ᠡᠪᠦᠯ᠎ᠦᠨ ᠤᠯᠠᠷᠢᠯ ᠤ᠋ᠨ ᠬᠠᠶ᠋ᠢᠯᠠᠷ ᠲᠸ᠋ ᠠᠭᠤᠳᠠᠮ ᠲᠠᠯ᠎ᠠ ᠵᠢᠨ ᠬᠦᠢᠲᠠᠨ ᠰᠠᠯᠬᠢ ᠬᠠᠴᠠᠷ ᠨᠢᠭᠤᠷ᠎ᠢ ᠵᠦᠰᠤᠨᠠ᠃ ᠬᠡᠲᠠᠯ᠎ᠠ 《ᠼᠠᠩ ᠯᠠᠩ ᠪᠠᠢ ᠯᠤ᠌》 ᠮᠥᠰᠥ᠍ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠰᠠᠭᠤᠷᠢᠨ ᠳ᠋ᠤ ᠬᠠᠷᠢᠨ ᠪᠠᠷᠢᠯᠭ᠎ᠠ ᠵᠢᠨ ᠠᠵᠢᠯ ᠬᠦᠷ ᠬᠦᠭᠵᠢᠶᠠᠨ ᠲᠠᠢ ᠶᠠᠪᠤᠭᠳᠠᠵᠦ ᠪᠠᠢᠯ᠎ᠠ᠃ 5.1 ᠺᠢᠯᠤᠮᠸᠲᠷ ᠤᠷᠳᠤ ᠤᠷᠤᠯᠳᠤᠭᠠᠨ᠎ᠤ ᠵᠠᠮ ᠤ᠋ᠨ ᠠᠩᠬᠠᠨ᠎ᠤ ᠲᠥᠯᠤᠪᠨᠢ ᠢᠯᠡᠷᠠᠵᠤ᠂ 9 ᠮᠸᠲᠷ ᠥᠷᠭᠡᠨ ᠵᠠᠮ᠎ᠤᠨ ᠰᠠᠭᠤᠷᠢ ᠨᠢ ᠮᠤᠷᠤᠯᠵᠠᠨ ᠰᠤᠨᠤᠯᠵᠠᠨ᠎ᠠ᠃ ᠤᠳᠠᠯ ᠦᠭᠡᠢ ᠡᠨᠡ ᠨᠢ ᠪᠦᠬᠦ᠌ ᠤᠯᠤᠰ᠎ᠤᠨ ᠬᠠᠮᠤᠭ᠎ᠤᠨ ᠤᠷᠳᠤ 《ᠡᠪᠦᠯ ᠵᠤᠨ᠎ᠤ ᠬᠣᠶᠠᠷ ᠬᠡᠷᠡᠭᠴᠡᠭᠡᠲᠦ᠍》 ᠲᠠᠮᠢᠷ᠎ᠤᠨ ᠤᠷᠤᠯᠳᠤᠭᠠᠨ᠎ᠤ ᠵᠠᠮ ᠪᠣᠯᠬᠤ ᠪᠣᠯᠤᠨ᠎ᠠ᠃
ᠰᠠᠭᠤᠷᠢᠨ ᠤ᠋ ᠬᠠᠷᠢᠭᠤᠴᠠᠯᠭᠠᠲᠠᠨ ᠬ᠍ᠦ ᠠᠶ ᠳ᠋ᠦᠩ ᠰᠠᠶᠢᠬᠠᠨ ᠲᠡᠭᠰᠢᠯᠡᠵᠦ᠍ ᠥᠩᠭᠡᠷᠡᠭᠰᠡᠨ ᠭᠠᠵᠠᠷ ᠳᠡᠭᠡᠷ᠎ᠡ ᠣᠴᠣᠶ᠋ᠢᠨ ᠰᠠᠭᠤᠵᠤ᠂ ᠭᠠᠷ᠎ᠲᠠᠭᠠᠨ ᠦᠨᠭᠭᠡᠭᠳᠡᠭᠰᠡᠨ ᠤᠷᠤᠯᠲᠤᠭᠠᠨ ᠤ᠋ ᠵᠠᠮ ᠤ᠋ᠨ ᠵᠢᠷᠤᠭ᠎ᠢ ᠪᠠᠷᠢᠵᠤ᠂ ᠠᠵᠢᠯᠴᠢᠳᠲᠤ᠌ ᠮᠤᠷᠤᠶ᠋ᠢᠯᠲᠠ᠎ᠶᠢᠨ ᠵᠠᠮ ᠤ᠋ᠨ ᠥᠨᠴᠥᠭᠢ ᠪᠠᠲᠤᠯᠠᠬᠤ ᠬᠡᠷᠡᠭᠲᠡᠶ ᠭᠡᠵᠦ᠍ ᠵᠠᠬᠢᠨ᠎ᠠ᠃ ᠲᠡᠷᠡ ᠵᠢᠷᠤᠭ ᠳᠡᠭᠡᠷᠡᠬᠢ ᠮᠤᠷᠤᠢᠯᠳᠠ ᠵᠢᠨ ᠵᠠᠮ᠎ᠢ ᠵᠢᠭᠠᠵᠤ᠂ 《ᠡᠨᠡ ᠬᠡᠰᠡᠭ ᠭᠠᠵᠠᠷ ᠬᠠᠭᠤᠴᠢᠨ ᠰᠠᠭᠤᠷᠢᠨ᠎ᠲᠠᠶ ᠵᠠᠯᠭᠠᠯᠳᠤᠵᠤ᠂ ᠪᠦᠬᠦᠢᠯᠡ ᠬᠦᠷᠢᠶᠡᠯᠡᠩ ᠲᠣᠭᠣᠷᠢᠭ ᠨᠢ 8000 ᠭᠠᠷᠤᠶ ᠮᠦ᠍ ᠪᠠᠢᠨ᠎ᠠ᠃ ᠤᠷᠢᠳ᠎ᠢᠶᠠᠷ ᠤᠷᠤᠯᠳᠤᠭᠠᠨ᠎ᠤ ᠵᠠᠮ᠎ᠢ ᠭᠠᠷᠭᠠᠨ᠎ᠠ᠂ ᠬᠣᠵᠢᠮ ᠳᠥᠷᠪᠡᠨ ᠤᠯᠠᠷᠢᠯ᠎ᠳᠤ ᠪᠦᠷ ᠵᠢᠭᠤᠯᠴᠢᠯᠠᠭᠰᠡᠳ᠎ᠢ ᠬᠦᠯᠢᠶᠠᠨ ᠠᠪᠴᠤ ᠪᠤᠯᠤᠨ᠎ᠠ》 ᠬᠡᠵᠤ ᠬᠡᠯᠡᠪᠠ᠃
ᠬ᠍ᠤ ᠠᠢ ᠳ᠋ᠦᠩ ᠤ᠋ᠨ ᠢᠩᠭᠢᠵᠦ᠍ ᠲᠡᠮᠡᠴᠡᠵᠤ ᠪᠠᠢᠭ᠎ᠠ᠎ᠨᠢ ᠪᠠᠰᠠ ᠨᠢᠭᠡᠠ ᠴᠢᠬᠤᠯᠠ ᠰᠢᠯᠲᠠᠭᠠᠨ᠎ᠲᠠᠶ ᠶᠤᠮ᠃ 2025 — 2026 ᠤᠨ ᠤ᠋ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠥᠰᠥ᠍ ᠴᠠᠰᠤᠨ᠎ᠤ ᠵᠢᠭᠤᠯᠴᠢᠯᠠᠯ᠎ᠤᠨ ᠤᠯᠠᠷᠢᠯ ᠵᠢᠴᠢ ᠬᠥᠯᠥᠨ ᠪᠤᠢ᠌ᠷ᠎ᠤᠨ ᠡᠪᠦᠯ᠎ᠦᠨ ᠤᠯᠠᠷᠢᠯ᠎ᠤᠨ ᠵᠢᠭᠤᠯᠴᠢᠯᠠᠯ ᠨᠢᠭᠡᠨᠲᠡ ᠡᠬᠢᠯᠡᠵᠦ᠍᠂ 《ᠼᠠᠩ ᠯᠠᠩ ᠪᠠᠢ ᠯᠤ᠌》 ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠰᠠᠭᠤᠷᠢᠨ ᠨᠢ ᠨᠠᠢ᠍ᠮᠠᠳᠤᠭᠠᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠪᠠᠭᠠᠲᠤᠷᠴᠤᠳ᠎ᠤᠨ ᠴᠤᠭᠯᠠᠭᠠᠨ ᠢ᠋ ᠡᠷᠬᠢᠯᠡᠬᠦ᠌ ᠭᠠᠵᠠᠷ ᠪᠣᠯᠤᠭᠰᠠᠨ᠎ᠤ ᠬᠤᠪᠢ᠎ᠳᠤ᠂ ᠮᠠᠰᠢ ᠤᠯᠠᠨ ᠲᠦᠷᠦᠯ ᠵᠦᠢᠯ᠎ᠢ ᠡᠭᠦᠷᠭᠡᠯᠡᠬᠦ᠌ ᠴᠢᠬᠤᠯᠠᠲᠠᠢ ᠪᠠᠶ᠋ᠢᠨ᠎ᠠ᠃ ᠡᠭᠦᠨ᠎ᠳᠦ ᠳᠤᠮᠳᠠᠳᠤ ᠤᠯᠤᠰ᠎ᠤᠨ ᠮᠠᠰᠢᠨ ᠲᠡᠷᠭᠡᠨ᠎ᠦ ᠣᠶ᠋ᠢᠷ᠎ᠠ ᠵᠠᠮ᠎ᠤᠨ ᠬᠦᠴᠦ ᠵᠠᠯᠭᠠᠬᠤ (ᠮᠥᠰᠥ᠍ ᠴᠠᠰᠤᠨ᠎ᠤ) ᠮᠠᠩᠯᠠᠶ ᠰᠢᠯᠭᠠᠷᠠᠭᠤᠯᠬᠤ ᠤᠷᠤᠯᠳᠤᠭᠠᠨ (ᠬᠥᠯᠥᠨ ᠪᠣᠶ᠋ᠢᠷ᠎ᠤᠨ ᠬᠠᠶ᠋ᠢᠯᠠᠷ ᠥᠷᠲᠡᠭᠡ)᠂ ᠪᠥᠬᠥ᠌ ᠤᠯᠤᠰ᠎ᠤᠨ ᠴᠠᠰᠤᠲᠤ᠌ ᠭᠠᠵᠠᠷ᠎ᠤᠨ ᠮᠣᠲ᠋ᠣᠷ᠎ᠤᠨ ᠬᠡᠭᠡᠷᠡᠯᠡᠬᠦ᠌ ᠲᠠᠯᠠᠪᠤᠷ᠎ᠤᠨ ᠲᠣᠮᠣ ᠱᠠᠩᠨᠠᠯᠲᠤ᠌ ᠤᠷᠤᠯᠳᠤᠭᠠᠨ (ᠬᠥᠯᠥᠨ ᠪᠣᠶ᠋ᠢᠷ᠎ᠤᠨ ᠬᠠᠶ᠋ᠢᠯᠠᠷ ᠥᠷᠲᠡᠭᠡ)᠂ ᠮᠥᠰᠥ᠍ ᠴᠠᠰᠤᠨ᠎ᠤ ᠮᠠᠰᠢᠨ ᠲᠡᠷᠭᠡᠨ᠎ᠦ ᠸᠠᠩ ᠤ᠋ᠨ ᠵᠠᠷᠯᠠᠯ᠎ᠳᠤ ᠤᠷᠤᠯᠳᠤᠭᠠᠨ᠂ ᠡᠪᠦᠯ᠎ᠦᠨ ᠤᠯᠠᠷᠢᠯ᠎ᠤᠨ ᠪᠠᠭᠠᠲᠤᠷᠴᠤᠳ᠎ᠤᠨ ᠴᠤᠭᠯᠠᠭᠠᠨ ᠤ᠋ ᠣᠯᠠᠨ ᠲᠦᠮᠡᠨ᠎ᠦ ᠮᠥᠰᠥ᠍ ᠴᠠᠰᠤᠨ᠎ᠤ ᠪᠡᠶᠡᠴᠢᠯᠡᠨ ᠣᠶ᠋ᠢᠯᠠᠭᠠᠬᠤ ᠬᠤᠸᠠᠷᠠᠨ ᠵᠡᠷᠭᠡ ᠪᠠᠭᠲᠠᠨ᠎ᠠ᠃
ᠡᠪᠦᠯ᠎ᠦᠨ ᠤᠯᠠᠷᠢᠯ᠎ᠤᠨ ᠪᠠᠭᠠᠲᠤᠷᠴᠤᠤᠨ ᠤ᠋ᠨ ᠴᠤᠭᠯᠠᠭᠠᠨ ᠨᠢ ᠣᠳᠣᠬᠠᠨ ᠪᠣᠯᠲᠠᠯ᠎ᠠ ᠨᠢᠭᠡᠨᠲᠡ 8 ᠵᠢᠯ ᠤ᠋ᠨ ᠨᠢᠭᠤᠷ᠎ᠢ ᠦᠵᠡᠵᠤ ᠪᠠᠢᠨ᠎ᠠ᠂ ᠨᠠᠷᠠ ᠠᠯᠳᠠᠷ ᠦᠭᠡᠢ ᠪᠠᠶ᠋ᠢᠭᠰᠠᠨ᠎ᠠᠴᠠ᠎ᠪᠠᠨ ᠤᠯᠤᠰ᠎ᠤᠨ ᠳᠣᠲᠣᠭᠠᠳᠤ ᠭᠠᠳᠠᠭᠠᠳᠤ᠎ᠳᠤ ᠲᠠᠨᠢᠭᠳᠠᠵᠦ᠂ ᠠᠵᠢᠯ᠎ᠤᠨ ᠴᠢᠯᠥᠭᠡᠨ᠎ᠦ ᠤᠷᠤᠯᠳᠤᠭᠠᠨ᠎ᠠᠴᠠ ᠤᠯᠤᠰ᠎ᠤᠨ A ᠲᠡᠰ᠎ᠤᠨ ᠤᠷᠤᠯᠳᠤᠭᠠᠨ ᠪᠤᠯᠪᠠ᠃ ᠬ᠍ᠤ ᠠᠢ ᠳ᠋ᠦᠩ ᠤ᠋ᠨ ᠦᠵᠡᠬᠦ ᠪᠠᠷ᠂ ᠡᠨᠡ ᠨᠢ 《ᠮᠥᠰᠥ᠍᠎ᠳᠦ ᠭᠠᠵᠠᠷ ᠴᠠᠰᠤᠳᠦ ᠲᠠᠯ᠎ᠠ ᠨᠢ ᠴᠸ᠋ ᠠᠯᠳᠠᠨ ᠠᠭᠤᠯᠠ ᠮᠦᠡᠭᠬᠦᠨ ᠬᠠᠢᠷᠠᠬᠠᠨ ᠮᠦᠨ》 ᠭᠡᠬᠦ᠌ ᠣᠶ᠋ᠢᠯᠠᠭᠠᠭᠳᠠᠬᠤᠨ᠎ᠢ ᠲᠤᠭᠤᠰᠢᠯᠠᠭᠤᠯᠵᠦ᠂ 《ᠭᠤᠷᠪᠠᠨ ᠳ᠋ᠦᠩᠰᠢᠭᠤᠷ ᠬᠥᠮᠦᠨ᠎ᠢ᠋ ᠮᠥᠰᠥ᠍ ᠴᠠᠰᠤᠨ᠎ᠤ ᠠᠵᠢᠯᠯᠠᠭ᠎ᠠ᠎ᠳᠤ ᠤᠷᠤᠯᠴᠠᠭᠤᠯᠬᠤ》 ᠲᠦᠷᠦ᠎ᠶᠢᠨ ᠪᠤᠳᠤᠯᠭ᠎ᠠ᠎ᠶᠢ ᠬᠡᠷᠡᠭᠵᠢᠭᠦᠯᠵᠤ᠂ ᠤᠯᠤᠰ᠎ᠠᠴᠠ ᠮᠥᠰᠥ᠍ ᠴᠠᠰᠤᠨ᠎ᠤ ᠬᠥᠳᠡᠯᠭᠡᠭᠡᠨ᠎ᠢ ᠳᠡᠮᠵᠢᠭᠰᠡᠨ᠎ᠡᠴᠡ ᠪᠣᠯᠵᠠᠢ ᠬᠡᠪᠠ᠃ 