ᠡᠨᠡ ᠵᠢᠯ ᠬᠦᠬᠡᠬᠤᠳᠠ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ ᠵᠢᠴᠢ ᠴᠡᠷᠢᠭ ᠤ᠋ᠨ ᠭᠡᠷ ᠪᠦᠯᠢ ᠵᠢᠨ ᠬᠢᠨ ᠳ᠋ᠤ 1.26 ᠲᠦᠮᠡ ᠭᠠᠷᠤᠶ ᠠᠵᠢᠯ᠎ᠤᠨ ᠪᠠᠢᠷᠢ ᠬᠠᠩᠭᠠᠪᠠ
2025-12-10 09:29:23
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ᠂ ᠠᠷᠪᠠᠨ ᠬᠣᠶᠠᠳᠤᠭᠠᠷ ᠲᠠᠯᠠᠪᠠᠶ 《ᠴᠡᠷᠢᠭ ᠤ᠋ᠨ ᠠᠯᠪᠠ ᠡᠴᠨ ᠬᠠᠯᠠᠬᠳᠠᠨ ᠨᠤᠳᠤᠭ ᠲᠠᠭᠠᠨ ᠪᠤᠴᠠᠵᠤ᠂ ᠠᠵᠢᠯ ᠦᠢᠯᠡᠰ ᠵᠢᠡᠷ ᠢᠷᠡᠭᠡᠳᠦᠢ ᠪᠠᠨ ᠴᠤᠬᠴᠠᠯᠠᠬᠤ》 ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠂ ᠴᠡᠷᠢᠭ᠎ᠦᠨ ᠬᠡᠷ ᠪᠦᠯᠢ᠎ᠶ᠋ᠢᠨ ᠬᠢᠨ ᠤ᠋ ᠲᠤᠰᠭᠠᠶ ᠲᠠᠯᠠᠪᠠᠢ ᠠᠵᠢᠯᠲᠠᠨ ᠠᠵᠢᠯᠴᠢᠨ ᠤᠷᠢᠨ ᠡᠯᠰᠡᠬᠦ᠌ ᠴᠤᠬᠯᠠᠭᠠᠨ ᠬᠥᠬᠡᠬᠣᠲᠠ᠎ᠶ᠋ᠢᠨ ᠨᠡᠢᠭᠡᠮᠴᠢᠯᠡᠭ᠌ᠰᠡᠨ ᠴᠡᠷᠢᠭ᠎ᠢᠶᠡᠨ ᠬᠦᠷᠢᠶᠡᠯᠡᠬᠦ᠌ ᠦᠶ᠋ᠯᠡᠴᠢᠯᠡᠭᠡᠨ᠎ᠦ ᠵᠢᠱ᠌ᠢᠶ᠎ᠡ ᠦᠵᠡᠭᠦᠯᠬᠦ᠌ ᠬᠦᠷᠢᠶᠡᠯᠡᠩ᠎ᠦᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠠᠵᠢᠯ ᠣᠯᠵᠤ ᠦᠶ᠋ᠯᠡᠰ ᠪᠤᠰᠭᠠᠬᠤ ᠦᠶ᠋ᠯᠡᠴᠢᠯᠡᠭᠡᠨ᠎ᠦ ᠲᠥᠪ᠎ᠲᠦ ᠶᠠᠪᠤᠭ᠍ᠳᠠᠪᠠ᠃ ᠠᠵᠢᠯᠯᠠᠭ᠎ᠠ ᠳ᠋ᠤ 1780 ᠭᠠᠷᠤᠶ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ ᠵᠢᠴᠢ ᠴᠡᠷᠢᠭ᠎ᠦᠨ ᠬᠡᠷ ᠪᠦᠯᠢ᠎ᠶ᠋ᠢᠨ ᠬᠢᠨ ᠢᠳᠡᠪᠬᠢᠲᠡᠶ ᠣᠷᠣᠯᠴᠠᠵᠤ᠂ 1377 ᠬᠥᠮᠦᠨ ᠠᠵᠢᠯ ᠣᠯᠭᠣᠬᠤ ᠰᠠᠨᠠᠮᠵᠢ ᠲᠣᠭ᠍ᠲᠠᠵᠠᠢ᠃

