2025 ᠣᠨ᠎ᠤ 《 ᠦᠨᠳᠦᠰᠦᠨ ᠬᠠᠤᠯᠢ᠎ᠶᠢᠨ ᠤᠬᠠᠭᠤᠯᠭ᠎ᠠ᠎ᠶᠢᠨ ᠭᠠᠷᠠᠭ 》 ᠤ᠋ᠨ ᠬᠤᠭᠤᠴᠠᠭᠠᠨ᠎ᠳᠤ᠂ ᠬᠥᠬᠡᠬᠣᠲᠠ᠎ᠶᠢᠨ ᠠᠷᠠᠳ ᠤ᠋ᠨ ᠪᠠᠢᠴᠠᠭᠠᠬᠤ ᠪᠠᠢᠭᠤᠯᠭ᠎ᠠ 《ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠦᠨᠳᠦᠰᠦᠨ ᠬᠠᠤᠯᠢ᠎ᠶᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠬᠤ᠎ᠶᠢ ᠠᠬᠢᠭᠤᠯᠬᠤ 》 ᠭᠣᠣᠯ ᠰᠡᠳᠦᠪ᠎ᠦᠨ ᠲᠣᠭᠣᠷᠢᠨ᠎ᠳᠤ᠂ 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ 》 ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠬᠡᠵᠦ᠂ ᠣᠯᠠᠨ ᠰᠠᠯᠠᠭ᠎ᠠ ᠮᠥᠴᠢᠷ ᠲᠠᠢ ᠬᠣᠯᠪᠤᠭᠠᠯᠠᠨ ᠬᠥᠳᠡᠯᠦᠯᠴᠡᠵᠦ᠂ ᠪᠥᠬᠥ ᠬᠣᠲᠠ᠎ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ᠎ᠦᠨ ᠴᠡᠴᠡᠷᠯᠢᠭ᠎ᠲᠦ ᠭᠦᠨᠵᠡᠭᠡᠢᠷᠡᠵᠦ᠂ ᠠᠯᠢ ᠣᠯᠠᠨ ᠬᠡᠯᠪᠡᠷᠢ ᠨᠢ ᠰᠢᠨ᠎ᠡ ᠰᠡᠪᠡᠭᠦᠨ ᠂ ᠠᠭᠤᠯᠭ᠎ᠠ ᠨᠢ ᠠᠮᠢᠳᠤᠯᠢᠭ᠋ ᠵᠠᠯᠠᠭᠤᠴᠤᠳ ᠪᠠᠭᠠᠴᠤᠳ᠎ᠤᠨ ᠬᠠᠤᠯᠢ ᠪᠡᠷ ᠵᠠᠰᠠᠬᠤ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢ ᠥᠷᠨᠢᠭᠦᠯᠪᠡ᠃
11 ᠰᠠᠷ᠎ᠠ᠎ᠶᠢᠨ 30 ᠤ᠋ ᠡᠳᠦᠷ᠂ ᠬᠦᠬᠡᠬᠣᠲᠠ᠎ᠶᠢᠨ ᠠᠷᠠᠳ ᠤ᠋ᠨ ᠪᠠᠢᠴᠠᠭᠠᠬᠤ ᠬᠣᠷᠢᠶ᠎ᠠ ᠤᠯᠠᠨ ᠰᠠᠯᠠᠭ᠎ᠠ ᠮᠦᠴᠢᠷ ᠲᠠᠢ ᠬᠠᠮᠳᠤᠷᠠᠨ ᠤᠬᠠᠭᠠᠯᠠᠨ ᠲᠦᠰᠦᠪᠯᠡᠵᠦ ᠶᠠᠪᠤᠬᠳᠠᠭᠤᠯᠤᠬᠰᠠᠨ 《 ᠪᠢᠴᠢᠬᠠᠨ ᠬᠠᠤᠯᠢ ᠲᠦᠭᠡᠮᠡᠯᠵᠢᠭᠦᠯᠬᠦ ᠠᠵᠢᠯᠲᠠᠨ 》 ᠤ᠋ ᠦᠨᠳᠦᠰᠦᠨ ᠬᠠᠤᠯᠢ᠎ᠶᠢᠨ ᠤᠬᠠᠭᠤᠯᠭ᠎ᠠ ᠬᠥᠮᠦᠵᠢᠯ᠎ᠦᠨ ᠰᠠᠭᠤᠷᠢᠨ᠎ᠢ ᠲᠣᠭᠣᠷᠢᠨ ᠦᠵᠡᠬᠦ ᠠᠵᠢᠯᠯᠠᠭ᠎ᠠ ᠵᠢᠩᠬᠢᠨᠢ᠎ᠪᠡᠷ ᠡᠬᠢᠯᠡᠵᠦ᠂ ᠪᠥᠬᠥ ᠬᠣᠲᠠ᠎ᠶᠢᠨ ᠬᠡᠰᠡᠭ ᠭᠡᠷ ᠪᠦᠯᠢ ᠵᠢᠨ ᠬᠢᠨ ᠳᠦ ᠨᠢᠭᠡ ᠤᠳᠠᠭᠠᠨ᠎ᠤ ᠥᠪᠡᠷᠮᠢᠴᠡ ᠣᠨᠴᠠᠯᠢᠭ᠋᠎ᠲᠠᠢ ᠬᠠᠤᠯᠢ ᠪᠡᠷ ᠵᠠᠰᠠᠬᠤ ᠬᠥᠮᠦᠵᠢᠯ᠎ᠦᠨ ᠪᠡᠶᠡᠴᠢᠯᠡᠨ ᠣᠢᠯᠠᠭᠠᠯᠲᠠ ᠬᠢᠪᠡ᠃ ᠠᠵᠢᠯᠯᠠᠭ᠎ᠠ᠎ᠳᠦ᠂ 25 ᠭᠡᠷ ᠪᠦᠯᠢ ᠵᠢᠨ ᠬᠢᠨ ᠬᠦᠬᠡᠬᠣᠲᠠ᠎ᠶᠢᠨ ᠬᠠᠤᠯᠢ ᠴᠠᠭᠠᠵᠠ᠎ᠶᠢᠨ ᠲᠣᠪᠴᠢᠶ᠎ᠠ᠎ᠶᠢᠨ ᠦᠨᠳᠦᠰᠦᠨ ᠬᠠᠤᠯᠢ᠎ᠶᠢᠨ ᠤᠬᠠᠭᠤᠯᠭ᠎ᠠ ᠬᠥᠮᠦᠵᠢᠯ᠎ᠦᠨ ᠰᠠᠭᠤᠷᠢᠨ ᠳ᠋ᠸ᠋ ᠬᠦᠷᠴᠦ᠂ ᠮᠠᠨ᠎ᠤ ᠤᠯᠤᠰ᠎ᠤᠨ ᠦᠨᠳᠦᠰᠦᠨ ᠬᠠᠤᠯᠢ᠎ᠶᠢᠨ ᠬᠥᠭᠵᠢᠯᠲᠡ᠎ᠶᠢᠨ ᠥᠩᠭᠡᠷᠡᠯᠲᠡ ᠪᠠ ᠴᠠᠭ ᠦᠶ᠎ᠡ᠎ᠶᠢᠨ ᠦᠨ᠎ᠡ ᠥᠷᠲᠡᠭ᠎ᠢ ᠰᠢᠰᠲᠧᠮ᠎ᠲᠠᠢ ᠣᠢᠯᠠᠭᠠᠪᠠ᠃ ᠪᠠᠢᠴᠠᠭᠠᠬᠤ ᠲᠤᠰᠢᠶᠠᠯᠳᠠᠨ ᠡᠴᠨ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠦ ᠴᠤᠬᠴᠠᠯᠠᠬᠤ᠂ ᠦᠨᠳᠦᠰᠦᠨ ᠬᠠᠤᠯᠢ᠎ᠶᠢᠨ ᠵᠣᠷᠢᠭ᠋ ᠰᠠᠨᠠᠭ᠎ᠠ᠎ᠶᠢ ᠪᠠᠲᠤ ᠪᠡᠬᠢ ᠪᠤᠢ ᠪᠣᠯᠭᠠᠬᠤ ᠵᠡᠷᠭᠡ ᠠᠭᠤᠯᠭ᠎ᠠ᠎ᠶᠢᠨ ᠲᠤᠬᠠᠢ ᠲᠠᠢᠯᠤᠮᠵᠢ ᠬᠢᠵᠦ᠂ 《 ᠦᠨᠳᠦᠰᠦᠨ ᠬᠠᠤᠯᠢ᠎ᠶᠢᠨ ᠵᠣᠷᠢᠭ᠋ ᠰᠠᠨᠠᠭ᠎ᠠ 》 ᠶ᠋ᠢ ᠵᠠᠯᠠᠭᠤᠴᠤᠳ ᠪᠠᠭᠠᠴᠤᠳ᠎ᠤᠨ ᠰᠡᠷᠡᠵᠦ ᠮᠡᠳᠡᠵᠦ ᠪᠣᠯᠬᠤ᠂ ᠣᠢᠯᠠᠭᠠᠵᠤ ᠪᠣᠯᠬᠤ᠂ ᠰᠤᠷᠴᠤ ᠪᠣᠯᠬᠤ ᠪᠣᠳᠠᠲᠠᠢ ᠠᠭᠤᠯᠭ᠎ᠠ ᠪᠣᠯᠭᠠᠨ ᠬᠤᠪᠢᠷᠠᠭᠤᠯᠵᠤ᠂ ᠬᠠᠤᠯᠢ ᠪᠡᠷ ᠵᠠᠰᠠᠬᠤ ᠢᠲᠡᠭᠡᠯ ᠪᠢᠰᠢᠷᠡᠯ ᠦᠨ ᠦᠷ᠎ᠡ᠎ᠶᠢ ᠨᠡᠩ ᠥᠷᠭᠡᠨ ᠠᠭᠤᠳᠠᠮ ᠨᠡᠢᠭᠡᠮ᠎ᠦᠨ ᠬᠥᠷᠥᠰᠥᠨ᠎ᠳᠦ ᠦᠨᠳᠦᠰᠦᠯᠡᠭᠦᠯᠦᠨ ᠰᠣᠶᠣᠭᠠᠯᠠᠭᠤᠯᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号