲᠤ ᠴᠢᠩᠭ᠎ᠠ ᠬᠠᠲᠠᠭᠤ ᠲᠣᠨᠤᠭ᠎ᠤᠨ ᠲᠤᠯᠭᠠᠭᠤᠷᠢᠯᠠᠯ ᠬᠠᠩᠭᠠᠬᠤ᠎ᠶ᠋ᠢᠨ ᠬᠠᠮᠲᠤ ᠪᠠᠰᠠ ᠴᠢᠬᠤᠯᠠ ᠶᠡᠭᠡ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠷᠡᠭ ᠶᠠᠪᠤᠳᠠᠯ᠎ᠢ ᠠᠷᠭᠠᠴᠠᠭᠠᠬᠤ᠎ᠳᠤ ᠴᠢᠩᠭ᠎ᠠ ᠬᠦᠴᠦᠲᠡᠢ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠢ ᠨᠥᠭᠡᠴᠡ ᠬᠠᠩᠭᠠᠬᠤ ᠪᠤᠯᠤᠨ᠎ᠠ᠃
ᠬᠤᠩᠱᠠᠨ ᠲᠣᠭᠤᠷᠢᠭ᠂ ᠰᠦᠩᠱᠠᠨ ᠲᠣᠭᠤᠷᠢᠭ᠎ᠤᠨ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠱᠢᠨᠡᠳᠭᠡᠭᠰᠡᠨ ᠡᠴᠡ ᠵᠡᠭᠡᠯᠢ᠎ᠶ᠋ᠢᠨ 《ᠮᠤᠬᠤᠷ ᠵᠠᠮ》 ᠢ᠋ ᠨᠡᠪᠲᠡᠷᠡᠭᠦᠯᠦᠭ᠌ᠰᠡᠨ ᠬᠦᠷᠲᠡᠯ᠎ᠡ᠂ ᠳᠠᠬᠢᠭᠠᠳ ᠤᠯᠠᠭᠠᠨᠬᠠᠳᠠ ᠬᠤᠳᠠ᠎ᠶ᠋ᠢᠨ ᠡᠮᠨᠡᠯᠭᠡ ᠵᠢᠨ ᠬᠤᠷᠢᠶᠠᠨ᠎ᠤ ᠱᠢᠨ᠎ᠡ ᠬᠤᠳᠠ ᠲᠣᠭᠤᠷᠢᠭ ᠲᠡᠬᠢ ᠬᠤᠪᠢᠶᠠᠷᠢ ᠬᠤᠷᠢᠶ᠎ᠠ᠎ᠶ᠋ᠢᠨ ᠪᠠᠢᠭᠤᠯᠬᠤ᠎ᠶ᠋ᠢ ᠲᠦᠷᠭᠡᠳᠭᠡᠬᠦ᠌ ᠭᠦᠷᠲᠡᠯ᠎ᠡ᠂ ᠤᠯᠠᠭᠠᠨᠬᠠᠳᠠ ᠬᠤᠳᠠ ᠵᠢᠨ ᠠᠷᠠᠳ᠎ᠤᠨ ᠠᠮᠢᠳᠤᠷᠠᠯ᠎ᠤᠨ ᠢᠨᠵᠧᠨᠧᠷᠢᠩ ᠠᠷᠠᠳ ᠤᠯᠠᠨ᠎ᠤ ᠵᠢᠷᠭᠠᠯᠲᠤ ᠲᠦᠷᠦᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠵᠦ ᠪᠠᠢᠨ᠎ᠠ᠃