e ᠵᠠᠮ ᠵᠢᠨᠷ ᠬᠠᠮᠲᠤᠷᠠᠨ ᠠᠵᠢᠯᠯᠠᠵᠤ ᠴᠤᠭᠭᠠᠷ ᠤᠷᠤᠭᠰᠢᠯᠠᠶ᠎ᠠ
2025-12-10 10:10:16
ᠵᠣᠬᠢᠶᠠᠭ᠍ᠴᠢ᠄
ᠪᠠᠢ ᠬᠤᠷᠴᠠ ᠰᠤᠷᠤᠨ᠎ᠠ
ᠣᠩᠱᠢᠭ᠍ᠰᠠᠨ ᠣᠳᠠᠭ᠎ᠠ᠄
★★★☆☆

《ᠬᠠᠮᠳᠤᠷᠠᠯᠴᠠᠵᠤ ᠬᠠᠮᠳᠤ ᠪᠡᠷ ᠠᠰᠢᠭ ᠬᠦᠷᠳᠡᠨᠡᠮ᠂ ᠰᠦᠯᠵᠢᠶᠡᠨ ᠎ᠤ ᠬᠠᠮᠳᠤ ᠵᠢᠨ ᠠᠶᠠᠯᠠᠯ》 ᠳᠤᠮᠳᠠᠳᠤ ᠮᠤᠨᠭᠭᠤᠯ᠎ᠤᠨ ᠰᠦᠯᠵᠢᠶᠡᠨ ᠵᠠᠭᠤᠴᠢᠯᠠᠭᠤᠷ ᠎ᠤᠨ  ᠭᠤᠸᠠᠩᠳᠦ᠋ᠩ  ᠥᠪᠥᠷ ᠮᠣᠩᠭᠣᠯ᠎ᠳᠡᠬᠢ ᠠᠶᠠᠯᠠᠯ ᠎ᠤᠨ ᠬᠠᠮᠲᠤᠷᠠᠭᠰᠠᠨ ᠰᠤᠷᠪᠤᠯᠵᠢᠯᠠᠭ᠎ᠠ ᠵᠢᠨ ᠠᠵᠢᠯᠯᠠᠭ᠎ᠠ 12 ᠰᠠᠷ᠎ᠠ ᠵᠢᠨ 8᠎ᠤ ᠡᠳᠦᠷ ᠠᠮᠵᠢᠯᠲᠠᠲᠠᠢ ᠥᠨᠳᠥᠷᠯᠡᠯ᠎ᠡ᠃ ᠰᠤᠷᠪᠤᠯᠵᠢᠯᠠᠭ᠎ᠠ ᠵᠢᠨ ᠳᠤᠭᠤᠢᠯᠠᠩ ᠭᠤᠸᠠᠩᠵᠸᠤ᠂ ᠱᠸᠡᠵᠸᠡ᠂ ᠬᠥᠬᠡᠬᠣᠲᠠ᠂ ᠡᠷᠢᠶᠡᠨ ᠬᠤᠳᠠ ᠵᠡᠷᠭᠡ᠎ᠭᠠᠵᠠᠷ ᠵᠢᠡᠷ ᠬᠥᠷᠴᠤ᠂ ᠠᠮᠢᠳᠤ ᠪᠤᠳᠠᠰ ᠎ᠤᠨ ᠡᠮ᠂ ᠵᠤᠬᠢᠶᠠᠮᠠᠯ ᠤᠶᠤᠨ ᠴᠢᠳᠠᠪᠤᠷᠢ᠂ ᠳᠤᠭᠠᠴᠢᠯᠠᠬᠰᠠᠨ ᠠᠵᠦ ᠠᠬᠤᠢ᠂  ᠮᠠᠰᠢᠨ ᠬᠦᠮᠦᠨ᠂ ᠰᠢᠨ᠎ᠡ ᠡᠨᠧᠷᠭᠢ ᠵᠢᠨ ᠮᠠᠰᠢᠨ᠂ ᠮᠣᠩᠭᠣᠯ ᠡᠮ᠂ ᠴᠠᠬᠢᠯᠭᠠᠨ᠎ᠬᠥᠴᠤᠨ᠂ ᠰᠦᠨ ᠎ᠤ ᠦᠢᠯᠡᠰ  ᠵᠡᠷᠭᠡ ᠣᠯᠠᠨ ᠰᠠᠯᠠᠭ᠎ᠠ ᠮᠦᠴᠢᠷ ᠎ᠢᠶᠡᠷ ᠰᠤᠷᠪᠤᠯᠵᠢᠯᠠᠭ᠎ᠠ ᠬᠢᠵᠦ᠂ ᠳᠤᠮᠳᠠᠳᠤ ᠤᠯᠤᠰ᠎ᠤᠨ ᠡᠮᠦᠨ᠎ᠡ ᠤᠮᠠᠷᠠᠳᠦ ᠤᠷᠤᠨ᠎ᠤ ᠬᠦᠭᠵᠢᠯᠳᠡ᠎ᠠᠮᠵᠢᠯᠲᠠ ᠵᠢ ᠰᠤᠷᠪᠤᠯᠵᠢᠯᠠᠨ ᠤᠢᠯᠠᠭᠠᠭᠰᠠᠨ ᠪᠠᠢᠨ᠎ᠡ᠃

ᠭᠤᠸᠠᠩᠵᠸᠦ ᠬᠣᠲᠠ ᠵᠢᠨ ᠶᠤᠸᠠᠢ ᠰᠢᠤ ᠳᠡᠭᠦᠷᠭᠡ ᠵᠢᠨ ᠭᠤᠸᠠᠩᠳᠦ᠋ᠩ᠂ ᠱᠢᠶᠠᠩᠭᠠᠩ᠂ ᠤᠤᠮᠸᠡ᠎ᠤ ᠠᠮᠢᠳᠤᠷᠠᠯ᠂ ᠡᠷᠡᠭᠦᠯ ᠮᠡᠨᠳᠦ  ᠵᠢᠨ ᠰᠢᠨᠡᠴᠢᠯᠡᠯᠲᠠ ᠵᠢᠨ ᠤᠷᠤᠨ᠎ᠳᠦ ᠰᠤᠷᠪᠤᠯᠵᠢᠯᠠᠬᠴᠢᠳ ᠠᠮᠢᠳᠤ ᠪᠤᠳᠠᠰ ᠎ᠤᠨ ᠡᠮ᠎ᠤᠨ ᠦᠢᠯᠡᠳᠪᠦᠷᠢᠯᠡᠯ ᠵᠢᠴᠢ 《ᠦᠢᠯᠡᠳᠪᠦᠷᠢ᠂ ᠪᠤᠯᠪᠠᠰᠤᠷᠠᠯ᠂ ᠰᠤᠳᠤᠯᠭ᠎ᠠ᠂ ᠡᠮᠨᠡᠯᠭᠡ 》 ᠎ᠲᠡᠢ ᠲᠠᠨᠢᠯᠴᠠᠯ᠎ᠠ᠃ ᠲᠤᠰ ᠳᠡᠭᠦᠷᠭᠡ᠎ᠳᠤ  ᠨᠡᠢᠲᠡ 16 ᠲᠥᠷᠥᠯ᠎ᠤᠨ ᠤᠨᠴᠠᠯᠢᠭᠳᠤ ᠤᠷᠤᠨ ᠪᠠᠢᠭᠤᠯᠤᠭᠳᠠᠵᠤ᠂ ᠡᠮ᠎ᠤᠨ ᠬᠡᠷᠡᠭᠯᠡᠬᠡᠨ᠎ᠤ ᠲᠤᠷᠰᠢᠯᠲᠠ ᠵᠢᠨ ᠲᠥᠪ᠂ ᠡᠮᠨᠡᠯᠭᠡ ᠵᠢᠨ ᠤᠬᠠᠭᠠᠨ᠎ᠤ  ᠲᠤᠷᠰᠢᠯᠲᠠ ᠵᠢᠨ ᠦᠢᠯᠡᠴᠢᠯᠡᠭᠡᠨ᠎ᠤ ᠲᠥᠪ ᠵᠡᠷᠭᠡ ᠲᠣᠮᠣᠬᠠᠨ ᠲᠠᠪᠴᠠᠩ ᠎ᠢ  ᠪᠠᠢᠭᠤᠯᠤᠨ᠂ ᠡᠮ ᠡᠮᠨᠡᠯᠭᠡ  ᠵᠢᠨ ᠬᠠᠮᠢᠶᠠᠳᠠᠢ 1000 ᠭᠠᠷᠤᠢ ᠺᠣᠮᠫᠠᠨᠢ ᠵᠢ ᠲᠦᠪᠯᠡᠷᠡᠭᠦᠯᠵᠠᠢ᠃ ᠫᠠ ᠵᠸᠦ ᠵᠢᠨ ᠵᠤᠬᠢᠶᠠᠮᠠᠯ ᠤᠶᠤᠨ ᠴᠢᠳᠠᠪᠤᠷᠢ ᠬᠢᠬᠡᠳ ᠳᠤᠭᠠᠴᠢᠯᠠᠬᠰᠠᠨ ᠠᠵᠦ ᠠᠬᠤᠢ ᠵᠢᠨ ᠪᠡᠶᠡᠴᠢᠯᠡᠨ ᠤᠢᠯᠠᠭᠠᠬᠤ ᠲᠤᠷᠰᠢᠯᠲᠠ ᠵᠢᠨ ᠪᠥᠰᠡ᠎ᠳᠤ 200 