12 ᠰᠠᠷ᠎ᠠ ᠶ᠋ᠢᠨ 9 ᠤ᠋ ᠡᠳᠦᠷ᠂ ᠦᠪᠦᠷ ᠮᠤᠩᠭᠤᠯ ᠤ᠋ᠨ ᠦᠪᠡᠷᠲᠡᠭᠡᠨ ᠵᠠᠰᠬᠠᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠲᠡᠭᠡᠨ ᠤ᠋ ᠠᠯᠪᠠᠨ ᠬᠡᠷ 《〈ᠠᠷᠪᠠᠨ ᠲᠦᠷᠪᠡᠲᠦᠭᠡᠷ ᠲᠠᠪᠤᠨ ᠵᠢᠯ〉 ᠤ᠋ᠨ ᠲᠦᠯᠦᠪᠵᠢᠭᠦᠯᠭᠡ ᠵᠢ ᠪᠡᠶᠡᠯᠡᠭᠦᠯᠵᠦ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ》 ᠰᠢᠷᠢᠰ ᠭᠤᠤᠯ ᠰᠡᠲᠦᠪᠲᠦ ᠰᠤᠨᠢᠨ ᠮᠡᠲᠡᠭᠡ ᠨᠡᠢᠲᠡᠯᠡᠬᠦ ᠬᠤᠷᠠᠯ ᠤ᠋ᠨ 《ᠤᠳᠤᠬᠢᠴᠢᠯᠠᠬᠰᠠᠨ ᠰᠠᠭᠤᠷᠢ ᠲᠦᠬᠦᠭᠡᠷᠦᠮᠵᠢ ᠢ᠋ᠢᠨ ᠰᠢᠰᠲᠸᠮ ᠢ᠋ ᠪᠠᠢᠭᠤᠯᠵᠤ ᠴᠢᠨᠠᠷ ᠰᠠᠢᠲᠠᠢ ᠬᠦᠭᠵᠢᠯᠲᠡ ᠢ᠋ᠢᠨ ᠪᠠᠲᠤᠯᠠᠭ᠎ᠠ ᠢ᠋ᠢᠨ ᠴᠢᠳᠠᠪᠤᠷᠢ ᠢ᠋ᠢ ᠴᠢᠡᠭᠭᠠᠳᠬᠠᠬᠤ》 ᠲᠤᠰᠬᠠᠢ ᠲᠠᠯᠠᠪᠠᠢ ᠰᠤᠨᠢᠨ ᠮᠡᠲᠡᠭᠡ ᠨᠡᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ᠋ ᠬᠦᠭᠵᠢᠭᠦᠯᠦᠯᠲᠡ ᠪᠠ ᠦᠭᠡᠷᠡᠴᠢᠯᠡᠯᠲᠡ ᠶ᠋ᠢᠨ ᠵᠦᠪᠯᠡᠯ᠂ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠲᠢᠨᠭᠬᠢᠮ᠂ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ᠂ ᠦᠪᠡᠷᠳᠡᠬᠡᠨ ᠵᠠᠰᠠᠬᠤ ᠤᠷᠤᠨ ᠤ᠋ ᠡᠨ᠋ᠸᠷᠬᠢ ᠵᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠤ᠋ᠨ ᠬᠠᠮᠢᠶ᠎ᠠ ᠪᠥᠬᠥᠶ ᠬᠠᠷᠢᠭᠤᠴᠠᠯᠭᠠᠲᠠᠨ ᠢ᠋ ᠤᠷᠢᠵᠤ᠂ 《ᠠᠷᠪᠠᠨ ᠲᠦᠷᠪᠡᠲᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠡᠬᠢ ᠦᠪᠦᠷ ᠮᠤᠡᠭᠭᠤᠯ ᠤ᠋ᠨ ᠡᠷᠴᠢᠮᠵᠢᠭᠰᠡᠨ ᠦᠨᠳᠦᠷ ᠪᠦᠲᠦᠮᠵᠢᠲᠡᠢ᠂ ᠬᠢᠮᠳᠡ ᠲᠤᠬᠢᠯᠢᠭ᠂ ᠤᠶᠤᠨᠴᠢ ᠪᠤᠬᠢᠷᠳᠤᠯ ᠦᠭᠡᠢ᠂ ᠠᠮᠤᠷ ᠲᠦᠪᠰᠢᠨ ᠨᠠᠢᠳᠠᠪᠤᠷᠢᠲᠠᠢ ᠤᠳᠤᠬᠢᠴᠢᠯᠠᠬᠰᠠᠨ ᠰᠠᠭᠤᠷᠢ ᠲᠦᠬᠦᠭᠡᠷᠦᠮᠵᠢ ᠢ᠋ᠢᠨ ᠰᠢᠰᠲᠸᠮ ᠢ᠋ ᠬᠦᠴᠦᠯᠡᠨ ᠴᠤᠭᠴᠠᠯᠠᠭᠰᠠᠨ ᠲᠤᠬᠠᠢ ᠬᠠᠮᠢᠶ᠎ᠠ ᠪᠦᠬᠦᠢ ᠠᠵᠢᠯ ᠤ᠋ᠨ ᠠᠬᠢᠴᠠ ᠪᠠ ᠠᠮᠵᠢᠯᠲᠠ ᠪᠦᠲᠦᠮᠵᠢ ᠢ᠋ᠢ ᠲᠠᠨᠢᠯᠴᠠᠭᠤᠯᠪᠠ᠃
ᠤᠳᠤᠬᠢᠴᠢᠯᠠᠭᠰᠠᠨ ᠰᠠᠭᠤᠷᠢ ᠲᠦᠬᠦᠭᠡᠷᠦᠮᠵᠢ ᠢ᠋ᠢᠨ ᠲᠤᠤᠷᠵᠢᠯᠲᠠ ᠢ᠋ᠢᠨ ᠬᠡᠮᠵᠢᠶ᠎ᠡ ᠦᠷᠭᠦᠯᠵᠢᠯᠡᠨ ᠳᠡᠭᠡᠭ᠌ᠰᠢᠯᠡᠪᠠ
