ᠣᠢᠷ᠎ᠠ᠎ᠳᠤ᠂ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠭᠠᠳᠠᠭᠠᠳᠤ᠎ᠶ᠋ᠢᠨ ᠠᠶᠠᠨᠴᠢᠳ᠎ᠤᠨ ᠬᠢᠯᠢ ᠪᠡᠷ ᠤᠷᠤᠬᠤ ᠺᠠᠷᠲ᠎ᠤᠨ ᠰᠦᠯᠵᠢᠶᠡᠨ ᠳᠡᠭᠡᠷ᠎ᠡ ᠲᠠᠭ᠍ᠯᠠᠨ ᠮᠡᠳᠡᠭᠦᠯᠬᠦ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ ᠵᠢ ᠲᠠᠭᠠᠯᠳᠤᠵᠤ᠂ ᠮᠠᠨᠵᠤᠤᠷ᠎ᠤᠨ ᠬᠢᠯᠢ᠎ᠶ᠋ᠢᠨ ᠪᠠᠢᠴᠠᠭᠠᠬᠤ ᠥᠷᠲᠡᠭᠡ ᠴᠸ᠋ ᠲᠣᠰ ᠡᠯᠧᠺᠲ᠋ᠷᠣᠨ ᠲᠠᠭ᠍ᠯᠠᠨ ᠮᠡᠳᠡᠭᠦᠯᠬᠦ᠌ ᠱᠢᠰᠲ᠋ᠧᠮ᠎ᠢ ᠵᠡᠷᠭᠡ ᠪᠡᠷ ᠬᠡᠷᠡᠭ᠌ᠯᠡᠵᠦ᠍ ᠡᠬᠢᠯᠡᠪᠡ ᠃ ᠡᠯᠧᠺᠲ᠋ᠷᠣᠨ ᠲᠠᠭ᠍ᠯᠠᠨ ᠮᠡᠳᠡᠭᠦᠯᠬᠦ᠌ ᠱᠢᠰᠲ᠋ᠧᠮ᠎ᠢ ᠡᠬᠢᠯᠡᠨ ᠬᠡᠷᠡᠭ᠌ᠯᠡᠭ᠌ᠰᠡᠨ ᠠᠩᠬᠠᠨ᠎ᠤ ᠡᠳᠦᠷ᠂ 500 ᠭᠠᠷᠤᠶ ᠭᠠᠳᠠᠭᠠᠳᠤ᠎ᠶ᠋ᠢᠨ ᠠᠶᠠᠨᠴᠢᠨ ᠲᠣᠰ ᠱᠢᠰᠲ᠋ᠧᠮ᠎ᠢᠶᠡᠷ ᠳᠡᠮᠵᠢᠨ ᠬᠢᠯᠢ ᠪᠡᠷ ᠲᠦᠷᠭᠡᠨ ᠣᠷᠣᠵᠤ ᠢᠷᠡᠪᠡ᠃ ᠡᠨᠡ ᠨᠢ ᠳᠤᠮᠳᠠᠳᠤ ᠣᠷᠣᠰ᠎ᠤᠨ ᠬᠢᠯᠢ᠎ᠶ᠋ᠢᠨ ᠪᠣᠭᠣᠮᠲᠠ᠎ᠶ᠋ᠢᠨ ᠳᠥᠭᠥᠮᠴᠢᠯᠡᠭ᠌ᠰᠡᠨ ᠦᠶ᠋ᠯᠡᠴᠢᠯᠡᠭᠡᠨ᠎ᠦ ᠬᠢᠷᠢ ᠲᠦᠪᠱᠢᠨ ᠱᠢᠨ᠎ᠡ ᠳᠡᠭᠡᠭ᠌ᠰᠢᠯᠡᠯᠲᠡ᠎ᠲᠡᠶ ᠪᠣᠯᠤᠭ᠍ᠰᠠᠨ᠎ᠢ ᠬᠠᠷᠠᠭᠤᠯᠵᠠᠢ᠃
