ᠣᠯᠠᠨ ᠡᠱᠢᠵᠢᠬᠦᠯᠦᠨ ᠬᠣᠯᠪᠣᠭᠠᠯᠠᠨ ᠬᠥᠳᠡᠯᠦᠯᠴᠡᠵᠦ᠍ ᠵᠥᠷᠢᠴᠡᠯ ᠢ᠋ ᠦᠨᠳᠦᠰᠦᠨ ᠱᠠᠲᠤᠨ ᠳ᠋ᠦ ᠰᠢᠢᠳᠪᠦᠷᠢᠯᠡᠨ᠎ᠡ
2025-12-10 09:51:35
ᠵᠣᠬᠢᠶᠠᠭ᠍ᠴᠢ᠄
​ ᠯᠢ ᠢᠦᠶ ᠵᠦᠸᠸ ᠯᠢᠦ ᠯᠦ᠍
ᠣᠩᠱᠢᠭ᠍ᠰᠠᠨ ᠣᠳᠠᠭ᠎ᠠ᠄
★★★☆☆

《ᠤᠳᠤ ᠰᠠᠨᠠᠭ᠎ᠠ ᠠᠮᠤᠷ ᠮᠠᠯ ᠵᠢᠡᠨ ᠮᠠᠯᠵᠢᠬᠤ ᠪᠤᠯᠤᠯ᠎ᠠ᠂ ᠶᠡᠷᠦᠩᠬᠡᠢᠯᠡᠨ ᠵᠠᠰᠠᠬᠤ ᠲᠥᠪ ᠤ᠋ᠨ ᠬᠠᠪᠰᠤᠷᠤᠭᠰᠠᠨ ᠤ᠋ ᠠᠴᠢ ᠪᠡᠷ ᠰᠢᠤ!》 ᠭᠡᠵᠦ ᠬᠠᠭᠤᠴᠢᠨ ᠪᠠᠷᠭᠤ ᠬᠣᠱᠢᠭᠤᠨ ᠤ᠋ ᠪᠠᠷᠠᠭᠤᠨ ᠦᠵᠦᠭᠦᠷ ᠰᠤᠮᠤᠨ ᠤ᠋ ᠮᠠᠯᠴᠢᠨ ᠢᠯᠠᠯᠲᠠ᠂ ᠪᠠᠲᠤᠪᠠᠶᠠᠷ ᠬᠣᠶᠠᠷ ᠨᠤᠲᠤᠭ ᠪᠡᠯᠴᠢᠭᠡᠷ ᠤ᠋ᠨ ᠡᠷᠬᠡ ᠵᠢᠨ ᠬᠠᠷᠢᠶᠠᠯᠠᠯ ᠤ᠋ᠨ ᠵᠠᠭᠤᠷᠠᠯᠳᠤᠭᠠᠨ  ᠵᠢᠡᠨ ᠤᠷᠤᠭ᠍ᠰᠢᠲᠠᠶ ᠱᠢᠶ᠋ᠳᠪᠦᠷᠢᠯᠡᠬᠦᠯᠦᠭ᠌ᠰᠡᠨ ᠤ᠋ ᠳᠠᠷᠠᠭ᠎ᠠ ᠡᠢᠨ ᠬᠦ᠌ ᠰᠡᠳᠬᠢᠯ ᠳᠤᠭᠳᠤᠯᠤᠨ ᠭᠡᠯᠡᠨ᠎ᠠ᠃

2025 ᠣᠨ ᠤ᠋ 8 ᠰᠠᠷ᠎ᠠ ᠳ᠋ᠦ᠂ ᠢᠯᠠᠯᠳᠠ ᠬᠢᠭᠡᠳ ᠪᠠᠲᠤᠪᠠᠶᠠᠷ 1000 ᠮᠦ᠍ ᠪᠡᠯᠴᠢᠭᠡᠷ ᠤ᠋ᠨ ᠵᠠᠭᠠᠭ ᠤ᠋ᠨ ᠶᠠᠪᠤᠳᠠᠯ ᠡᠴᠡ ᠪᠤᠯᠵᠤ ᠵᠠᠭᠤᠷᠠᠯᠳᠤᠭᠠᠨ  ᠡᠭᠦᠰᠴᠠᠢ᠃ ᠪᠠᠷᠠᠭᠤᠨ ᠦᠵᠦᠭᠦᠷ ᠰᠤᠮᠤ ᠵᠢᠨ ᠶᠡᠷᠦᠩᠬᠡᠢᠯᠡᠨ ᠵᠠᠰᠠᠬᠤ ᠲᠥᠪ᠎ᠤᠨ ᠬᠢᠨ ᠭᠠᠴᠠᠭᠠᠨ ᠤ᠋ ᠳᠡᠭᠡᠭ᠌ᠰᠢ ᠮᠡᠳᠡᠭᠦᠯᠦᠭ᠌ᠰᠡᠨ ᠮᠡᠳᠡᠬᠦᠯᠦᠯᠳᠡ ᠵᠢ ᠲᠤᠰᠤᠭᠰᠠᠨ ᠤ᠋ ᠳᠠᠷᠠᠭ᠎ᠠ᠂  ᠳᠠᠷᠤᠶ ᠳ᠋ᠤᠨᠢ ᠬᠠᠤᠯᠢ ᠴᠠᠭᠠᠵᠠ ᠵᠢᠨ ᠭᠠᠵᠠᠷ᠂ ᠲᠠᠷᠢᠶᠠᠯᠠᠩ ᠮᠠᠯ ᠠᠵᠤ ᠠᠬᠤᠶ᠂ ᠣᠶ ᠱᠢᠭᠤᠶ ᠨᠤᠳᠤᠭ ᠪᠡᠯᠴᠢᠭᠡᠷ ᠵᠡᠷᠭᠡ ᠰᠠᠯᠠᠭ᠎ᠠ ᠮᠥᠴᠢᠷ ᠢ᠋ ᠵᠣᠬᠢᠶᠠᠨ ᠪᠠᠢᠭᠤᠯᠵᠤ ᠲᠤᠬᠠᠶ ᠵᠢᠨ ᠭᠠᠵᠠᠷ᠎ᠲᠤᠨᠢ ᠬᠦᠷᠴᠦ ᠪᠠᠢᠳᠠᠯ ᠢ᠋ ᠨᠢ ᠤᠢᠯᠠᠭᠠᠪᠠ᠃ ᠪᠠᠢᠴᠠᠭᠠᠯᠳᠠ ᠪᠡᠷ ᠳᠠᠮᠵᠢᠨ᠂ ᠵᠠᠭᠤᠷᠠᠯᠳᠤᠭᠠᠨ  ᠡᠭᠦᠰᠦᠭ᠌ᠰᠡᠨ ᠱᠢᠯᠲᠠᠭᠠᠨ ᠨᠢ ᠣᠯᠠᠨ ᠵᠢᠯ ᠤ᠋ᠨ ᠡᠮᠦᠨ᠎ᠡ ᠨᠤᠲᠤᠭ ᠪᠡᠯᠴᠢᠭᠡᠷ ᠢ᠋ ᠬᠡᠮᠵᠢᠬᠦ᠌ ᠦᠶ᠎ᠡ᠎ᠳᠦ᠂ ᠬᠣᠴᠣᠷᠤᠩᠭᠤᠶ ᠳᠡᠭᠡᠰᠦ ᠪᠡᠷ ᠬᠡᠮᠵᠢᠬᠦ᠌ ᠠᠷᠭ᠎ᠠ ᠪᠤᠶᠤ ᠲᠡᠷᠭᠡ ᠬᠥᠰᠭᠡ ᠪᠡᠷ ᠬᠡᠮᠵᠢᠬᠦ᠌ ᠠᠷᠭ᠎ᠠ ᠵᠢ ᠬᠡᠷᠡᠭ᠌ᠯᠡᠵᠦ᠍᠂ ᠵᠣᠬᠢᠬᠤ ᠬᠡᠮᠵᠢᠶᠡᠨ ᠤ᠋ ᠬᠡᠮᠵᠢᠯᠲᠡ ᠵᠢᠨ ᠵᠥᠷᠢᠶ᠎ᠡ ᠣᠷᠣᠱᠢᠵᠤ ᠪᠠᠢᠭ᠍ᠰᠠᠨ ᠪᠥᠭᠡᠳ ᠣᠯᠠᠨ ᠵᠢᠯ ᠤ᠋ᠨ ᠰᠠᠯᠬᠢ ᠪᠣᠷᠣᠭᠠᠨ ᠢ᠋ ᠦᠩᠭᠡᠷᠡᠭᠡᠭᠡᠳ᠂ ᠲᠣᠣᠷ ᠬᠠᠱᠢᠯᠭ᠎ᠠ ᠵᠢᠨ ᠪᠠᠢᠷᠢ ᠨᠢ ᠬᠠᠵᠠᠢᠭ᠍ᠰᠠᠨ ᠡᠴᠡ ᠵᠠᠭᠠᠭ ᠨᠢ ᠲᠣᠳᠣᠷᠬᠠᠶ ᠦᠭᠡᠶ ᠪᠣᠯᠤᠭ᠍ᠰᠠᠨ ᠪᠠᠢᠨ᠎ᠠ᠃

ᠪᠠᠷᠠᠭᠤᠨ ᠦᠵᠦᠭᠦᠷ ᠰᠤᠮᠤᠨ ᠤ᠋ ᠶᠡᠷᠦᠩᠬᠡᠢᠯᠡᠨ ᠵᠠᠰᠠᠬᠤ ᠲᠥᠪ᠎ᠤᠨ ᠬᠢᠨ ᠲᠠᠷᠤᠢ ᠎ᠳᠤᠨᠢ ᠬᠣᠱᠢᠭᠤᠨ ᠤ᠋ ᠶᠡᠷᠦᠩᠬᠡᠢᠯᠡᠨ ᠵᠠᠰᠠᠬᠤ ᠲᠥᠪ᠎ᠡᠴᠡ ᠲᠤᠰᠭᠠᠶ ᠮᠡᠷᠭᠡᠵᠢᠯ ᠤ᠋ᠨ ᠳᠡᠮᠵᠢᠯᠭᠡ ᠭᠤᠶᠤᠴᠢᠯᠠᠪᠠ᠃ ᠬᠣᠱᠢᠭᠤᠨ ᠤ᠋ ᠶᠡᠷᠦᠩᠬᠡᠢᠯᠡᠨ ᠵᠠᠰᠠᠬᠤ ᠲᠥᠪ ᠡᠴᠡ ᠵᠠᠭᠤᠷᠠᠯᠳᠤᠭᠠᠨ  ᠢ᠋ ᠣᠨᠣᠪᠴᠢᠲᠠᠶ ᠰᠤᠳᠤᠯᠤᠨ ᠮᠠᠭᠠᠳᠯᠠᠵᠤ ᠂ ᠨᠤᠲᠤᠭ ᠪᠡᠯᠴᠢᠭᠡᠷ ᠵᠢᠴᠢ ᠬᠠᠤᠯᠢ ᠵᠢᠨ ᠤᠬᠠᠭᠠᠨ ᠤ᠋ ᠨᠡᠢᠭᠡᠮᠯᠢᠭ ᠤ᠋ᠨ ᠲᠤᠰᠭᠠᠶ ᠮᠡᠷᠭᠡᠵᠢᠯᠲᠡᠨ ᠢ᠋ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠬᠣᠱᠢᠭᠤᠨ ᠲᠠᠰ ᠤ᠋ᠨ ᠡᠷᠭᠡ ᠮᠡᠳᠡᠯ ᠡᠴᠡ ᠳᠠᠪᠠᠭ᠍ᠰᠠᠨ ᠡᠬᠢ ᠪᠠᠶᠠᠯᠢᠭ ᠤ᠋ᠨ ᠬᠡᠷᠡᠭ᠌ᠴᠡᠭᠡ ᠱᠠᠭᠠᠷᠳᠠᠯᠭ᠎ᠠ ᠵᠢ ᠬᠣᠲᠠ ᠵᠢᠨ ᠲᠠᠰ ᠤ᠋ᠨ ᠶᠡᠷᠦᠩᠬᠡᠢᠯᠡᠨ ᠵᠠᠰᠠᠬᠤ ᠲᠥᠪ ᠲᠠᠢ ᠰᠠᠨᠠᠭᠠᠴᠢᠯᠠᠭ᠎ᠠ ᠡᠴᠡ ᠪᠡᠨ ᠵᠣᠯᠭᠠᠭᠤᠯᠵᠤ᠂ ᠲᠥᠷᠥ ᠵᠢᠨ ᠪᠣᠳᠣᠯᠭ᠎ᠠ ᠵᠢᠨ ᠵᠢᠯᠣᠭᠣᠳᠣᠯᠭ᠎ᠠ ᠬᠢᠭᠡᠳ ᠬᠠᠤᠯᠢ ᠴᠠᠭᠠᠵᠠ ᠵᠢᠨ ᠦᠶ᠋ᠯᠡᠴᠢᠯᠡᠭᠡ ᠵᠢ ᠣᠨᠣᠪᠴᠢᠲᠠᠶ ᠪᠡᠷ ᠦᠨᠳᠦᠰᠦᠨ ᠱᠠᠲᠤᠨ ᠳ᠋ᠦ ᠪᠠᠭᠤᠯᠭᠠᠬᠤ ᠵᠢ ᠠᠬᠢᠭᠤᠯᠵᠠᠢ᠃ ᠭᠤᠷᠪᠠᠨ ᠱᠠᠳᠤᠨ ᠤ᠋ ᠶᠡᠷᠦᠩᠬᠡᠢᠯᠡᠨ ᠵᠠᠰᠠᠬᠤ ᠲᠥᠪ ᠤ᠋ᠨ ᠨᠢᠭ᠍ᠲᠠ ᠬᠠᠮᠵᠢᠯᠴᠠᠭ᠎ᠠ ᠳᠤᠤᠷ᠎ᠠ᠂ ᠣᠯᠠᠨ ᠡᠭᠡᠯᠵᠢ ᠵᠢᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠪᠠ ᠶᠣᠰᠣ ᠵᠦᠶ ᠵᠢᠨ ᠨᠡᠪᠲᠡᠷᠡᠯᠴᠡᠭᠡ ᠪᠡᠷ ᠳᠠᠮᠵᠢᠭᠤᠯᠤᠨ᠂ ᠬᠣᠶᠠᠷ ᠲᠠᠯ᠎ᠠ ᠵᠢᠨ ᠲᠤᠬᠠᠶ ᠵᠢᠨ ᠬᠥᠮᠦᠨ ᠨᠢ ᠡᠰᠡᠷᠭᠦᠴᠡᠯᠳᠦᠵᠦ᠍ ᠪᠠᠢᠭ᠍ᠰᠠᠨ ᠡᠴᠡ ᠪᠡᠨ ᠬᠠᠷᠢᠯᠴᠠᠨ ᠣᠢᠯᠠᠭᠠᠯᠴᠠᠵᠤ᠂ ᠡᠴᠦᠰ᠎ᠲᠡᠬᠡᠨ ᠣᠲᠣ ᠵᠢᠨ ᠮᠠᠯ ᠮᠠᠯᠵᠢᠬᠤ ᠪᠠᠢᠷᠢᠱᠢᠯ ᠢ᠋ ᠪᠠᠲᠤᠯᠠᠬᠤ ᠬᠠᠮᠲᠤ ᠵᠢᠨ ᠲᠠᠨᠢᠯᠲᠠ ᠲᠠᠢ ᠪᠣᠯᠪᠠ᠃

ᠲᠣᠰ ᠵᠠᠭᠤᠷᠠᠯᠳᠤᠭᠠᠨ  ᠢ᠋ ᠠᠮᠵᠢᠯᠲᠠ ᠲᠠᠢ ᠱᠢᠶ᠋ᠳᠪᠦᠷᠢᠯᠡᠭ᠌ᠰᠡᠨ᠎ᠨᠢ ᠬᠥᠯᠥᠨ ᠪᠣᠢᠷ ᠬᠣᠲᠠ ᠵᠢᠨ ᠭᠤᠷᠪᠠᠨ ᠱᠠᠲᠤᠨ ᠤ᠋ ᠶᠡᠷᠦᠩᠬᠡᠢᠯᠡᠨ ᠵᠠᠰᠠᠬᠤ ᠲᠥᠪ ᠤ᠋ᠨ ᠬᠤᠯᠪᠤᠭᠠᠯᠠᠨ ᠬᠥᠳᠡᠯᠦᠯᠴᠡᠬᠦ᠌ ᠲᠣᠭ᠍ᠲᠠᠴᠠ ᠵᠢᠨ ᠪᠤᠳᠤᠯᠢᠶᠠᠨᠲᠠᠶ ᠵᠥᠷᠢᠴᠡᠯ ᠵᠠᠭᠤᠷᠠᠯᠳᠤᠭᠠᠨ  ᠢ᠋ ᠠᠷᠭᠠᠴᠠᠭᠠᠬᠤ ᠳ᠋ᠦ ᠮᠠᠰᠢ ᠲᠦᠷᠭᠡᠨ ᠬᠦᠳᠡᠯᠤᠯᠴᠠᠵᠤ᠂ ᠬᠦᠴᠦᠲᠡᠶ ᠲᠤᠯᠭᠠᠭᠤᠷᠢᠯᠠᠵᠤ᠂ ᠪᠦᠲᠦᠮᠵᠢᠲᠡᠶ ᠱᠢᠶ᠋ᠳᠪᠦᠷᠢᠯᠡᠭ᠌ᠰᠡᠨ ᠬᠦᠴᠦᠨ ᠴᠢᠳᠠᠪᠤᠷᠢ ᠵᠢ ᠲᠤᠳᠤᠷᠠᠭᠤᠯᠪᠠ᠃ ᠶᠡᠷᠦᠩᠬᠡᠢᠯᠡᠨ ᠵᠠᠰᠠᠬᠤ ᠲᠥᠪ ᠤ᠋ᠨ ᠵᠢᠷᠤᠮᠵᠢᠭ᠍ᠰᠠᠨ ᠪᠠᠢᠭᠤᠯᠤᠯᠲᠠ ᠵᠢ ᠠᠬᠢᠭᠤᠯᠤᠭ᠍ᠰᠠᠨ ᠡᠴᠡ ᠨᠠᠭᠠᠰᠢ᠂ ᠬᠥᠯᠥᠨ ᠪᠣᠢᠷ ᠬᠣᠲᠠ᠎ᠵᠢᠨ ᠬᠢᠨ《ᠵᠢᠷᠤᠮᠵᠢᠭᠤᠯᠤᠨ ᠰᠠᠭᠤᠷᠢ ᠵᠢ ᠴᠣᠭ᠍ᠴᠠᠯᠠᠬᠤ᠂ ᠪᠣᠳᠠᠲᠠᠶ ᠠᠵᠢᠯᠯᠠᠨ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ᠌᠂ ᠲᠥᠷᠥᠯᠵᠢᠭᠦᠯᠦᠨ ᠴᠢᠳᠠᠮᠵᠢ ᠣᠯᠭᠣᠬᠤ》 ᠭᠤᠤᠯ ᠱᠢᠵᠢᠮ ᠢ᠋ ᠴᠢᠩᠭ᠎ᠠ ᠡᠵᠡᠮᠳᠡᠨ᠂ ᠵᠥᠷᠢᠴᠡᠯ ᠢ᠋ ᠦᠨᠳᠦᠰᠦᠨ ᠱᠠᠲᠤᠨ ᠳ᠋ᠦ ᠰᠢᠢᠳᠪᠦᠷᠢᠯᠡᠬᠦ᠂ ᠠᠶᠤᠯ ᠲᠦᠭ᠌ᠰᠢᠭᠦᠷᠢ ᠵᠢ ᠡᠬᠢ ᠡᠭᠦᠰᠦᠯ᠎ᠡᠴᠡ᠎ᠨᠢ ᠰᠡᠷᠭᠡᠢᠯᠡᠨ ᠡᠵᠡᠮᠳᠡᠬᠦ᠌ ᠵᠢ ᠠᠬᠢᠭᠤᠯᠪᠠ᠃

ᠵᠢᠷᠤᠮᠵᠢᠭ᠍ᠰᠠᠨ ᠪᠠᠢᠭᠤᠯᠤᠯᠲᠠ ᠵᠢᠨ ᠲᠠᠯ᠎ᠠ ᠪᠡᠷ᠂ ᠬᠥᠯᠥᠨ ᠪᠣᠢᠷ ᠬᠣᠲᠠ ᠎ᠵᠢᠨ ᠬᠢᠨ ᠨᠢᠭᠡᠨᠲᠡ ᠪᠠᠢᠭ᠎ᠠ ᠪᠡᠬᠢᠯᠡᠯᠳᠡ ᠵᠢᠨ ᠭᠠᠵᠠᠷ ᠤ᠋ᠨ ᠡᠬᠢ ᠪᠠᠶᠠᠯᠢᠭ ᠵᠢᠡᠨ ᠭᠦᠶ᠋ᠴᠡᠳ ᠠᠱᠢᠭ᠍ᠯᠠᠨ ᠡᠯ᠎ᠡ ᠱᠠᠲᠤᠨ ᠤ᠋ ᠶᠡᠷᠦᠩᠬᠡᠢᠯᠡᠨ ᠵᠠᠰᠠᠬᠤ ᠲᠥᠪ ᠢ᠋ ᠦᠷᠬᠦᠯᠵᠢᠯᠡᠨ ᠰᠢᠯᠢᠳᠡᠭᠵᠢᠬᠦᠯᠦᠨ ᠪᠠᠢᠭᠤᠯᠵᠤ᠂ 《1 + 14 + 140》 