《ᠰᠠᠭᠤᠷᠢ ᠲᠥᠬᠥᠭᠡᠷᠦᠮᠵᠢ ᠢ᠋ᠢᠨ ᠪᠥᠲᠥᠭᠡᠨ ᠪᠠᠢᠭᠤᠯᠤᠯᠲᠠ ᠪᠤᠯ ᠠᠵᠤ ᠠᠬᠤᠶ ᠨᠡᠢᠭᠡᠮ ᠤ᠋ᠨ ᠬᠥᠭ᠌ᠵᠢᠯᠲᠡ ᠢ᠋ᠢᠨ ᠴᠢᠬᠤᠯᠠ ᠲᠤᠯᠭᠠᠭᠤᠷᠢᠯᠠᠯ ᠮᠦᠨ᠂ 〈ᠠᠷᠪᠠᠨ ᠳᠥᠷᠪᠡᠳᠦᠭᠡᠷ ᠲᠠᠪᠤᠨ ᠵᠢᠯ〉 ᠳ᠋ᠤ ᠥᠪᠥᠷ ᠮᠣᠩᠭᠣᠯ ᠰᠠᠭᠤᠷᠢ ᠲᠥᠬᠥᠭᠡᠷᠦᠮᠵᠢ ᠢ᠋ᠢᠨ ᠪᠥᠲᠥᠭᠡᠨ ᠪᠠᠢᠭᠤᠯᠤᠯᠲᠠ ᠢ᠋ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ᠋ ᠲᠥᠯᠥᠪᠵᠢᠭᠦᠯᠭᠡ ᠢ᠋ᠢᠨ 〈ᠬᠥᠲᠥᠯᠪᠦᠷᠢ〉 ᠪᠠᠷ ᠶᠡᠷᠦᠩᠬᠡᠢᠯᠡᠨ ᠵᠢᠯᠣᠭᠣᠳᠣᠭᠤᠯᠵᠤ᠂ ᠲᠥᠷᠥ ᠢ᠋ᠢᠨ ᠪᠣᠳᠣᠯᠭ᠎ᠠ ᠠᠷᠭ᠎ᠠ ᠬᠡᠮᠵᠢᠶ᠎ᠡ ᠲᠣᠭ᠍ᠲᠠᠭᠠᠨ᠂ ᠵᠣᠬᠢᠴᠠᠭᠤᠯᠬᠤ ᠲᠣᠭ᠍ᠲᠠᠴᠠ ᠢ᠋ᠢ ᠪᠦᠷᠢᠨᠱᠢᠬᠦᠯᠵᠦ᠍᠂ ᠴᠢᠬᠤᠯᠠ ᠡᠯᠧᠮᠧᠨ᠋ᠲ ᠤ᠋ᠨ ᠪᠠᠲᠤᠯᠠᠭ᠎ᠠ ᠢ᠋ᠢ ᠴᠢᠩᠭᠠᠳᠭᠠᠨ᠂ ᠭᠤᠤᠯᠳᠠᠯᠭ᠎ᠠ ᠲᠠᠢ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠢ᠋ᠢ ᠶᠡᠬᠡ ᠪᠡᠷ ᠠᠬᠢᠭᠤᠯᠵᠤ᠂ ᠣᠳᠣᠬᠢᠴᠢᠯᠠᠭ᠍ᠰᠠᠨ ᠰᠠᠭᠤᠷᠢ ᠲᠥᠬᠥᠭᠡᠷᠦᠮᠵᠢ ᠢ᠋ᠢᠨ ᠬᠥᠭ᠌ᠵᠢᠯᠲᠡ ᠳ᠋ᠤ ᠢᠯᠡᠷᠬᠡᠢ ᠦᠷ᠎ᠡ ᠪᠦᠲᠦᠮᠵᠢ ᠤᠯᠪᠠ》 ᠭᠡᠵᠤ ᠥᠪᠡᠷᠲᠡᠭᠡᠨ ᠵᠠᠰᠠᠬᠤ ᠣᠷᠣᠨ ᠤ᠋ ᠬᠦᠭᠵᠢᠭᠦᠯᠦᠯᠲᠡ ᠪᠠ ᠦᠭᠡᠷᠡᠴᠢᠯᠡᠯᠲᠡ ᠶ᠋ᠢᠨ ᠵᠦᠪᠯᠡᠯ ᠤ᠋ᠨ ᠳᠡᠳ᠋ ᠡᠷᠬᠢᠯᠡᠭᠴᠢ ᠮᠠ ᠸᠸᠨ ᠲᠠᠨᠢᠯᠴᠠᠭᠤᠯᠪᠠ᠃
《ᠠᠷᠪᠠᠨ ᠳᠥᠷᠪᠡᠳᠦᠭᠡᠷ ᠲᠠᠪᠤᠨ ᠵᠢᠯ》 ᠳ᠋ᠤ᠂ ᠦᠪᠦᠷ ᠮᠤᠡᠭᠭᠤᠯ ᠤ᠋ᠨ ᠤᠳᠤᠬᠢᠴᠢᠯᠠᠬᠰᠠᠨ ᠰᠠᠭᠤᠷᠢ ᠲᠦᠬᠦᠭᠡᠷᠦᠮᠵᠢ ᠢ᠋ᠢᠨ ᠬᠡᠪᠴᠢᠢ᠎ᠡ ᠦᠷᠭᠦᠯᠵᠢᠯᠡᠨ ᠥᠷᠭᠡᠵᠢᠵᠤ᠂ ᠶᠡᠷᠦᠩᠬᠡᠢᠯᠡᠭ᠌ᠰᠡᠨ ᠵᠠᠮ ᠬᠠᠷᠢᠯᠴᠠᠭᠠᠨ ᠤ᠋ ᠲᠤᠤᠷ 24 ᠲᠦᠮᠡᠨ ᠺᠢᠯᠣᠮᠧᠲ᠋ᠷ᠂ 500 ᠺᠢᠯᠦᠸᠤᠯᠲ ᠤ᠋ᠨ ᠴᠠᠬᠢᠯᠭᠠᠨ ᠬᠦᠷᠭᠡᠬᠦ᠌ ᠱᠤᠭᠤᠮ 2.4 ᠲᠦᠮᠡᠨ ᠺᠢᠯᠣᠮᠧᠲ᠋ᠷ᠂ ᠴᠢᠯᠠᠭᠤᠨ ᠲᠣᠰᠣ ᠰᠢᠳᠠᠮᠠᠬᠠᠢ ᠬᠡᠶ ᠳᠠᠮᠵᠢᠭᠤᠯᠬᠤ ᠬᠣᠭᠣᠯᠠᠶ 7400 ᠭᠠᠷᠤᠶ ᠺᠢᠯᠣᠮᠧᠲ᠋ᠷ ᠲᠦ᠍ ᠬᠦᠷᠴᠤ᠂ ᠤᠰᠤ ᠬᠠᠩᠭᠠᠬᠤ ᠶᠡᠷᠦᠩᠬᠡᠶ ᠴᠢᠳᠠᠪᠤᠷᠢ 238.6 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠬᠦᠷᠴᠤ᠂ ᠬᠣᠲᠠ ᠢ᠋ᠢᠨ ᠭᠠᠵᠠᠷ ᠳᠤᠤᠷᠠᠬᠢ 《ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ᠂ ᠱᠢᠲᠠᠮᠠᠬᠠᠶ ᠬᠡᠶ ᠲᠠᠮᠵᠢᠭᠤᠯᠬᠤ》 ᠳᠦᠷᠪᠡᠨ ᠲᠦᠷᠦᠯ ᠤ᠋ᠨ ᠬᠣᠭᠣᠯᠠᠶ ᠲᠤᠤᠷ 11.9 ᠲᠦᠮᠡᠨ ᠺᠢᠯᠣᠮᠧᠲ᠋ᠷ᠂ ᠭᠡᠷᠡᠯᠯᠢᠭ ᠤᠳᠠᠰᠤᠨ ᠤ᠋ ᠱᠤᠭᠤᠮ 209.9 ᠲᠦᠮᠡᠨ ᠺᠢᠯᠣᠮᠧᠲ᠋ᠷ ᠬᠦᠷᠴᠤ᠂ ᠪᠤᠳᠤᠯᠲᠠ ᠢ᠋ᠢᠨ ᠬᠦᠴᠦᠨ ᠤ᠋ ᠶᠡᠷᠦᠩᠬᠡᠶ ᠬᠡᠪᠴᠢᠶ᠎ᠡ 21.8 ᠲᠦᠮᠡᠨ P ᠳ᠋ᠤ ᠬᠦᠷᠴᠦ᠍᠂ ᠣᠶᠤᠨᠴᠢ ᠪᠤᠳᠤᠯᠲᠠ ᠢ᠋ᠢᠨ ᠬᠦᠴᠦᠨ ᠤ᠋ ᠬᠡᠪᠴᠢᠶ᠎ᠡ ᠪᠡᠷ ᠪᠥᠬᠥ᠌ ᠤᠯᠤᠰᠲᠤ ᠲᠦᠷᠦᠭᠦᠯᠡᠪᠠ᠃