ᠭᠠᠷᠤᠢ ᠲᠣᠮᠣ ᠵᠠᠭᠪᠤᠷ᠎ᠤᠨ ᠬᠡᠷᠡᠭᠯᠡᠭᠡᠨ᠎ᠤ ᠲᠥᠰᠥᠯ ᠭᠡᠷᠡᠭᠵᠢᠭᠦᠯᠦᠭᠳᠡᠵᠤ ᠂ ᠵᠤᠬᠢᠶᠠᠮᠠᠯ ᠤᠶᠤᠨ ᠴᠢᠳᠠᠪᠤᠷᠢ ᠵᠢᠨ ᠴᠢᠭᠯᠡᠯ᠎ᠤᠨ 7000 ᠣᠷᠴᠢᠮ ᠺᠣᠮᠫᠠᠨᠢ ᠰᠠᠭᠤᠷᠢᠰᠢᠭᠠᠳ ᠪᠤᠢ᠃ ᠰᠢᠶᠤᠤ ᠮᠠ ᠤᠶᠤᠨᠴᠢ  ᠵᠢᠯᠣᠭᠣᠳᠤᠯᠭ᠎ᠠ ᠵᠢᠨ ᠲᠥᠪ᠎ᠲᠦ ᠰᠤᠷᠪᠤᠯᠵᠢᠯᠠᠬᠴᠢᠳ  L 4 ᠲᠦᠪᠰᠢᠨ᠎ᠤ ᠵᠢᠯᠣᠭᠣᠴᠢ ᠦᠭᠡᠢ ᠮᠠᠰᠢᠨ᠎ᠳᠤ ᠰᠠᠭᠤᠨ ᠲᠤᠷᠰᠢᠵᠤ᠂ ᠲᠣᠭᠲᠠᠪᠤᠷᠢᠲᠠᠢ᠂ ᠨᠠᠢᠳᠠᠪᠤᠷᠢᠲᠠᠢ  ᠪᠠᠢᠳᠠᠯ ᠎ᠳᠦ ᠦᠨᠳᠦᠷ ᠦᠨᠡᠯᠡᠯᠳᠡ ᠦᠭᠴᠡᠢ᠃ ᠦᠢᠷ᠎ᠠ ᠤᠬᠳᠠᠷᠭᠤᠢ ᠵᠢᠨ ᠠᠵᠦ ᠠᠬᠤᠢ ᠎ᠵᠢᠨ  ᠰᠢᠶᠤᠤ ᠫᠸᠩ ᠬᠦᠢ ᠲᠢᠶᠠᠨ ᠨᠢᠰᠳᠡᠭ ᠮᠠᠰᠢᠨ᠎ᠤ ᠦᠵᠡᠰᠬᠦᠯᠡᠩ᠎ᠤᠨ ᠲᠠᠩᠬᠢᠮ᠎ᠳᠤ  ᠰᠤᠷᠪᠤᠯᠵᠢᠯᠠᠬᠴᠢᠳ  ᠨᠢᠰᠳᠡᠭ ᠮᠠᠰᠢᠨ᠎ᠳᠤᠨᠢ ᠰᠠᠭᠤᠵᠤ᠂ ᠳᠤᠷᠠᠰᠬᠠᠯ᠎ᠤᠨ ᠰᠡᠬᠦᠳᠡᠷ ᠳᠠᠳᠠᠬᠤ  ᠵᠢᠨ ᠵᠡᠷᠭᠡ ᠪᠡᠷ ᠵᠢᠩᠬᠢᠨᠢ《ᠨᠢᠰᠳᠡᠭ ᠮᠠᠰᠢᠨ᠎ᠳᠤ ᠠᠩᠬ᠎ᠠ ᠤᠳᠠᠭ᠎ᠠ ᠰᠠᠭᠤᠭᠰᠠᠨ ᠵᠢᠭᠤᠯᠴᠢᠯᠠᠭᠰᠠᠳ》 ᠪᠤᠯᠤᠭᠰᠠᠨ ᠪᠠᠢᠨ᠎ᠠ᠃ ᠭᠤᠸᠠᠩᠵᠸᠤ ᠵᠢᠨ ᠶᠦᠩ ᠴᠢᠩ ᠹᠠᠩ ᠰᠤᠶᠤᠯ᠎ᠤᠨ ᠳᠤᠭᠤᠷᠢᠭ ᠲᠸ᠋ ᠰᠠᠭᠤᠷᠢᠰᠢᠭ᠎ᠠ ᠪᠤᠳᠠᠰ᠎ᠤᠨ ᠪᠤᠰᠤ ᠰᠤᠶᠤᠯ᠎ᠤᠨ ᠦᠪ ᠪᠤᠯᠬᠤ ᠭᠤᠸᠠᠩᠳᠦ᠋ᠩ᠎ᠤᠨ ᠪᠤᠳᠤᠭ᠂ ᠭᠤᠸᠠᠩᠳᠦ᠋ᠩ᠎ᠤᠨ ᠬᠠᠳᠬᠤᠮᠠᠯ᠂ ᠠᠷᠰᠯᠠᠨ ᠪᠦᠵᠢᠭ ᠵᠡᠷᠭᠡ ᠨᠢ ᠰᠤᠷᠪᠤᠯᠵᠢᠯᠠᠬᠴᠢᠳ᠎ᠤᠨ ᠠᠩᠬᠠᠷᠤᠯ᠎ᠳᠤ ᠬᠦᠷᠪᠡ᠃ ᠱᠸᠡᠵᠸᠡ ᠬᠣᠲᠠ᠎ᠵᠢᠨ ᠪᠢ ᠶᠠ᠎ᠳᠢ ᠺᠣᠮᠫᠠᠨᠢ ᠵᠢᠨ ᠶᠠᠩ ᠸᠠᠩ U9 ᠠᠦ᠋ᠲ᠋ᠣ᠋ ᠮᠠᠰᠢᠨ᠎ᠤ 《ᠮᠠᠰᠢᠨ ᠪᠦᠵᠢᠭ》 ᠨᠢ ᠰᠤᠷᠪᠤᠯᠵᠢᠯᠠᠬᠴᠢᠳ᠎ᠤᠨ ᠬᠠᠷᠠᠭ᠎ᠠ ᠵᠢ ᠬᠤᠵᠢᠷᠯᠠᠵᠤ᠂ UBTech ᠺᠣᠮᠫᠠᠨᠢ ᠵᠢᠨ ᠠᠵᠤ ᠦᠢᠯᠡᠳᠪᠦᠷᠢ᠂ ᠦᠢᠯᠡᠴᠢᠯᠡᠭᠡ᠂ ᠪᠣᠯᠪᠠᠰᠤᠷᠠᠯ᠂ ᠰᠤᠳᠤᠯᠭ᠎ᠠ ᠵᠡᠷᠭᠡ ᠤᠯᠠᠨ ᠬᠦᠷᠢᠶᠡᠨ᠎ᠳᠤ ᠠᠰᠢᠭᠯᠠᠭᠳᠠᠵᠤ ᠪᠠᠢᠭ᠎ᠠ  ᠬᠦᠮᠦᠨ ᠳᠦᠷᠰᠦᠲᠦ ᠮᠠᠰᠢᠨ ᠬᠦᠮᠦᠨ ᠨᠢ ᠬᠦᠮᠦᠰ᠎ᠤᠨ ᠠᠨᠭᠬᠠᠷᠤᠯ᠎ᠢ ᠶᠡᠭᠡᠳᠡ ᠳᠠᠳᠠᠪᠠ᠃ ᠮᠣᠩᠭᠣᠯ ᠤᠯᠤᠰ᠎ᠤᠨ ᠰᠤᠷᠪᠤᠯᠵᠢᠯᠠᠬᠴᠢᠳ᠎ᠤᠨ ᠨᠢᠭᠡᠳᠦᠭᠰᠡᠨ ᠡᠪᠯᠡᠯ᠎ᠤᠨ ᠤᠳᠤᠷᠢᠳᠬᠤ ᠵᠥᠪᠯᠡᠯ᠎ᠤᠨ ᠭᠡᠰᠢᠭᠦᠨ ᠴᠡᠯᠮᠡᠭᠦᠨ 《ᠠᠩᠬ᠎ᠠ ᠤᠳᠠᠭ᠎ᠠ ᠤᠶᠤᠨᠴᠢ ᠮᠠᠰᠢᠨ᠎ᠢ ᠵᠢᠯᠤᠭᠤᠳᠴᠤ ᠦᠵᠡᠯ᠎ᠡ》 ᠬᠡᠮᠡᠨ ᠰᠡᠳᠬᠢᠭᠳᠡᠯ ᠵᠢᠡᠨ ᠬᠤᠪᠢᠶᠠᠯᠴᠠᠵᠤ᠂ ᠲᠤᠰ ᠡᠪᠯᠡᠯ᠎ᠤᠨ ᠳᠡᠳ᠋ ᠶᠡᠷᠦᠩᠬᠡᠢᠯᠡᠭᠴᠢ ᠨᠢᠮᠠᠳᠣᠷᠵᠢ᠄ 《ᠭᠤᠸᠠᠩᠵᠸᠦ᠂ ᠱᠸᠡᠵᠸᠡ ᠬᠣᠲᠠ᠎ᠳᠤ ᠠᠩᠬ᠎ᠠ ᠤᠳᠠᠭ᠎ᠠ ᠠᠢᠯᠴᠢᠯᠠᠯ᠎ᠠ᠃ ᠤᠤᠯ ᠨᠢ ᠰᠦᠯᠵᠢᠶ᠎ᠠ  ᠪᠡᠷ  ᠬᠠᠷᠠᠳᠠᠭ  ᠪᠠᠢᠭᠰᠠᠨ ᠪᠣᠯ ᠡᠨᠡ ᠤᠳᠠᠭ᠎ᠠ  ᠥᠪᠡᠷ᠎ᠤᠨ ᠪᠡᠶ᠎ᠡ ᠪᠡᠷ ᠎ᠢᠶᠡᠨ ᠬᠦᠷᠦᠯᠴᠡᠨ ᠢᠷᠡᠭᠡᠳ ᠰᠤᠨᠢᠷᠬᠠᠬᠤ᠎ᠳᠤ ᠳᠤᠮᠳᠠᠳᠤ ᠤᠯᠤᠰ᠎ᠤᠨ ᠬᠥᠭᠵᠢᠯᠳᠡ ᠦᠨᠡᠬᠡᠷ ᠪᠢᠳᠡᠨ᠎ᠤ ᠲᠥᠰᠥᠭᠡᠯᠡᠯ᠎ᠡᠴᠡ ᠳᠠᠪᠠᠵᠦ ᠪᠠᠢᠨ᠎ᠠ 》 ᠭᠡᠵᠡᠢ᠃

ᠳᠤᠮᠳᠠᠳᠤ᠂ ᠮᠣᠩᠭᠣᠯ ᠬᠣᠶᠠᠷ ᠤᠯᠤᠰ ᠠᠭᠤᠯᠠ ᠤᠰᠤ  ᠪᠠᠷ ᠵᠢᠠᠨ ᠵᠠᠯᠭᠠᠯᠳᠤᠭᠰᠠᠨ ᠨᠥᠬᠥᠷᠰᠡᠭ ᠬᠥᠷᠰᠢ ᠪᠢᠯᠡ᠃ ᠤᠢᠷ᠎ᠠ ᠵᠢᠨ ᠵᠢᠯ᠎ᠤᠳ ᠲᠸ᠋  ᠬᠣᠶᠠᠷ ᠤᠯᠤᠰ᠎ᠤᠨ ᠠᠷᠠᠯᠵᠢᠶ᠎ᠠ  ᠬᠤᠳᠠᠯᠳᠤᠭ᠎ᠠ᠂ ᠠᠵᠦ ᠠᠬᠤᠢ ᠵᠢᠨ  ᠬᠠᠮᠳᠤᠷᠠᠯᠴᠠᠭ᠎ᠠ  ᠡᠷᠴᠢᠲᠡᠢ ᠥᠷᠭᠡᠵᠢᠵᠦ᠂  ᠬᠠᠮᠲᠤ ᠵᠢᠨ ᠠᠵᠢᠯᠯᠠᠭ᠎ᠠ ᠲᠣᠭᠲᠠᠪᠤᠷᠢᠲᠠᠢ ᠭᠦᠨᠵᠡᠭᠡᠢᠷᠡᠵᠦ ᠪᠤᠢ᠃ ᠳᠤᠮᠳᠠᠳᠤ ᠤᠯᠤᠰ᠎ᠤᠨ ᠤᠮᠠᠷᠠᠰᠢ ᠨᠡᠬᠡᠬᠡᠯᠳᠡ ᠬᠢᠬᠦ ᠪᠡᠬᠢᠯᠡᠯᠳᠡ ᠪᠣᠯᠤᠭᠰᠠᠨ ᠥᠪᠥᠷ ᠮᠣᠩᠭᠣᠯ ᠨᠢ ᠬᠣᠶᠠᠷ ᠤᠯᠤᠰ᠎ᠤᠨ ᠰᠣᠯᠢᠯᠴᠠᠭ᠎ᠠ᠂ ᠬᠠᠮᠳᠤᠷᠠᠯᠴᠠᠭ᠎ᠠ ᠎ᠳᠤ ᠭᠦᠭᠦᠷᠭᠡ  ᠬᠤᠯᠪᠤᠭᠠᠰᠤ ᠵᠢᠨ ᠴᠢᠬᠤᠯᠠ ᠡᠭᠦᠷᠭᠡ  ᠵᠢ ᠭᠦᠢᠴᠡᠳᠭᠡᠭᠰᠡᠭᠡᠷ ᠢᠷᠡᠵᠡᠢ᠃ ᠥᠪᠥᠷ ᠮᠣᠩᠭᠣᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ᠎ᠳᠦ  ᠰᠤᠷᠪᠤᠯᠵᠢᠯᠠᠬᠴᠢᠳ  ᠡᠮᠴᠢ ᠨᠠᠷ ᠲᠠᠢ ᠶᠠᠷᠢᠯᠴᠠᠵᠤ᠂ ᠴᠢᠬᠢᠨ᠎ᠤ ᠡᠮᠴᠢᠯᠡᠭᠡ ᠵᠡᠷᠭᠡ ᠤᠯᠠᠮᠵᠢᠯᠠᠯᠲᠤ ᠡᠮᠴᠢᠯᠡᠭᠡᠨ᠎ᠤ ᠠᠷᠭ᠎ᠠ ᠎ᠨᠤᠭᠤᠳ᠎ᠢ ᠪᠡᠶ᠎ᠡ᠎ᠪᠡᠷ ᠵᠢᠡᠨ ᠲᠤᠷᠰᠢᠨ ᠮᠡᠳᠡᠷᠡᠵᠡᠢ᠃ 2023 ᠣᠨ ᠡᠴᠠ ᠨᠠᠭᠠᠰᠢ ᠲᠤᠰ ᠡᠮᠨᠡᠯᠭᠡ ᠭᠠᠳᠠᠭᠠᠳᠤ ᠵᠢᠨ 64000 ᠭᠠᠷᠤᠢ ᠡᠪᠡᠳᠴᠢᠲᠡᠨ ᠎ᠢ ᠬᠦᠯᠢᠶᠡᠨ ᠠᠪᠴᠦ᠂ ᠡᠬᠦᠨ᠎ᠤ ᠳᠤᠳᠤᠷ᠎ᠠ 2025ᠤᠨ᠎ᠳᠤ  3 ᠲᠦᠮᠡ ᠭᠠᠷᠤᠢ ᠮᠣᠩᠭᠣᠯ ᠤᠯᠤᠰ᠎ᠤᠨ ᠡᠪᠡᠳᠴᠢᠲᠡᠨ᠎ᠢ ᠬᠦᠯᠢᠶᠡᠨ ᠠᠪᠴᠤ ᠡᠮᠴᠢᠯᠡᠵᠡᠢ᠃ ᠮᠥᠨ ᠮᠣᠩᠭᠣᠯ ᠤᠯᠤᠰ᠎ᠲᠦ  800 ᠭᠠᠷᠤᠢ ᠠᠩᠬᠠᠨ ᠱᠠᠲᠤᠨ᠎ᠤ ᠡᠮᠴᠢ ᠠᠵᠢᠯᠲᠠᠨ ᠰᠤᠷᠭᠠᠨ ᠬᠦᠮᠦᠵᠢᠭᠦᠯᠵᠦ᠂ ᠬᠣᠶᠠᠷ ᠤᠯᠤᠰ᠎ᠤᠨ ᠠᠨᠠᠭᠠᠬᠤ ᠤᠬᠠᠭᠠᠨ᠎ᠤ ᠰᠠᠯᠪᠤᠷᠢ ᠵᠢᠨ ᠬᠠᠮᠳᠤᠷᠠᠯᠴᠠᠭᠠᠨ᠎ᠤ ᠬᠦᠭᠦᠷᠭᠡ ᠪᠣᠯᠤᠬᠰᠡᠨ  ᠪᠠᠢᠨ᠎ᠠ᠃

ᠥᠪᠥᠷ ᠮᠣᠩᠭᠣᠯ᠎ᠤᠨ ᠴᠠᠬᠢᠯᠭᠠᠨ ᠬᠦᠴᠦᠨ᠎ᠤ ᠪᠦᠯᠦᠭᠯᠡᠯ ᠨᠢ ᠳᠤᠮᠳᠠᠳᠤ ᠤᠯᠤᠰ᠎ᠤᠨ ᠤᠮᠠᠷᠠᠳᠤ ᠤᠷᠤᠨ ᠎ᠤ 1000 ᠲᠦᠮᠡ ᠭᠠᠷᠤᠢ ᠬᠡᠷᠡᠭᠯᠡᠭᠴᠢᠳ᠎ᠲᠦ ᠦᠢᠯᠡᠴᠢᠯᠡᠳᠡᠭ ᠪᠥᠭᠡᠳ ᠮᠣᠩᠭᠣᠯ ᠤᠯᠤᠰ ᠲᠸ᠋ ᠬᠢᠯᠢ ᠠᠯᠤᠰᠯᠠᠬᠰᠠᠨ ᠴᠠᠬᠢᠯᠭᠠᠨ ᠬᠦᠴᠦᠨ ᠎ᠢ ᠬᠠᠩᠭᠠᠳᠠᠭ᠃ ᠮᠸᠩ ᠨᠢᠦ  ᠰᠦᠨ᠎ᠤ ᠦᠢᠯᠡᠰ᠎ᠤᠨ ᠲᠥᠪ ᠎ᠲᠦ  ᠰᠤᠷᠪᠤᠯᠵᠢᠯᠠᠬᠴᠢᠳ ᠰᠦᠨ᠎ᠤ ᠦᠢᠯᠡᠰ᠎ᠤᠨ ᠤᠳᠤ ᠦᠶ᠎ᠡ  ᠵᠢᠨ ᠦᠢᠯᠡᠳᠪᠦᠷᠢᠯᠡᠯ᠎ᠤᠨ ᠱᠤᠭᠤᠮ ᠲᠠᠢ ᠲᠠᠨᠢᠯᠴᠠᠨ᠂ ᠵᠠᠢᠷᠮᠠᠭ ᠠᠮᠰᠠᠵᠤ《ᠡᠨᠡ ᠵᠠᠢᠷᠮᠠᠭ ᠦᠨᠡᠬᠡᠷ ᠰᠠᠢᠬᠠᠨ᠂ ᠮᠣᠩᠭᠣᠯ ᠤᠯᠤᠰ ᠎ᠤᠨ ᠳᠡᠯᠭᠡᠭᠦᠷ᠎ᠤᠳ ᠲᠸ᠋ ᠬᠤᠷᠳᠤᠨ ᠣᠷᠣᠵᠤ ᠢᠷᠡᠭᠡᠰᠡᠢ》 ᠭᠡᠵᠦ ᠮᠣᠩᠭᠣᠯ ᠤᠯᠤᠰ᠎ᠤᠨ ᠰᠤᠷᠪᠤᠯᠵᠢᠯᠠᠬᠴᠢ ᠲᠤᠶᠠᠭᠠᠴᠡᠴᠡᠭ ᠬᠡᠯᠡᠯ᠎ᠡ᠃ ᠳᠤᠮᠳᠠᠳᠤ᠂ ᠮᠣᠩᠭᠣᠯ᠎ᠤᠨ ᠡᠷᠢᠶᠡᠨ︱ ᠵᠠᠮ᠎ᠤᠨ ᠡᠭᠦᠳᠡ ᠵᠢᠨ ᠠᠵᠦ ᠠᠬᠤᠢ ᠵᠢᠨ ᠬᠠᠮᠳᠤᠷᠠᠯᠴᠠᠭᠠᠨ᠎ᠤ ᠤᠷᠤᠨ ᠪᠣᠯ ᠳᠤᠮᠳᠠᠳᠤ ᠤᠯᠤᠰ ᠡᠴᠡ ᠮᠤᠩᠭᠤᠯ ᠤᠯᠤᠰ ᠲᠠᠢ᠎ᠪᠠᠢᠭᠤᠯᠤᠭᠰᠠᠨ ᠭᠤᠷᠪᠠᠳᠠᠬᠢ ᠬᠢᠯᠢ ᠠᠯᠤᠰᠯᠠᠬᠰᠠᠨ ᠪᠥᠰᠡ ᠪᠥᠭᠡᠳ 2027 ᠤᠨ᠎ᠳᠤ ᠠᠰᠢᠭᠯᠠᠯᠲᠠ᠎ᠳᠤ ᠤᠷᠤᠭᠤᠯᠬᠤ ᠪᠡᠷ ᠲᠦᠯᠦᠪᠯᠡᠵᠦ᠂ ᠬᠤᠳᠠᠯᠳᠤᠭ᠎ᠠ᠂ ᠪᠠᠷᠠᠭᠠᠨ᠎ᠤ ᠬᠦᠢᠯᠭᠡᠭᠡ᠂ ᠦᠢᠯᠡᠳᠪᠦᠷᠢᠯᠡᠯ᠂ ᠠᠶᠠᠯᠠᠯ ᠵᠢᠭᠤᠯᠴᠢᠯᠠᠯ᠂ ᠦᠢᠯᠡᠴᠢᠯᠡᠭᠡᠨ᠎ᠤ ᠬᠠᠮᠳᠤᠷᠠᠯᠴᠠᠭ᠎ᠠ ᠵᠢ ᠠᠬᠢᠭᠤᠯᠬᠤ ᠪᠤᠯᠤᠨ᠎ᠠ᠃ ᠬᠤᠤ ᠭᠠᠩ ᠵᠢᠮᠢᠰ ᠨᠤᠭᠤᠭ᠎ᠠ ᠵᠢᠨ  ᠭᠠᠳᠠᠭᠠᠳᠦ ᠭᠠᠷᠭᠠᠯᠳᠠ᠎ᠵᠢᠨ ᠤᠷᠤᠨ ᠨᠢ  ᠵᠢᠯ᠎ᠳᠤ 12 ᠲᠦᠮᠡᠨ ᠲᠣᠨ ᠪᠠᠷᠠᠭ᠎ᠠ ᠪᠦᠲᠦᠭᠡᠭᠳᠡᠬᠦᠨ᠎ᠢ ᠮᠣᠩᠭᠣᠯ ᠤᠯᠤᠰ᠎ᠲᠤ ᠭᠠᠷᠭᠠᠳᠠᠭ ᠪᠥᠭᠡᠳ ᠮᠣᠩᠭᠣᠯ ᠤᠯᠤᠰ᠎ᠤᠨ ᠵᠢᠮᠢᠰ ᠨᠣᠭᠣᠭᠠᠨ᠎ᠤ  ᠤᠷᠤᠭᠤᠯᠤᠯᠳᠠ ᠵᠢᠨ90% ᠵᠢ ᠡᠵᠡᠯᠡᠵᠤ ᠪᠤᠢ᠃