ᠭᠤᠷᠪᠠᠨ ᠱᠠᠲᠤᠨ ᠤ᠋ ᠶᠡᠷᠦᠩᠬᠡᠢᠯᠡᠨ ᠵᠠᠰᠠᠬᠤ ᠲᠥᠪ ᠤ᠋ᠨ ᠪᠣᠳᠠᠲᠤ ᠴᠣᠭ᠍ᠴᠠ ᠵᠢᠨ ᠪᠤᠷᠤ ᠲᠦᠯᠦᠪ ᠢ᠋ ᠪᠠᠢᠭᠤᠯᠪᠠ᠂ ᠲᠤᠬᠠᠢᠯᠠᠪᠠᠯ 1 ᠬᠣᠲᠠ ᠵᠢᠨ ᠳᠡᠰ ᠤ᠋ᠨ ᠲᠥᠪ᠂ 14 ᠬᠣᠱᠢᠭᠤᠨ ᠤ᠋ ᠳᠡᠰ ᠤ᠋ᠨ ᠲᠥᠪ᠂ 140 ᠰᠤᠮᠤ ᠱᠢᠶᠠᠩ ᠪᠠᠯᠭᠠᠰᠤᠨ ᠤ᠋ ᠳᠡᠰ ᠤ᠋ᠨ ᠲᠥᠪ ᠢ᠋ ᠪᠠᠢᠭᠤᠯᠵᠤ᠂ 100%  ᠪᠡᠷ ᠪᠥᠬᠥ᠌ ᠣᠷᠣᠨ ᠪᠦᠰᠡ ᠵᠢ ᠬᠠᠮᠤᠷᠬᠤ ᠵᠢ ᠪᠡᠶᠡᠯᠡᠭᠦᠯᠪᠡ᠃

ᠬᠣᠲᠠ᠂ ᠬᠣᠱᠢᠭᠤ ᠬᠣᠶᠠᠷ ᠱᠠᠲᠤᠨ ᠤ᠋ ᠶᠡᠷᠦᠩᠬᠡᠢᠯᠡᠨ ᠵᠠᠰᠠᠬᠤ ᠲᠥᠪ᠎ᠨᠢ ᠵᠥᠷᠢᠴᠡᠯ ᠵᠠᠭᠤᠷᠠᠯᠳᠤᠭᠠᠨ  ᠢ᠋ ᠣᠯᠠᠨ ᠡᠱᠢᠵᠢᠭᠦᠯᠦᠨ ᠱᠢᠢᠳᠪᠦᠷᠢᠯᠡᠬᠦ᠌ ᠲᠥᠪ᠂ ᠵᠠᠬᠢᠳᠠᠯ ᠰᠤᠷᠪᠤᠯᠵᠢᠯᠠᠯ ᠢ᠋ ᠬᠦᠯᠢᠶᠡᠨ ᠠᠪᠬᠤ ᠲᠥᠪ᠂ ᠣᠯᠠᠨ ᠨᠡᠢᠲᠡ ᠵᠢᠨ ᠬᠠᠤᠯᠢ ᠴᠠᠭᠠᠵᠠ ᠵᠢᠨ ᠦᠢᠯᠡᠴᠢᠯᠡᠭᠡᠨ ᠤ᠋ ᠲᠥᠪ ᠵᠡᠷᠭᠡ ᠣᠯᠠᠨ ᠪᠡᠬᠢᠯᠡᠯᠳᠡ ᠵᠢᠨ ᠭᠠᠵᠠᠷ ᠤ᠋ᠨ ᠠᠭᠤᠰᠤᠯᠴᠠᠯ ᠢ᠋ ᠬᠡᠷᠡᠭ᠌ᠵᠢᠭᠦᠯᠪᠡ;ᠰᠤᠮᠤ ᠱᠢᠶᠠᠩ ᠪᠠᠯᠭᠠᠰᠤᠨ ᠤ᠋ ᠱᠠᠲᠤᠨ ᠤ᠋ ᠶᠡᠷᠦᠩᠬᠡᠢᠯᠡᠨ ᠵᠠᠰᠠᠬᠤ ᠲᠥᠪ ᠎ᠤ᠋ᠨ ᠬᠢᠨ ᠨᠠᠮ ᠎ᠤᠨ ᠭᠡᠰᠢᠬᠦᠨ ᠪᠠ ᠣᠯᠠᠨ ᠲᠦᠮᠡᠨ ᠤ᠋ ᠦᠶ᠋ᠯᠡᠴᠢᠯᠡᠭᠡᠨ ᠤ᠋ ᠲᠥᠪ᠂ ᠬᠠᠤᠯᠢ ᠴᠠᠭᠠᠵᠠ ᠵᠢᠨ ᠭᠠᠵᠠᠷ ᠵᠡᠷᠭᠡ ᠲᠠᠯᠠᠪᠤᠷ᠎ᠲᠤ ᠲᠦᠱᠢᠭ᠌ᠯᠡᠨ᠂ 《ᠬᠣᠶᠠᠷ ᠭᠠᠵᠠᠷ ᠨᠢᠭᠡ ᠲᠢᠩᠬᠢᠮ ᠨᠢᠭᠡ ᠲᠥᠪ》 ᠤ᠋ᠨ ᠬᠣᠯᠪᠣᠭᠠᠯᠠᠨ ᠬᠥᠳᠡᠯᠦᠯᠴᠡᠬᠦ᠌ ᠵᠢ ᠬᠡᠷᠡᠭ᠌ᠵᠢᠭᠦᠯᠪᠡ᠃ ᠡᠢᠨ ᠬᠦ᠌ ᠡᠷᠴᠢᠮᠵᠢᠭᠦᠯᠦᠨ ᠡᠮᠬᠢᠯᠡᠨ ᠨᠡᠢᠳᠬᠡᠭᠰᠡᠨ ᠵᠢᠡᠷ᠂ ᠡᠬᠢ ᠪᠠᠶᠠᠯᠢᠭ ᠤ᠋ᠨ ᠠᠱᠢᠭ᠍ᠯᠠᠯᠲᠠ ᠵᠢ ᠬᠠᠮᠤᠭ ᠤ᠋ᠨ ᠦᠨᠳᠦᠷ ᠲᠦᠪᠰᠢᠨ ᠳ᠋ᠦ ᠬᠦᠷᠭᠡᠵᠦ᠂ ᠵᠠᠭᠤᠷᠠᠯᠳᠤᠭᠠᠨ  ᠢ᠋ ᠱᠢᠢᠳᠪᠦᠷᠢᠯᠡᠬᠦ᠌ ᠦᠢᠯᠡᠴᠢᠯᠡᠭᠡ ᠵᠢ ᠨᠡᠩ ᠰᠠᠨᠠᠭ᠎ᠠ ᠠᠮᠤᠷ᠂ ᠨᠡᠩ ᠥᠨᠳᠥᠷ ᠪᠦᠲᠦᠮᠵᠢᠲᠡᠢ ᠪᠣᠯᠭᠠᠵᠤ᠂  ᠤᠯᠠᠨ ᠲᠦᠮᠡᠨ ᠳ᠋ᠤ ᠲᠦᠬᠦᠮ ᠦᠵᠡᠬᠦᠯᠵᠠᠢ᠃