2022 ᠣᠨ᠎ᠳᠤ 《ᠼᠠᠩ ᠯᠠᠩ ᠪᠠᠢ ᠯᠤ᠌》 ᠮᠥᠰᠥ᠍ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠰᠠᠭᠤᠷᠢᠨ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠂ ᠡᠪᠦᠯ᠎ᠦᠨ ᠤᠯᠠᠷᠢᠯ᠎ᠤᠨ ᠵᠡᠮᠳᠡᠭᠴᠦᠳ᠎ᠦᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠪᠠᠲᠤᠯᠠᠭ᠎ᠠ᠎ᠶᠢᠨ ᠪᠦᠯᠬᠦᠮ᠎ᠦᠨ ᠴᠠᠰᠤᠳᠦ ᠭᠠᠵᠠᠷ᠎ᠤᠨ ᠮᠣᠲ᠋ᠣᠷ᠎ᠤᠨ ᠪᠣᠯᠪᠠᠰᠤᠷᠠᠯ᠎ᠤᠨ ᠰᠠᠭᠤᠷᠢᠨ ᠪᠣᠯᠤᠭᠰᠠᠨ᠎ᠤ ᠬᠤᠪᠢ᠎ᠳᠤ᠂ ᠯᠠᠪᠳᠠᠭᠤᠨ ᠪᠠᠲᠤᠲᠠᠶ ᠲᠤᠰᠬᠠᠶ ᠮᠡᠷᠭᠡᠵᠢᠯ᠎ᠦᠨ ᠰᠠᠭᠤᠷᠢ ᠪᠠ ᠰᠢᠯᠢᠳᠡᠭ ᠴᠢᠳᠠᠪᠤᠷᠢᠲᠠᠨ᠎ᠤ ᠡᠩᠨᠡᠭᠡ᠎ᠶᠢ ᠬᠤᠷᠠᠮᠳᠤᠭᠤᠯᠵᠤ᠂ ᠵᠢᠭᠠᠨ ᠰᠤᠷᠭᠠᠯᠲᠠ᠎ᠠᠴᠠ ᠤᠷᠤᠯᠳᠤᠭᠠᠨ᠎ᠤ ᠵᠢᠯᠣᠭᠣᠳᠣᠯᠭ᠎ᠠ ᠬᠦᠷᠲᠡᠯᠡᠬᠢ ᠪᠥᠬᠥ᠌ ᠶᠠᠪᠤᠴᠠ ᠵᠢᠨ ᠦᠢᠯᠡᠴᠢᠯᠡᠭᠡ᠎ᠶᠢ ᠬᠠᠮᠤᠷᠤᠭᠰᠠᠨ ᠪᠠᠶ᠋ᠢᠨ᠎ᠠ᠃
ᠬ᠍ᠤ ᠠᠶ ᠳ᠋ᠦᠩ 2025 ᠣᠨ᠎ᠤ ᠮᠥᠰᠥ᠍ ᠴᠠᠰᠤᠨ᠎ᠤ ᠤᠯᠠᠷᠢᠯ᠎ᠳᠤ ᠢᠲᠡᠭᠡᠯ ᠲᠡᠭᠦᠯᠳᠡᠷ ᠪᠠᠶ᠋ᠢᠯ᠎ᠠ᠄ 3000 ᠭᠠᠷᠤᠶ ᠲᠦᠮᠡᠨ ᠲᠥᠭᠥᠷᠢᠭ᠎ᠤ᠋ᠨ ᠪᠠᠯᠠ ᠤᠷᠤᠭᠤᠯᠤᠯᠲᠠ ᠲᠠᠢ ᠲᠤᠨᠤᠭ ᠲᠦᠬᠦᠬᠡᠷᠤᠮᠵᠢ ᠵᠢᠨ ᠪᠦᠯᠦᠭᠯᠡᠯ ᠳ᠋ᠤ᠂ ᠴᠠᠰᠤᠲᠤ᠌ ᠭᠠᠵᠠᠷ᠎ᠤᠨ ᠮᠣᠲ᠋ᠣᠷᠢ ᠲᠡᠷᠢ ᠲᠡᠭᠰᠢ ᠮᠦᠷᠯᠡᠬᠦᠯᠤᠨ ᠬᠥᠳᠡᠯᠬᠦ᠌ᠳ᠋ᠤ ᠪᠡᠯᠡᠬᠡᠨ ᠪᠠᠢᠯᠭᠠᠵᠦ᠂ ᠬᠡᠶ ᠳᠡᠪᠢᠰᠬᠡᠷᠲᠦ᠍ ᠣᠩᠭᠣᠴᠠ ᠵᠢ ᠲᠤᠰᠬᠠᠶ ᠬᠠᠷᠢᠶᠠᠨ ᠤ᠋ ᠵᠣᠭᠰᠣᠭᠠᠯ᠎ᠤᠨ ᠣᠷᠣᠨ᠎ᠳᠤᠨᠢ ᠵᠤᠭᠰᠤᠭᠠᠵᠦ᠂ ᠲᠤᠰᠬᠠᠶ ᠮᠡᠷᠭᠡᠵᠢᠯ᠎ᠦᠨ ᠴᠠᠰᠤ ᠳᠠᠷᠤᠬᠤ ᠲᠡᠷᠭᠡ ᠪᠠ ᠴᠠᠰᠤ ᠦᠢᠯᠡᠳᠬᠦ ᠮᠠᠰᠢᠨ᠎ᠦ ᠲᠣᠬᠢᠷᠠᠭᠤᠯᠤᠯᠲᠠ᠎ᠪᠠᠨ ᠠᠯᠢ ᠡᠷᠲᠡ ᠪᠡᠶᠡᠯᠡᠭᠦᠯᠵᠠᠢ ᠁ 《ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠳᠠᠮᠢᠷ᠎ᠤᠨ ᠴᠤᠬᠯᠠᠭᠠᠨ᠎ᠨᠢ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠳᠠᠢᠴᠢᠯᠠᠨ ᠬᠦᠭᠵᠢᠭᠡᠪᠡ᠃ ᠪᠢᠳᠡ ᠵᠢᠯ ᠪᠦᠷᠢ ᠤᠯᠤᠰ᠎ᠤᠨ ᠲᠠᠰ᠎ᠤᠨ ᠮᠥᠰᠥ᠍ ᠴᠠᠰᠤᠨ᠎ᠤ ᠤᠷᠤᠯᠳᠤᠭᠠᠨ᠎ᠢ ᠣᠯᠠᠨ ᠲᠠᠯᠠᠪᠤᠷ ᠳᠠᠭᠠᠭᠠᠴᠢᠯᠠᠨ ᠡᠷᠭᠢᠯᠡᠵᠦ᠍ ᠪᠠᠶ᠋ᠢᠭ᠎ᠠ᠎ᠨᠢ ᠥᠪᠡᠷ᠎ᠦᠨ ᠪᠡᠶ᠎ᠡ᠎ᠳᠡᠭᠡᠨ ᠳᠤᠬᠢᠷᠠᠬᠰᠠᠨ ᠬᠦᠭᠵᠢᠯᠳᠡ ᠵᠢᠨ ᠵᠠᠮ᠎ᠢᠶᠠᠷ ᠵᠠᠮᠨᠠᠭᠰᠠᠨ᠎ᠳᠦ ᠪᠤᠢ》 ᠭᠡᠵᠦ᠍ ᠬ᠍ᠤ ᠠᠢ ᠳ᠋ᠦᠩ ᠬᠡᠯᠡᠪᠡ᠃
