— ᠣᠷᠳᠣᠰ ᠬᠣᠲᠠ᠎ᠶ᠋ᠢᠨ ᠨᠠᠮ᠎ᠤᠨ ᠬᠤᠷᠢᠶ᠎ᠠ ᠵᠢᠨ ᠱᠦᠵᠢ ᠯᠢ ᠯᠢ᠎ᠶ᠋ᠢ ᠰᠤᠷᠪᠤᠯᠵᠢᠯᠠᠭ᠍ᠰᠠᠨ ᠨᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠡᠴᠡ ᠢᠷᠡᠭᠡᠳᠦᠢ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ᠎ᠶ᠋ᠢ ᠱᠢᠰᠲ᠋ᠧᠮ᠎ᠲᠡᠶ ᠤᠬᠠᠭᠠᠯᠠᠨ ᠲᠦᠯᠦᠪᠯᠡᠵᠦ᠂ ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠵᠠᠮ ᠨᠡᠭᠡᠭᠡᠬᠦ᠌ ᠵᠢ ᠲᠥᠷᠭᠡᠳᠭᠡᠬᠥᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃ ᠪᠥᠬᠥᠳᠡ ᠬᠤᠷᠠᠯ ᠬᠤᠷᠠᠯᠳᠤᠭ᠍ᠰᠠᠨᠤ ᠳᠠᠷᠠᠭ᠎ᠠ᠂ ᠣᠷᠳᠣᠰ ᠬᠣᠲᠠ ᠵᠢᠨ ᠬᠢᠨ ᠬᠣᠲᠠ᠎ᠶ᠋ᠢᠨ ᠨᠠᠮ᠎ᠤᠨ ᠬᠤᠷᠢᠶ᠎ᠠ ᠵᠢᠨ ᠪᠥᠬᠥᠳᠡ ᠬᠤᠷᠠᠯ᠎ᠢ ᠴᠠᠭ ᠲᠤᠬᠠᠶ᠎ᠳᠤᠨᠢ ᠬᠤᠷᠠᠯᠳᠤᠭᠤᠯᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠪᠥᠬᠥ᠌ ᠲᠠᠯ᠎ᠠ᠎ᠪᠠᠷ ᠪᠠᠢᠷᠢᠯᠠᠭᠤᠯᠪᠠ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠣᠷᠳᠣᠰ ᠬᠣᠲᠠ᠎ᠶ᠋ᠢᠨ ᠨᠠᠮ᠎ᠤᠨ ᠬᠤᠷᠢᠶ᠎ᠠ ᠵᠢᠨ ᠱᠦᠵᠢ ᠯᠢ ᠯᠢ᠎ᠶ᠋ᠢ ᠰᠤᠷᠪᠤᠯᠵᠢᠯᠠᠪᠠ᠃
ᠯᠢ ᠯᠢ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠤᠷᠳᠤᠰ ᠬᠤᠳᠠ᠎ᠶ᠋ᠢᠨ ᠬᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠪᠠᠷ ᠶᠡᠷᠦᠩᠬᠡᠢ ᠬᠥᠲᠥᠯᠪᠦᠷᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠳᠦᠭᠡᠨ ᠪᠠᠢᠭᠤᠯᠬᠤ ᠳᠤᠮᠳᠠ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢᠨ ᠰᠠᠢᠨ ᠬᠣᠱᠢᠭᠤᠴᠢ ᠴᠡᠷᠢᠭ ᠪᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠨᠡᠩ ᠶᠡᠬᠡ ᠬᠦᠴᠦᠨ ᠴᠢᠳᠠᠯ᠎ᠢᠶᠠᠨ ᠡᠷᠭᠦᠨ᠎ᠡ᠃
ᠨᠢᠭᠡ᠎ᠳᠦ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠵᠢᠱ᠌ᠢᠶᠡᠴᠢ ᠳᠤᠯᠠᠭᠠᠨ ᠬᠣᠲᠠ᠎ᠶ᠋ᠢ ᠪᠥᠲᠥᠭᠡᠨ ᠪᠠᠢᠭᠤᠯᠤᠨ᠎ᠠ᠃ ᠪᠥᠬᠥᠳᠡ ᠬᠤᠷᠠᠯ᠎ᠡᠴᠡ ᠳᠤᠷᠠᠳᠤᠭ᠍ᠰᠠᠨ 《ᠨᠠᠶ᠋ᠮᠠᠨ ᠱᠢᠨ᠎ᠡ》 ᠵᠢᠴᠢ 《ᠬᠦᠮᠦᠨ ᠲᠤᠮᠳᠠᠴᠢ ᠵᠢᠨ ᠭᠠᠵᠠᠷ ᠤᠷᠤᠨ᠎ᠤ ᠦᠢᠯᠡᠳᠪᠦᠷᠢᠯᠡᠯ᠎ᠤᠨ ᠶᠡᠷᠦᠩᠬᠡᠢ ᠦᠷᠲᠡᠭ ᠪᠤᠯᠤᠨ ᠰᠠᠭᠤᠭᠠᠯᠢ ᠠᠷᠠᠳ᠎ᠤᠨ ᠬᠦᠮᠦᠨ ᠲᠤᠮᠳᠠᠴᠢ ᠵᠢᠨ ᠡᠵᠡᠮᠰᠢᠵᠦ ᠪᠤᠯᠬᠤ ᠤᠷᠤᠯᠭ᠎ᠠ ᠵᠢ ᠪᠦᠬᠦ ᠤᠯᠤᠰ᠎ᠤᠨ ᠲᠡᠭᠡᠷ᠎ᠡ ᠲᠦᠪᠰᠢᠨ᠎ᠳᠤ ᠯᠠᠪᠳᠠᠭᠤᠨ ᠪᠠᠢᠯᠭᠠᠬᠤ》᠂ 《ᠬᠣᠶᠠᠷ ᠲᠠᠯ᠎ᠠ ᠪᠡᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠬᠤ》 