ᠬᠥᠯᠥᠨ ᠪᠤᠢ᠌ᠷ ᠬᠤᠳᠠ᠎ᠵᠢᠨ ᠬᠢᠨ ᠦᠷ᠎ᠡ ᠳ᠋ᠦᠩ ᠵᠢᠡᠷ ᠤᠳᠤᠷᠢᠳᠤᠮᠵᠢ ᠪᠤᠯᠭᠠᠬᠤ ᠳ᠋ᠦ ᠠᠩᠬᠠᠷᠤᠯ ᠵᠢᠡᠨ ᠲᠥᠪᠯᠡᠷᠡᠭᠦᠯᠤᠨ᠂ ᠪᠣᠳᠠᠲᠤ ᠪᠠᠢ᠌ᠯᠳᠤᠭᠠᠨᠴᠢᠯᠠᠭ᠍ᠰᠠᠠ ᠦᠷ᠎ᠡ ᠪᠦᠲᠦᠮᠵᠢ ᠵᠢ ᠳᠡᠭᠡᠭ᠌ᠰᠢᠯᠡᠭᠦᠯᠵᠦ᠍᠂ ᠤᠯᠠᠨ ᠡᠱᠢᠵᠢᠭᠰᠡᠨ ᠬᠣᠯᠪᠣᠭᠠᠯᠠᠨ ᠬᠦᠳᠡᠯᠦᠯᠴᠡᠵᠦ ᠵᠦᠷᠢᠴᠡᠯ ᠵᠠᠭᠤᠷᠠᠯᠳᠤᠭᠠᠨ  ᠢ᠋ ᠱᠢᠢᠳᠪᠦᠷᠢᠯᠡᠬᠦ᠌ ᠠᠵᠢᠯ ᠢ᠋ ᠭᠦᠨᠵᠡᠭᠡᠢᠷᠡᠭᠦᠯᠵᠦ᠍᠂ ᠶᠡᠷᠦᠩᠬᠡᠢᠯᠡᠨ ᠵᠠᠰᠠᠬᠤ ᠲᠥᠪ ᠢ᠋ 《ᠰᠠᠢᠲᠤᠷ ᠬᠠᠮᠢᠶᠠᠷᠴᠤ᠌》᠂ 《ᠱᠢᠢᠳᠪᠦᠷᠢᠯᠡᠵᠦ᠍ ᠳᠡᠢᠯᠬᠦ》 ᠪᠤᠯᠭᠠᠪᠠ᠃ 《ᠵᠢᠭ᠍ᠰᠠᠭᠠᠨ ᠪᠠᠢᠴᠠᠭᠠᠬᠤ + ᠬᠥᠲᠥᠯᠥᠨ ᠵᠢᠯᠣᠭᠣᠳᠭᠤ 》 ᠵᠠᠭ᠍ᠪᠤᠷ ᠢ᠋ ᠬᠡᠷᠡᠭ᠌ᠵᠢᠭᠦᠯᠵᠦ᠍᠂ ᠲᠤᠤᠷᠵᠢᠭᠤᠯᠤᠭ᠍ᠰᠠᠨ ᠬᠠᠮᠢᠶᠠᠷᠤᠯᠲᠠ ᠵᠢᠨ ᠠᠵᠢᠯᠲᠠᠨ᠂ ᠨᠢᠭᠡᠴᠢ(ᠬᠤᠯᠪᠤᠭᠠᠳᠦ ᠡᠷᠦᠬᠡ) ᠵᠢᠨ ᠳᠠᠷᠤᠭ᠎ᠠ ᠵᠡᠷᠭᠡ ᠣᠯᠠᠨ ᠵᠢᠡᠷ ᠵᠢᠡᠨ ᠰᠡᠷᠭᠡᠢᠯᠡᠵᠦ᠍ ᠣᠯᠠᠨ ᠵᠢᠡᠷ ᠵᠢᠡᠨ ᠵᠠᠰᠠᠬᠤ ᠎ᠵᠢᠨ ᠦᠶ᠋ᠯᠡᠳᠦᠯ ᠢ᠋ ᠪᠠᠳᠠᠷᠠᠭᠤᠯᠤᠨ᠂ ᠵᠥᠷᠢᠴᠡᠯ ᠵᠠᠭᠤᠷᠠᠯᠳᠤᠭᠠᠨ  ᠢ᠋ ᠪᠠᠢᠩᠭᠤᠵᠢᠭᠤᠯᠤᠨ ᠵᠢᠭ᠍ᠰᠠᠭᠠᠨ ᠪᠠᠢᠴᠠᠭᠠᠵᠤ᠂ ᠤᠷᠢᠳᠴᠢᠯᠠᠨ ᠰᠡᠷᠭᠡᠢᠯᠡᠪᠠ᠃

ᠬᠡᠷᠡᠭ ᠶᠠᠪᠤᠳᠠᠯ ᠤ᠋ᠨ ᠲᠥᠷᠥᠯ ᠬᠡᠯᠪᠡᠷᠢ ᠵᠢ ᠦᠨᠳᠦᠰᠦᠯᠡᠨ ᠡᠶᠡᠳᠡᠭᠦᠯᠬᠦ᠌᠂ ᠬᠥᠨᠳᠡᠯᠡᠨ᠎ᠡᠴᠡ ᠲᠠᠰᠤᠯᠬᠤ᠂ ᠵᠠᠰᠠᠭ ᠵᠠᠬᠢᠷᠭᠠᠨ ᠤ᠋ ᠲᠠᠰᠤᠯᠤᠯᠲᠠ ᠬᠢᠬᠦ᠌ ᠵᠡᠷᠭᠡ ᠬᠠᠤᠯᠢ ᠪᠡᠷ ᠵᠠᠰᠠᠬᠤ ᠠᠷᠭ᠎ᠠ ᠵᠠᠮ ᠢ᠋ ᠰᠢᠯᠤᠭᠤᠳᠬᠠᠵᠤ᠂ 《ᠭᠤᠷᠪᠠᠨ ᠬᠠᠭᠤᠳᠠᠰᠤ ᠬᠣᠶᠠᠷ ᠵᠠᠬᠢᠳᠠᠯ》ᠤ᠋ᠨ ᠠᠵᠢᠯ ᠤ᠋ᠨ ᠲᠣᠭ᠍ᠲᠠᠴᠠ ᠵᠢ ᠬᠡᠷᠡᠭ᠌ᠵᠢᠭᠦᠯᠦᠨ᠂ ᠬᠡᠷᠡᠭ ᠶᠠᠪᠤᠳᠠᠯ ᠢ᠋ ᠭᠥᠯᠢᠶᠡᠨ ᠠᠪᠴᠤ᠌ ᠱᠢᠶ᠋ᠳᠪᠦᠷᠢᠯᠡᠬᠦ᠌᠂ ᠰᠠᠯᠭᠠᠬᠤ᠂ ᠭᠦᠶ᠋ᠴᠡᠳᠭᠡᠬᠦ᠌᠂ ᠬᠠᠷᠢᠭᠤ ᠲᠤᠰᠭᠠᠬᠤ᠂ ᠱᠠᠯᠠᠪᠳᠠᠭᠤᠯᠤᠨ ᠭᠦᠶ᠋ᠴᠡᠳᠭᠡᠬᠦ᠌ ᠪᠥᠬᠥ᠌ ᠶᠠᠪᠤᠴᠠ ᠵᠢᠨ ᠪᠢᠲᠡᠭᠦᠮᠵᠢᠯᠡᠭ᠌ᠰᠡᠨ ᠬᠠᠮᠢᠶᠠᠷᠤᠯᠲᠠ ᠵᠢ ᠦᠨᠡᠨ ᠬᠦ᠌ ᠪᠠᠲᠤᠯᠠᠵᠤ᠂ 《ᠲᠦᠷᠢᠮ ᠵᠢᠡᠷ ᠬᠥᠮᠦᠨ ᠢ᠋ ᠬᠠᠮᠢᠶᠠᠷᠬᠤ᠂ ᠶᠠᠪᠤᠴᠠ ᠪᠡᠷ ᠭᠡᠷᠡᠭ ᠶᠠᠪᠤᠳᠠᠯ ᠢ᠋ ᠬᠠᠮᠢᠶᠠᠷᠬᠤ》ᠵᠢᠷᠤᠮᠵᠢᠭ᠍ᠰᠠᠨ ᠱᠢᠰᠲ᠋ᠧᠮ ᠢ᠋ ᠪᠦᠷᠢᠯᠳᠦᠭᠦᠯᠪᠡ᠃