ᠨᠠᠢ᠍ᠮᠠᠳᠤᠭᠠᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠪᠠᠭᠠᠲᠤᠷᠴᠤᠳ᠎ᠤᠨ ᠴᠤᠭᠯᠠᠭᠠᠨ ᠪᠠ 《ᠢᠮᠢᠨ ᠭᠤᠤᠯ᠎ᠤᠨ ᠮᠥᠰᠥ᠍ ᠴᠠᠰᠤᠨ᠎ᠤ ᠬᠦᠭᠵᠢᠶᠡᠨᠳᠦ ᠴᠤᠬᠯᠠᠭᠠᠨ》 ᠪᠣᠯ ᠬᠠᠶ᠋ᠢᠯᠠᠷ᠎ᠤᠨ ᠡᠨᠡ ᠵᠢᠯ ᠥᠷᠨᠢᠬᠥᠯᠵᠤ ᠪᠠᠢᠭ᠎ᠠ ᠬᠣᠶᠠᠷ ᠶᠡᠬᠡ ᠲᠦᠷᠦᠯ ᠲᠠᠮᠳᠡᠭ᠎ᠲᠤ ᠠᠵᠢᠯᠯᠠᠭ᠎ᠠ ᠮᠦᠨ᠂ ᠵᠤᠷᠢᠯᠭ᠎ᠠ ᠨᠢ ᠴᠡᠭ ᠢ᠋ ᠬᠣᠯᠪᠣᠨ ᠱᠤᠭᠤᠮ ᠪᠦᠷᠢᠯᠳᠦᠬᠦᠯᠵᠦ᠂ ᠱᠤᠭᠤᠮ᠎ᠢ ᠥᠷᠭᠡᠳᠬᠡᠨ ᠳᠠᠯ᠎ᠠ ᠵᠢ ᠪᠦᠷᠢᠯᠳᠦᠬᠦᠯᠬᠦ᠎ᠪᠡᠷ ᠳᠠᠮᠵᠢᠨ᠂ ᠪᠥᠬᠥ᠌ ᠣᠷᠣᠨ ᠪᠦᠰᠡ᠂ ᠪᠥᠬᠥ᠌ ᠬᠡᠯᠬᠢᠶ᠎ᠡ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠰᠢᠰᠲ᠋ᠧᠮ᠎ᠢ ᠪᠠᠶ᠋ᠢᠭᠤᠯᠵᠤ᠂ ᠨᠠᠪᠴᠢᠬᠦᠯᠤᠯᠲᠠ ᠮᠠᠶᠢᠭ᠎ᠤᠨ ᠬᠡᠷᠡᠭᠯᠡᠭᠡᠨ᠎ᠦ ᠪᠡᠶᠡᠴᠢᠯᠡᠨ ᠣᠶ᠋ᠢᠯᠠᠭᠠᠬᠤ ᠪᠠᠶ᠋ᠢᠳᠠᠯ᠎ᠢ ᠬᠦᠴᠦᠯᠡᠨ ᠪᠣᠶ ᠪᠣᠯᠭᠠᠵᠤ᠂ 《ᠵᠢᠭᠤᠯᠴᠢᠯᠠᠯ᠎ᠤᠨ ᠤᠷᠤᠰᠴᠠ》 ᠶ᠋ᠢ 《ᠬᠥᠭᠵᠢᠯᠲᠡ᠎ᠶᠢᠨ ᠨᠡᠮᠡᠭᠳᠡᠯ》 ᠪᠣᠯᠭᠠᠨ ᠬᠤᠪᠢᠷᠠᠭᠤᠯᠬᠤᠳ᠋ᠤ ᠪᠤᠢ᠃ ᠬ᠍ᠤ ᠠᠢ ᠳ᠋ᠦᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢᠨ ᠲᠥᠯᠥᠭᠡ᠂ ᠪᠢᠳᠡ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠵᠤ᠂ ᠲᠤᠰᠬᠠᠢ ᠮᠡᠷᠭᠡᠵᠢᠯ᠎ᠦᠨ ᠤᠷᠤᠯᠳᠤᠭᠠᠨ᠎ᠢᠶᠠᠷ ᠮᠥᠰᠥ᠍ ᠴᠠᠰᠤᠨ᠎ᠤ ᠨᠡᠷ᠎ᠡ᠎ᠶᠢᠨ ᠬᠠᠭᠤᠳᠠᠰᠤ᠎ᠶᠢ ᠦᠷᠭᠦᠯᠵᠢᠯᠡᠨ ᠬᠢᠯᠠᠯᠵᠠᠭᠤᠯᠵᠤ᠂ ᠬᠥᠯᠥᠨ ᠪᠤᠢ᠌ᠷ᠎ᠤᠨ ᠬᠠᠮᠤᠭ᠎ᠤᠨ ᠶᠡᠬᠡ ᠵᠢᠭᠤᠯᠴᠢᠯᠠᠭᠰᠡᠳ᠎ᠤᠨ ᠤᠯᠠᠭ᠎ᠠ ᠦᠷᠳᠡᠭᠡ᠂ ᠲᠥᠪᠯᠡᠷᠡᠭᠦᠯᠦᠨ ᠪᠢᠯᠧᠲ ᠵᠠᠬᠢᠶᠠᠯᠠᠬᠤ᠂ ᠰᠣᠶᠣᠯ᠎ᠤᠨ ᠡᠭᠦᠳᠦᠯᠲᠡ᠎ᠶᠢᠨ ᠪᠦᠳᠦᠭᠡᠭᠳᠡᠬᠦᠨ᠎ᠦ ᠳᠡᠯᠭᠡᠨ ᠪᠣᠷᠣᠯᠠᠭᠤᠯᠭ᠎ᠠ᠂ ᠠᠷᠠᠳ᠎ᠤᠨ ᠵᠠᠩ ᠦᠢᠯᠡ᠎ᠶᠢ ᠪᠡᠶᠡᠴᠢᠯᠡᠨ ᠣᠶ᠋ᠢᠯᠠᠭᠠᠬᠤ ᠵᠡᠷᠭᠡ ᠴᠢᠳᠠᠮᠵᠢ᠎ᠶᠢ ᠪᠤᠢ ᠪᠣᠯᠭᠠᠵᠤ᠂ 《ᠪᠡᠶ᠎ᠡ᠎ᠶᠢᠨ ᠲᠠᠮᠢᠷ᠎ᠤᠨ ᠪᠡᠶᠡᠴᠢᠯᠡᠨ ᠤᠢᠯᠠᠭᠠᠯᠳᠠ》 ᠡᠴᠡ 《ᠢᠳᠡᠬᠦ᠌ ᠬᠣᠨᠣᠬᠤ ᠵᠢᠭᠤᠯᠴᠢᠯᠠᠬᠤ ᠬᠤᠳᠠᠯᠳᠤᠨ ᠠᠪᠬᠤ ᠵᠤᠭᠠᠯᠠᠨ ᠴᠡᠩᠭᠡᠬᠦ》 ᠪᠦᠬᠦ᠌ ᠬᠡᠯᠬᠢᠶᠡᠵᠢᠯ ᠬᠦᠷᠳᠡᠯ᠎ᠡ ᠤᠷᠲᠤᠳᠬᠠᠨ᠎ᠠ ᠬᠡᠪᠡ᠃