ᠦᠨᠳᠦᠰᠦᠨ ᠬᠠᠤᠯᠢ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠵᠦ᠍ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠎ᠠ
2025-12-10 11:16:23
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ ᠎ᠶ᠋ᠢ ᠶᠡᠬᠡ᠎ᠪᠡᠷ ᠪᠠᠳᠠᠷᠠᠭᠤᠯᠵᠤ᠂ ᠦᠨᠳᠦᠰᠦᠨ ᠬᠠᠤᠯᠢ᠎ᠶ᠋ᠢᠨ ᠡᠷᠬᠡ ᠰᠦᠷ᠎ᠢ ᠬᠠᠮᠠᠭᠠᠯᠠᠬᠤ᠎ᠶ᠋ᠢᠨ ᠲᠥᠯᠥᠭᠡ᠂ ᠣᠢᠷ᠎ᠠ᠎ᠶ᠋ᠢᠨ ᠡᠳᠦᠷ᠂ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ᠌ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠶ ᠥᠷᠲᠡᠭᠡ᠎ᠶ᠋ᠢᠨ ᠬᠢᠩᠭᠠᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ 《ᠦᠨᠳᠦᠰᠦᠨ ᠬᠠᠤᠯᠢ᠎ᠶ᠋ᠢᠨ ᠤᠬᠠᠭᠤᠯᠭ᠎ᠠ᠎ᠶ᠋ᠢᠨ ᠭᠠᠷᠠᠭ》 ᠤ᠋ᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠬᠠᠤᠯᠢ᠎ᠶ᠋ᠢ ᠬᠦᠨᠳᠦᠳᠭᠡᠬᠦ᠌᠂ ᠬᠠᠤᠯᠢ᠎ᠶ᠋ᠢ ᠰᠤᠷᠤᠯᠴᠠᠬᠤ᠂ ᠬᠠᠤᠯᠢ᠎ᠶ᠋ᠢ ᠰᠠᠬᠢᠬᠤ᠂ ᠬᠠᠤᠯᠢ᠎ᠶ᠋ᠢ ᠬᠡᠷᠡᠭ᠌ᠯᠡᠬᠦ᠌᠂ ᠬᠠᠤᠯᠢ᠎ᠪᠠᠷ ᠵᠠᠰᠠᠬᠤ ᠠᠭᠤᠷ ᠠᠮᠢᠰᠭᠤᠯ᠎ᠢ ᠪᠣᠶ ᠪᠣᠯᠭᠠᠪᠠ᠃

ᠲᠣᠰ ᠰᠠᠯᠪᠤᠷᠢ ᠠᠩᠭᠢ᠎ᠶ᠋ᠢᠨ ᠡᠯ᠎ᠡ ᠬᠢᠯᠢ᠎ᠶ᠋ᠢᠨ ᠪᠠᠢᠴᠠᠭᠠᠬᠤ ᠥᠷᠲᠡᠭᠡ᠎ᠨᠢ ᠪᠠᠢᠴᠠᠭᠠᠨ ᠱᠢᠯᠭᠠᠬᠤ ᠲᠣᠭᠣᠷᠢᠭ᠎ᠲᠤ ᠬᠦᠷᠴᠦ᠍᠂ ᠤᠬᠠᠭᠤᠯᠭ᠎ᠠ᠎ᠶ᠋ᠢᠨ ᠮᠠᠲ᠋ᠧᠷᠢᠶᠠᠯ ᠲᠠᠷᠬᠠᠭᠠᠬᠤ᠂ ᠲᠤᠬᠠᠶ᠎ᠶ᠋ᠢᠨ ᠲᠠᠯᠠᠪᠠᠶ᠎ᠳᠤ ᠲᠠᠢᠯᠤᠮᠵᠢ ᠬᠢᠬᠦ᠌ ᠵᠡᠷᠭᠡ ᠬᠡᠯᠪᠡᠷᠢ᠎ᠪᠡᠷ ᠳᠠᠮᠵᠢᠨ᠂ ᠠᠶᠠᠨᠴᠢᠳ᠎ᠲᠤ ᠦᠨᠳᠦᠰᠦᠨ ᠬᠠᠤᠯᠢ᠎ᠶ᠋ᠢᠨ ᠠᠭᠤᠯᠭ᠎ᠠ᠎ᠶ᠋ᠢ ᠲᠠᠢᠯᠪᠤᠷᠢᠯᠠᠨ ᠥᠭ᠌ᠴᠦ᠂ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠲᠣᠳᠣᠷᠬᠠᠢᠯᠠᠨ ᠲᠠᠢᠯᠪᠤᠷᠢᠯᠠᠵᠤ᠂ ᠤᠬᠠᠭᠤᠯᠭ᠎ᠠ᠎ᠨᠢ ᠪᠣᠳᠠᠲᠤ ᠪᠠᠢᠳᠠᠯ᠎ᠳᠤ ᠣᠢᠷᠠᠲᠤᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠪᠠᠲᠤᠯᠠᠪᠠ᠃

ᠡᠭᠦᠨ᠎ᠡᠴᠡ ᠭᠠᠳᠠᠨ᠎ᠠ᠂ ᠡᠯ᠎ᠡ ᠬᠢᠯᠢ᠎ᠶ᠋ᠢᠨ ᠲᠣᠮᠢᠯᠠᠭ᠍ᠰᠠᠨ ᠰᠠᠯᠪᠤᠷᠢ ᠵᠢᠨ ᠠᠷᠠᠳ᠎ᠤᠨ ᠴᠠᠭ᠍ᠳᠠᠭ᠎ᠠ᠎ᠨᠠᠷ ᠮᠠᠯᠵᠢᠬᠤ ᠡᠷᠦᠬᠡ᠂ ᠨᠡᠢᠭᠡᠮ ᠲᠣᠭᠣᠷᠢᠭ᠂ ᠰᠤᠷᠭᠠᠭᠤᠯᠢ᠂ ᠠᠵᠤ ᠠᠬᠤᠢᠯᠠᠯ᠎ᠳᠤ ᠭᠦᠨᠵᠡᠭᠡᠢᠷᠡᠵᠦ᠂ ᠬᠠᠷᠢᠶᠠᠲᠤ ᠣᠷᠣᠨ᠎ᠤ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠣᠯᠠᠨ ᠶᠠᠩᠵᠤ ᠬᠡᠯᠪᠡᠷᠢ᠎ᠶ᠋ᠢᠨ ᠬᠠᠤᠯᠢ ᠪᠡᠷ ᠵᠠᠰᠠᠬᠤ ᠪᠢᠴᠢᠯ ᠲᠠᠢᠯᠤᠮᠵᠢ᠂ 《ᠬᠠᠤᠯᠢ ᠪᠡᠷ ᠵᠠᠰᠠᠬᠤ ᠳᠠᠭᠠᠭᠤᠯᠤᠭ᠍ᠴᠢ》 ᠵᠢ ᠰᠤᠡᠭᠭᠤᠨ ᠰᠢᠯᠭᠠᠷᠠᠭᠤᠯᠬᠤ᠂ ᠬᠠᠤᠯᠢ ᠴᠠᠭᠠᠵᠠ᠎ᠶ᠋ᠢᠨ ᠮᠡᠳᠡᠯᠭᠡ᠎ᠶ᠋ᠢᠨ ᠤᠷᠤᠯᠳᠤᠭᠠᠨ ᠵᠡᠷᠭᠡ ᠠᠵᠢᠯᠯᠠᠭ᠎ᠠ᠎ᠥᠷᠨᠢᠭᠦᠯᠵᠦ᠍᠂ ᠣᠯᠠᠨ ᠲᠦᠮᠡᠨ᠎ᠦ ᠦᠵᠡᠵᠦ᠍ ᠰᠣᠨᠣᠰᠭᠤ ᠳᠤᠷᠠᠲᠠᠶ ᠬᠡᠯᠪᠡᠷᠢ᠎ᠪᠡᠷ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠣᠯᠠᠨ ᠲᠦᠮᠡᠨ᠎ᠦ ᠳᠡᠷᠭᠡᠳᠡ ᠬᠦᠷᠭᠡᠵᠦ᠍᠂ ᠣᠯᠠᠨ ᠲᠦᠮᠡᠨ᠎ᠦ ᠰᠡᠳᠭᠢᠯ᠎ᠳᠦ ᠬᠠᠳᠠᠡᠭᠰᠢᠭᠤᠯᠪᠠ᠃

12 ᠰᠠᠷ᠎ᠠ᠎ᠶ᠋ᠢᠨ 4 ᠤ᠋ ᠡᠳᠦᠷ ᠪᠣᠯᠲᠠᠯ᠎ᠠ᠂ ᠲᠣᠰ ᠰᠠᠯᠪᠤᠷᠢ ᠠᠩᠭᠢ᠎ᠶ᠋ᠢᠨ ᠡᠯ᠎ᠡ ᠱᠠᠲᠤᠨ᠎ᠤ ᠬᠢᠨ ᠡᠯ᠎ᠡ ᠲᠥᠷᠥᠯ᠎ᠦᠨ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢ ᠨᠡᠢᠲᠡ 23 ᠤᠳᠠᠭ᠎ᠠ ᠥᠷᠨᠢᠭᠦᠯᠵᠦ᠍᠂ ᠬᠠᠷᠢᠶ᠎ᠠ ᠣᠷᠣᠨ᠎ᠤ 5700 ᠭᠠᠷᠤᠶ ᠣᠯᠠᠨ ᠲᠦᠮᠡᠨ᠎ᠢ ᠰᠤᠷᠪᠤᠯᠵᠢᠯᠠᠨ ᠶᠠᠪᠤᠵᠤ᠂ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠬᠠᠭᠤᠳᠠᠰᠤ᠎ᠶ᠋ᠢ ᠨᠡᠢᠲᠡ 3000 ᠭᠠᠷᠤᠶ ᠬᠤᠪᠢ ᠲᠠᠷᠬᠠᠭᠠᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号