ᠲᠤᠭ᠎ᠢ ᠦᠨᠳᠦᠷ ᠮᠠᠨᠳᠤᠭᠤᠯᠤᠨ ᠰᠡᠳᠬᠢᠯ᠎ᠢᠶᠡᠨ ᠨᠢᠭ᠍ᠲᠠᠷᠠᠭᠤᠯᠵᠤ ᠰᠦᠭ ᠰᠦᠯᠳᠡ ᠵᠢ ᠱᠤᠭᠤᠵᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ ᠬᠦᠭᠵᠢᠯᠳᠡ ᠵᠢ ᠠᠬᠢᠭᠤᠯᠤᠨ᠎ᠠ
2025-12-10 11:12:14
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

12 ᠰᠠᠷ᠎ᠠ᠎ᠶᠢᠨ 8 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠵᠢᠨ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠬᠤᠷᠠᠯ ᠬᠤᠷᠠᠯᠳᠤᠭᠤᠯᠪᠠ᠃ ᠬᠤᠷᠠᠯ ᠡᠴᠨ᠂ ᠰᠢ ᠵᠢᠨ ᠫᠢᠩ ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠬᠢᠬᠡᠳ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠣᠳᠣᠬᠠᠨ᠎ᠤ ᠪᠠ ᠬᠣᠢᠰᠢᠳᠠ᠎ᠶᠢᠨ ᠬᠡᠰᠡᠭ ᠬᠤᠭᠤᠴᠠᠭᠠᠨ᠎ᠤ ᠪᠠᠢᠴᠠᠭᠠᠬᠤ ᠪᠠᠢᠭᠤᠯᠭ᠎ᠠ ᠵᠢᠨ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠰᠤᠳᠤᠯᠤᠨ ᠪᠠᠢᠷᠢᠯᠠᠭᠤᠯᠪᠠ᠃ 

ᠬᠤᠷᠠᠯ ᠡᠴᠨ᠂ ᠤᠯᠤᠰ ᠲᠦᠷᠦ ᠎ᠶᠢᠨ ᠵᠣᠭᠰᠣᠴᠠ ᠎ᠪᠠᠨ ᠳᠡᠭᠡᠭᠰᠢᠯᠡᠭᠦᠯᠵᠦ᠂ ᠪᠠᠢᠴᠠᠭᠠᠬᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠨ ᠪᠠᠲᠤᠯᠠᠭ᠎ᠠ ᠬᠠᠩᠭᠠᠬᠤ᠎ᠳᠤ ᠪᠠᠲᠤ ᠴᠢᠩᠭ᠎ᠠ ᠦᠵᠡᠯ ᠰᠠᠨᠠᠭᠠᠨ᠎ᠤ ᠪᠠᠲᠤᠯᠠᠭ᠎ᠠ ᠬᠠᠩᠭᠠᠬᠤ ᠬᠡᠷᠡᠭᠲᠡᠢ᠃ ᠪᠠᠢᠴᠠᠭᠠᠬᠤ ᠠᠵᠢᠯ᠎ᠳᠠᠬᠢ ᠨᠠᠮ ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠪᠦᠬᠦ ᠪᠠᠢᠴᠠᠭᠠᠬᠤ ᠠᠵᠢᠯᠲᠠᠨ ᠎ᠢ ᠬᠥᠲᠥᠯᠥᠨ ᠵᠢᠯᠤᠭᠣᠳᠴᠤ 《ᠬᠣᠶᠠᠷ᠎ᠢ ᠲᠤᠬᠳᠠᠭᠠᠬᠰᠠᠨ》 ᠎ᠢ᠋ ᠡᠷᠡᠰ ᠬᠦᠷᠢᠶᠡᠯᠡᠵᠦ᠂ 《ᠬᠣᠶᠠᠷ ᠎ᠢ ᠬᠠᠮᠠᠭᠠᠯᠠᠬᠤ 》 ᠵᠢ ᠡᠷᠡᠰ ᠪᠡᠶᠡᠯᠡᠭᠦᠯᠬᠦ ᠢᠯᠡ ᠲᠣᠳᠣ᠌ ᠤᠯᠤᠰ ᠲᠥᠷᠦ᠎ᠶᠢᠨ ᠰᠠᠭᠤᠷᠢ᠎ᠶᠢ ᠦᠷᠭᠦᠯᠵᠢᠯᠡᠨ ᠲᠤᠳᠤᠳᠬᠠᠬᠤ ᠬᠡᠷᠡᠭᠳᠡᠢ᠃ ᠨᠠᠮ᠎ᠤᠨ ᠰᠢᠨ᠎ᠡ᠎ᠡᠭᠦᠳᠦᠯᠳᠡ ᠵᠢᠨ ᠤᠨᠤᠯ᠎ᠢᠶᠠᠷ ᠲᠠᠷᠢᠬᠢ ᠲᠣᠯᠣᠭᠠᠢ᠎ᠪᠠᠨ ᠵᠡᠪᠰᠡᠭᠯᠡᠬᠦ᠎ᠶᠢ ᠪᠠᠷᠢᠮᠲᠠᠯᠠᠵᠤ᠂ ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ᠎ᠶᠢᠨ ᠨᠠᠮ ᠎ᠤᠨ  ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠰᠤᠷᠤᠯᠴᠠᠯᠭ᠎ᠠ ᠤᠬᠠᠭᠤᠯᠭ᠎ᠠ᠎ᠶᠢ ᠪᠣᠳᠠᠲᠠᠢ ᠪᠡᠷ ᠬᠢᠬᠦ ᠬᠡᠷᠡᠭᠳᠡᠢ᠃ ᠭᠣᠣᠯᠳᠠᠯᠭ᠎ᠠ ᠎ᠲᠠᠢ ᠡᠭᠦᠷᠭᠡ᠎ᠶᠢ ᠲᠣᠪᠤᠢᠯᠭᠠᠨ᠂ 《ᠭᠤᠷᠪᠠᠨ ᠵᠢᠯ᠎ᠳᠦ ᠨᠢᠭᠡ ᠬᠤᠪᠢᠷᠠᠭᠤᠯᠬᠤ 》 ᠬᠠᠷᠠᠯᠲᠠ ᠱᠠᠭᠠᠷᠳᠠᠯᠭ᠎ᠠ᠎ᠶᠢ ᠪᠡᠶᠡᠯᠡᠭᠦᠯᠬᠦ᠎ᠳᠦ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ ᠬᠠᠩᠭᠠᠬᠤ ᠬᠡᠷᠡᠭᠲᠡᠢ᠃ ᠪᠠᠢᠴᠠᠭᠠᠬᠤ ᠠᠵᠢᠯ᠎ᠤᠨ ᠭᠣᠣᠯ ᠤᠷᠤᠰᠬᠠᠯ᠎ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠎ᠶᠢ ᠦᠷᠭᠦᠯᠵᠢᠯᠡᠨ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠪᠠᠢᠴᠠᠭᠠᠬᠤ ᠠᠵᠢᠯ᠎ᠤᠨ ᠪᠦᠬᠦ ᠵᠠᠭᠤᠴᠢᠯᠠᠭᠤᠷ᠎ᠤᠨ ᠳᠠᠮᠵᠢᠭᠤᠯᠭ᠎ᠠ᠎ᠶᠢᠨ ᠬᠡᠯᠬᠢᠶ᠎ᠡ᠎ᠶᠢ ᠰᠢᠯᠢᠳᠡᠭᠵᠢᠭᠦᠯᠦᠨ ᠠᠮᠢᠳᠤᠯᠢᠭ᠋ ᠪᠣᠯᠭᠠᠵᠤ᠂ ᠪᠠᠢᠴᠠᠭᠠᠬᠤ ᠠᠵᠢᠯ᠎ᠤᠨ ᠪᠠᠭᠠᠲᠤᠷ ᠵᠢᠱ᠌ᠢᠶᠡᠴᠢ᠎ᠶᠢ ᠬᠥᠮᠥᠵᠢᠭᠦᠯᠦᠨ ᠪᠣᠢ ᠪᠣᠯᠭᠠᠬᠤ ᠤᠬᠠᠭᠤᠯᠭ᠎ᠠ ᠵᠢ ᠨᠠᠷᠢᠯᠢᠭ᠋ ᠭᠦᠨᠵᠡᠭᠡᠢ ᠬᠢᠬᠦ ᠬᠡᠷᠡᠭᠳᠡᠢ ᠬᠡᠵᠦ ᠴᠢᠬᠤᠯᠠᠴᠢᠯᠠᠵᠠᠢ᠃ 

ᠬᠤᠷᠠᠯ᠎ᠡᠴᠨ᠂ ᠦᠪᠦᠷ ᠮᠤᠩᠭᠤᠯ  ᠤ᠋ᠨ ᠪᠠᠢᠴᠠᠭᠠᠬᠤ ᠪᠠᠢᠭᠤᠯᠭ᠎ᠠ᠎ᠶᠢᠨ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠪᠠᠢᠳᠠᠯ᠂ ᠬᠣᠶᠠᠳᠤᠭᠠᠷ ᠬᠤᠭᠤᠴᠠᠭᠠᠨ᠎ᠤ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ᠎ᠶᠢᠨ ᠰᠣᠶᠣᠯ᠎ᠤᠨ ᠲᠥᠷᠥᠯ ᠲᠡᠮᠳᠡᠭ᠎ᠢ ᠰᠣᠩᠭᠣᠨ ᠱᠤᠭᠤᠵᠤ ᠲᠡᠯᠬᠡᠨ ᠦᠵᠡᠬᠦᠯᠬᠦ ᠠᠵᠢᠯᠯᠠᠭ᠎ᠠ᠎ᠶᠢᠨ ᠰᠢᠯᠭᠠᠷᠠᠭᠤᠯᠤᠯᠲᠠ᠎ᠶᠢᠨ ᠦᠷ᠎ᠡ ᠳ᠋ᠦᠩ᠎ᠢ ᠵᠠᠷᠯᠠᠨ ᠮᠡᠳᠡᠭᠳᠡᠭᠰᠡᠨ ᠪᠥᠭᠡᠳ ᠱᠠᠩᠨᠠᠯ ᠭᠥᠷᠳᠡᠭᠰᠡᠨ ᠲᠥᠷᠥᠯ ᠲᠡᠮᠳᠡᠭ᠎ᠲᠦ ᠱᠠᠩᠨᠠᠯ ᠭᠠᠷᠳᠠᠭᠤᠯᠪᠠ᠃ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ᠎ᠶᠢᠨ 《ᠭᠤᠷᠪᠠᠨ ᠬᠠᠮᠤᠬ ᠤ᠋ᠨ ᠰᠢᠯᠢᠳᠡᠭ ᠪᠠ ᠭᠤᠷᠪᠠᠨ ᠰᠢᠯᠢᠳᠡᠭ》 ᠰᠣᠶᠣᠯ᠎ᠤᠨ ᠲᠦᠷᠦᠯ ᠲᠡᠮᠳᠡᠭ ᠤ᠋ᠨ ᠱᠠᠩᠨᠠᠯ ᠭᠥᠷᠳᠡᠭᠰᠡᠨ ᠲᠥᠯᠥᠭᠡᠯᠡᠭᠴᠢ ᠪᠤᠳᠤᠯ ᠰᠠᠨᠠᠯ᠎ᠢᠶᠠᠨ ᠰᠣᠯᠢᠯᠴᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号