ᠤᠳᠤᠬᠢᠴᠢᠯᠠᠬᠰᠠᠨ ᠰᠠᠭᠤᠷᠢ ᠲᠦᠬᠦᠭᠡᠷᠦᠮᠵᠢ ᠢ᠋ᠢᠨ ᠪᠠᠢᠷᠢᠰᠢᠭᠤᠯᠤᠯᠲᠠ ᠨᠡᠩ ᠲᠡᠩᠴᠡᠭᠦᠷᠢᠲᠡᠢ ᠪᠣᠯᠵᠤ᠂ ᠲᠣᠣᠷ ᠱᠤᠭᠤᠮ ᠤ᠋ᠨ ᠱᠢᠰᠲ᠋ᠧᠮ ᠲᠠᠰᠤᠷᠠᠯᠲᠠ ᠤᠢ᠍ᠭᠡᠢ ᠲᠡᠭᠦᠯᠳᠡᠷᠵᠢᠵᠦ᠍᠂ ᠦᠪᠦᠷ ᠮᠤᠡᠭᠭᠤᠯ ᠤ᠋ᠨ 92.4% ᠢ᠋ᠢᠨ ᠬᠣᠱᠢᠭᠤ ᠱᠢᠶᠠᠨ ᠳ᠋ᠤ ᠲᠡᠮᠦᠷ ᠵᠠᠮ ᠨᠡᠪᠲᠡᠷᠡᠨ᠂ ᠵᠡᠭᠦᠨ ᠪᠠᠶ᠎ᠠ᠂ ᠳᠤᠮᠳᠠ ᠪᠠᠶ᠎ᠠ ᠪᠤᠯᠤᠨ ᠪᠠᠷᠠᠭᠤᠨ ᠪᠡᠶ᠎ᠠ ᠢ᠋ᠢᠨ ᠲᠦᠷᠭᠡᠨ ᠤ᠋ ᠵᠠᠰᠠᠮᠠᠯ ᠵᠠᠮ ᠪᠦᠬᠦ᠌ ᠱᠤᠭᠤᠮ ᠢ᠋ᠢᠡᠷ ᠨᠡᠪᠲᠡᠷᠡᠵᠤ᠂ ᠥᠪᠥᠷ ᠮᠣᠩᠭᠣᠯ ᠤ᠋ᠨ ᠪᠠᠷᠠᠭᠤᠨ ᠪᠡᠶ᠎ᠠ ᠢ᠋ᠢᠨ 《ᠳᠥᠷᠪᠡᠨ ᠬᠥᠨᠳᠡᠯᠡᠨ ᠵᠢᠷᠭᠤᠭᠠᠨ ᠭᠤᠯᠳᠤ》 ᠪᠤᠯᠤᠨ ᠥᠪᠥᠷ ᠮᠣᠩᠭᠣᠯ ᠤ᠋ᠨ ᠵᠡᠭᠦᠨ ᠪᠡᠶ᠎ᠠ ᠢ᠋ᠢᠨ 《ᠳᠣᠯᠣᠭᠠᠨ ᠬᠥᠨᠳᠡᠯᠡᠨ ᠨᠢᠭᠡ ᠭᠤᠯᠳᠤ》 ᠢ᠋ᠢᠨ 500 ᠺᠢᠯᠦᠸᠤᠯᠲ ᠤ᠋ᠨ ᠴᠠᠬᠢᠯᠭᠠᠨ ᠬᠦᠷᠬᠡᠬᠦ ᠭᠣᠣᠯ ᠲᠣᠣᠷ ᠢ᠋ ᠪᠤᠢ ᠪᠤᠯᠭᠠᠵᠤ᠂ ᠮᠠᠯᠵᠢᠬᠤ ᠲᠠᠷᠢᠶᠠᠯᠠᠬᠤ ᠣᠷᠣᠨ ᠤ᠋ ᠲᠦᠭᠡᠭᠡᠯ ᠤᠰᠤᠨ ᠤ᠋ ᠲᠦᠭᠡᠮᠡᠯᠵᠢᠭᠦᠯᠦᠯᠲᠡ ᠢ᠋ᠢᠨ ᠨᠣᠷᠮ᠎ᠠ 85.1% ᠪᠤᠯᠤᠨ ᠳᠡᠭᠡᠭ᠌ᠰᠢᠯᠡᠵᠦ᠍᠂ 100% ᠢ᠋ᠢᠨ ᠵᠠᠰᠠᠭ ᠵᠠᠬᠢᠷᠭᠠᠨ ᠤ᠋ ᠭᠠᠴᠠᠭ᠎ᠠ ᠲᠣᠰᠭᠣᠨ ᠳ᠋ᠤ ᠪᠦᠷ ᠥᠷᠭᠡᠨ ᠪᠦᠰᠡᠲᠤ ᠰᠦᠯᠵᠢᠶ᠎ᠠ ᠨᠡᠪᠲᠡᠷᠡᠵᠡᠢ᠃
ᠲᠦᠷᠭᠡᠨ ᠤ᠋ ᠲᠡᠮᠦᠷ ᠵᠠᠮ᠂ ᠲᠦᠷᠭᠡᠨ ᠤ᠋ ᠵᠠᠰᠠᠮᠠᠯ ᠵᠠᠮ᠂ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ᠌ ᠱᠤᠭᠤᠮ᠂ 5G ᠰᠦᠯᠵᠢᠶ᠎ᠡ ᠲᠦᠷᠭᠡᠨ ᠵᠢᠡᠷ ᠬᠥᠭ᠌ᠵᠢᠵᠦ᠍᠂ ᠦᠪᠦᠷ ᠮᠤᠡᠭᠭᠤᠯ ᠤ᠋ᠨ ᠤᠳᠤᠬᠢᠴᠢᠯᠠᠭᠰᠠᠨ ᠰᠠᠭᠤᠷᠢ ᠲᠦᠬᠦᠭᠡᠷᠦᠮᠵᠢ ᠢ᠋ᠢᠨ ᠪᠦᠲᠦᠴᠡ ᠡᠳᠦᠷ ᠢᠷᠡᠬᠦᠶ᠎ᠡ ᠲᠡᠭᠦᠯᠳᠡᠷᠵᠢᠭᠰᠡᠨ ᠪᠠᠢᠨ᠎ᠠ᠃ ᠥᠨᠳᠥᠷ ᠪᠠᠷᠢᠮᠵᠢᠶᠠᠲᠤ ᠴᠢᠨᠠᠷ ᠰᠠᠢᠲᠠᠶ ᠰᠠᠭᠤᠷᠢ ᠲᠥᠬᠥᠭᠡᠷᠦᠮᠵᠢ ᠢ᠋ᠢᠨ ᠬᠠᠷᠢᠴᠠᠯ ᠲᠠᠰᠤᠷᠠᠯᠲᠠ ᠥᠬᠡᠶ ᠨᠡᠮᠡᠭᠳᠡᠵᠤ᠂ ᠡᠯᠡᠰᠦᠨ ᠴᠦᠯ᠂ ᠭᠣᠪᠢ ᠨᠤᠳᠤᠭ᠂ ᠲᠠᠴᠢᠷ ᠭᠠᠵᠠᠷ ᠢ᠋ᠢᠡᠷ ᠭᠤᠤᠯ ᠪᠣᠯᠭᠠᠭ᠍ᠰᠠᠨ ᠴᠡᠪᠡᠷ ᠡᠨᠧᠷᠭᠢ ᠢ᠋ᠢᠨ ᠰᠠᠭᠤᠷᠢᠨ ᠢ᠋ ᠲᠦᠷᠭᠡᠳᠭᠡᠨ ᠪᠠᠢᠭᠤᠯᠵᠤ᠂ ᠱᠢᠨ᠎ᠡ ᠡᠨᠧᠷᠭᠢ ᠢ᠋ᠢᠨ ᠮᠠᠱᠢᠨ ᠴᠣᠭ᠍ᠴᠠᠯᠠᠪᠤᠷᠢ ᠪᠠ ᠴᠠᠬᠢᠯᠭᠠᠨ ᠭᠠᠷᠭᠠᠬᠤ ᠬᠡᠮᠵᠢᠶ᠎ᠡ ᠢ᠋ᠢᠨ ᠬᠤᠪᠢ ᠢ᠋ᠢᠨ ᠵᠢᠩ ᠲᠠᠰᠤᠷᠠᠯᠲᠠ ᠤᠢ᠍ᠭᠡᠢ ᠳᠡᠭᠡᠭ᠌ᠰᠢᠯᠡᠵᠤ᠂ ᠨᠡᠭᠦᠷᠡᠰᠦᠲᠦ᠋ᠷᠥᠭ᠌ᠴᠢ ᠢ᠋ᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳ᠋ᠤ ᠬᠦᠷᠬᠦ ᠪᠠ ᠨᠡᠭᠦᠷᠡᠰᠦᠲᠥ᠋ᠷᠥᠭ᠌ᠴᠢ ᠢ᠋ᠢ ᠰᠠᠭᠠᠷᠮᠠᠭ᠍ᠵᠢᠭᠤᠯᠬᠤ ᠬᠠᠷᠠᠯᠲᠠ ᠢ᠋ᠢ ᠪᠡᠶᠡᠯᠡᠭᠦᠯᠬᠦ᠌ ᠢ᠋ᠢ ᠬᠦᠴᠦᠲᠡᠶ ᠠᠬᠢᠭᠤᠯᠵᠠᠢ᠃
ᠤᠳᠤᠬᠢᠴᠢᠯᠠᠭᠰᠠᠨ ᠰᠠᠭᠤᠷᠢ ᠲᠦᠬᠦᠭᠡᠷᠦᠮᠵᠢ ᠢ᠋ᠢᠨ ᠦᠶ᠋ᠯᠡᠴᠢᠯᠡᠭᠡᠨ ᠤ᠋ ᠶᠠᠰᠤ ᠴᠢᠨᠠᠷ ᠦᠷᠭᠦᠯᠵᠢᠯᠡᠨ ᠰᠠᠢᠵᠢᠷᠠᠪᠠ
《ᠮᠠᠨ ᠤ᠋ ᠤᠷᠤᠨ ᠤ᠋ ᠬᠣᠲᠠ ᠢ᠋ᠢᠨ ᠲᠣᠭᠣᠷᠢᠭ ᠲᠡᠬᠢ ᠬᠥᠮᠦᠨ ᠠᠮᠠ ᠨᠢ 50 ᠲᠦᠮᠡ ᠵᠢ ᠲᠠᠪᠠᠭᠰᠠᠨ ᠬᠣᠲᠠ ᠢ᠋ᠢᠨ 80% ᠳ᠋ᠤᠨᠢ ᠪᠦᠷ ᠲᠦᠷᠭᠡᠨ ᠤ᠋ ᠲᠡᠮᠦᠷ ᠵᠠᠮ ᠨᠡᠪᠳᠡᠷᠡᠵᠤ᠂ ᠲᠦᠷᠭᠡᠨ ᠤ᠋ ᠵᠠᠰᠠᠮᠠᠯ ᠵᠠᠮ ᠪᠤᠯᠤᠨ ᠨᠢᠭᠡᠳᠦᠭᠡᠷ ᠳᠡᠰ ᠤ᠋ᠨ ᠵᠠᠰᠠᠮᠠᠯ ᠵᠠᠮ ᠤ᠋ᠨ ᠣᠷᠣᠨ ᠡᠴᠡ ᠭᠠᠷᠬᠤ ᠵᠠᠮ 51 ᠵᠤᠷᠪᠤᠰ ᠲᠤ᠌ ᠬᠦᠷᠴᠤ᠂ ᠰᠠᠯᠪᠤᠷᠢ ᠱᠤᠭᠤᠮ ᠤ᠋ᠨ ᠨᠢᠰᠭᠡᠯ ᠤ᠋ᠨ ᠪᠠᠭᠤᠳᠠᠯ ᠤ᠋ᠨ ᠠᠶᠠᠯᠠᠯ ᠤ᠋ᠨ ᠱᠤᠭᠤᠮ 12 ᠠᠢᠮᠠᠭ ᠬᠣᠲᠠ ᠢ᠋ᠢ ᠪᠦᠷᠭᠦᠵᠤ᠂ ᠰᠤᠮᠤ ᠱᠢᠶᠠᠩ ᠪᠠᠯᠭᠠᠰᠤ ᠡᠴᠡ ᠳᠡᠭᠡᠭ᠌ᠰᠢᠬᠢ ᠭᠠᠵᠠᠷ ᠪᠤᠯᠭᠠᠨ ᠳ᠋ᠤ ᠴᠦᠮ 4G᠂ 5G ᠵᠢᠴᠢ 1000M ᠢ᠋ᠢᠨ ᠭᠡᠷᠡᠯᠯᠢᠭ ᠤᠲᠠᠰᠤ ᠤᠷᠤᠵᠤ᠂ ᠪᠣᠶ ᠪᠥᠬᠥᠶ ᠵᠠᠰᠠᠭ ᠵᠠᠬᠢᠷᠭᠠᠨ ᠤ᠋ ᠭᠠᠴᠠᠭ᠎ᠠ ᠲᠣᠰᠭᠣᠨ ᠳ᠋ᠤ ᠪᠦᠷ ᠱᠢᠤᠳᠠᠨ ᠵᠢᠡᠷ ᠡᠳ᠋ ᠪᠠᠷᠠᠭ᠎ᠠ ᠬᠦᠢᠯᠬᠡᠬᠡᠬᠦ ᠦᠶ᠋ᠯᠡᠴᠢᠯᠡᠭᠡ ᠲᠠᠢ ᠪᠤᠯᠪᠠ》 ᠭᠡᠵᠤ ᠮᠠ ᠸᠸᠨ ᠶᠠᠷᠢᠨ᠎ᠠ᠃
《ᠠᠷᠪᠠᠨ ᠳᠥᠷᠪᠡᠳᠦᠭᠡᠷ ᠲᠠᠪᠤᠨ ᠵᠢᠯ》 ᠳ᠋ᠤ᠂ ᠮᠠᠨ ᠤ᠋ ᠤᠷᠤᠨ ᠰᠠᠭᠤᠷᠢ ᠲᠦᠬᠦᠭᠡᠷᠦᠮᠵᠢ ᠢ᠋ᠢᠨ ᠲᠤᠤᠷᠵᠢᠯ ᠤ᠋ᠨ ᠪᠦᠷᠬᠦᠴᠡ ᠢ᠋ᠢ ᠤᠷᠲᠤᠳᠬᠠᠨ᠂ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠵᠤ᠂ 7 ᠲᠤᠰᠭᠠᠶ ᠣᠷᠣᠨ ᠤ᠋ ᠲᠡᠰ ᠤ᠋ᠨ ᠬᠣᠲᠠ ᠢ᠋ᠢ ᠪᠥᠬᠥ᠌ ᠤᠯᠤᠰ ᠤ᠋ᠨ ᠲᠦᠷᠭᠡᠨ ᠤ᠋ ᠲᠡᠮᠦᠷ ᠵᠠᠮ ᠤ᠋ᠨ ᠲᠤᠤᠷ ᠲᠤ᠌ ᠵᠠᠯᠭᠠᠨ ᠣᠷᠣᠭᠤᠯᠵᠤ᠂ ᠰᠤᠮᠤ ᠱᠢᠶᠠᠩ ᠪᠠᠯᠭᠠᠰᠤᠨ ᠳ᠋ᠤ ᠭᠤᠷᠪᠠᠳᠤᠭᠠᠷ ᠳᠡᠰ ᠵᠢᠴᠢ ᠲᠡᠭᠦᠨ ᠡᠴᠡ ᠳᠡᠭᠡᠭ᠌ᠰᠢᠬᠢ ᠵᠠᠰᠠᠮᠠᠯ ᠵᠠᠮ ᠨᠡᠪᠲᠡᠷᠡᠬᠦ ᠬᠠᠷᠢᠴᠠᠯ ᠢ᠋ 95.6% ᠳ᠋ᠤ ᠬᠦᠷᠭᠡᠵᠤ᠂ 483 ᠵᠤᠷᠪᠤᠰ ᠠᠶᠠᠯᠠᠯ ᠤ᠋ᠨ ᠱᠤᠭᠤᠮ ᠢ᠋ ᠨᠡᠪᠲᠡᠷᠡᠭᠦᠯᠤᠨ᠂ 116 ᠬᠣᠲᠠ ᠳ᠋ᠤ ᠠᠶᠠᠯᠠᠯ ᠨᠡᠪᠲᠡᠷᠡᠭᠦᠯᠵᠦ᠍᠂ ᠠᠢᠮᠠᠭ ᠬᠣᠲᠠ ᠢ᠋ᠢᠨ ᠱᠠᠲᠤᠨ ᠤ᠋ ᠲᠦᠷᠭᠡᠨ ᠬᠦᠷᠭᠡᠯᠲᠡ ᠢ᠋ᠢᠨ ᠬᠦᠷᠢᠶᠡᠯᠡᠩ ᠲᠣᠭᠣᠷᠢᠭ ᠢ᠋ 21᠂ ᠬᠣᠱᠢᠭᠤ ᠱᠢᠶᠠᠨ ᠤ᠋ ᠱᠠᠲᠤᠨ ᠤ᠋ ᠲᠦᠷᠭᠡᠨ ᠬᠦᠷᠭᠡᠯᠲᠡ ᠢ᠋ᠢᠨ ᠬᠦᠷᠢᠶᠡᠯᠡᠩ ᠲᠣᠭᠣᠷᠢᠭ ᠢ᠋ 44 ᠪᠠᠢᠭᠤᠯᠵᠤ ᠂ ᠬᠣᠲᠠ ᠢ᠋ᠢᠨ ᠤᠰᠤᠨ ᠤ᠋ ᠬᠠᠡᠭᠭᠠᠯᠭ᠎ᠠ᠂ ᠱᠢᠲᠠᠮᠠᠬᠠᠶ ᠬᠡᠶ ᠢ᠋ᠢᠨ ᠲᠦᠭᠡᠮᠡᠯᠵᠢᠭᠦᠯᠦᠯᠲᠡ ᠢ᠋ᠢᠨ ᠨᠣᠷᠮ᠎ᠠ᠂ ᠪᠣᠬᠢᠷ ᠤᠰᠤ ᠱᠢᠶ᠋ᠳᠪᠦᠷᠢᠯᠡᠬᠦ᠌ ᠨᠣᠷᠮ᠎ᠠ ᠵᠢᠴᠢ ᠮᠠᠯᠵᠢᠬᠤ ᠲᠠᠷᠢᠶᠠᠯᠠᠬᠤ ᠣᠷᠣᠨ ᠤ᠋ ᠴᠠᠬᠢᠯᠭᠠᠨ ᠲᠤᠤᠷ ᠤ᠋ᠨ ᠴᠠᠬᠢᠯᠭᠠᠨ ᠬᠠᠩᠭᠠᠬᠤ ᠨᠠᠢᠳᠠᠪᠤᠷᠢᠲᠤ ᠨᠣᠷᠮ᠎ᠠ ᠵᠡᠷᠭᠡ ᠢ᠋ᠢ ᠲᠣᠭ᠍ᠲᠠᠭᠤᠨ ᠢ᠋ᠢᠡᠷ ᠳᠡᠭᠡᠭ᠌ᠰᠢᠯᠡᠭᠦᠯᠪᠠ᠃ ᠨᠡᠭᠦᠷᠡᠰᠦᠨ ᠤ᠋ ᠲᠡᠮᠦᠷ ᠵᠠᠮ ᠤ᠋ᠨ ᠲᠡᠭᠡᠭᠡᠪᠦᠷᠢ ᠢ᠋ᠢᠨ ᠴᠢᠳᠠᠪᠤᠷᠢ ᠵᠢᠯ ᠪᠦᠷᠢ 14.5 ᠳ᠋ᠦᠩᠱᠢᠭᠤᠷ ᠲᠣᠨ ᠢ᠋ ᠳᠠᠪᠠᠵᠤ᠂ ᠭᠠᠳᠠᠭ᠍ᠰᠢ ᠬᠦᠷᠭᠡᠬᠦ᠌ ᠴᠠᠬᠢᠯᠭᠠᠨ ᠤ᠋ ᠬᠡᠮᠵᠢᠶ᠎ᠡ᠂ ᠡᠨᠧᠷᠭᠢ ᠬᠠᠳᠠᠭᠠᠯᠠᠬᠤ ᠮᠠᠱᠢᠨ ᠴᠣᠭ᠍ᠴᠠᠯᠠᠪᠤᠷᠢ ᠢ᠋ᠢᠨ ᠬᠡᠪᠴᠢᠶ᠎ᠡ ᠪᠡᠷ ᠪᠥᠬᠥ᠌ ᠤᠯᠤᠰ ᠤ᠋ᠨ ᠲᠦᠷᠦᠭᠦᠨ ᠳ᠋ᠤ ᠣᠷᠣᠪᠠ᠃ ᠡᠯ᠎ᠡ ᠱᠠᠲᠤᠨ ᠤ᠋ ᠭᠤᠤᠯ ᠮᠦᠷᠡᠨ ᠨᠠᠭᠤᠷ ᠴᠦᠬᠦᠷᠤᠮ ᠤ᠋ᠨ ᠬᠠᠱᠢᠯᠭᠠ ᠳᠠᠯᠠᠩ ᠤ᠋ᠨ ᠪᠠᠷᠢᠮᠵᠢᠶ᠎ᠠ ᠳ᠋ᠤ ᠬᠦᠷᠦᠭ᠌ᠰᠡᠨ ᠨᠣᠷᠮ᠎ᠠ 80% ᠢ᠋ᠢ ᠳᠠᠪᠠᠵᠤ᠂ ᠦᠶᠡᠷ ᠢ᠋ ᠰᠡᠷᠭᠡᠢᠯᠡᠨ ᠭᠠᠮᠱᠢᠭ ᠲᠠᠢ ᠲᠡᠮᠡᠴᠡᠬᠦ᠌ ᠴᠢᠳᠠᠪᠤᠷᠢ ᠤᠯᠠᠮ ᠨᠢᠭᠡ ᠠᠯᠬᠤᠮ ᠳᠡᠭᠡᠭ᠌ᠰᠢᠯᠡᠭᠰᠡᠨ ᠪᠠᠢᠨ᠎ᠠ᠃
ᠵᠠᠮ ᠬᠠᠷᠢᠯᠴᠠᠭ᠎ᠠ ᠬᠢᠭᠡᠳ ᠱᠢᠨ᠎ᠡ ᠡᠨᠧᠷᠭᠢ ᠢ᠋ᠢ ᠪᠦᠲᠦᠮᠵᠢᠲᠡᠶ ᠠᠭᠤᠰᠤᠯᠴᠠᠭᠤᠯᠵᠤ᠂ ᠪᠦᠬᠦ ᠤᠷᠤᠨ ᠤ᠋ ᠨᠡᠪᠲᠡᠷᠡᠭᠦᠯᠵᠦ᠍ ᠠᠵᠢᠯᠯᠠᠭᠤᠯᠤᠭ᠍ᠰᠠᠨ ᠲᠦᠷᠭᠡᠨ ᠤ᠋ ᠵᠠᠰᠠᠮᠠᠯ ᠵᠠᠮ ᠤ᠋ᠨ ᠦᠶ᠋ᠯᠡᠴᠢᠯᠡᠭᠡᠨ ᠤ᠋ ᠲᠣᠭᠣᠷᠢᠭ᠂ ᠨᠥᠬᠥᠴᠡᠯ ᠪᠦᠷᠢᠯᠳᠦᠭᠦᠯᠦᠭ᠌ᠰᠡᠨ ᠤᠯᠤᠰ ᠤ᠋ᠨ ᠪᠠ ᠮᠤᠵᠢ ᠢ᠋ᠢᠨ ᠭᠤᠤᠯ ᠱᠤᠭᠤᠮ ᠤ᠋ᠨ ᠦᠶ᠋ᠯᠡᠴᠢᠯᠡᠭᠡᠨ ᠤ᠋ ᠲᠣᠭᠣᠷᠢᠭ ᠲᠤ᠌ ᠪᠦᠷ ᠴᠠᠬᠢᠯᠭᠠᠨ ᠴᠡᠨᠡᠭ᠌ᠯᠡᠬᠦ᠌ ᠱᠣᠩ ᠲᠠᠢ ᠪᠤᠯᠵᠠᠢ᠃ ᠪᠤᠳᠤᠯᠲᠠ ᠢ᠋ᠢᠨ ᠬᠦᠴᠦᠨ ᠬᠢᠭᠡᠳ ᠪᠣᠬᠢᠷᠲᠤᠯ ᠥᠬᠡᠶ ᠴᠠᠬᠢᠯᠭᠠᠨ ᠬᠦᠴᠦᠨ ᠢ᠋ ᠵᠣᠬᠢᠴᠠᠭᠤᠯᠤᠨ ᠬᠥᠭ᠌ᠵᠢᠭᠦᠯᠵᠦ᠍᠂ ᠬᠣᠷᠢᠨᠭᠡᠷ ᠳ᠋ᠠᠢᠲ᠋ᠠ ᠢ᠋ᠢᠨ ᠲᠥᠪ ᠤ᠋ᠨ ᠪᠦᠯᠦᠭᠵᠢᠯ ᠤ᠋ᠨ ᠪᠣᠬᠢᠷᠲᠤᠯ ᠥᠬᠡᠶ ᠴᠠᠬᠢᠯᠭᠠᠨ ᠤ᠋ ᠡᠵᠡᠯᠡᠬᠦ᠌ ᠬᠠᠷᠢᠴᠠᠯ ᠢ᠋ 80% ᠳ᠋ᠤ ᠬᠦᠷᠭᠡᠵᠤ᠂ ᠪᠥᠬᠥ᠌ ᠤᠯᠤᠰ ᠤ᠋ᠨ ᠡᠮᠦᠨ᠎ᠡ ᠡᠩᠨᠡᠭᠡᠨ ᠳ᠋ᠤ ᠣᠷᠣᠪᠠ᠃
ᠤᠯᠠᠮᠵᠢᠯᠠᠯᠲᠤ ᠬᠡᠯᠪᠡᠷᠢ ᠪᠤᠯᠤᠨ ᠱᠢᠨ᠎ᠡ ᠬᠡᠯᠪᠡᠷᠢ ᠢ᠋ᠢᠨ ᠰᠠᠭᠤᠷᠢ ᠲᠥᠬᠥᠭᠡᠷᠦᠮᠵᠢ ᠢ᠋ᠢ ᠠᠭᠤᠰᠤᠯᠴᠠᠭᠤᠯᠤᠨ ᠬᠦᠭᠵᠢᠭᠦᠯᠵᠤ᠂ AGV ᠠᠦ᠋ᠲ᠋ᠦ᠌ ᠬᠢᠯᠢ ᠠᠯᠤᠰᠯᠠᠭ᠍ᠰᠠᠨ ᠲᠡᠭᠡᠭᠡᠪᠦᠷᠢ᠂ ᠪᠣᠬᠢᠷᠲᠤᠯ ᠥᠬᠡᠶ ᠠᠦ᠋ᠲ᠋ᠦ᠌ ᠬᠦᠨᠳᠦ ᠬᠡᠯᠪᠡᠷᠢ ᠢ᠋ᠢᠨ ᠠᠴᠢᠶᠠᠨ ᠤ᠋ ᠮᠠᠰᠢᠨ ᠤ᠋ ᠬᠢᠯᠢ ᠠᠯᠤᠰᠯᠠᠭ᠍ᠰᠠᠨ ᠲᠡᠭᠡᠭᠡᠪᠦᠷᠢ ᠢ᠋ᠢ ᠢᠳᠡᠪᠬᠢᠲᠡᠶ ᠳᠡᠯᠭᠡᠷᠡᠭᠦᠯᠵᠦ᠍᠂ ᠪᠥᠬᠥ᠌ ᠤᠯᠤᠰ ᠤ᠋ᠨ ᠣᠶᠤᠨᠴᠢᠯᠠᠭ᠍ᠰᠠᠨ ᠬᠢᠯᠢ ᠠᠯᠤᠰᠯᠠᠭ᠍ᠰᠠᠨ ᠲᠡᠭᠡᠭᠡᠪᠦᠷᠢ ᠢ᠋ᠢᠨ ᠱᠢᠨ᠎ᠡ ᠵᠠᠭ᠍ᠪᠤᠷ ᠤ᠋ᠨ ᠥᠯᠢᠭᠡᠷ ᠵᠢᠱ᠌ᠢᠶᠠ ᠪᠣᠯᠵᠠᠢ᠃ ᠤᠶᠤᠨᠲᠤ ᠪᠢᠴᠢᠯ ᠴᠠᠬᠢᠯᠭᠠᠨ ᠲᠣᠣᠷ ᠢ᠋ ᠢᠳᠡᠪᠬᠢᠲᠡᠢ ᠬᠥᠭ᠌ᠵᠢᠭᠦᠯᠵᠦ᠍᠂ ᠵᠢᠯᠣᠭᠣᠴᠢ ᠦᠭᠡᠢ ᠨᠢᠰᠭᠡᠯ ᠢ᠋ᠢᠡᠷ ᠴᠠᠬᠢᠯᠭᠠᠨ ᠳᠠᠮᠵᠢᠭᠤᠯᠬᠤ ᠱᠤᠭᠤᠮ ᠢ᠋ ᠲᠣᠭᠣᠷᠢᠨ ᠪᠠᠢᠴᠠᠭᠠᠬᠤ ᠬᠡᠪᠴᠢᠶ᠎ᠡ ᠢ᠋ᠢ ᠠᠯᠬᠤᠮ ᠠᠯᠬᠤᠮ ᠢ᠋ᠢᠡᠷ ᠥᠷᠭᠡᠳᠭᠡᠵᠤ᠂ ᠣᠶᠤᠨᠴᠢ ᠲᠡᠷᠭᠡ ᠵᠣᠭ᠍ᠰᠣᠭᠠᠬᠤ ᠲᠦᠬᠦᠭᠡᠷᠦᠮᠵᠢ᠂ ᠦᠯᠦ ᠵᠢᠵᠢᠭᠦᠷᠯᠡᠬᠦ ᠢᠯᠴᠢ ᠢ᠋ᠢᠨ ᠬᠦᠴᠦᠨ ᠤ᠋ ᠥᠷᠲᠡᠭᠡ᠂ ᠣᠶᠤᠨᠴᠢ ᠲᠦᠷᠭᠡᠨ ᠬᠦᠷᠭᠡᠬᠦ᠌ ᠬᠠᠢᠷᠴᠠᠭ ᠵᠡᠷᠭᠡ ᠢ᠋ᠢᠨ ᠪᠥᠲᠥᠭᠡᠨ ᠪᠠᠢᠭᠤᠯᠤᠯᠲᠠ ᠢ᠋ᠢ ᠡᠮᠬᠢ ᠵᠢᠷᠤᠮ ᠲᠠᠢ ᠠᠬᠢᠭᠤᠯᠵᠡᠢ᠃
ᠨᠢᠭᠡ ᠪᠦᠯᠦᠭ ᠴᠢᠬᠤᠯᠠ ᠶᠡᠬᠡ ᠰᠠᠭᠤᠷᠢ ᠲᠦᠬᠦᠭᠡᠷᠦᠮᠵᠢ ᠵᠢᠨ ᠲᠦᠷᠦᠯ ᠵᠤᠢᠯ ᠠᠰᠢᠬᠯᠠᠯᠳᠠ ᠳ᠋ᠤ ᠤᠷᠤᠪᠠ
《ᠥᠪᠥᠷ ᠮᠣᠩᠭᠣᠯ ᠵᠢᠨᠢᠩ — ᠳ᠋ᠠᠲ᠋ᠦ᠋ᠩ — ᠶᠤᠸᠠᠨᠫᠢᠡᠭ ᠬᠥᠷᠬᠥ᠌ ᠲᠦᠷᠭᠡᠨ ᠤ᠋ ᠲᠡᠮᠦᠷ ᠵᠠᠮ᠂ ᠬᠥᠬᠡᠬᠣᠲᠠ ᠢ᠋ᠢᠨ ᠱᠢᠨ᠎ᠡ ᠨᠢᠰᠭᠡᠯ ᠤ᠋ᠨ ᠪᠠᠭᠤᠳᠠᠯ᠂ ᠴᠤᠤᠯ ᠭᠤᠤᠯ ᠤ᠋ᠨ ᠤᠰᠤ ᠢ᠋ᠢ ᠯᠢᠶᠣᠤᠾᠧ ᠭᠤᠤᠯ ᠳ᠋ᠤ ᠲᠠᠲᠠᠬᠤ ᠢᠨᠵᠧᠨᠧᠷᠢᠩ ᠵᠡᠷᠭᠡ ᠨᠢᠭᠡ ᠪᠦᠯᠦᠭ ᠪᠡᠯᠭᠡ ᠲᠡᠮᠳᠡᠭ ᠤ᠋ᠨ ᠴᠢᠨᠠᠷᠲᠠᠶ ᠴᠢᠬᠤᠯᠠ ᠶᠡᠬᠡ ᠰᠠᠭᠤᠷᠢ ᠲᠥᠬᠥᠭᠡᠷᠦᠮᠵᠢ ᠢ᠋ᠢᠨ ᠢᠨᠵᠧᠨᠧᠷᠢᠩ ᠤ᠋ᠨ ᠲᠥᠷᠥᠯ ᠵᠦᠶ᠋ᠯ ᠢ᠋ ᠡᠷᠴᠢᠮᠲᠠᠢ ᠪᠥᠲᠥᠭᠡᠨ ᠪᠠᠢᠭᠤᠯᠵᠤ᠂ ᠰᠠᠭᠤᠷᠢ ᠲᠥᠬᠥᠭᠡᠷᠦᠮᠵᠢ ᠢ᠋ᠢᠨ ᠪᠠᠲᠤᠯᠠᠭ᠎ᠠ ᠢ᠋ᠢᠨ ᠴᠢᠳᠠᠪᠤᠷᠢ ᠢ᠋ᠢ ᠢᠯᠡᠳᠲᠡ ᠴᠢᠩᠭᠠᠳᠭᠠᠭ᠍ᠰᠠᠨ ᠢ᠋ᠢᠡᠷ ᠪᠠᠷᠠᠬᠤ ᠥᠬᠡᠶ ᠦᠶ᠋ᠯᠡᠴᠢᠯᠡᠭᠡᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠵᠦ᠍᠂ 〈ᠬᠣᠶᠠᠷ ᠬᠠᠯᠬᠠᠪᠴᠢ〉᠂ 〈ᠬᠣᠶᠠᠷ ᠰᠠᠭᠤᠷᠢᠨ〉᠂ 〈ᠨᠢᠭᠡ ᠪᠡᠬᠢᠯᠡᠯᠲᠡ〉 ᠢ᠋ᠢ ᠪᠥᠲᠥᠭᠡᠨ ᠪᠠᠢᠭᠤᠯᠬᠤ ᠳ᠋ᠤ ᠴᠢᠬᠤᠯᠠ ᠲᠤᠯᠭᠠᠭᠤᠷᠢᠯᠠᠯ ᠬᠠᠩᠭᠠᠪᠠ》 ᠭᠡᠵᠤ ᠮᠠ ᠸᠸᠨ ᠲᠠᠨᠢᠯᠴᠠᠭᠤᠯᠤᠨ᠎ᠠ᠃