ᠬᠠᠷᠠᠯᠲᠠ᠎ᠲᠠᠶ ᠨᠢᠭ᠍ᠲᠠ ᠤᠶᠠᠯᠳᠤᠭᠤᠯᠤᠨ᠂ ᠠᠵᠤ ᠠᠬᠤᠶ᠎ᠶ᠋ᠢᠨ ᠲᠣᠮᠣ ᠬᠣᠲᠠ᠎ᠶ᠋ᠢᠨ ᠨᠢᠷᠤᠭᠤ ᠲᠤᠯᠭᠠᠭᠤᠷᠢ ᠵᠢᠨ ᠦᠶ᠋ᠯᠡᠳᠦᠯ᠎ᠢ ᠪᠠᠳᠠᠷᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠢᠩᠭᠠᠨ ᠳ᠋ᠦᠩᠱᠢᠭᠤᠷ᠎ᠤᠨ ᠠᠵᠤ ᠦᠶ᠋ᠯᠡᠰ᠎ᠦᠨ ᠪᠦᠯᠦᠭᠵᠢᠯ᠂ ᠮᠢᠩᠭᠠᠨ ᠳ᠋ᠦᠩᠱᠢᠭᠤᠷ᠎ᠤᠨ ᠪᠦᠲᠦᠮᠵᠢᠲᠡᠶ ᠪᠠᠯᠠ ᠣᠷᠣᠭᠤᠯᠤᠯᠲᠠ᠂ ᠮᠢᠩᠭᠠᠨ ᠳ᠋ᠦᠩᠱᠢᠭᠤᠷ᠎ᠤᠨ ᠪᠣᠳᠠᠲᠤ ᠬᠦᠴᠦᠨ᠎ᠲᠡᠶ ᠬᠣᠱᠢᠭᠤ ᠲᠣᠭᠣᠷᠢᠭ᠂ ᠮᠢᠩᠭᠠᠨ ᠳ᠋ᠦᠩᠱᠢᠭᠤᠷ᠎ᠤᠨ ᠦᠶ᠋ᠯᠡᠳᠪᠤᠷᠢᠯᠡᠯᠤᠨ ᠥᠷᠲᠡᠭ ᠪᠦᠬᠦᠢ ᠬᠦᠷᠢᠶᠡᠯᠡᠩ ᠲᠣᠭᠣᠷᠢᠭ᠎ᠢ ᠴᠤᠭᠴᠠᠯᠠᠬᠤ ᠪᠡᠷ ᠲᠤᠯᠭᠠᠭᠤᠷᠢᠯᠠᠯ ᠪᠣᠯᠭᠠᠵᠤ᠂ 2030 ᠣᠨ ᠪᠣᠯᠬᠤ᠎ᠳᠤ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠪᠥᠬᠥ᠌ ᠤᠯᠤᠰ᠎ᠤᠨ ᠵᠠᠭᠤᠨ ᠬᠦᠴᠦᠷᠬᠡᠭ ᠬᠣᠲᠠ᠎ᠶ᠋ᠢᠨ ᠨᠡᠷᠡᠰ᠎ᠦᠨ ᠵᠢᠭ᠍ᠰᠠᠭᠠᠯᠲᠠ᠎ᠶ᠋ᠢᠨ ᠳᠤᠮᠳᠠ ᠳᠡᠭᠡᠭ᠌ᠰᠢᠯᠡᠭᠦᠯᠵᠦ᠍᠂ ᠲᠦᠮᠡᠨ ᠳ᠋ᠦᠩᠱᠢᠭᠤᠷ᠎ᠤᠨ ᠬᠣᠲᠠ᠎ᠶ᠋ᠢᠨ ᠡᠩᠨᠡᠭᠡᠨ᠎ᠳᠦ ᠣᠷᠤᠭᠤᠯᠵᠦ᠂ ᠬᠥᠮᠦᠨ ᠳᠤᠮᠳᠠᠴᠢ᠎ᠶ᠋ᠢᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠢ ᠪᠥᠬᠥ᠌ ᠤᠯᠤᠰ᠎ᠲᠤ ᠲᠦᠷᠦᠭᠦᠯᠡᠬᠦ᠌᠎ᠶ᠋ᠢ ᠪᠠᠲᠤᠯᠠᠵᠤ᠂ ᠠᠵᠤ ᠠᠬᠤᠶ᠎ᠶ᠋ᠢᠨ ᠪᠣᠳᠠᠲᠤ ᠬᠦᠴᠦᠨ ᠪᠠ ᠪᠥᠬᠥ᠌ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ᠎ᠶ᠋ᠢ ᠳᠤᠮᠳᠠ ᠪᠠᠷᠠᠭᠤᠨ ᠤᠷᠤᠨ᠎ᠤ ᠬᠣᠲᠠ᠎ᠶ᠋ᠢᠨ ᠨᠢᠭᠡᠳᠦᠭᠡᠷ ᠡᠩᠨᠡᠭᠡᠨ᠎ᠳᠦ ᠪᠠᠢᠯᠭᠠᠬᠤ᠎ᠪᠠᠷ ᠴᠢᠷᠮᠠᠢᠨ᠎ᠠ; 2035 ᠣᠨ ᠪᠣᠯᠬᠤ᠎ᠳᠤ ᠱᠢᠨ᠎ᠡ ᠵᠠᠮ ᠨᠡᠭᠡᠭᠡᠵᠦ᠍᠂ ᠡᠮᠦᠨ᠎ᠡ ᠡᠩᠨᠡᠭᠡᠨ᠎ᠳᠦ ᠣᠷᠣᠬᠤ ᠬᠠᠷᠠᠯᠲᠠ᠎ᠶ᠋ᠢ ᠪᠡᠶᠡᠯᠡᠭᠦᠯᠵᠦ᠍᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠪᠡᠶᠡᠯᠡᠭᠦᠯᠵᠦ᠍᠂ ᠳᠤᠮᠳᠠ ᠵᠡᠷᠭᠡ᠎ᠶ᠋ᠢᠨ ᠣᠷᠣᠯᠭ᠎ᠠ᠎ᠲᠠᠶ ᠬᠥᠮᠦᠰ ᠭᠤᠤᠯ ᠴᠣᠭ᠍ᠴᠠ᠎ᠶ᠋ᠢ ᠡᠵᠡᠯᠡᠬᠦ᠌ ᠠᠷᠤᠷ᠎ᠠ᠎ᠶ᠋ᠢᠨ ᠬᠡᠯᠪᠡᠷᠢ᠎ᠶ᠋ᠢᠨ ᠬᠤᠪᠢᠶᠠᠷᠢᠯᠠᠯᠲᠠ᠎ᠶ᠋ᠢᠨ ᠪᠠᠢᠷᠢᠱᠢᠯ᠎ᠢ ᠪᠡᠶᠡᠯᠡᠭᠦᠯᠵᠦ᠍᠂ ᠪᠥᠬᠥ᠌ ᠤᠯᠤᠰ᠂ ᠪᠥᠬᠥ᠌ ᠣᠷᠣᠨ᠎ᠲᠠᠶ ᠬᠠᠮᠲᠤ᠎ᠪᠠᠷ ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠪᠥᠬᠥᠳᠡ ᠬᠤᠷᠠᠯ᠎ᠤᠨ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠲᠤᠬᠠᠶ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢᠨ ᠲᠣᠭᠣᠷᠢᠨ᠎ᠳᠤ᠂ 《ᠭᠤᠷᠪᠠᠨ ᠭᠠᠵᠠᠷ ᠨᠢᠭᠡ ᠬᠣᠲᠠ》 ᠪᠠᠷ ᠬᠠᠷᠠᠯᠲᠠ ᠪᠣᠯᠭᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠠᠵᠢᠯ᠎ᠤᠨ ᠪᠠᠢᠷᠢᠱᠢᠯ᠎ᠢ ᠲᠡᠭᠦᠯᠳᠡᠷᠵᠢᠭᠦᠯᠵᠦ᠍᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠡᠭᠦᠷᠭᠡ᠎ᠶ᠋ᠢ ᠨᠠᠢᠳᠠᠪᠤᠷᠢᠵᠢᠭᠤᠯᠵᠤ᠂ 《ᠵᠢᠷᠭᠤᠭᠠᠨ ᠠᠭᠤᠰᠤᠯᠴᠠᠯ᠎ᠤᠨ ᠲᠥᠯᠥᠪᠯᠡᠭᠡ·ᠲᠤᠯᠠᠭᠠᠨ ᠬᠣᠲᠠ᠎ᠶ᠋ᠢᠨ ᠠᠵᠢᠯᠯᠠᠭ᠎ᠠ》 ᠶ᠋ᠢ ᠬᠡᠷᠡᠭ᠌ᠵᠢᠭᠦᠯᠵᠦ᠍᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ ᠪᠡᠷ ᠦᠷᠭᠦᠯᠵᠢᠯᠡᠨ ᠦᠨᠡᠯᠡᠭᠳᠡᠬᠦ᠎ᠶ᠋ᠢ ᠦᠨᠡᠨ ᠬᠦ᠌ ᠪᠠᠲᠤᠯᠠᠨ᠎ᠠ᠃
ᠬᠣᠶᠠᠷ᠎ᠲᠤ ᠠᠵᠤ ᠦᠢᠯᠡᠰᠬᠦᠴᠦᠷᠬᠡᠭ ᠪᠦᠭᠡᠳ ᠰᠢᠨ᠎ᠡ ᠪᠣᠳᠠᠲᠤ ᠬᠦᠴᠦᠨ ᠪᠦᠬᠦᠢ ᠳᠤᠯᠠᠭᠠᠨ ᠬᠣᠲᠠ᠎ᠶᠢ ᠪᠦᠲᠦᠭᠡᠨ ᠪᠠᠢᠭᠤᠯᠤᠨ᠎ᠠ᠃ ᠪᠦᠭᠦᠳᠡ ᠬᠤᠷᠠᠯ᠎ᠤᠨ 《ᠥᠪᠥᠷ ᠮᠣᠩᠭᠣᠯ᠎ᠤᠨ ᠣᠨᠴᠠᠯᠢᠭ᠋ ᠳᠠᠪᠠᠭᠤᠯᠢᠭ᠋᠎ᠢ ᠬᠠᠷᠠᠭᠤᠯᠤᠭᠰᠠᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ》 ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 《ᠳᠡᠯᠡᠬᠡᠢ᠎ᠶᠢᠨ ᠲᠠᠰ᠎ᠤᠨ ᠳᠥᠷᠪᠡᠨ ᠠᠵᠤ ᠦᠢᠯᠡᠰ》 ᠢ᠋ ᠪᠠᠶ᠋ᠢᠭᠤᠯᠬᠤ᠎ᠪᠠᠷ ᠭᠣᠣᠯ ᠬᠥᠲᠥᠯᠥᠮᠵᠢ ᠪᠣᠯᠭᠠᠬᠤ᠎ᠶᠢ ᠪᠠᠷᠢᠮᠲᠠᠯᠠᠵᠤ᠂ ᠡᠨᠧᠷᠭᠢ᠎ᠶᠢᠨ ᠪᠦᠲᠦᠴᠡ᠎ᠶᠢᠨ ᠲᠣᠬᠢᠷᠠᠭᠤᠯᠤᠯᠲᠠ᠎ᠪᠠᠷ ᠠᠵᠤ ᠦᠢᠯᠡᠰ᠎ᠦᠨ ᠪᠦᠲᠦᠴᠡ᠎ᠶᠢᠨ ᠬᠡᠯᠪᠡᠷᠢ᠎ᠪᠡᠨ ᠬᠤᠪᠢᠷᠠᠭᠤᠯᠬᠤ᠎ᠶᠢ ᠳᠠᠶ᠋ᠢᠴᠢᠯᠠᠵᠤ᠂ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠡᠬᠢ ᠪᠠᠶᠠᠯᠢᠭ᠋᠎ᠢᠶᠠᠷ ᠬᠥᠳᠡᠯᠭᠡᠭᠦᠷ ᠪᠣᠯᠭᠠᠵᠤ ᠪᠠᠢᠭᠰᠠᠨ᠎ᠡᠴᠡ ᠡᠬᠢ ᠪᠠᠶᠠᠯᠢᠭ᠋᠂ ᠰᠢᠨ᠎ᠡ᠎ᠶᠢ ᠡᠭᠦᠳᠬᠦ᠂ ᠠᠬᠤᠢ ᠪᠠᠢᠳᠠᠯ᠎ᠢ ᠵᠤᠭᠢᠴᠠᠭᠤᠯᠤᠨ ᠬᠥᠳᠡᠯᠭᠡᠭᠦᠷ ᠪᠣᠯᠭᠠᠬᠤ ᠲᠡᠢᠰᠢ ᠬᠤᠪᠢᠷᠠᠭᠤᠯᠬᠤ᠎ᠶᠢ ᠠᠬᠢᠭᠤᠯᠤᠨ᠎ᠠ᠃ ᠠᠵᠤ ᠦᠢᠯᠡᠳᠪᠦᠷᠢ᠎ᠶᠢᠨ ᠠᠵᠤ ᠠᠬᠤᠢ᠎ᠶᠢᠨ ᠳᠡᠰ ᠳᠡᠪᠰᠢᠬᠦ ᠶᠢ ᠠᠬᠢᠭᠤᠯᠵᠤ᠂ ᠨᠡᠭᠦᠷᠡᠰᠦ᠂ ᠴᠠᠬᠢᠯᠭᠠᠨ ᠬᠦᠴᠦᠨ᠂ ᠣᠳᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠎ᠶᠢᠨ ᠲᠣᠨᠣᠭ ᠲᠥᠬᠦᠭᠡᠷᠦᠮᠵᠢ ᠦᠢᠯᠡᠳᠬᠦ ᠵᠡᠷᠭᠡ ᠮᠢᠩᠭᠠᠨ ᠳ᠋ᠦᠩᠰᠢᠭᠤᠷ ᠦᠢᠯᠡᠳᠬᠦᠨ᠎ᠦ ᠥᠷᠲᠡᠭ᠎ᠦᠨ ᠠᠵᠤ ᠦᠢᠯᠡᠰ᠎ᠦᠨ ᠪᠦᠯᠦᠭᠵᠢᠯ᠎ᠢ ᠪᠣᠶ ᠪᠣᠯᠭᠠᠵᠤ᠂ ᠨᠡᠭᠦᠷᠡᠰᠦᠨ᠎ᠦ ᠪᠤᠰᠤ ᠠᠵᠤ ᠦᠢᠯᠡᠰ᠎ᠦᠨ ᠦᠢᠯᠡᠳᠬᠦᠨ᠎ᠦ ᠥᠷᠲᠡᠭ᠎ᠢ ᠨᠡᠭᠦᠷᠡᠰᠦᠨ᠎ᠦ ᠠᠵᠤ ᠦᠢᠯᠡᠰ᠎ᠡᠴᠡ ᠳᠠᠪᠠᠭᠤᠯᠬᠤ᠎ᠶᠢ ᠠᠬᠢᠭᠤᠯᠵᠤ᠂ ᠦᠢᠯᠡᠳᠬᠦ ᠦᠢᠯᠡᠰ᠎ᠦᠨ ᠦᠢᠯᠡᠳᠬᠦᠨ᠎ᠦ ᠥᠷᠲᠡᠭ᠎ᠢ ᠳᠠᠬᠢᠨ᠎ᠢᠶᠠᠷ ᠨᠡᠮᠡᠭᠳᠡᠭᠦᠯᠬᠦ᠎ᠪᠡᠷ ᠴᠢᠷᠮᠠᠢᠨ᠎ᠠ᠃ ᠡᠨᠧᠷᠭᠢ᠎ᠶᠢᠨ ᠳᠠᠪᠠᠭᠤᠯᠢᠭ᠋ ᠲᠠᠢ ᠠᠵᠤ ᠦᠢᠯᠡᠰ᠎ᠢ ᠪᠡᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ ᠵᠢ ᠢᠯᠴᠢ᠎ᠶᠢᠨ ᠴᠠᠬᠢᠯᠭᠠᠨ᠎ᠤ ᠮᠠᠰᠢᠨ ᠴᠣᠭᠴᠠᠯᠠᠪᠤᠷᠢ᠎ᠡᠴᠡ ᠳᠠᠪᠠᠭᠤᠯᠬᠤ᠎ᠶᠢ ᠠᠬᠢᠭᠤᠯᠵᠤ᠂ ᠲᠤᠯᠭᠠᠭᠤᠷᠢᠯᠠᠯ ᠨᠢ ᠬᠦᠴᠦᠲᠡᠢ᠂ ᠮᠡᠷᠭᠡᠵᠢᠯ᠎ᠢᠶᠡᠷ ᠲᠦᠷᠦᠭᠦᠯᠡᠭᠰᠡᠨ ᠣᠲᠣ᠌ ᠦᠶ᠎ᠡ᠎ᠶᠢᠨ ᠡᠨᠧᠷᠭᠢ᠎ᠶᠢᠨ ᠬᠦᠴᠦᠷᠬᠡᠭ ᠬᠣᠲᠠ᠎ᠶᠢ ᠪᠦᠲᠦᠭᠡᠨ ᠪᠠᠢᠭᠤᠯᠤᠨ᠎ᠠ᠃ ᠣᠳᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠂ ᠢᠮᠠᠭᠠᠨ ᠨᠣᠤᠯᠤᠭᠤᠷ᠎ᠤᠨ ᠣᠨᠴᠠᠯᠢᠭ᠍ᠲᠤ ᠠᠵᠤ ᠦᠢᠯᠡᠰ᠎ᠢ ᠨᠠᠷᠢᠯᠢᠭ᠍ᠵᠢᠭᠤᠯᠤᠨ ᠬᠦᠴᠦᠷᠬᠡᠭᠵᠢᠭᠦᠯᠵᠦ᠂ ᠣᠳᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠲᠣᠭᠣᠷᠢᠭ᠋ ᠪᠠ ᠨᠡᠭᠦᠷᠡᠰᠦ᠎ᠪᠡᠷ ᠲᠣᠰᠣ᠌ ᠬᠡᠢ ᠦᠢᠯᠡᠳᠬᠦ ᠪᠠᠢᠯᠳᠤᠬᠤ ᠪᠣᠳᠣᠯᠭ᠎ᠠ᠎ᠶᠢᠨ ᠰᠠᠭᠤᠷᠢᠨ ᠢ᠋ ᠴᠢᠨᠠᠷ ᠰᠠᠢᠲᠠᠢ ᠪᠦᠲᠦᠭᠡᠨ ᠪᠠᠢᠭᠤᠯᠤᠨ᠎ᠠ᠃ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠠᠵᠤ ᠦᠢᠯᠡᠰ᠎ᠦᠨ ᠳᠠᠬᠢᠨ᠎ᠢᠶᠠᠷ ᠨᠡᠮᠡᠭᠳᠡᠬᠦ᠎ᠶᠢ ᠠᠬᠢᠭᠤᠯᠵᠤ᠂ ᠰᠢᠨ᠎ᠡ᠎ᠪᠡᠷ ᠮᠠᠨᠳᠤᠭᠰᠠᠨ ᠲᠤᠯᠭᠠᠭᠤᠷᠢ ᠠᠵᠤ ᠦᠢᠯᠡᠰ᠎ᠢ ᠪᠤᠢ ᠪᠣᠯᠭᠠᠨ᠎ᠠ᠃ ᠢᠷᠡᠭᠡᠳᠦᠢ᠎ᠶᠢᠨ ᠠᠵᠤ ᠦᠢᠯᠡᠰ᠎ᠢ ᠤᠷᠢᠳᠴᠢᠯᠠᠨ ᠪᠠᠢᠷᠢᠯᠠᠭᠤᠯᠵᠤ᠂ ᠵᠢᠯᠣᠭᠣᠴᠢ ᠦᠭᠡᠢ᠂ ᠨᠡᠢᠯᠡᠮᠡᠯ ᠠᠮᠢᠳᠤ ᠪᠣᠳᠠᠰ᠂ ᠵᠣᠬᠢᠶᠠᠮᠠᠯ ᠣᠶᠤᠨ ᠴᠢᠳᠠᠪᠤᠷᠢ᠂ ᠪᠣᠬᠢᠷᠲᠤᠯ ᠦᠭᠡᠢ ᠪᠤᠳᠤᠯᠲᠠ ᠵᠢᠨ ᠬᠦᠴᠦᠨ᠂ ᠤᠰᠤᠲᠥ᠋ᠷᠥᠭᠴᠢ ᠡᠨᠧᠷᠭᠢ ᠵᠡᠷᠭᠡ ᠠᠵᠤ ᠦᠢᠯᠡᠰ᠎ᠦᠨ ᠬᠥᠭᠵᠢᠯᠲᠡ᠎ᠶᠢᠨ ᠰᠢᠨ᠎ᠡ ᠤᠷᠤᠯᠳᠤᠭᠠᠨ᠎ᠤ ᠵᠠᠮ᠎ᠢ ᠨᠡᠭᠡᠭᠡᠨ᠎ᠡ᠃
ᠭᠤᠷᠪᠠ᠎ᠳᠤ ᠬᠥᠳᠡᠯᠭᠡᠬᠦ ᠡᠨᠧᠷᠭᠢᠤᠷᠭᠢᠯᠤᠭᠰᠠᠨ ᠠᠮᠢᠵᠢᠷᠠᠯ᠎ᠤᠨ ᠬᠦᠴᠦᠨ᠎ᠲᠠᠢ ᠳᠤᠯᠠᠭᠠᠨ ᠬᠣᠲᠠ᠎ᠶᠢ ᠪᠦᠲᠦᠭᠡᠨ ᠪᠠᠢᠭᠤᠯᠤᠨ᠎ᠠ᠃ ᠪᠦᠬᠦᠳᠠ ᠬᠤᠷᠠᠯ᠎ᠤᠨ 《ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ》᠂ 《ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠶ᠋ᠢᠭᠤᠯᠬᠤ》 ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠥᠭᠡᠷᠡᠴᠢᠯᠡᠯᠲᠡ᠎ᠪᠡᠷ ᠬᠠᠷᠰᠢ ᠰᠠᠭᠠᠳ᠎ᠢ ᠠᠷᠢᠯᠭᠠᠵᠤ᠂ ᠰᠢᠨ᠎ᠡ᠎ᠶᠢ ᠡᠭᠦᠳᠬᠦ᠎ᠪᠡᠷ ᠬᠥᠳᠡᠯᠭᠡᠬᠦ ᠡᠨᠧᠷᠭᠢ᠎ᠶᠢ ᠨᠡᠮᠡᠭᠳᠡᠭᠦᠯᠵᠦ᠂ ᠨᠡᠭᠡᠭᠡᠯᠲᠡ᠎ᠪᠡᠷ ᠣᠷᠣᠨ ᠵᠠᠢ᠎ᠶᠢ ᠥᠷᠭᠡᠳᠬᠡᠨ᠎ᠡ᠃ ᠪᠥᠬᠥ ᠨᠡᠢᠭᠡᠮ᠎ᠦᠨ ᠰᠤᠳᠤᠯᠤᠨ ᠨᠡᠭᠡᠭᠡᠬᠦ ᠣᠷᠣᠭᠤᠯᠤᠯᠲᠠ᠎ᠶᠢ ᠬᠦᠴᠦᠯᠡᠨ ᠳᠡᠭᠡᠭᠰᠢᠯᠡᠭᠦᠯᠵᠦ᠂ ᠡᠳ᠋᠎ᠦᠨ ᠵᠠᠰᠠᠭ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ᠎ᠶᠢᠨ 《ᠦᠷᠡᠵᠢᠭᠦᠯᠬᠦ ᠲᠣᠭᠠᠨ᠎ᠤ ᠦᠢᠯᠡᠳᠦᠯ》 ᠢ᠋ ᠶᠡᠬᠡᠰᠬᠡᠵᠦ᠂ R&D ᠵᠠᠷᠤᠳᠠᠯ᠎ᠤᠨ ᠣᠷᠣᠭᠤᠯᠤᠯᠲᠠ᠎ᠶᠢᠨ ᠡᠷᠴᠢᠮ ᠵᠢᠯ ᠳᠠᠷᠠᠭᠠᠯᠠᠨ ᠨᠡᠮᠡᠭᠳᠡᠬᠦ᠎ᠶᠢ ᠦᠨᠡᠨ ᠬᠦ᠌ ᠪᠠᠲᠤᠯᠠᠵᠤ᠂ ᠪᠥᠬᠥ ᠤᠯᠤᠰ᠎ᠤᠨ ᠬᠣᠲᠠ᠎ᠶᠢᠨ ᠰᠢᠨ᠎ᠡ᠎ᠶᠢ ᠡᠭᠦᠳᠬᠦ ᠴᠢᠳᠠᠪᠤᠷᠢ᠎ᠶᠢᠨ ᠵᠠᠭᠤᠨ ᠬᠦᠴᠦᠷᠬᠡᠭ᠎ᠦᠨ ᠨᠡᠷᠡᠰ᠎ᠦᠨ ᠵᠢᠭ᠍ᠰᠠᠭᠠᠯᠲᠠ᠎ᠳᠤ ᠲᠠᠰ ᠳᠡᠪᠰᠢᠨ᠎ᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠬᠢᠭᠡᠳ ᠠᠵᠤ ᠦᠢᠯᠡᠰ᠎ᠦᠨ ᠰᠢᠨ᠎ᠡ ᠡᠭᠦᠳᠦᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠠᠬᠤᠢ ᠪᠠᠢᠳᠠᠯ᠎ᠢ ᠶᠡᠬᠡ ᠬᠡᠪᠴᠢᠶ᠎ᠡ᠎ᠪᠡᠷ ᠬᠡᠷᠡᠭᠯᠡᠵᠦ ᠵᠢᠱ᠌ᠢᠶ᠎ᠡ ᠦᠵᠡᠭᠦᠯᠬᠦ ᠠᠵᠢᠯᠯᠠᠭ᠎ᠠ᠎ᠶᠢ ᠥᠷᠨᠢᠭᠦᠯᠦᠨ᠎ᠡ᠃ ᠪᠡᠭᠡᠵᠢᠩ᠂ ᠰᠢᠶᠦ᠋ᠩ ᠠᠨ ᠬᠣᠶᠠᠷ 《ᠣᠭᠣᠷᠴᠣᠭ ᠬᠠᠷᠢᠶ᠎ᠠ ᠭᠠᠵᠠᠷ》 ᠤ᠋ᠨ ᠬᠢᠨ᠎ᠤ ᠪᠡᠭᠡᠵᠢᠩ ᠲᠢᠶᠠᠨᠵᠢᠨ ᠾᠧᠪᠧᠢ᠎ᠳᠦ ᠬᠠᠨᠳᠤᠭᠤᠯᠤᠭᠰᠠᠨ᠂ ᠱᠠᠩᠬᠠᠢ᠎ᠶᠢᠨ 《ᠣᠭᠣᠷᠴᠣᠭ ᠬᠠᠷᠢᠶ᠎ᠠ ᠭᠠᠵᠠᠷ》 ᠤ᠋ᠨ ᠬᠢᠨ ᠬᠥᠬᠡᠮᠥ᠋ᠷᠡᠨ᠎ᠦ ᠭᠤᠷᠪᠠᠯᠵᠢᠨ ᠬᠣᠢᠭ᠋᠎ᠲᠤ ᠬᠠᠨᠳᠤᠭᠤᠯᠤᠭᠰᠠᠨ᠂ ᠱᠧᠨᠵᠧᠨ᠎ᠦ 《ᠣᠭᠣᠷᠴᠣᠭ ᠬᠠᠷᠢᠶ᠎ᠠ ᠭᠠᠵᠠᠷ》 ᠤ᠋ᠨ ᠬᠢᠨ᠎ᠦ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ᠎ᠳᠤ ᠬᠠᠨᠳᠤᠭᠤᠯᠤᠭᠰᠠᠨ ᠴᠢᠳᠠᠪᠤᠷᠢᠲᠠᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠠᠮᠲᠤᠷᠠᠯᠴᠠᠭᠠᠨ᠎ᠤ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠣᠷᠣᠭᠤᠯᠤᠯᠲᠠ᠎ᠪᠠᠷ ᠤᠷᠤᠭᠤᠯᠤᠨ ᠠᠪᠴᠢᠷᠠᠬᠤ ᠵᠢ ᠳᠠᠭᠠᠭᠤᠯᠬᠤ ᠵᠠᠭᠪᠤᠷ᠎ᠢ ᠬᠠᠢᠨ ᠰᠦᠪᠡᠭᠴᠢᠯᠡᠵᠦ᠂ ᠬᠥᠭᠵᠢᠭᠰᠡᠨ ᠭᠠᠵᠠᠷ ᠣᠷᠣᠨ᠎ᠤ ᠴᠢᠨᠠᠷ ᠰᠠᠢᠲᠠᠢ ᠤᠤᠭᠠᠯ ᠡᠭᠦᠳᠦᠯᠲᠡ᠎ᠶᠢᠨ ᠠᠵᠤ ᠠᠬᠤᠢᠯᠠᠯ᠎ᠢ ᠣᠷᠣᠭᠤᠯᠤᠨ ᠠᠪᠴᠢᠷᠠᠬᠤ ᠡᠷᠴᠢᠮ᠎ᠢ ᠴᠢᠩᠭᠠᠷᠠᠭᠤᠯᠤᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠥᠷᠥ᠎ᠶᠢᠨ ᠪᠣᠳᠣᠯᠭ᠎ᠠ᠎ᠶᠢ ᠲᠡᠰ ᠲᠡᠪᠰᠢᠭᠦᠯᠬᠦ᠂ ᠪᠠᠷᠢᠮᠵᠢᠶ᠎ᠠ᠎ᠶᠢ ᠲᠡᠰ ᠲᠡᠪᠰᠢᠭᠦᠯᠬᠦ᠂ ᠠᠷᠭ᠎ᠠ ᠬᠡᠮᠵᠢᠶ᠎ᠡ᠎ᠶᠢ ᠲᠡᠰ ᠲᠡᠪᠰᠢᠭᠦᠯᠬᠦ᠂ ᠦᠢᠯᠡᠴᠢᠯᠡᠭᠡ᠎ᠶᠢ ᠲᠡᠰ ᠲᠡᠪᠰᠢᠭᠦᠯᠬᠦ᠎ᠶᠢ ᠠᠬᠢᠭᠤᠯᠵᠤ᠂ 《ᠳᠤᠯᠠᠭᠠᠨ ᠬᠣᠲᠠ᠎ᠶᠢᠨ ᠲᠦᠷᠦ ᠵᠢᠨ ᠪᠤᠳᠤᠯᠭ᠎ᠠ ᠨᠢ ᠬᠠᠮᠤᠭ ᠡᠴᠡ ᠪᠦᠲᠦᠮᠵᠢᠲᠡᠢ᠂ ᠶᠠᠪᠤᠳᠠᠯ ᠭᠦᠢᠴᠡᠳᠭᠡᠬᠦ᠎ᠳᠤ ᠬᠠᠮᠤᠭ ᠡᠴᠡ ᠲᠦᠭᠦᠮ᠂ ᠪᠡᠯᠡ ᠤᠷᠤᠭᠤᠯᠬᠤ᠎ᠳᠤ ᠬᠠᠮᠤᠭ ᠡᠴᠡ ᠰᠠᠨᠠᠭ᠎ᠠ ᠠᠮᠤᠷ᠂ ᠦᠢᠯᠡᠴᠢᠯᠡᠭᠡ ᠨᠢ ᠬᠠᠮᠤᠭ ᠡᠴᠡ ᠲᠤᠯᠠᠭᠠᠬᠠᠨ᠂ ᠠᠮᠢᠳᠤᠷᠠᠯ ᠨᠢ ᠬᠠᠮᠤᠭ ᠡᠴᠡ ᠲᠠᠭᠠᠯᠠᠮᠵᠢᠲᠠᠢ》 ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠲᠦᠷᠦᠯ ᠲᠡᠮᠲᠡᠭ᠎ᠢ ᠭᠢᠯᠠᠯᠵᠠᠭᠤᠯᠤᠨ᠎ᠠ᠃
ᠳᠥᠷᠪᠡ᠎ᠳᠦ ᠡᠶ᠎ᠡ ᠵᠣᠬᠢᠴᠠᠩᠭᠤᠢ ᠬᠠᠮᠲᠤ ᠣᠷᠣᠰᠢᠬᠤ ᠦᠵᠡᠰᠬᠦᠯᠡᠩᠲᠦ ᠰᠠᠢᠬᠠᠨ ᠳᠤᠯᠠᠭᠠᠨ ᠬᠣᠲᠠ᠎ᠶᠢ ᠪᠦᠲᠦᠭᠡᠨ ᠪᠠᠢᠭᠤᠯᠤᠨ᠎ᠠ᠃ ᠪᠥᠬᠥᠳᠡ ᠬᠤᠷᠠᠯ᠎ᠤᠨ 《ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ》 ᠲᠤᠬᠠᠢ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩᠲᠦ ᠰᠠᠢᠬᠠᠨ ᠬᠣᠲᠠ᠎ᠶᠢᠨ ᠤᠷᠢᠳ᠎ᠢᠶᠡᠷ ᠬᠡᠷᠡᠭᠵᠢᠭᠦᠯᠬᠦ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠪᠥᠬᠥ ᠤᠯᠤᠰ᠎ᠤᠨ ᠬᠣᠲᠠ᠎ᠶᠢᠨ ᠬᠡᠪᠴᠢᠶᠡᠨ᠎ᠦ ᠥᠯᠢᠭᠡᠷ ᠵᠢᠱ᠌ᠢᠶ᠎ᠡ᠎ᠶᠢ ᠪᠣᠶ ᠪᠣᠯᠭᠠᠨ᠎ᠠ᠃ ᠲᠤᠭᠲᠠᠭᠰᠠᠨ ᠬᠤᠭᠤᠴᠠᠭᠠᠨ᠎ᠳᠠᠭᠠᠨ ᠬᠠᠲᠤᠨ ᠭᠣᠣᠯ᠎ᠤᠨ 《ᠶᠡᠬᠡ ᠲᠤᠬᠤᠢ ᠤᠷᠤᠨ》 ᠤ᠋ ᠪᠤᠭᠤᠮᠳᠠ ᠰᠢᠪᠲᠤᠯᠬᠤ ᠳᠠᠢᠯᠠᠯᠳᠤᠭᠠᠨ᠎ᠤ ᠢᠯᠠᠯᠲᠠ ᠵᠢ ᠣᠯᠵᠤ᠂ 《ᠤᠮᠠᠷᠠᠲᠦ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠲᠥᠯᠦᠪᠵᠢᠭᠦᠯᠭᠡ᠎ᠶᠢᠨ ᠡᠭᠦᠷᠭᠡ᠎ᠶᠢ ᠪᠡᠶᠡᠯᠡᠭᠦᠯᠵᠦ᠂ ᠬᠥᠪᠴᠢ᠎ᠶᠢᠨ ᠡᠯᠡᠰᠦ᠎ᠶᠢ ᠪᠥᠬᠥ ᠲᠠᠯ᠎ᠠ᠎ᠪᠠᠷ ᠵᠠᠰᠠᠵᠤ᠂ ᠮᠤᠤᠠᠤᠰᠤ ᠵᠢᠨ ᠡᠯᠡᠰᠦᠷᠬᠡᠭ ᠭᠠᠵᠠᠷ᠎ᠢ ᠰᠦᠨᠦᠭᠡᠵᠤ᠂ ᠪᠥᠬᠥ ᠳᠡᠯᠡᠬᠡᠢ᠎ᠳᠦ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠭᠰᠠᠨ ᠣᠷᠳᠣᠰ᠎ᠤᠨ ᠲᠤᠷᠰᠢᠯᠭ᠎ᠠ᠎ᠶᠢ ᠨᠠᠩ ᠰᠠᠢᠲᠤᠷ ᠳᠡᠯᠭᠡᠨ ᠬᠠᠷᠠᠭᠤᠯᠤᠨ᠎ᠠ᠃ ᠬᠠᠲᠤᠨ ᠭᠣᠣᠯ᠎ᠤᠨ ᠰᠠᠪᠠ ᠭᠠᠵᠠᠷ᠎ᠢ ᠬᠠᠮᠠᠭᠠᠯᠠᠬᠤᠲᠡᠶ᠋ᠢᠨᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ᠂ 《ᠠᠷᠪᠠᠨ ᠶᠡᠬᠡ ᠬᠦᠨᠳᠡᠢ》 ᠵᠢ ᠶᠡᠷᠦᠩᠬᠡᠢᠯᠡᠨ ᠵᠠᠰᠠᠬᠤ᠎ᠶᠢ ᠦᠨᠳᠦᠰᠦᠨ᠎ᠳᠡᠭᠡᠨ ᠪᠡᠶᠡᠯᠡᠭᠦᠯᠵᠦ᠂ ᠤᠰᠤᠨ᠎ᠤ ᠡᠬᠢ ᠪᠠᠶᠠᠯᠢᠭ᠋᠎ᠢ ᠡᠷᠴᠢᠮᠵᠢᠭᠦᠯᠦᠨ ᠠᠮᠤᠷ ᠲᠦᠪᠰᠢᠨᠠᠰᠢᠭ᠍ᠯᠠᠬᠤ ᠲᠦᠪᠰᠢᠨ᠎ᠢ ᠳᠡᠭᠡᠭᠰᠢᠯᠡᠭᠦᠯᠵᠤ᠂ ᠬᠠᠲᠤᠨ ᠭᠣᠣᠯ᠎ᠤᠨ ᠠᠮᠤᠷ ᠲᠠᠢᠪᠤᠩ᠎ᠢ ᠰᠠᠬᠢᠨ ᠬᠠᠮᠠᠭᠠᠯᠠᠨ᠎ᠠ᠃ ᠪᠣᠬᠢᠷᠲᠤᠯ᠎ᠢ ᠰᠡᠷᠭᠡᠢᠯᠡᠨ ᠵᠠᠰᠠᠬᠤ ᠪᠤᠭᠤᠮᠳᠠ ᠰᠢᠪᠲᠤᠯᠬᠤ ᠲᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠦ᠂ 《ᠬᠠᠶᠠᠭᠳᠠᠮᠠᠯ ᠪᠣᠳᠠᠰ ᠦᠭᠡᠢ ᠬᠤᠳᠠ》 ᠶ᠋ᠢᠨ ᠪᠦᠲᠦᠭᠡᠨ ᠪᠠᠢᠭᠤᠯᠤᠯᠲᠠ᠎ᠶᠢ ᠭᠦᠨᠵᠡᠭᠡᠢᠷᠡᠭᠦᠯᠦᠨ᠎ᠡ᠃ ᠤᠯᠤᠰ᠎ᠤᠨ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ᠎ᠳᠤ ᠬᠦᠷᠬᠦ ᠲᠤᠷᠰᠢᠯᠲᠠ᠎ᠶᠢᠨ ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠤᠯᠤᠰ᠎ᠤᠨ ᠲᠠᠰ᠎ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠋᠎ᠢ ᠡᠭᠦᠳᠦᠨ ᠪᠠᠢᠭᠤᠯᠵᠤ᠂ 《ᠨᠡᠭᠦᠷᠡᠰᠦᠲᠥ᠋ᠷᠥᠭᠴᠢ᠎ᠶᠢᠨ ᠬᠥᠮᠥᠷᠭᠡ》 ᠶ᠋ᠢ 《ᠵᠣᠭᠣᠰ᠎ᠤᠨ ᠬᠥᠮᠥᠷᠭᠡ》 ᠪᠤᠯᠭᠠᠬᠤ᠎ᠶᠢ ᠠᠬᠢᠭᠤᠯᠤᠨ᠎ᠠ᠃
ᠲᠠᠪᠤ᠎ᠳᠤ ᠪᠣᠯᠪᠠᠰᠤᠨ ᠪᠥᠭᠡᠳ ᠭᠤᠶᠤ ᠰᠠᠢᠬᠠᠨ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠳᠤᠯᠠᠭᠠᠨ ᠬᠤᠳᠠ᠎ᠶᠢ ᠪᠦᠲᠦᠭᠡᠨ ᠪᠠᠢᠭᠤᠯᠤᠨ᠎ᠠ᠃ ᠪᠥᠬᠥᠳᠡ ᠬᠤᠷᠠᠯ᠎ᠤᠨ 《ᠬᠤᠳᠠ ᠬᠥᠳᠡᠭᠡ᠎ᠶᠢᠨ ᠠᠭᠤᠰᠤᠯᠴᠠᠨ ᠬᠥᠭᠵᠢᠬᠦ᠎ᠶᠢ ᠠᠬᠢᠭᠤᠯᠬᠤ》᠂ 《ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ》 ᠲᠤᠬᠠᠢ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢᠨ ᠲᠣᠭᠣᠷᠢᠨ᠎ᠳᠤ᠂ ᠰᠢᠨ᠎ᠡ᠎ᠶᠢ ᠡᠭᠦᠳᠬᠦ᠂ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ᠂ ᠦᠵᠡᠰᠬᠦᠯᠡᠩᠲᠦ ᠰᠠᠢᠬᠠᠨ᠂ ᠤᠶᠠᠨ ᠬᠠᠳᠠᠨ ᠴᠢᠨᠠᠷᠲᠠᠢ᠂ ᠪᠣᠯᠪᠠᠰᠤᠨ᠂ ᠤᠶᠤᠨᠲᠦ ᠣᠳᠣᠬᠢᠴᠢᠯᠠᠭᠰᠠᠨ ᠠᠷᠠᠳ᠎ᠤᠨ ᠬᠤᠳᠠ᠎ᠶᠢ ᠪᠦᠲᠦᠭᠡᠨ ᠪᠠᠢᠭᠤᠯᠤᠨ᠎ᠠ᠃ ᠨᠢᠭᠡᠳᠦᠭᠡᠷ ᠠᠵᠤ ᠦᠢᠯᠡᠰ᠎ᠢ ᠳᠠᠬᠢᠨ ᠴᠣᠭᠴᠠᠯᠠᠬᠤ᠎ᠶᠢ ᠭᠦᠨᠵᠡᠭᠡᠢᠷᠡᠭᠦᠯᠵᠦ᠂ ᠮᠠᠯ ᠠᠵᠤ ᠠᠬᠤᠢ ᠲᠠᠷᠢᠶᠠᠯᠠᠩ᠎ᠢ ᠣᠳᠣᠬᠢᠴᠢᠯᠠᠭᠰᠠᠨ ᠲᠣᠮᠣ᠌ ᠠᠵᠤ ᠦᠢᠯᠡᠰ ᠪᠣᠯᠭᠠᠨ ᠪᠦᠲᠦᠭᠡᠨ ᠪᠠᠢᠭᠤᠯᠤᠨ᠎ᠠ᠃ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠪᠥᠬᠥ ᠰᠢᠶᠠᠨ᠎ᠢᠶᠠᠷ᠎ᠢᠶᠠᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠦᠬᠦᠭᠡᠷᠦᠮᠵᠢ᠎ᠶᠢᠨ ᠪᠦᠷᠢᠨ ᠲᠡᠭᠦᠯᠳᠡᠷ᠎ᠤᠨ ᠬᠡᠮᠵᠢᠶ᠎ᠡ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠥᠬᠥᠮ ᠲᠦᠳᠡ ᠵᠢᠨ ᠬᠡᠮᠵᠢᠶ᠎ᠡ᠂ ᠬᠥᠮᠥᠰ᠎ᠦᠨ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠤ ᠲᠠᠭᠠᠯᠠᠮᠵᠢᠲᠠᠢ ᠬᠡᠮᠵᠢᠶ᠎ᠡ᠎ᠶᠢ ᠠᠯᠬᠤᠮ ᠠᠯᠬᠤᠮ᠎ᠢᠶᠠᠷ ᠳᠡᠭᠡᠭᠰᠢᠯᠡᠭᠦᠯᠦᠨ᠎ᠡ᠃ ᠬᠥᠮᠥᠨ᠎ᠢᠶᠡᠷ ᠦᠨᠳᠦᠰᠦ ᠪᠣᠯᠭᠠᠭᠰᠠᠨ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ᠎ᠶᠢ ᠯᠠᠪᠳᠠᠭᠤᠨᠠᠬᠢᠭᠤᠯᠵᠤ᠂ ᠬᠣᠲᠠ᠎ᠶᠢ ᠰᠢᠨᠡᠳᠬᠡᠬᠦ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠤ᠂ ᠬᠣᠲᠠ᠎ᠶᠢᠨ ᠠᠭᠤᠯᠤᠭᠳᠠᠬᠤᠨ᠎ᠤ ᠮᠠᠶᠢᠭ᠋᠎ᠤᠨ ᠬᠥᠭᠵᠢᠯᠲᠡ᠎ᠶᠢ ᠠᠬᠢᠭᠤᠯᠤᠨ᠎ᠠ᠃ ᠰᠣᠶᠣᠯ᠎ᠤᠨ ᠦᠢᠯᠡᠰ ᠪᠠ ᠰᠣᠶᠣᠯ᠎ᠤᠨ ᠠᠵᠤ ᠦᠢᠯᠡᠰ᠎ᠢ ᠶᠡᠬᠡ ᠪᠡᠷ ᠬᠥᠭᠵᠢᠭᠦᠯᠵᠦ᠂ ᠪᠦᠬᠦ ᠤᠯᠤᠰ᠎ᠤᠨ ᠪᠣᠯᠪᠠᠰᠤᠨ ᠬᠤᠳᠠ᠎ᠪᠡᠷ ᠦᠷᠬᠦᠯᠵᠢᠯᠡᠨ ᠦᠨᠡᠯᠡᠭᠳᠡᠬᠦ ᠵᠢ ᠦᠨᠡᠨ ᠬᠦ᠌ ᠪᠠᠲᠤᠯᠠᠨ᠎ᠠ᠃
