ᠥᠪᠥᠷ ᠮᠣᠩᠭᠣᠯ ᠠᠩᠬᠠᠳᠠᠭ᠍ᠴᠢ ᠬᠣᠶᠠᠳᠤᠭᠠᠷ ᠳᠡᠰ ᠤ᠋ᠨ ᠪᠠᠷᠢᠮᠵᠢᠶᠠᠲᠤ ᠪᠣᠳᠠᠰ ᠤ᠋ᠨ ᠲᠠᠰ ᠲᠣᠭ᠍ᠲᠠᠭᠠᠭ᠍ᠰᠠᠨ ᠦᠨᠡᠮᠯᠡᠯ ᠲᠠᠷᠬᠠᠭᠠᠪᠠ
2025-12-10 09:24:35
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠎ᠵᠢᠨ ᠬᠢᠨ ᠥᠪᠥᠷ ᠮᠣᠩᠭᠣᠯ ᠤ᠋ᠨ ᠢᠯᠢ ᠪᠦᠯᠦᠭ᠌ᠯᠡᠯ ᠺᠣᠮᠫᠠᠨᠢ ᠶ᠋ᠢᠨ ᠮᠡᠳᠡᠭᠦᠯᠦᠭ᠌ᠰᠡᠨ 《ᠰᠦᠨ ᠲᠠᠯᠬ᠎ᠠ ᠳ᠋ᠡᠬᠢ ᠫᠷᠤᠫᠸᠨᠦᠢᠯ ᠠᠮᠢᠳ᠋ ᠤ᠋ᠨ ᠵᠠᠳᠠᠯᠤᠯᠲᠠ ᠶ᠋ᠢᠨ ᠪᠠᠷᠢᠮᠵᠢᠶᠠᠲᠤ ᠪᠣᠳᠠᠰ》 ᠲᠦ᠍ ᠴᠢᠭ᠌ᠯᠡᠭᠦᠯᠦᠨ᠂ ᠲᠡᠭᠦᠨ᠎ᠳᠦ ᠬᠣᠶᠠᠳᠤᠭᠠᠷ ᠳᠡᠰ ᠤ᠋ᠨ ᠪᠠᠷᠢᠮᠵᠢᠶᠠᠲᠤ ᠪᠣᠳᠠᠰ ᠤ᠋ᠨ ᠲᠡᠰ ᠲᠣᠭ᠍ᠲᠠᠭᠠᠭ᠍ᠰᠠᠨ ᠦᠨᠡᠮᠯᠡᠯ ᠣᠯᠭᠣᠪᠠ᠃ ᠡᠨᠡ ᠪᠣᠯ ᠤᠯᠤᠰ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠶᠡᠷᠦᠩᠬᠡᠶ ᠲᠣᠪᠴᠢᠶ᠎ᠠ ᠡᠨᠡ ᠵᠢᠯ ᠤ᠋ᠨ 7 ᠰᠠᠷ᠎ᠠ ᠳ᠋ᠤ ᠬᠣᠶᠠᠳᠤᠭᠠᠷ ᠳᠡᠰ ᠤ᠋ᠨ ᠪᠠᠷᠢᠮᠵᠢᠶᠠᠲᠤ ᠪᠣᠳᠠᠰ ᠤ᠋ᠨ ᠵᠠᠰᠠᠭ ᠵᠠᠬᠢᠷᠭᠠᠨ ᠤ᠋ ᠬᠢᠨᠠᠨ ᠵᠥᠪᠱᠢᠶᠡᠷᠡᠬᠦ᠌ ᠡᠷᠬᠡ ᠵᠢ ᠥᠪᠥᠷ ᠮᠣᠩᠭᠣᠯ ᠳ᠋ᠤ ᠰᠢᠯᠵᠢᠭᠦᠯᠦᠨ ᠪᠠᠭᠤᠯᠭᠠᠬᠤ ᠪᠡᠷ ᠵᠥᠪᠱᠢᠶᠡᠷᠡᠭ᠌ᠰᠡᠨ ᠤ᠋ ᠳᠠᠷᠠᠭ᠎ᠠ ᠲᠠᠷᠬᠠᠭᠠᠬᠰᠠᠨ ᠠᠩᠬᠠᠳᠠᠭ᠍ᠴᠢ ᠦᠨᠡᠮᠯᠡᠯ ᠪᠣᠯᠤᠨ᠎ᠠ᠃