ᠲᠣᠰ ᠤᠳᠠᠭ᠎ᠠ ᠬᠡᠷᠡᠭ᠌ᠵᠢᠭᠦᠯᠦᠭ᠌ᠰᠡᠨ ᠭᠠᠳᠠᠭᠠᠳᠤ᠎ᠶ᠋ᠢᠨ ᠬᠥᠮᠦᠰ᠎ᠤᠨ ᠬᠢᠯᠢ᠎ᠪᠡᠷ ᠣᠷᠣᠬᠤ ᠺᠠᠷᠲ᠎ᠢ ᠰᠦᠯᠵᠢᠶᠡᠨ ᠳᠡᠭᠡᠷ᠎ᠡ ᠲᠠᠭ᠍ᠯᠠᠬᠤ ᠲᠥᠷᠥ᠎ᠶ᠋ᠢᠨ ᠪᠣᠳᠣᠯᠭ᠎ᠠ ᠪᠣᠯ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠭᠠᠷᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ 10 ᠵᠦᠶ᠋ᠯ᠎ᠦᠨ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠶ᠋ᠢᠨ ᠨᠢᠭᠡ ᠪᠣᠯᠤᠨ᠎ᠠ᠃ ᠭᠠᠳᠠᠭᠠᠳᠤ᠎ᠶ᠋ᠢᠨ ᠠᠶᠠᠨᠴᠢᠳ ᠳᠤᠮᠳᠠᠳᠤ ᠤᠯᠤᠰ᠎ᠲᠤ ᠢᠷᠡᠬᠦ᠌᠎ᠡᠴᠡ ᠡᠮᠦᠨ᠎ᠡ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠵᠠᠰᠠᠭ᠎ᠤᠨ ᠣᠷᠳᠣᠨ᠎ᠤ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠂ 《ᠨᠡᠭᠦᠳᠡᠯ ᠠᠷᠠᠳ᠎ᠤᠨ ᠲᠣᠪᠴᠢᠶ᠎ᠠ᠎ᠶ᠋ᠢᠨ 12367》 APP᠂ ᠵᠢᠷᠬᠢᠶ᠎ᠠ ᠵᠢᠨ ᠵᠢᠵᠢᠭ ᠫᠷᠤᠭ᠌ᠷᠠᠮ ᠪᠤᠶᠤ ᠬᠢᠯᠢ ᠪᠡᠷ ᠣᠷᠣᠬᠤ ᠺᠠᠷᠲ᠎ᠢ ᠱᠢᠷᠪᠢᠵᠦ᠍ ᠺᠣᠳ᠋ ᠲᠠᠭ᠍ᠯᠠᠬᠤ ᠵᠡᠷᠭᠡ ᠣᠯᠠᠨ ᠵᠦᠶ᠋ᠯ᠎ᠦᠨ ᠠᠷᠭ᠎ᠠ ᠵᠠᠮ᠎ᠢᠶᠠᠷ ᠬᠢᠯᠢ ᠪᠡᠷ ᠣᠷᠣᠬᠤ ᠮᠡᠳᠡᠭᠡ ᠵᠠᠩᠭᠢ᠎ᠶ᠋ᠢ ᠰᠦᠯᠵᠢᠶᠡᠨ ᠳᠡᠭᠡᠷ᠎ᠡ ᠤᠷᠢᠳᠴᠢᠯᠠᠨ ᠲᠠᠭ᠍ᠯᠠᠨ ᠮᠡᠳᠡᠭᠦᠯᠵᠦ᠍ ᠪᠣᠯᠤᠨ᠎ᠠ᠃ ᠰᠦᠯᠵᠢᠶᠡᠨ ᠳᠡᠭᠡᠷ᠎ᠡ ᠲᠠᠭ᠍ᠯᠠᠨ ᠮᠡᠳᠡᠭᠦᠯᠬᠦ᠌ ᠨᠥᠬᠥᠴᠡᠯ᠎ᠳᠤ ᠬᠦᠷᠦᠭᠰᠡᠨ ᠦᠬᠡᠢ ᠠᠶᠠᠨᠴᠢᠳ ᠪᠣᠯ ᠬᠢᠯᠢ ᠵᠢᠨ ᠪᠣᠭᠣᠮᠲᠠ᠎ᠳᠤ ᠭᠦᠷᠦᠭ᠌ᠰᠡᠨᠦ ᠳᠠᠷᠠᠭ᠎ᠠ ᠮᠥᠨ ᠬᠦ᠌ ᠲᠤᠬᠠᠶ᠎ᠶ᠋ᠢᠨ ᠲᠠᠯᠠᠪᠤᠷ᠎ᠤᠨ ᠤᠶᠤᠨᠲᠤ ᠲᠥᠬᠥᠭᠡᠷᠦᠮᠵᠢ ᠡᠰᠡᠬᠦᠯ᠎ᠠ ᠴᠠᠭᠠᠰᠤᠨ ᠲᠡᠭᠡᠷ᠎ᠠ ᠬᠢᠯᠢ ᠪᠡᠷ ᠣᠷᠣᠬᠤ ᠭᠤᠶᠤᠴᠢᠯᠠᠯ ᠵᠢᠡᠨ ᠬᠦᠢᠴᠡᠳᠭᠡᠵᠤ ᠪᠤᠯᠤᠨ᠎ᠠ᠃ ᠬᠢᠯᠢ᠎ᠳᠤ ᠤᠷᠤᠬᠤ 7 ᠲᠥᠷᠥᠯ᠎ᠦᠨ ᠨᠥᠬᠥᠴᠡᠯ᠎ᠳᠦ ᠪᠦᠷ ᠨᠡᠢᠴᠡᠬᠰᠡᠨ ᠭᠠᠳᠠᠭᠠᠳᠤ᠎ᠶ᠋ᠢᠨ ᠠᠶᠠᠨᠴᠢᠳ ᠪᠠᠰᠠ ᠲᠠᠭ᠍ᠯᠠᠨ ᠮᠡᠳᠡᠭᠦᠯᠬᠦ᠌᠎ᠡᠴᠡ ᠭᠡᠯᠳᠦᠷᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠭᠥᠷᠳᠡᠵᠦ᠍᠂ ᠰᠠᠭᠠᠳ ᠦᠬᠡᠢ ᠪᠣᠭᠣᠮᠲᠠ᠎ᠪᠠᠷ ᠥᠩᠭᠡᠷᠡᠭᠦᠯᠬᠦ᠌᠎ᠶ᠋ᠢ ᠪᠡᠶᠡᠯᠡᠭᠦᠯᠵᠦ᠍ ᠪᠣᠯᠤᠨ᠎ᠠ᠃
ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠯᠠᠪᠳᠠᠭᠤᠨ ᠪᠠᠲᠤᠲᠠᠶ ᠨᠠᠢᠳᠠᠪᠤᠷᠢᠵᠢᠭᠤᠯᠬᠤ᠎ᠶ᠋ᠢᠨ ᠲᠥᠯᠥᠭᠡ ᠮᠠᠨᠵᠤᠤᠷ᠎ᠤᠨ ᠬᠢᠯᠢ᠎ᠶ᠋ᠢᠨ ᠪᠠᠢᠴᠠᠭᠠᠬᠤ ᠥᠷᠲᠡᠭᠡ ᠵᠥᠭᠡᠯᠡᠨ ᠬᠠᠲᠠᠭᠤ ᠲᠣᠨᠣᠭ ᠲᠥᠬᠥᠭᠡᠷᠦᠮᠵᠢ᠎ᠶ᠋ᠢᠨ ᠪᠠᠲᠤᠯᠠᠭ᠎ᠠ᠎ᠶ᠋ᠢ ᠴᠢᠩᠭᠠᠳᠭᠠᠬᠤ᠂ ᠪᠥᠬᠥ᠌ ᠠᠵᠢᠯᠲᠠᠨ᠎ᠤ ᠲᠤᠰᠭᠠᠶ ᠰᠡᠳᠦᠪᠲᠦ ᠪᠣᠯᠪᠠᠰᠤᠷᠠᠯᠡᠷᠬᠢᠯᠡᠬᠦ᠂ ᠲᠥᠷᠥ᠎ᠶ᠋ᠢᠨ ᠪᠣᠳᠣᠯᠭ᠎ᠠ᠎ᠶ᠋ᠢ ᠣᠯᠠᠨ ᠠᠷᠭ᠎ᠠ ᠵᠠᠮ᠎ᠢᠶᠠᠷ ᠤᠬᠠᠭᠤᠯᠤᠨ ᠲᠠᠢᠯᠪᠤᠷᠢᠯᠠᠬᠤ᠂ ᠪᠠᠴᠢᠮ ᠪᠠᠢᠳᠠᠯ᠎ᠢ ᠠᠷᠭᠠᠴᠠᠭᠠᠬᠤ ᠲᠤᠰᠭᠠᠶ ᠲᠥᠰᠦᠯ ᠲᠣᠭ᠍ᠲᠠᠭᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ᠂ ᠬᠢᠯᠢ ᠪᠡᠷ ᠣᠷᠣᠬᠤ ᠪᠠᠢᠴᠠᠭᠠᠨ ᠱᠢᠯᠭᠠᠬᠤ ᠶᠠᠪᠤᠴᠠ ᠵᠢ ᠪᠥᠬᠥ᠌ ᠲᠠᠯ᠎ᠠ᠎ᠪᠠᠷ ᠱᠢᠯᠢᠳᠡᠭ᠌ᠵᠢᠭᠦᠯᠦᠭᠰᠡᠨ ᠪᠠᠢᠨ᠎ᠠ᠃
ᠣᠢᠷ᠎ᠠ᠎ᠶ᠋ᠢᠨ ᠵᠢᠯ᠎ᠳᠦ ᠮᠠᠨᠵᠤᠤᠷᠲᠸ᠋ ᠢᠷᠡᠵᠤ ᠵᠢᠭᠤᠯᠴᠢᠯᠠᠬᠤ᠌ ᠬᠦᠮᠤᠨ᠎ᠤ ᠲᠣᠭ᠎ᠠ ᠦᠷᠭᠦᠯᠵᠢᠯᠡᠨ ᠨᠡᠮᠡᠭ᠌ᠳᠡᠵᠦ᠍᠂ ᠢᠯᠠᠩᠭᠤᠶ᠎ᠠ ᠣᠷᠣᠰ᠎ᠤᠨ ᠡᠩ᠎ᠦᠨ ᠫᠠᠰᠫᠣᠷᠲ᠎ᠲᠠᠶ ᠬᠥᠮᠦᠰ᠎ᠲᠦ ᠸᠢᠰᠠ ᠭᠡᠷᠡᠭᠰᠡᠬᠦ ᠦᠭᠡᠢ ᠲᠥᠷᠥ᠎ᠶ᠋ᠢᠨ ᠪᠣᠳᠣᠯᠭ᠎ᠠ᠎ᠶ᠋ᠢ ᠲᠤᠷᠱᠢᠨ ᠬᠡᠷᠡᠭ᠌ᠵᠢᠭᠦᠯᠦᠭ᠌ᠰᠡᠨ᠎ᠦ ᠳᠠᠷᠠᠭ᠎ᠠ ᠬᠢᠯᠢ ᠠᠯᠤᠰᠯᠠᠭ᠍ᠰᠠᠨ ᠬᠥᠮᠦᠰ᠎ᠦᠨ ᠶᠠᠪᠤᠯᠴᠠᠭ᠎ᠠ ᠶᠠᠪᠤᠬᠤ ᠲᠤᠲᠤᠮ ᠣᠯᠠᠱᠢᠷᠠᠵᠤ ᠪᠠᠢᠨ᠎ᠠ᠃ ᠲᠣᠰ ᠤᠳᠠᠭᠠᠨ᠎ᠤ ᠡᠯᠧᠺᠲ᠋ᠷᠣᠨ ᠲᠠᠭ᠍ᠯᠠᠨ ᠮᠡᠳᠡᠭᠦᠯᠬᠦ᠌ ᠱᠢᠰᠲ᠋ᠧᠮ᠎ᠢ ᠡᠬᠢᠯᠡᠨ ᠬᠡᠷᠡᠭ᠌ᠯᠡᠭ᠌ᠰᠡᠨ ᠨᠢ ᠳᠤᠮᠳᠠᠳᠤ ᠣᠷᠣᠰ᠎ᠤᠨ ᠬᠢᠯᠢ ᠠᠯᠤᠰᠯᠠᠭ᠍ᠰᠠᠨ ᠵᠢᠭᠤᠯᠴᠢᠯᠠᠯ᠂ ᠬᠤᠳᠠᠯᠳᠤᠭᠠᠨ᠎ᠤ ᠶᠠᠪᠤᠳᠠᠯ ᠵᠡᠷᠭᠡ ᠬᠥᠮᠦᠰ᠎ᠦᠨ ᠰᠣᠯᠢᠯᠴᠠᠭ᠎ᠠ᠎ᠳᠤ ᠤᠯᠠᠮ ᠨᠢᠭᠡ ᠠᠯᠬᠤᠮ ᠲᠥᠬᠥᠮ ᠦᠵᠡᠭᠦᠯᠬᠦ᠌ ᠪᠣᠯᠤᠨ᠎ᠠ᠃