《ᠠᠷᠪᠠᠨ ᠳᠥᠷᠪᠡᠳᠦᠭᠡᠷ ᠲᠠᠪᠤᠨ ᠵᠢᠯ》 ᠳ᠋ᠤ᠂ ᠦᠪᠦᠷ ᠮᠤᠡᠭᠭᠤᠯ ᠠᠮᠢ ᠠᠬᠤᠶ ᠢ᠋ᠢᠨ ᠵᠠᠰᠠᠯᠲᠠ ᠬᠢᠭᠡᠳ ᠵᠠᠮ ᠬᠠᠷᠢᠯᠴᠠᠭ᠎ᠠ᠂ ᠡᠨᠧᠷᠭᠢ ᠢ᠋ᠢ ᠠᠭᠤᠰᠤᠯᠴᠠᠭᠤᠯᠤᠨ ᠬᠥᠭ᠌ᠵᠢᠭᠦᠯᠬᠦ᠌ ᠱᠢᠨ᠎ᠡ ᠠᠷᠭ᠎ᠠ ᠵᠠᠮ ᠢ᠋ ᠰᠦᠪᠡᠭ᠌ᠴᠢᠯᠡᠵᠤ᠂ 《ᠵᠠᠮ ᠢ᠋ᠢᠡᠷ ᠡᠯᠡᠰᠦ ᠢ᠋ᠢ ᠵᠠᠰᠠᠬᠤ》 ᠬᠡᠷᠡᠭ᠌ᠵᠢᠭᠦᠯᠬᠦ᠌ ᠲᠥᠰᠦᠯ ᠢ᠋ ᠨᠡᠢᠲᠡᠯᠡᠨ᠂ 2528 ᠺᠢᠯᠣᠮᠧᠲ᠋ᠷ ᠤ᠋ᠨ ᠡᠯᠡᠰᠦ ᠢ᠋ᠢ ᠳᠤᠭᠤᠯᠤᠭ᠍ᠰᠠᠨ ᠵᠠᠰᠠᠮᠠᠯ ᠵᠠᠮ ᠢ᠋ ᠪᠠᠷᠢᠯᠭ᠎ᠠ ᠡᠬᠢᠯᠡᠭᠦᠯᠦᠨ ᠪᠠᠢᠭᠤᠯᠪᠠ; ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠢ᠋ᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠤᠬ᠍ᠴᠠᠵᠢᠭᠤᠯᠬᠤ ᠢᠨᠵᠧᠨᠧᠷᠢᠩ ᠢ᠋ ᠱᠢᠨ᠎ᠡ ᠢ᠋ᠢ ᠡᠭᠦᠳᠦᠨ ᠬᠡᠷᠡᠭ᠌ᠵᠢᠭᠦᠯᠵᠦ᠍᠂ 1500 ᠲᠦᠮᠡᠨ ᠺᠢᠯᠦᠸᠠᠲ ᠱᠢᠬᠠᠮ ᠤ᠋ᠨ ᠬᠡᠪᠴᠢᠶ᠎ᠠ ᠪᠦᠬᠦᠢ ᠮᠠᠰᠢᠨ ᠴᠤᠭᠴᠠᠯᠠᠪᠤᠷᠢ ᠵᠢ ᠨᠢᠭᠡᠨᠲᠡ ᠲᠣᠣᠷ ᠲᠤ᠌ ᠨᠡᠢᠯᠡᠭᠦᠯᠪᠡ; ᠬᠢᠯᠢ ᠳᠠᠭᠠᠤ ᠤᠷᠤᠨ ᠳ᠋ᠤ 331 ᠤᠯᠤᠰ ᠤ᠋ᠨ ᠵᠠᠰᠠᠮᠠᠯ ᠵᠠᠮ ᠤ᠋ᠨ ᠭᠤᠷᠪᠠᠳᠤᠭᠠᠷ ᠳᠡᠰ ᠵᠢᠴᠢ ᠲᠡᠭᠦᠨ ᠡᠴᠡ ᠳᠡᠭᠡᠭ᠌ᠰᠢᠬᠢ ᠵᠠᠰᠠᠮᠠᠯ ᠵᠠᠮ ᠢ᠋ ᠨᠡᠪᠲᠡᠷᠡᠭᠦᠯᠵᠤ᠂ ᠨᠥᠬᠥᠴᠡᠯ ᠪᠦᠷᠢᠳᠦᠭ᠌ᠰᠡᠨ ᠬᠢᠯᠢ ᠳᠠᠭᠠᠤ ᠤᠷᠤᠨ ᠤ᠋ ᠪᠠᠢᠭᠠᠯᠢ ᠢ᠋ᠢᠨ ᠲᠣᠰᠭᠣᠨ ᠳ᠋ᠤ ᠴᠥᠮ ᠬᠠᠲᠠᠭᠤᠷᠠᠭᠤᠯᠤᠭ᠍ᠰᠠᠨ ᠵᠠᠮ ᠨᠡᠪᠲᠡᠷᠡᠭᠦᠯᠵᠤ ᠂ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠢ᠋ᠢ ᠪᠡᠬᠢᠵᠢᠭᠦᠯᠪᠠ᠃
ᠪᠣᠢᠳᠠ ᠪᠦᠭ᠌ᠯᠡᠭᠦᠦ ᠬᠦᠳᠡᠬᠡ ᠨᠤᠳᠤᠭ ᠵᠢᠴᠢ ᠴᠢᠮᠡᠭᠡ ᠬᠣᠯᠪᠣᠭ᠎ᠠ ᠢ᠋ᠢᠨ ᠰᠠᠭᠤᠷᠢ ᠲᠦᠬᠦᠭᠡᠷᠦᠮᠵᠢ ᠵᠡᠷᠭᠡ ᠴᠠᠬᠢᠯᠭᠠᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ ᠳ᠋ᠤ ᠠᠩᠬᠠᠷᠤᠯ ᠢ᠋ᠢᠡᠨ ᠲᠥᠪᠯᠡᠷᠡᠭᠦᠯᠤᠨ᠂ ᠴᠠᠬᠢᠯᠭᠠᠨ ᠲᠤᠤᠷ ᠢ᠋ ᠤᠷᠲᠤᠳᠭᠠᠬᠤ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠢ᠋ᠢ ᠠᠬᠢᠭᠤᠯᠬᠤ ᠵᠢᠨ ᠬᠠᠮᠳᠤ 《ᠥᠷᠭᠡᠨ ᠪᠦᠰᠡᠲᠦ ᠰᠦᠯᠵᠢᠶ᠎ᠠ ᠢ᠋ᠢᠨ ᠬᠢᠯᠢ ᠬᠢᠵᠠᠭᠠᠷ》 ᠤ᠋ᠨ ᠠᠵᠢᠯᠯᠠᠭ᠎ᠠ ᠢ᠋ᠢ ᠥᠷᠨᠢᠭᠦᠯᠵᠦ᠍᠂ 20 ᠬᠢᠯᠢ ᠢ᠋ᠢᠨ ᠬᠣᠱᠢᠭᠤ ᠬᠣᠲᠠ ᠵᠢᠴᠢ ᠬᠠᠷᠢᠶ᠎ᠠ ᠰᠤᠮᠤ ᠱᠢᠶᠠᠩ ᠪᠠᠯᠭᠠᠰᠤ ᠢ᠋ᠢᠨ ᠰᠠᠭᠤᠭ᠎ᠠ ᠭᠠᠵᠠᠷ ᠲᠤ᠌ ᠴᠦᠮ 4G᠂ 5G ᠰᠦᠯᠵᠢᠶ᠎ᠡ ᠪᠠ 1000M ᠢ᠋ᠢᠨ ᠭᠡᠷᠡᠯᠯᠢᠭ ᠤᠲᠠᠰᠤ ᠵᠢ ᠨᠡᠪᠲᠡᠷᠡᠭᠦᠯᠪᠠ; ᠵᠡᠭᠦᠨᠭᠠᠷ — ᠳ᠋ᠠᠲ᠋ᠦ᠋ᠩ ᠬᠥᠷᠬᠥ᠌᠂ ᠥᠪᠥᠷ ᠮᠣᠩᠭᠣᠯ ᠤ᠋ᠨ ᠪᠠᠷᠠᠭᠤᠨ ᠪᠡᠶ᠎ᠠ ᠡᠴᠡ ᠮᠠᠨ ᠤ᠋ ᠤᠯᠤᠰ ᠤ᠋ᠨ ᠳᠤᠮᠳᠠᠳᠤ ᠤᠷᠤᠨ ᠬᠥᠷᠬᠥ᠌ 17 ᠵᠤᠷᠪᠤᠰ ᠨᠡᠭᠦᠷᠡᠰᠦᠨ ᠤ᠋ ᠲᠠᠬᠡᠬᠡᠪᠤᠷᠢ ᠵᠢᠨ ᠲᠡᠮᠦᠷ ᠵᠠᠮ ᠢ᠋ ᠨᠡᠪᠲᠡᠷᠡᠭᠦᠯᠵᠤ᠂ ᠪᠦᠬᠦ ᠤᠯᠤᠰ ᠤ᠋ᠨ ᠨᠡᠭᠦᠷᠡᠰᠦᠨ ᠤ᠋ ᠬᠠᠩᠭᠠᠯᠭ᠎ᠠ ᠢ᠋ᠢ ᠪᠠᠲᠤᠯᠠᠬᠤ ᠡᠭᠦᠷᠭᠡ ᠢ᠋ᠢ ᠬᠠᠮᠤᠭ ᠤ᠋ᠨ ᠶᠡᠬᠡ ᠬᠡᠮᠵᠢᠶ᠎ᠡ ᠪᠡᠷ ᠡᠭᠦᠷᠭᠡᠯᠡᠵᠤ ᠪᠠᠢᠨ᠎ᠠ᠃ 5 ᠵᠤᠷᠪᠤᠰ ᠣᠨᠴᠠ ᠥᠨᠳᠥᠷ ᠬᠦᠴᠦᠳᠡᠯᠲᠤ ᠴᠠᠬᠢᠯᠭᠠᠨ ᠬᠦᠷᠭᠡᠬᠦ ᠱᠤᠭᠤᠮ᠂ 12 ᠵᠤᠷᠪᠤᠰ ᠬᠡᠲᠦ ᠥᠨᠳᠥᠷ ᠬᠦᠴᠦᠳᠡᠯᠲᠤ ᠴᠠᠬᠢᠯᠭᠠᠨ ᠬᠦᠷᠭᠡᠬᠦ ᠱᠤᠭᠤᠮ ᠢ᠋ ᠪᠠᠭᠲᠠᠭᠠᠬᠰᠠᠨ 17 ᠵᠤᠷᠪᠤᠰ ᠴᠠᠬᠢᠯᠭᠠᠨ ᠬᠦᠴᠦᠨ ᠢ᠋ ᠭᠠᠳᠠᠭ᠍ᠰᠢ ᠬᠦᠷᠭᠡᠬᠦ᠌ ᠱᠤᠭᠤᠮ ᠢ᠋ ᠪᠠᠢᠭᠤᠯᠵᠤ᠂ ᠴᠠᠬᠢᠯᠭᠠᠨ ᠬᠦᠴᠦᠨ ᠤ᠋ ᠭᠠᠳᠠᠭ᠍ᠰᠢ ᠬᠦᠷᠭᠡᠯᠳᠡ ᠵᠢᠨ ᠬᠡᠪᠴᠢᠶ᠎ᠡ ᠲᠠᠰᠤᠷᠠᠯᠲᠠ ᠥᠬᠡᠶ ᠳᠡᠭᠡᠭ᠌ᠰᠢᠯᠡᠪᠡ᠃ ᠴᠢᠯᠠᠭᠤᠨ ᠲᠣᠰᠣ ᠱᠢᠲᠠᠮᠠᠬᠠᠶ ᠬᠡᠶ ᠳᠠᠮᠵᠢᠭᠤᠯᠬᠤ ᠬᠣᠭᠣᠯᠠᠶ ᠢ᠋ᠢ ᠨᠡᠢᠲᠡ 53 ᠵᠤᠷᠪᠤᠰ ᠪᠠᠢᠭᠤᠯᠵᠤ᠂ ᠡᠨᠧᠷᠭᠢ ᠢ᠋ᠢᠨ ᠰᠠᠭᠤᠷᠢᠨ ᠤ᠋ ᠪᠠᠲᠤᠯᠠᠭ᠎ᠠ ᠢ᠋ᠢᠨ ᠴᠢᠳᠠᠪᠤᠷᠢ ᠢ᠋ᠢ ᠨᠡᠮᠡᠭ᠌ᠳᠡᠭᠦᠯᠪᠠ᠃
《ᠠᠷᠪᠠᠨ ᠳᠥᠷᠪᠡᠳᠦᠭᠡᠷ ᠲᠠᠪᠤᠨ ᠵᠢᠯ》 ᠳ᠋ᠤ᠂ ᠮᠠᠨ ᠤ᠋ ᠤᠷᠤᠨ ᠤᠰᠤ ᠠᠷᠪᠢᠯᠠᠬᠤ ᠴᠢᠳᠠᠪᠤᠷᠢ ᠢ᠋ᠢ 4.5 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠱᠢᠨ᠎ᠡ ᠪᠡᠷ ᠨᠡᠮᠡᠭ᠌ᠳᠡᠭᠦᠯᠵᠤ᠂ ᠲᠠᠷᠢᠶᠠᠨ ᠭᠠᠵᠠᠷ ᠤ᠋ᠨ ᠤᠰᠤᠯᠠᠯᠲᠠ ᠢ᠋ᠢᠨ ᠤᠰᠤᠨ ᠤ᠋ ᠪᠦᠲᠦᠮᠵᠢᠲᠡᠶ ᠠᠱᠢᠭ᠍ᠯᠠᠯᠲᠠ ᠢ᠋ᠢᠨ ᠢᠯᠡᠳᠭᠡᠮᠵᠢ 0.59 ᠪᠣᠯᠵᠣ᠂ ᠲᠠᠷᠢᠶᠠᠯᠠᠩ ᠤ᠋ᠨ ᠤᠰᠤ ᠬᠡᠷᠡᠭ᠌ᠯᠡᠬᠦ᠌ ᠦᠷ᠎ᠡ ᠪᠦᠲᠦᠮᠵᠢ ᠶᠡᠬᠡ ᠪᠡᠷ ᠳᠡᠭᠡᠭ᠌ᠰᠢᠯᠡᠪᠡ᠃ ᠤᠯᠤᠰ ᠤ᠋ᠨ ᠡᠳ᠋ ᠪᠠᠷᠠᠭᠠᠨ ᠤ᠋ ᠭᠦᠶ᠋ᠯᠭᠡᠭᠡ ᠵᠢᠨ ᠬᠦᠶ᠋ᠰᠦ 7᠂ ᠤᠯᠤᠰ ᠤ᠋ᠨ ᠭᠤᠤᠯᠯᠠᠬᠤ ᠬᠦᠶ᠋ᠲᠡᠨ ᠬᠡᠯᠬᠢᠶᠡᠲᠦ ᠰᠠᠭᠤᠷᠢᠨ 4᠂ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠡᠳ᠋ ᠪᠠᠷᠠᠭᠠᠨ ᠤ᠋ ᠭᠦᠶ᠋ᠯᠭᠡᠭᠡ ᠵᠢᠨ ᠬᠦᠶ᠋ᠰᠦ 15 ᠢ᠋ᠢ ᠪᠠᠢᠷᠢᠯᠠᠭᠤᠯᠤᠨ ᠪᠥᠲᠥᠭᠡᠨ ᠪᠠᠢᠭᠤᠯᠵᠤ᠂ 3 ᠭᠣᠣᠯᠳᠠᠯᠭ᠎ᠠ ᠲᠠᠢ ᠬᠢᠯᠢ ᠵᠢᠨ ᠪᠣᠭᠣᠮᠲᠠ ᠳ᠋ᠤ ᠲᠦᠷᠭᠡᠨ ᠤ᠋ ᠵᠠᠰᠠᠮᠠᠯ ᠵᠠᠮ ᠨᠡᠪᠲᠡᠷᠡᠭᠦᠯᠵᠤ᠂ ᠭᠠᠭ᠍ᠴᠠᠮᠤᠳᠤ ᠬᠢᠯᠢ ᠵᠢᠨ ᠪᠣᠭᠣᠮᠲᠠ ᠢ᠋ᠢᠨ ᠬᠢᠯᠢ ᠠᠯᠤᠰᠯᠠᠭ᠍ᠰᠠᠨ ᠲᠡᠮᠦᠷ ᠵᠠᠮ ᠢ᠋ ᠪᠠᠷᠢᠯᠭ᠎ᠠ ᠡᠬᠢᠯᠡᠭᠦᠯᠦᠨ ᠪᠦᠲᠦᠭᠡᠨ ᠪᠠᠢᠭᠤᠯᠪᠠ᠃ ᠣᠯᠠᠨ ᠤᠯᠤᠰ ᠤ᠋ᠨ ᠡᠨᠧᠷᠭᠢ ᠢ᠋ᠢᠨ ᠬᠠᠮᠲᠤᠷᠠᠯᠴᠠᠭ᠎ᠠ ᠢ᠋ᠢ ᠭᠦᠨᠵᠡᠭᠡᠢᠷᠡᠭᠦᠯᠵᠦ᠍᠂ ᠮᠣᠩᠭᠣᠯ ᠤᠯᠤᠰ ᠲᠤ᠌ ᠴᠠᠬᠢᠯᠭᠠᠨ ᠬᠦᠷᠭᠡᠬᠦ᠌ ᠵᠠᠮ ᠢ᠋ 9 ᠵᠤᠷᠪᠤᠰ ᠪᠣᠯᠭᠠᠨ ᠨᠡᠮᠡᠭ᠌ᠳᠡᠭᠦᠯᠦᠭᠰᠡᠨ ᠪᠠᠢᠨ᠎ᠠ᠃