ᠪᠠᠷᠢᠮᠵᠢᠶᠠᠲᠤ ᠪᠣᠳᠠᠰ ᠪᠣᠯ 《ᠬᠡᠮᠵᠢᠯᠲᠡ ᠶ᠋ᠢᠨ ᠬᠦᠷᠢᠶᠡᠨ ᠳ᠋ᠡᠬᠢ ᠪᠠᠷᠢᠮᠵᠢᠶᠠᠲᠤ ᠪᠠᠭᠠᠵᠢ》 ᠪᠠᠢᠵᠤ᠂ ᠤᠯᠤᠰ ᠤ᠋ᠨ ᠬᠡᠮᠵᠢᠭ᠌ᠳᠡᠯ ᠳᠠᠮᠵᠢᠭᠤᠯᠬᠤ ᠪᠠ ᠮᠦᠷᠳᠡᠬᠦ ᠱᠢᠰᠲ᠋ᠧᠮ ᠳ᠋ᠡᠬᠢ ᠵᠠᠩᠭᠢᠯᠠᠭ᠎ᠠ ᠶ᠋ᠢᠨ ᠬᠡᠮᠵᠢᠯᠲᠡ ᠶ᠋ᠢᠨ ᠰᠠᠭᠤᠷᠢ ᠪᠠᠷᠢᠮᠵᠢᠶ᠎ᠠ ᠮᠥᠨ᠃ ᠲᠡᠭᠦᠨ ᠢ᠋ ᠱᠢᠨᠵᠢᠯᠡᠬᠦ᠌ ᠤᠬᠠᠭᠠᠨ ᠤ᠋ ᠰᠤᠳᠤᠯᠭᠠᠨ᠂ ᠠᠵᠤ ᠦᠶ᠋ᠯᠡᠳᠪᠦᠷᠢ ᠶ᠋ᠢᠨ ᠦᠶ᠋ᠯᠡᠳᠪᠦᠷᠢᠯᠡᠯ᠂ ᠣᠷᠴᠢᠨ ᠲᠣᠭᠣᠷᠢᠨ ᠤ᠋ ᠬᠢᠨᠠᠨ ᠬᠡᠮᠵᠢᠯᠲᠡ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠳ᠋ᠤ ᠥᠷᠭᠡᠨ ᠢ᠋ᠶ᠋ᠡᠷ ᠬᠡᠷᠡᠭ᠌ᠯᠡᠵᠦ᠍ ᠪᠣᠶ᠃ ᠠᠵᠤ ᠠᠬᠤᠢᠯᠠᠯ ᠤᠯᠤᠰ ᠤ᠋ᠨ ᠬᠣᠶᠠᠳᠤᠭᠠᠷ ᠳᠡᠰ ᠤ᠋ᠨ ᠪᠠᠷᠢᠮᠵᠢᠶᠠᠲᠤ ᠪᠣᠳᠠᠰ ᠢ᠋ ᠬᠢᠨᠠᠨ ᠲᠤᠬᠲᠠᠭᠠᠯᠭᠠᠬᠤ ᠪᠡᠷ ᠭᠤᠶᠤᠴᠢᠯᠠᠬᠤ ᠪᠠ ᠬᠡᠷᠡᠭ᠌ᠯᠡᠬᠦ᠌ ᠨᠢ ᠡᠯ᠎ᠡ ᠵᠦᠶ᠋ᠯ ᠤ᠋ᠨ ᠱᠢᠯᠭᠠᠨ ᠪᠠᠢᠴᠠᠭᠠᠯᠲᠠ᠂ ᠵᠠᠳᠠᠯᠤᠯᠲᠠ ᠶ᠋ᠢᠨ ᠦᠷ᠎ᠡ ᠳ᠋ᠦᠩ ᠢ᠋ ᠨᠠᠩ ᠢᠲᠡᠭᠡᠮᠵᠢᠲᠡᠶ᠂ ᠨᠠᠩ ᠨᠢᠭᠡᠳᠦᠯᠲᠡᠶ ᠪᠣᠯᠭᠠᠬᠤ ᠶ᠋ᠢᠨ ᠬᠠᠮᠲᠤ ᠠᠵᠢᠯ ᠲᠥᠷᠥᠯ ᠤ᠋ᠨ ᠵᠢᠷᠤᠮᠵᠢᠯ ᠪᠠ ᠱᠢᠨᠵᠢᠯᠡᠬᠦ᠌ ᠤᠬᠠᠭᠠᠨ ᠤ᠋ ᠰᠤᠳᠤᠯᠭᠠᠨ ᠵᠡᠷᠭᠡ ᠣᠯᠠᠨ ᠲᠠᠯ᠎ᠠ ᠶ᠋ᠢᠨ ᠬᠡᠷᠡᠭ᠌ᠴᠡᠭᠡ ᠵᠢ ᠬᠠᠩᠭᠠᠬᠤ ᠶ᠋ᠢᠨ ᠲᠥᠯᠥᠭᠡ ᠶᠤᠮ᠃ ᠥᠩᠭᠡᠷᠡᠭ᠌ᠰᠡᠨ ᠳ᠋ᠤ  ᠬᠠᠮᠢᠶ᠎ᠠ ᠪᠥᠬᠥᠶ ᠠᠵᠤ ᠠᠬᠤᠢᠯᠠᠯ ᠤᠯᠤᠰ ᠤ᠋ᠨ ᠬᠣᠶᠠᠳᠤᠭᠠᠷ ᠳᠡᠰ ᠤ᠋ᠨ ᠪᠠᠷᠢᠮᠵᠢᠶᠠᠲᠤ ᠪᠣᠳᠠᠰ ᠤ᠋ᠨ ᠬᠠᠮᠢᠶ᠎ᠠ ᠪᠥᠬᠥᠶ ᠵᠥᠪᠱᠢᠶᠡᠷᠡᠯ ᠢ᠋ ᠭᠤᠶᠤᠴᠢᠯᠠᠬᠤ ᠳ᠋ᠤ  ᠱᠠᠲᠤ ᠱᠠᠲᠤ ᠪᠡᠷ ᠤᠯᠤᠰ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠶᠡᠷᠦᠩᠬᠡᠶ ᠲᠣᠪᠴᠢᠶ᠎ᠠ ᠳ᠋ᠤ ᠮᠡᠳᠡᠭᠦᠯᠵᠦ᠍ ᠬᠢᠨᠠᠨ ᠵᠥᠪᠱᠢᠶᠡᠷᠡᠭᠦᠯᠬᠦ᠌ ᠴᠢᠬᠤᠯᠠᠲᠠᠶ ᠪᠠᠢᠵᠤ᠂ ᠬᠢᠨᠠᠨ ᠵᠥᠪᠱᠢᠶᠡᠷᠡᠬᠦ᠌ ᠦᠶᠡᠯᠡᠯ ᠤ᠋ᠨ ᠬᠤᠭᠤᠴᠠᠭ᠎ᠠ ᠣᠷᠳᠣ ᠪᠦᠭᠡᠳ ᠨᠡᠪᠲᠡᠷᠡᠯᠴᠡᠬᠦ᠌ ᠥᠪᠡᠷ ᠤ᠋ᠨ ᠥᠷᠲᠡᠭ ᠥᠨᠳᠥᠷ ᠪᠠᠢᠵᠠᠢ᠃ ᠲᠣᠰ ᠤᠳᠠᠭ᠎ᠠ ᠵᠠᠰᠠᠭ ᠵᠠᠬᠢᠷᠭᠠᠨ ᠤ᠋ ᠬᠢᠨᠠᠨ ᠵᠥᠪᠱᠢᠶᠡᠷᠡᠬᠦ᠌ ᠡᠷᠬᠡ ᠵᠢ ᠰᠢᠯᠵᠢᠭᠦᠯᠦᠨ ᠪᠠᠭᠤᠯᠭᠠᠬᠰᠠᠨ ᠨᠢ ᠬᠢᠨᠠᠨ ᠵᠥᠪᠱᠢᠶᠡᠷᠡᠬᠦ᠌ ᠴᠠᠭ ᠤ᠋ᠨ ᠬᠢᠵᠠᠭᠠᠷ ᠢ᠋ ᠶᠡᠬᠡ ᠪᠡᠷ ᠪᠣᠭᠣᠨᠢᠰᠬᠠᠵᠤ᠂ ᠠᠵᠤ ᠠᠬᠤᠢᠯᠠᠯ ᠤ᠋ᠨ ᠦᠪᠡᠷ ᠤ᠋ᠨ ᠦᠷᠲᠡᠭ ᠢ᠋ ᠤᠯᠠᠮ ᠴᠢᠨᠠᠬᠰᠢᠲᠠ ᠪᠠᠭᠤᠷᠠᠭᠤᠯᠪᠠ᠃

