ᠬᠤᠪᠢᠯᠭᠠᠨ ᠣᠩᠭᠣᠴᠠ ᠬᠣᠷᠢᠨ ᠨᠢᠭᠡᠳᠦᠭᠡᠷ᠎ᠦᠨ ᠰᠠᠨᠰᠠᠷᠴᠢᠨ᠎ᠤ ᠳᠤᠭᠤᠢᠯᠠᠩ ᠠᠩᠬ᠎ᠠ ᠤᠳᠠᠭ᠎ᠠ ᠥᠷᠥᠭᠡᠨ᠎ᠡᠴᠡ ᠭᠠᠷᠬᠤ ᠠᠵᠢᠯᠯᠠᠭ᠎ᠠ ᠎ᠪᠠᠨ ᠲᠡᠭᠦᠰ ᠠᠮᠵᠢᠯᠲᠠ ᠲᠠᠢ ᠪᠡᠶᠡᠯᠡᠭᠦᠯᠵᠤ ᠥᠪᠥᠷ ᠮᠣᠩᠭᠣᠯ ᠨᠤᠲᠤᠭ᠎ᠲᠠᠢ ᠰᠠᠨᠰᠠᠷᠴᠢᠨ ᠦ᠋ ᠹᠧᠢ ᠥᠷᠥᠭᠡᠨ᠎ᠡᠴᠡ ᠭᠠᠷᠬᠤ ᠡᠭᠦᠷᠭᠡ᠎ᠶᠢ ᠪᠡᠶᠡᠯᠡᠭᠦᠯᠪᠡ
2025-12-10 10:08:30
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠬᠥᠮᠥᠨ ᠰᠠᠭᠤᠯᠭᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ᠎ᠦᠨ ᠠᠯᠪᠠᠨ ᠭᠡᠷ᠎ᠦᠨ ᠮᠡᠳᠡᠭᠡ᠎ᠶᠢ ᠦᠨᠳᠦᠰᠦᠯᠡᠪᠡᠯ᠂ ᠪᠡᠭᠡᠵᠢᠩ᠎ᠦᠨ ᠴᠠᠭ᠎ᠢᠶᠠᠷ 2025 ᠣᠨ᠎ᠤ 12 ᠰᠠᠷ᠎ᠠ᠎ᠶᠢᠨ 9 ᠎ᠤ᠋ ᠡᠳᠦᠷ᠎ᠦᠨ 18 ᠴᠠᠭ 45 ᠮᠢᠨᠦ᠋ᠲ᠎ᠲᠦ᠂ 8 ᠴᠠᠭ ᠰᠢᠬᠠᠮ᠎ᠤᠨ ᠥᠷᠥᠭᠡᠨ᠎ᠡᠴᠡ ᠭᠠᠷᠬᠤ ᠠᠵᠢᠯᠯᠠᠭ᠎ᠠ᠎ᠪᠠᠷ ᠳᠠᠮᠵᠢᠨ᠂ ᠬᠤᠪᠢᠯᠭᠠᠨ ᠣᠩᠭᠣᠴᠠ ᠬᠣᠷᠢᠨ ᠨᠢᠭᠡᠳᠦᠭᠡᠷ᠎ᠦᠨ ᠰᠠᠨᠰᠠᠷᠴᠢᠨ᠎ᠤ ᠳᠤᠭᠤᠢᠯᠠᠩ᠎ᠤᠨ ᠰᠠᠨᠰᠠᠷᠴᠢᠨ ᠵᠠᠩ ᠯᠦ᠍᠂ ᠦ᠋ ᠹᠧᠢ᠂ ᠵᠠᠩ ᠬᠣᠩ ᠵᠠᠩ ᠨᠢᠭ᠍ᠲᠠ ᠬᠠᠮᠵᠢᠯᠴᠠᠵᠤ᠂ ᠰᠠᠨᠰᠠᠷ᠎ᠤᠨ ᠦᠷᠳᠡᠭᠡ᠎ᠶᠢᠨ ᠮᠧᠡᠠᠠᠨᠢᠭ᠋ ᠭᠠᠷ ᠪᠣᠯᠣᠨ ᠭᠠᠵᠠᠷ ᠳᠡᠭᠡᠷᠡᠬᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠬᠠᠮᠵᠢᠯᠴᠠᠭ᠎ᠠ ᠳᠡᠮᠵᠢᠯᠭᠡ ᠳᠣᠣᠷ᠎ᠠ᠂ ᠥᠷᠥᠭᠡᠨ᠎ᠤ᠋ ᠭᠠᠳᠠᠨᠠᠬᠢ ᠨᠢᠭᠡᠳᠦᠭᠡᠷ ᠠᠬᠤᠢ ᠲᠠᠯᠠᠪᠠᠢ᠎ᠳ᠋ᠡᠬᠢ ᠬᠥᠮᠥᠨ᠎ᠦ ᠢᠳᠡᠪᠬᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠤᠪᠢᠯᠭᠠᠨ ᠣᠩᠭᠣᠴᠠ ᠬᠣᠷᠢᠳᠤᠭᠠᠷ ᠨᠢᠰᠬᠦ ᠣᠩᠭᠣᠴᠠ᠎ᠶᠢᠨ ᠪᠤᠴᠠᠯᠲᠠ᠎ᠵᠢᠨ ᠦᠷᠦᠭᠡ᠎ᠶᠢᠨ ᠬᠠᠵᠠᠭᠤ᠎ᠵᠢᠨ ᠴᠣᠩᠬᠣ᠌᠎ᠪᠠᠷ ᠲᠣᠭᠣᠷᠢᠨ ᠪᠠᠢᠴᠠᠭᠠᠵᠤ ᠰᠡᠭᠦᠳᠡᠷᠯᠡᠬᠦ᠂ ᠰᠠᠨᠰᠠᠷ᠎ᠤᠨ ᠦᠷᠳᠡᠭᠡ᠎ᠶᠢᠨ ᠰᠠᠨᠰᠠᠷ᠎ᠤᠨ ᠬᠡᠮᠬᠡᠳᠡᠭ᠎ᠢ ᠰᠡᠷᠭᠡᠢᠯᠡᠨ ᠬᠠᠮᠠᠭᠠᠯᠠᠬᠤ ᠲᠥᠬᠦᠭᠡᠷᠦᠮᠵᠢ ᠤᠭᠰᠠᠷᠠᠬᠤ᠂ ᠳᠤᠯᠠᠭᠠᠨ᠎ᠢ ᠡᠵᠡᠮᠳᠡᠬᠦ ᠲᠣᠬᠢᠷᠠᠭᠤᠯᠤᠭ᠍ᠴᠢ᠎ᠶᠢᠨ ᠤᠯᠠᠨ ᠳᠠᠪᠬᠤᠷᠭᠠᠲᠤ ᠪᠦᠷᠭᠦᠬᠦᠯ᠎ᠢ ᠰᠤᠯᠢᠬᠤ ᠵᠡᠷᠭᠡ ᠡᠭᠦᠷᠭᠡ ᠵᠢ ᠤᠷᠤᠭᠰᠢᠲᠠᠢ ᠪᠡᠶᠡᠯᠡᠭᠦᠯᠪᠡ᠃ ᠦᠷᠦᠭᠡ᠎ᠡᠴᠡ ᠭᠠᠷᠤᠭᠰᠠᠨ ᠰᠠᠨᠰᠠᠷᠴᠢᠨ ᠵᠠᠩ ᠯᠦ᠍᠂ ᠦ᠋ ᠹᠧᠢ ᠨᠢᠭᠡᠨᠲᠡ ᠠᠮᠤᠷ ᠲᠦᠪᠰᠢᠨ᠎ᠢᠶᠡᠷ ᠸᠸᠨ ᠲᠢᠶᠠᠨ ᠲᠤᠷᠰᠢᠯᠲᠠ᠎ᠶᠢᠨ ᠦᠷᠦᠭᠡ ᠳ᠋ᠤ ᠪᠤᠴᠠᠨ ᠤᠷᠤᠵᠤ ᠦᠷᠦᠭᠡ᠎ᠡᠴᠡ ᠭᠠᠷᠬᠤ ᠠᠵᠢᠯᠯᠠᠭ᠎ᠠ ᠲᠡᠭᠦᠰ ᠠᠮᠵᠢᠯᠲᠠ ᠣᠯᠪᠠ᠃ ᠵᠠᠷᠯᠢᠭ᠋᠎ᠤᠨ ᠳᠠᠷᠤᠭ᠎ᠠ ᠵᠠᠩ ᠯᠦ᠍ ᠬᠣᠶᠠᠷ ᠵᠢᠯ ᠬᠠᠭᠠᠰ ᠠᠯᠤᠰᠯᠠᠭᠠᠳ ᠳᠠᠬᠢᠨᠲᠠ ᠦᠷᠦᠭᠡᠨ ᠡᠴᠡ ᠭᠠᠷᠴᠤ ᠪᠠᠢᠭ᠎ᠠ ᠪᠦᠭᠡᠳ ᠰᠠᠨᠰᠠᠷᠴᠢᠨ᠎ᠡᠦ ᠹᠸᠢ ᠮᠠᠨ᠎ᠤ ᠤᠯᠤᠰ᠎ᠤᠨ ᠣᠳᠣ ᠪᠤᠯᠲᠠᠯᠠᠬᠢ ᠥᠷᠥᠭᠡᠨ᠎ᠡᠴᠡ ᠭᠠᠷᠬᠤ ᠡᠭᠦᠷᠭᠡ᠎ᠶᠢ ᠪᠡᠶᠡᠯᠡᠭᠦᠯᠦᠭᠰᠡᠨ ᠬᠠᠮᠤᠭ᠎ᠤᠨ ᠵᠠᠯᠠᠭᠤ ᠰᠠᠨᠰᠠᠷᠴᠢᠨ ᠪᠣᠯᠪᠠ᠃

ᠲᠥᠯᠥᠪᠯᠡᠭᠡ ᠶᠣᠰᠣᠭᠠᠷ᠂ ᠬᠤᠪᠢᠯᠭᠠᠨ ᠣᠩᠭᠣᠴᠠ ᠬᠣᠷᠢᠨ ᠨᠢᠭᠡᠳᠦᠭᠡᠷ ᠬᠥᠮᠥᠨ ᠰᠠᠭᠤᠯᠭᠠᠭᠰᠠᠨ ᠨᠢᠰᠦᠯᠲᠡ᠎ᠶᠢᠨ ᠡᠭᠦᠷᠭᠡ᠎ᠶᠢᠨ ᠬᠤᠭᠤᠴᠠᠭᠠᠨ᠎ᠳᠤ  ᠪᠠᠰᠠ ᠬᠥᠮᠥᠨ ᠬᠠᠷ᠎ᠠ ᠪᠣᠯᠣᠨ ᠬᠡᠷᠡᠭᠯᠡᠭᠡᠨ᠎ᠦ ᠠᠴᠢᠶ᠎ᠠ᠎ᠶᠢ ᠥᠷᠥᠭᠡᠨ᠎ᠡᠴᠡ ᠭᠠᠷᠭᠠᠬᠤ ᠠᠵᠢᠯᠯᠠᠭ᠎ᠠ ᠥᠷᠨᠢᠭᠦᠯᠵᠦ᠂ ᠰᠢᠨᠵᠢᠯᠡᠬᠦ ᠤᠬᠠᠭᠠᠨ᠎ᠤ ᠲᠤᠷᠰᠢᠯᠲᠠ ᠪᠣᠯᠣᠨ ᠮᠡᠷᠭᠡᠵᠢᠯ᠎ᠦᠨ ᠲᠤᠷᠰᠢᠯᠲᠠ ᠥᠷᠨᠢᠭᠦᠯᠬᠦ᠎ᠵᠢᠨ ᠬᠠᠮᠲᠤ ᠪᠠᠢᠳᠠᠯ᠎ᠢ ᠦᠵᠡᠵᠦ ᠰᠠᠨᠰᠠᠷᠴᠢᠨ᠎ᠤ ᠳᠤᠭᠤᠢᠯᠠᠩ᠎ᠤᠨ ᠭᠢᠨ ᠬᠤᠪᠢᠯᠭᠠᠨ ᠣᠩᠭᠣᠴᠠ ᠬᠣᠷᠢᠳᠤᠭᠠᠷ᠎ᠤᠨ ᠬᠠᠵᠠᠭᠤ᠎ᠵᠢᠨ ᠡᠪᠳᠡᠷᠡᠭᠰᠡᠨ  ᠴᠣᠩᠬᠣ᠌᠎ᠶᠢ  ᠬᠠᠮᠠᠭᠠᠯᠠᠵᠤ  ᠰᠢᠢᠳᠪᠦᠷᠢᠯᠡᠬᠦ  ᠠᠵᠢᠯᠯᠠᠭ᠎ᠠ ᠵᠢ  ᠦᠷᠨᠢᠭᠦᠯᠬᠦ  ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号