ᠵᠢᠷᠭᠤᠭ᠎ᠠ᠎ᠳᠤ ᠬᠠᠮᠲᠤ᠎ᠪᠠᠷ ᠪᠠᠶᠠᠵᠢᠵᠤ ᠬᠠᠮᠲᠤ᠎ᠪᠠᠷ ᠡᠳ᠋ᠯᠡᠬᠦ ᠵᠣᠯ ᠵᠢᠷᠭᠠᠯᠲᠤ ᠳᠤᠯᠠᠭᠠᠨ ᠬᠣᠲᠠ᠎ᠶᠢ ᠪᠦᠲᠦᠭᠡᠨ ᠪᠠᠢᠭᠤᠯᠤᠨ᠎ᠠ᠃ ᠪᠥᠬᠥᠳᠡ ᠬᠤᠷᠠᠯ᠎ᠤᠨ 《ᠬᠠᠮᠲᠤ᠎ᠪᠠᠷ ᠪᠠᠶᠠᠵᠢᠬᠤ᠎ᠶᠢ ᠯᠠᠪᠳᠠᠭᠤᠨᠠᠬᠢᠭᠤᠯᠬᠤ》 ᠲᠤᠬᠠᠢ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ ᠶᠣᠰᠣᠭᠠᠷ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠪᠡᠷ ᠬᠦᠴᠦᠯᠡᠵᠤ᠂ ᠬᠠᠮᠲᠤ᠎ᠪᠠᠷ ᠪᠠᠶᠠᠵᠢᠬᠤ᠎ᠶᠢ ᠠᠬᠢᠭᠤᠯᠬᠤ ᠲᠠᠯ᠎ᠠ᠎ᠪᠠᠷ ᠰᠢᠨ᠎ᠡ ᠠᠯᠬᠤᠮ᠎ᠢ ᠠᠯᠬᠤᠨ᠎ᠠ᠃ ᠤᠯᠠᠨ ᠲᠦᠮᠡᠨ᠎ᠦ ᠣᠷᠣᠯᠭ᠎ᠠ᠎ᠶᠢᠨ ᠨᠡᠮᠡᠭᠳᠡᠯ᠎ᠢ ᠠᠬᠢᠭᠤᠯᠬᠤ᠎ᠶᠢ ᠨᠡᠩ ᠴᠢᠬᠤᠯᠠᠴᠢᠯᠠᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ 《ᠭᠤᠷᠪᠡᠨ ᠨᠢᠭᠡᠳᠦᠯᠲᠡᠢ ᠬᠠᠮᠲᠤ᠎ᠪᠠᠷ ᠪᠠᠶᠠᠵᠢᠬᠤ》 ᠵᠠᠭᠪᠤᠷ᠎ᠢ ᠳᠡᠯᠭᠡᠷᠡᠭᠦᠯᠵᠦ᠂ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢᠨ ᠵᠥᠷᠢᠶ᠎ᠡ᠎ᠶᠢ ᠠᠯᠬᠤᠮ ᠠᠯᠬᠤᠮ᠎ᠢᠶᠠᠷ ᠪᠠᠭᠠᠰᠬᠠᠬᠤ᠎ᠶᠢ ᠠᠬᠢᠭᠤᠯᠵᠤ᠂ ᠬᠠᠷᠢᠴᠠᠩᠭᠤᠢ ᠵᠦᠢ ᠵᠣᠬᠢᠰᠲᠠᠢ ᠬᠡᠪᠴᠢᠶᠡᠨ᠎ᠳᠦ ᠡᠵᠡᠮᠳᠡᠨ᠎ᠡ᠃ ᠬᠦᠮᠦᠨ᠎ᠳᠦ ᠪᠡᠯᠡ ᠣᠷᠣᠭᠤᠯᠬᠤ ᠵᠢ ᠨᠡᠩ ᠴᠢᠬᠤᠯᠠᠴᠢᠯᠠᠵᠤ᠂ 《ᠲᠦᠷᠪᠡᠨ ᠪᠠᠲᠤᠯᠠᠭ᠎ᠠ》᠂ 《ᠳᠥᠷᠪᠡᠨ ᠣᠢᠷ᠎ᠠ ᠬᠠᠪᠢ᠎ᠳᠦ》᠂ 《ᠳᠥᠷᠪᠡ᠎ᠶᠢ ᠳᠡᠭᠡᠭᠰᠢᠯᠡᠭᠦᠯᠬᠦ》 ᠶ᠋ᠢ ᠦᠷᠭᠦᠯᠵᠢᠯᠡᠨ ᠠᠬᠢᠭᠤᠯᠤᠨ᠎ᠠ᠃ ᠣᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡ᠎ᠶᠢ ᠠᠳᠠᠯᠢ ᠲᠡᠭᠰᠢ ᠪᠣᠯᠭᠠᠬᠤ᠎ᠶᠢ ᠠᠬᠢᠭᠤᠯᠬᠤ᠎ᠶᠢ ᠨᠠᠩ ᠴᠢᠬᠤᠯᠠᠴᠢᠯᠠᠵᠤ᠂ ᠨᠠᠩ ᠣᠯᠠᠨ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠦᠨᠳᠦᠰᠦᠨ ᠱᠠᠲᠤ ᠳᠠᠢᠰᠢ ᠪᠠᠭᠤᠯᠭᠠᠬᠤ᠂ ᠮᠠᠯᠵᠢᠬᠤ ᠲᠠᠷᠢᠶᠠᠯᠠᠬᠤ ᠣᠷᠣᠨ᠎ᠢ ᠬᠠᠮᠤᠷᠬᠤ᠂ ᠠᠮᠢᠳᠤᠷᠠᠯ ᠨᠢ ᠬᠦᠴᠢᠷᠳᠡᠯᠲᠡᠢ ᠣᠯᠠᠨ ᠲᠦᠮᠡᠨ ᠳᠠᠢᠰᠢ ᠬᠡᠯᠪᠡᠢᠯᠭᠡᠬᠦ᠎ᠶᠢ ᠠᠬᠢᠭᠤᠯᠤᠨ᠎ᠠ᠃ ᠨᠠᠩ ᠥᠨᠳᠥᠷ ᠲᠦᠪᠰᠢᠨ ᠪᠦᠬᠦᠢ ᠠᠮᠤᠭᠤᠯᠠᠩᠲᠦ ᠣᠷᠳᠣᠰ᠂ ᠬᠠᠤᠯᠢ᠎ᠪᠠᠷ ᠵᠠᠰᠠᠬᠤ ᠣᠷᠳᠣᠰ᠎ᠢ ᠪᠦᠲᠦᠭᠡᠨ ᠪᠠᠢᠭᠤᠯᠵᠤ᠂ ᠬᠣᠲᠠ᠎ᠶᠢᠨ ᠬᠡᠪᠴᠢᠶᠡᠨ᠎ᠳᠡᠬᠢ ᠨᠡᠢᠭᠡᠮ᠎ᠦᠨ ᠵᠠᠰᠠᠯᠲᠠ᠎ᠶᠢᠨ ᠥᠯᠢᠭᠡᠷ ᠵᠢᠱ᠌ᠢᠶ᠎ᠡ᠎ᠶᠢ ᠴᠤᠭᠴᠠᠯᠠᠨ᠎ᠠ ᠭᠡᠵᠦ ᠬᠡᠯᠡᠪᠡ᠃