ᠮᠣᠩᠭᠣᠯ ᠤᠯᠤᠰ ᠎ᠤᠨ ᠰᠤᠷᠪᠤᠯᠵᠢᠯᠠᠬᠴᠢᠳ ᠎ᠤᠨ ᠨᠢᠭᠡᠳᠦᠭᠰᠡᠨ ᠡᠪᠯᠡᠯ᠎ᠤᠨ ᠵᠦᠪᠯᠡᠭᠴᠢ  ᠰᠠᠢᠨᠪᠠᠶᠠᠷ᠄《ᠡᠨᠡ ᠤᠳᠠᠭ᠎ᠠ ᠵᠢᠨ ᠬᠠᠮᠲᠤᠷᠠᠭᠰᠠᠨ ᠰᠤᠷᠪᠤᠯᠵᠢᠯᠠᠭ᠎ᠠ  ᠡᠴᠠ ᠳᠤᠮᠳᠠᠳᠤ᠂ ᠮᠣᠩᠭᠣᠯ ᠬᠣᠶᠠᠷ ᠤᠯᠤᠰ᠎ᠤᠨ ᠣᠯᠠᠨ ᠰᠠᠯᠠᠭ᠎ᠠ ᠮᠦᠴᠢᠷ ᠲᠸ᠋ ᠦᠷᠭᠡᠨ ᠬᠡᠪᠴᠢᠶᠡᠨ ᠎ᠤ ᠬᠠᠮᠳᠤᠷᠠᠯᠴᠠᠭ᠎ᠠ ᠥᠷᠨᠢᠵᠦ ᠪᠠᠢᠬᠤ ᠵᠢ ᠮᠡᠳᠡᠷᠡᠵᠤ᠂ ᠡᠨᠡ ᠨᠢ ᠬᠣᠶᠠᠷ ᠤᠯᠤᠰ᠎ᠤᠨ  ᠠᠷᠠᠳ ᠲᠦᠮᠡᠨ᠎ᠳᠦ ᠵᠢᠩᠬᠢᠨᠢ ᠠᠰᠢᠭ ᠲᠤᠰᠠᠳᠠᠢ  ᠶᠠᠪᠤᠳᠠᠯ  ᠪᠣᠯᠤᠨ᠎ᠠ》 ᠬᠡᠯ᠎ᠡ᠃ ᠲᠤᠰ ᠤᠳᠠᠭᠠᠨ᠎ᠤ ᠬᠠᠮᠲᠤᠷᠠᠭᠰᠠᠨ ᠰᠤᠷᠪᠤᠯᠵᠢᠯᠠᠭ᠎ᠠ ᠵᠢᠨ ᠠᠵᠢᠯᠯᠠᠭ᠎ᠠ ᠨᠢ ᠳᠤᠮᠳᠠᠳᠤ᠂ ᠮᠤᠩᠭᠤᠯ ᠬᠣᠶᠠᠷ ᠤᠯᠤᠰ᠎ᠤᠨ ᠬᠠᠮᠳᠤᠷᠠᠯᠴᠠᠭ᠎ᠠ ᠵᠢ ᠤᠯᠠᠮ ᠭᠦᠨᠵᠡᠭᠡᠢᠷᠡᠭᠦᠯᠤᠨ᠂ ᠬᠠᠮᠲᠤ᠎ᠳᠠᠭᠠᠨ ᠬᠥᠭᠵᠢᠨ ᠴᠡᠴᠡᠭᠯᠡᠵᠦ᠂ ᠬᠠᠷᠢᠯᠴᠠᠨ ᠠᠰᠢᠭᠲᠠᠢ ᠬᠥᠭᠵᠢᠯ᠎ᠤᠨ ᠰᠢᠨ᠎ᠡ ᠵᠢᠷᠤᠭᠯᠠᠯ ᠎ᠢ ᠤᠯᠠᠮ ᠳᠤᠳᠤᠷᠠᠭᠤᠯᠤᠨ ᠵᠤᠷᠠᠢᠯᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号