ᠲᠠᠷᠠᠭᠠᠴᠢ ᠪᠡᠷ᠂ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠪᠠᠷᠢᠮᠵᠢᠶᠠᠲᠤ ᠪᠣᠳᠠᠰ ᠤ᠋ᠨ ᠬᠢᠨᠠᠨ ᠲᠣᠭ᠍ᠲᠠᠭᠠᠬᠤ ᠲᠣᠭ᠍ᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠱᠢᠨ᠎ᠡ ᠵᠢ ᠡᠭᠦᠳᠬᠦ᠌ ᠬᠠᠢᠨ ᠰᠥᠪᠡᠭ᠌ᠴᠢᠯᠡᠯᠲᠡ ᠵᠢ ᠭᠦᠨᠵᠡᠭᠡᠶ ᠥᠷᠨᠢᠭᠦᠯᠵᠦ᠍᠂ ᠵᠠᠬ᠎ᠠ ᠳᠡᠯᠭᠡᠭᠦᠷ ᠪᠠ ᠠᠵᠤ ᠦᠶ᠋ᠯᠡᠰ ᠤ᠋ᠨ ᠬᠥᠭ᠌ᠵᠢᠯᠲᠡ ᠳ᠋ᠡᠬᠢ ᠪᠠᠷᠢᠮᠵᠢᠶᠠᠲᠤ ᠪᠣᠳᠠᠰ ᠤ᠋ᠨ ᠬᠡᠷᠡᠭ᠌ᠴᠡᠭᠡ ᠱᠠᠭᠠᠷᠳᠠᠯᠭ᠎ᠠ ᠵᠢ ᠴᠠᠭ ᠲᠤᠬᠠᠶ ᠳ᠋ᠤᠨᠢ ᠴᠤᠤᠷᠢᠶᠠᠲᠤᠨ ᠳᠠᠭᠠᠵᠤ᠂ ᠠᠵᠤ ᠠᠬᠤᠢᠯᠠᠯ ᠤ᠋ᠨ ᠥᠪᠡᠷ ᠤ᠋ᠨ ᠥᠷᠲᠡᠭ ᠢ᠋ ᠪᠠᠭᠤᠷᠠᠭᠤᠯᠤᠨ᠂ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠢ᠋ ᠤᠯᠠᠮ ᠴᠢᠨᠠᠬᠰᠢᠲᠠ ᠬᠥᠭ᠌ᠵᠢᠭᠡᠵᠦ᠍᠂ ᠦᠪᠦᠷ ᠮᠤᠨᠭᠭᠤᠯ ᠳ᠋ᠤ ᠤᠯᠤᠰ ᠤ᠋ᠨ ᠬᠣᠶᠠᠳᠤᠭᠠᠷ ᠳᠡᠰ ᠤ᠋ᠨ ᠪᠠᠷᠢᠮᠵᠢᠶᠠᠲᠤ ᠪᠣᠳᠠᠰ ᠤ᠋ᠨ ᠵᠠᠰᠠᠭ ᠵᠠᠬᠢᠷᠭᠠᠨ ᠤ᠋ ᠬᠢᠨᠠᠨ ᠵᠥᠪᠱᠢᠶᠡᠷᠡᠬᠦ᠌ ᠥᠭᠡᠷᠡᠴᠢᠯᠡᠯᠲᠡ ᠶ᠋ᠢᠨ ᠵᠦᠶ᠋ᠯᠡᠰ ᠢ᠋ ᠰᠠᠢᠲᠤᠷ ᠪᠡᠶᠡᠯᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号