ᠡᠨᠡ ᠵᠢᠯ᠎ᠡᠴᠡ ᠨᠠᠭᠠᠰᠢ᠂ ᠪᠥᠬᠥ᠌ ᠬᠣᠲᠠ ᠵᠢᠨ ᠭᠤᠷᠪᠠᠨ ᠱᠠᠳᠤᠨ ᠤ᠋ ᠶᠡᠷᠦᠩᠬᠡᠢᠯᠡᠨ ᠵᠠᠰᠠᠬᠤ ᠲᠥᠪ ᠤ᠋ᠨ ᠬᠢᠨ 《ᠬᠠᠤᠯᠢ ᠪᠡᠷ ᠵᠠᠰᠠᠬᠤ ᠠᠷᠭ᠎ᠠ ᠵᠠᠮ》 ᠪᠠ 《ᠰᠤᠷᠪᠤᠯᠵᠢᠯᠠᠨ ᠤᠢᠯᠠᠭᠠᠬᠤ ᠪᠠ ᠵᠢᠭᠰᠠᠭᠠᠨ ᠪᠠᠢᠴᠠᠭᠠᠬᠤ》 ᠬᠤᠤᠰ ᠵᠠᠮ ᠵᠢᠡᠷ ᠳᠡᠮᠵᠢᠨ᠂ ᠨᠡᠢᠲᠡ 1.8 ᠲᠦᠮᠡ ᠭᠠᠷᠤᠢ ᠵᠥᠷᠢᠴᠡᠯ ᠵᠠᠭᠤᠷᠠᠯᠳᠤᠭᠠᠨ  ᠢ᠋ ᠱᠢᠶ᠋ᠳᠪᠦᠷᠢᠯᠡᠵᠦ᠍᠂ ᠱᠢᠶ᠋ᠳᠪᠦᠷᠢᠯᠡᠭ᠌ᠰᠡᠨ ᠨᠣᠷᠮ᠎ᠠ ᠨᠢ 90% ᠎ᠳ᠋ᠤ ᠬᠦᠷᠴᠡᠶ᠃

ᠣᠷᠣᠨ ᠪᠦᠰᠡ ᠵᠢᠨ ᠲᠥᠷᠥᠯ ᠵᠦᠶ᠋ᠯ ᠣᠯᠠᠨ ᠶᠠᠩᠵᠤ ᠵᠢᠨ ᠣᠨᠴᠠᠯᠢᠭ᠎ᠲᠤ ᠰᠠᠭᠤᠷᠢᠯᠠᠨ᠂ ᠬᠥᠯᠥᠨ ᠪᠣᠢᠷ ᠬᠣᠲᠠ ᠎ᠵᠢᠨ ᠬᠢᠨ ᠲᠥᠷᠥᠯ ᠬᠤᠪᠢᠶᠠᠨ ᠠᠬᠢᠭᠤᠯᠬᠤ ᠵᠢ ᠬᠠᠢᠨ ᠰᠦᠪᠡᠭ᠌ᠴᠢᠯᠡᠵᠦ᠍᠂ ᠶᠡᠷᠦᠩᠬᠡᠢᠯᠡᠨ ᠵᠠᠰᠠᠬᠤ ᠲᠥᠪ ᠤ᠋ᠨ ᠵᠠᠰᠠᠯᠲᠠ ᠵᠢ ᠡᠷᠴᠢᠮᠳᠠᠢ ᠦᠷᠬᠦᠯᠵᠢᠯᠡᠬᠦᠯᠪᠡ᠃ ᠲᠠᠷᠢᠶᠠᠯᠠᠬᠤ ᠣᠷᠣᠨ ᠳ᠋ᠦ᠂ 《ᠡᠬᠢ ᠪᠠᠶᠠᠯᠢᠭ ᠢ᠋ ᠳᠣᠷᠣᠭ᠍ᠰᠢ ᠪᠠᠭᠤᠯᠭᠠᠬᠤ + ᠲᠥᠪᠯᠡᠷᠡᠭᠦᠯᠦᠨ ᠲᠣᠭᠣᠷᠢᠨ ᠰᠡᠷᠭᠡᠢᠯᠡᠬᠦ᠌》 ᠠᠵᠢᠯ ᠤ᠋ᠨ ᠵᠠᠭ᠍ᠪᠤᠷ᠎ᠲᠤ ᠱᠢᠨ᠎ᠡ ᠵᠢ ᠡᠭᠦᠳᠬᠦ᠌ ᠪᠡᠷ ᠳᠠᠮᠵᠢᠭᠤᠯᠤᠨ᠂ ᠬᠣᠱᠢᠭᠤ ᠬᠣᠲᠠ ᠲᠣᠭᠣᠷᠢᠭ ᠤ᠋ᠨ ᠱᠠᠲᠤᠨ ᠤ᠋ ᠪᠠᠢᠭᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ ᠵᠡᠷᠭᠡ ᠭᠠᠵᠠᠷ ᠱᠢᠷᠣᠶ ᠵᠢᠨ ᠵᠠᠭᠤᠷᠠᠯᠳᠤᠭᠠᠨ  ᠢ᠋ ᠡᠶᠡᠳᠡᠭᠦᠯᠦᠨ ᠱᠢᠶ᠋ᠳᠪᠦᠷᠢᠯᠡᠬᠦ᠌ ᠭᠤᠤᠯ ᠬᠠᠷᠢᠭᠤᠴᠠᠯᠭᠠᠲᠤ ᠰᠠᠯᠠᠭ᠎ᠠ ᠮᠥᠴᠢᠷ ᠤ᠋ᠨ ᠬᠦᠴᠦᠨ ᠢ᠋ ᠱᠢᠶᠠᠩ ᠪᠠᠯᠭᠠᠰᠤ᠂ ᠠᠢᠯ ᠲᠣᠰᠭᠣᠨ ᠳ᠋ᠦ ᠪᠠᠭᠤᠯᠭᠠᠬᠤ ᠵᠢ ᠠᠬᠢᠭᠤᠯᠪᠠ᠃ ᠬᠠᠪᠤᠷ ᠤ᠋ᠨ ᠲᠠᠷᠢᠶᠠᠯᠠᠭ᠎ᠠ ᠵᠢᠨ ᠪᠡᠯᠡᠳᠭᠡᠯ ᠠᠵᠢᠯ᠂ ᠨᠠᠮᠤᠷ ᠤ᠋ᠨ ᠬᠤᠷᠢᠶᠠᠯᠲᠠ ᠵᠢᠨ ᠳ᠋ᠦᠩᠨᠡᠨ ᠪᠤᠳᠤᠯᠲᠠ ᠵᠡᠷᠭᠡ ᠵᠥᠷᠢᠴᠡᠯ ᠣᠯᠠᠨ ᠡᠭᠦᠰᠭᠦ ᠵᠠᠩᠭᠢᠯᠠᠭ᠎ᠠ ᠵᠢᠨ ᠴᠡᠭ ᠲᠣ᠌ ᠠᠩᠬᠠᠷᠤᠯ ᠵᠢᠡᠨ ᠲᠥᠪᠯᠡᠷᠡᠭᠦᠯᠵᠦ᠍᠂ ᠱᠢᠶᠠᠩ ᠪᠠᠯᠭᠠᠰᠤᠨ ᠤ᠋ ᠱᠠᠲᠤᠨ ᠤ᠋ ᠶᠡᠷᠦᠩᠬᠡᠢᠯᠡᠨ ᠵᠠᠰᠠᠬᠤ ᠲᠥᠪ᠎ᠲᠡᠶ ᠳᠡᠭᠡᠳᠦ ᠳᠤᠤᠷᠠᠳᠦ ᠱᠠᠳᠦ ᠪᠡᠷ ᠵᠢᠡᠨ ᠬᠣᠯᠪᠣᠭᠠᠯᠠᠨ ᠬᠥᠳᠡᠯᠦᠯᠴᠡᠵᠦ᠍᠂ ᠣᠨᠢᠨ ᠳᠡᠭᠡᠷ᠎ᠡ᠎ᠨᠢ ᠬᠦᠴᠦᠯᠡᠨ᠂ ᠡᠶᠡᠳᠡᠭᠦᠯᠬᠦ᠌ ᠲᠤᠬᠠᠶ ᠵᠢᠨ ᠲᠠᠯᠠᠪᠠᠶ ᠵᠢ 《ᠲᠠᠷᠢᠶᠠᠨ ᠭᠠᠵᠠᠷ》 ᠲᠣ᠌ ᠨᠡᠭᠦᠯᠭᠡᠵᠦ᠍᠂ ᠭᠠᠵᠠᠷ ᠱᠢᠷᠣᠶ ᠵᠢᠨ ᠲᠥᠷᠥᠯ ᠳ᠋ᠦ ᠬᠤᠯᠪᠤᠭᠳᠠᠭᠰᠠᠨ ᠵᠥᠷᠢᠴᠡᠯ  ᠵᠠᠭᠤᠷᠠᠯᠳᠤᠭᠠᠨ  ᠢ᠋ ᠦᠨᠡᠨ ᠬᠦ᠌ ᠨᠢᠭᠡᠳᠦᠭᠡᠷ ᠹᠷᠣᠨᠲ᠎ᠲᠤ ᠰᠢᠢᠳᠪᠦᠷᠢᠯᠡᠵᠠᠢ᠃

ᠮᠠᠯᠵᠢᠬᠤ ᠣᠷᠣᠨ ᠳ᠋ᠦ᠂ ᠨᠤᠲᠤᠭ ᠪᠡᠯᠴᠢᠭᠡᠷ ᠤ᠋ᠨ ᠬᠣᠶᠠᠳᠠᠬᠢ ᠡᠭᠡᠯᠵᠢ ᠵᠢᠨ ᠳᠠᠭᠠᠭᠠᠴᠢᠯᠠᠯᠲᠠ ᠵᠢ ᠤᠷᠲᠤᠳᠭᠠᠬᠤ ᠪᠠ ᠬᠠᠳᠤᠯᠠᠩ ᠪᠡᠯᠴᠢᠭᠡᠷ ᠤ᠋ᠨ ᠡᠷᠬᠡ ᠵᠢ ᠨᠤᠲᠠᠯᠠᠨ ᠲᠤᠭᠳᠠᠭᠠᠬᠤ᠂ ᠵᠠᠭᠠᠭ ᠱᠤᠭᠤᠮ ᠨᠢ ᠲᠣᠳᠣᠷᠬᠠᠶ ᠥᠬᠡᠶ ᠪᠠᠢᠬᠤ ᠵᠡᠷᠭᠡ ᠵᠥᠷᠢᠴᠡᠯ᠎ᠳᠦ ᠴᠢᠭ᠌ᠯᠡᠭᠦᠯᠦᠨ᠂ 《ᠡᠶᠡᠳᠡᠬᠦᠯᠬᠦ ᠡᠬᠢ ᠪᠠᠶᠠᠯᠢᠭ ᠤ᠋ᠨ ᠲᠠᠲᠠᠭᠠᠯ + ᠨᠡᠭᠦᠳᠡᠯ ᠦᠶ᠋ᠯᠡᠴᠢᠯᠡᠭᠡᠨ ᠤ᠋ ᠲᠠᠰᠤᠭ》 ᠤ᠋ᠨ ᠬᠤᠤᠰ ᠬᠦᠷᠳᠦᠲᠦ ᠬᠥᠳᠡᠯᠭᠡᠭᠦᠷ ᠤ᠋ᠨ ᠵᠠᠭ᠍ᠪᠤᠷ ᠢ᠋ ᠪᠣᠶ ᠪᠣᠯᠭᠠᠪᠠ᠃ ᠱᠢᠶᠠᠩ ᠤ᠋ᠨ ᠱᠠᠲᠤᠨ ᠤ᠋ ᠶᠡᠷᠦᠩᠬᠡᠢᠯᠡᠨ ᠵᠠᠰᠠᠬᠤ ᠲᠥᠪ ᠤ᠋ᠨ ᠬᠢᠨ ᠲᠠᠷᠢᠶᠠᠯᠠᠩ ᠮᠠᠯ ᠠᠵᠤ ᠠᠬᠤᠶ᠂ ᠣᠶ ᠱᠢᠭᠤᠶ  ᠪᠠ ᠨᠤᠳᠤᠭ ᠪᠡᠯᠴᠢᠭᠡᠷ ᠤ᠋ᠨ ᠠᠵᠢᠯ ᠲᠥᠷᠥᠯ ᠤ᠋ᠨ ᠲᠤᠰᠭᠠᠶ ᠮᠡᠷᠭᠡᠵᠢᠯᠲᠡᠨ᠂ 《ᠬᠣᠶᠠᠷ ᠲᠥᠯᠥᠭᠡᠯᠡᠭᠴᠢ ᠨᠢᠭᠡ ᠭᠡᠱᠢᠭᠦᠨ》᠂ ᠬᠠᠤᠯᠢ ᠵᠢᠨ ᠤᠬᠠᠭᠠᠨ ᠤ᠋ ᠨᠡᠢᠭᠡᠮᠯᠢᠭ ᠤ᠋ᠨ ᠭᠡᠱᠢᠭᠦᠨ ᠵᠡᠷᠭᠡ ᠬᠦᠴᠦᠨ ᠢ᠋ ᠡᠮᠬᠢᠯᠡᠨ ᠨᠡᠢᠳᠬᠡᠵᠦ ᠡᠬᠢ ᠪᠠᠶᠠᠯᠢᠭ ᠤ᠋ᠨ ᠳᠠᠳᠠᠭᠠᠯ ᠢ᠋ ᠪᠠᠢᠭᠤᠯᠵᠤ᠂ ᠬᠡᠷᠡᠭ᠌ᠴᠡᠭᠡ ᠵᠢ ᠨᠢ ᠦᠨᠳᠦᠰᠦᠯᠡᠨ ᠱᠢᠯᠵᠢᠭᠦᠯᠦᠨ ᠬᠡᠷᠡᠭ᠌ᠯᠡᠵᠠᠢ᠃ ᠮᠠᠯᠵᠢᠬᠤ ᠣᠷᠣᠨ ᠤ᠋ ᠣᠨᠴᠠᠯᠢᠭ ᠵᠢᠴᠢ ᠮᠠᠯᠴᠢᠳ ᠤ᠋ᠨ ᠤᠯᠠᠷᠢᠯ ᠤ᠋ᠨ ᠴᠢᠨᠠᠷᠲᠠᠶ ᠡᠬᠡᠯᠵᠢᠯᠡᠨ ᠪᠡᠯᠴᠢᠭᠡᠷᠯᠡᠬᠦᠯᠬᠦ ᠪᠣᠳᠠᠲᠤ ᠪᠠᠢᠳᠠᠯ ᠲᠠᠢ ᠤᠶᠠᠯᠳᠤᠭᠤᠯᠤᠨ᠂ 《ᠢᠮᠢᠨ ᠡᠴᠡ ᠢᠷᠪᠢᠰᠳᠠᠢ ᠬᠦᠷᠬᠦ》 ᠵᠠᠰᠠᠮᠠᠯ ᠵᠠᠮ ᠤ᠋ᠨ ᠬᠠᠵᠠᠭᠤ᠂ 《ᠲᠠᠯ᠎ᠠ ᠨᠤᠲᠤᠭ ᠤ᠋ᠨ ᠬᠡᠷᠡᠭ ᠵᠥᠪᠯᠡᠬᠦ᠌ ᠲᠢᠩᠬᠢᠮ》 ᠵᠡᠷᠭᠡ ᠨᠡᠭᠦᠳᠡᠯ ᠦᠶ᠋ᠯᠡᠴᠢᠯᠡᠭᠡᠨ ᠤ᠋ ᠲᠠᠰᠤᠭ ᠭᠠᠷᠭᠠᠵᠤ᠂ ᠶᠡᠷᠦᠩᠬᠡᠢᠯᠡᠨ ᠵᠠᠰᠠᠬᠤ ᠲᠥᠪ ᠢ᠋ ᠲᠠᠯ᠎ᠠ ᠨᠤᠲᠤᠭ ᠤ᠋ᠨ ᠥᠷᠥᠴᠡᠨ ᠳ᠋ᠦ ᠪᠠᠢᠷᠢᠯᠠᠭᠤᠯᠵᠠᠢ᠃

ᠱᠢᠭᠤᠢᠲᠤ ᠣᠷᠣᠨ ᠳ᠋ᠦ᠂ ᠬᠣᠲᠠ ᠵᠢᠨ ᠨᠠᠮ ᠤ᠋ᠨ ᠬᠣᠷᠢᠶ᠎ᠠ ᠳ᠋ᠦ ᠲᠦᠱᠢᠭ᠌ᠯᠡᠨ ᠤᠷᠤᠨ ᠨᠤᠳᠤᠭ ᠪᠠ ᠣᠶ ᠱᠢᠭᠤᠶ ᠵᠢᠨ ᠨᠠᠮ ᠤ᠋ᠨ ᠪᠠᠢᠭᠤᠯᠤᠯᠲᠠ ᠵᠢ ᠨᠢᠭᠡ ᠴᠣᠭ᠍ᠴᠠᠵᠢᠭᠤᠯᠤᠨ ᠬᠣᠯᠪᠣᠭᠠᠯᠠᠨ ᠬᠦᠳᠡᠯᠦᠯᠴᠡᠬᠦ ᠵᠠᠰᠠᠯᠳᠠ ᠵᠢᠨ ᠵᠠᠭ᠍ᠪᠤᠷ ᠢ᠋ ᠪᠤᠢ ᠪᠤᠯᠭᠠᠵᠦ᠂ ᠤᠷᠤᠨ ᠨᠤᠳᠤᠭ ᠪᠠ ᠠᠵᠤ ᠠᠬᠤᠢᠯᠠᠯ ᠤ᠋ᠨ ᠶᠡᠷᠦᠩᠬᠡᠢᠯᠡᠨ ᠵᠠᠰᠠᠬᠤ ᠬᠦᠴᠦᠨ᠂ ᠠᠷᠭ᠎ᠠ ᠪᠠᠷᠢᠯ᠂ ᠲᠣᠭ᠍ᠲᠠᠴᠠ ᠵᠢᠨ ᠠᠭᠤᠰᠤᠯᠴᠠᠯ ᠢ᠋ ᠨᠢᠭᠡᠳᠦᠯᠲᠡᠶ ᠲᠥᠯᠥᠪᠵᠢᠭᠦᠯᠵᠦ᠍᠂ 《ᠤᠷᠤᠨ ᠨᠤᠳᠤᠭ ᠪᠠ ᠠᠵᠤ ᠠᠬᠤᠢᠯᠠᠯ ᠬᠣᠯᠪᠣᠭᠠᠯᠠᠨ ᠬᠥᠳᠡᠯᠦᠯᠴᠡᠬᠦ᠌》ᠲᠣᠭ᠍ᠲᠠᠴᠠ ᠵᠢ ᠪᠠᠢᠭᠤᠯᠪᠠ᠃ ᠣᠶ ᠱᠢᠭᠤᠶ ᠵᠢᠨ ᠠᠵᠤ ᠦᠶ᠋ᠯᠡᠳᠪᠦᠷᠢ ᠵᠢᠨ ᠪᠦᠯᠦᠭ᠌ᠯᠡᠯ ᠤ᠋ᠨ 18 ᠬᠤᠪᠢᠶᠠᠷᠢ ᠺᠣᠮᠫᠠᠨᠢ ᠵᠢᠨ ᠵᠠᠬᠢᠳᠠᠯ ᠰᠤᠷᠪᠤᠯᠵᠢᠯᠠᠯ᠎ᠤᠨ ᠰᠠᠯᠠᠭ᠎ᠠ ᠮᠥᠴᠢᠷ ᠴᠥᠮ ᠲᠤᠬᠠᠶ ᠵᠢᠨ ᠭᠠᠵᠠᠷ ᠤ᠋ᠨ ᠱᠢᠶᠠᠩ ᠪᠠᠯᠭᠠᠰᠤᠨ ᠤ᠋ ᠶᠡᠷᠦᠩᠬᠡᠢᠯᠡᠨ ᠵᠠᠰᠠᠬᠤ ᠲᠥᠪ ᠲᠣ᠌ ᠣᠷᠣᠵᠤ ᠰᠠᠭᠤᠨ᠂ ᠶᠡᠷᠦᠩᠬᠡᠢᠯᠡᠨ ᠵᠠᠰᠠᠬᠤ ᠲᠥᠪ ᠤ᠋ᠨ ᠡᠬᠢ ᠪᠠᠶᠠᠯᠢᠭ᠎ᠲᠣ᠌ ᠲᠦᠱᠢᠭ᠌ᠯᠡᠨ᠂ 《ᠡᠶᠡᠳᠡᠭᠦᠯᠭᠡ ᠵᠢᠨ ᠬᠡᠯᠡᠯᠴᠡᠭᠡᠷ + ᠬᠠᠤᠯᠢ ᠴᠠᠭᠠᠵᠠ ᠵᠢᠨ ᠨᠤᠲᠠᠯᠠᠯᠲᠠ》 ᠵᠢᠨ ᠵᠠᠭ᠍ᠪᠤᠷ ᠵᠢᠡᠷ ᠠᠵᠤ ᠠᠬᠤᠢᠯᠠᠯ ᠤ᠋ᠨ ᠱᠢᠶ᠋ᠳᠪᠦᠷᠢᠯᠡᠯᠳᠡ ᠵᠢᠨ ᠠᠮᠵᠢᠯᠲᠠ ᠤᠯᠬᠤ ᠨᠣᠷᠮ᠎ᠠ ᠪᠣᠯᠤᠨ ᠣᠯᠠᠨ ᠲᠦᠮᠡᠨ ᠤ᠋ ᠬᠠᠨᠤᠮᠵᠢ ᠵᠢᠨ ᠬᠡᠮᠵᠢᠶ᠎ᠡ ᠵᠢ ᠳᠡᠭᠡᠭ᠌ᠰᠢᠯᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号