ᠣᠢᠯᠠᠭᠠᠭ᠍ᠰᠠᠨ᠎ᠢᠶᠠᠷ᠂ ᠡᠨᠡ ᠵᠢᠯ᠎ᠡᠴᠡ ᠬᠥᠬᠡᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠶᠠᠪᠤᠳᠠᠯ᠎ᠤᠨ ᠲᠣᠪᠴᠢᠶ᠎ᠠ ᠨᠢ ᠴᠡᠷᠢᠭ᠎ᠦᠨ ᠠᠯᠪᠠ᠎ᠠᠴᠠ ᠬᠠᠯᠠᠬᠳᠠᠬᠰᠠᠳ ᠵᠢᠴᠢ ᠴᠡᠷᠢᠭ᠎ᠦᠨ ᠬᠡᠷ ᠪᠦᠯᠢ᠎ᠶ᠋ᠢᠨ ᠬᠢᠨ ᠤ᠋ ᠠᠵᠢᠯ ᠣᠯᠭᠣᠯᠲᠠ᠎ᠶ᠋ᠢᠨ ᠮᠡᠳᠡᠭᠡ ᠵᠠᠩᠭᠢ᠎ᠶ᠋ᠢᠨ ᠬᠥᠮᠥᠷᠭᠡ᠂ ᠠᠵᠤ ᠠᠬᠤᠢᠯᠠᠯ᠎ᠤᠨ ᠠᠵᠢᠯ᠎ᠤᠨ ᠪᠠᠢᠷᠢ᠎ᠶ᠋ᠢᠨ ᠮᠡᠳᠡᠭᠡ ᠵᠠᠩᠭᠢ᠎ᠶ᠋ᠢᠨ ᠬᠥᠮᠥᠷᠭᠡ᠎ᠶ᠋ᠢ ᠴᠠᠭ ᠲᠤᠬᠠᠶ᠎ᠳᠤᠨᠢ ᠱᠢᠨᠡᠳᠭᠡᠵᠦ᠍᠂ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠲᠤ ᠠᠵᠢᠯ᠎ᠤᠨ ᠪᠠᠢᠷᠢ᠎ᠶ᠋ᠢᠨ ᠪᠠᠢᠴᠠᠭᠠᠨ ᠯᠠᠪᠯᠠᠵᠤ ᠲᠠᠨᠢᠯᠴᠠᠭᠤᠯᠬᠤ ᠦᠶ᠋ᠯᠡᠴᠢᠯᠡᠭᠡ ᠬᠠᠩᠭᠠᠵᠤ᠂ ᠠᠵᠤ ᠠᠬᠤᠢᠯᠠᠯ᠎ᠳᠤ ᠣᠨᠣᠴᠠᠲᠠᠶ᠎ᠪᠠᠷ ᠲᠠᠨᠢᠯᠴᠠᠭᠤᠯᠬᠤ ᠦᠶ᠋ᠯᠡᠴᠢᠯᠡᠭᠡ ᠬᠦᠷᠭᠡᠵᠦ᠂ ᠬᠤᠤᠰ ᠴᠢᠭ᠌ᠯᠡᠯ᠎ᠢᠶᠡᠷ ᠲᠠᠨᠢᠯᠴᠠᠭᠤᠯᠬᠤ ᠦᠶ᠋ᠯᠡᠴᠢᠯᠡᠭᠡ᠎ᠶ᠋ᠢ ᠨᠡᠢᠲᠡ 800 ᠭᠠᠷᠤᠶ ᠤᠳᠠᠭ᠎ᠠ ᠪᠡᠶᠡᠯᠡᠭᠦᠯᠵᠦ᠍᠂ ᠠᠵᠤ ᠠᠬᠤᠢᠯᠠᠯ᠎ᠤᠨ ᠠᠵᠢᠯᠲᠠᠨ ᠡᠯᠰᠡᠬᠦ᠌ ᠪᠠ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠠᠵᠢᠯ ᠡᠷᠢᠬᠦ᠌᠎ᠶ᠋ᠢ ᠣᠨᠣᠴᠠᠲᠠᠶ ᠵᠣᠯᠭᠠᠭᠤᠯᠵᠠᠢ᠃ ᠬᠥᠬᠡᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠪᠠᠰᠠ ᠨᠠᠷᠠᠲᠤ ᠲᠦᠷᠦᠯ ᠲᠡᠮᠳᠡᠭ᠎ᠦᠨ ᠪᠠᠢᠭᠤᠯᠤᠯᠲᠠ᠎ᠪᠠᠷ ᠭᠠᠷᠳᠠᠴᠠ ᠪᠣᠯᠭᠠᠵᠤ᠂ ᠬᠦᠬᠡᠬᠣᠲᠠ᠎ᠶ᠋ᠢᠨ ᠠᠵᠢᠯ ᠣᠯᠭᠣᠬᠤ ᠦᠶ᠋ᠯᠡᠰ ᠪᠤᠰᠬᠠᠬᠤ ᠦᠶ᠋ᠯᠡᠴᠢᠯᠡᠭᠡᠨ᠎ᠦ ᠲᠥᠪ᠎ᠲᠦ ᠪᠠᠢᠡᠭᠭᠤᠵᠢᠬᠰᠠᠨ᠂ ᠬᠡᠪᠴᠢᠶᠡᠵᠢᠭ᠌ᠰᠡᠨ ᠲᠤᠰᠭᠠᠶ ᠲᠠᠯᠠᠪᠠᠢ ᠠᠵᠢᠯᠲᠠᠨ ᠤᠷᠢᠨ ᠡᠯᠰᠡᠬᠦ᠌ ᠲᠣᠭ᠍ᠲᠠᠴᠠ᠎ᠶ᠋ᠢ ᠪᠠᠢᠭᠤᠯᠪᠠ᠃ ᠣᠲᠣᠬᠠᠨ ᠪᠣᠯᠲᠠᠯ᠎ᠠ᠂ ᠨᠢᠭᠡᠨᠲᠡ 12 ᠲᠤᠰᠭᠠᠶ ᠲᠠᠯᠠᠪᠠᠢ ᠠᠵᠢᠯᠲᠠᠨ ᠤᠷᠢᠨ ᠡᠯᠰᠡᠬᠦ᠌ ᠴᠤᠭ᠍ᠯᠠᠭᠠᠨ ᠡᠷᠭᠢᠯᠡᠵᠦ᠍᠂ 561 ᠱᠢᠯᠢᠳᠡᠭ ᠠᠵᠤ ᠠᠬᠤᠢᠯᠠᠯ᠎ᠢ ᠤᠷᠢᠨ ᠣᠷᠣᠯᠴᠠᠭᠤᠯᠵᠤ᠂ ᠦᠶ᠋ᠯᠡᠳᠬᠦ᠌ ᠦᠶ᠋ᠯᠡᠰ᠂ ᠦᠶ᠋ᠯᠡᠴᠢᠯᠡᠭᠡᠨ᠎ᠦ ᠦᠶ᠋ᠯᠡᠰ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯ ᠲᠥᠷᠥᠯ ᠵᠡᠷᠭᠡ ᠣᠯᠠᠨ ᠬᠦᠷᠢᠶ᠎ᠡ ᠴᠠᠷᠠᠭ᠎ᠠ᠎ᠶ᠋ᠢ ᠬᠠᠮᠤᠷᠴᠤ᠌᠂ ᠨᠡᠢᠳᠡ 1.26 ᠲᠦᠮᠡ ᠭᠠᠷᠤᠶ ᠠᠵᠢᠯ᠎ᠤᠨ ᠪᠠᠢᠷᠢ ᠬᠠᠩᠭᠠᠵᠦ᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ ᠵᠢᠴᠢ ᠴᠡᠷᠢᠭ᠎ᠦᠨ ᠬᠡᠷ ᠪᠦᠯᠢ᠎ᠶ᠋ᠢᠨ ᠬᠢᠨ᠎ᠦ ᠠᠵᠢᠯ ᠤᠯᠭᠤᠯᠳᠠ ᠵᠢᠨ ᠵᠠᠮ ᠢ᠋ ᠰᠢᠯᠤᠭᠤᠳᠬᠠᠪᠠ᠃

ᠬᠥᠬᠡᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ 《ᠴᠡᠷᠢᠭ ᠤ᠋ᠨ ᠠᠯᠪᠠ ᠡᠴᠨ ᠬᠠᠯᠠᠬᠳᠠᠨ ᠨᠤᠳᠤᠭ ᠲᠠᠭᠠᠨ ᠪᠤᠴᠠᠵᠤ᠂ ᠠᠵᠢᠯ ᠦᠢᠯᠡᠰ ᠵᠢᠡᠷ ᠢᠷᠡᠭᠡᠳᠦᠢ ᠪᠠᠨ ᠴᠤᠬᠴᠠᠯᠠᠬᠤ》 ᠨᠠᠷᠠᠲᠤ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠱᠢᠰᠲ᠋ᠧᠮ ᠢ᠋ ᠲᠠᠰᠤᠷᠠᠯᠲᠠ ᠥᠬᠡᠶ ᠱᠢᠯᠢᠳᠡᠭ᠌ᠵᠢᠭᠦᠯᠦᠨ᠂ ᠠᠵᠤ ᠠᠬᠤᠢᠯᠠᠯ᠎ᠤᠨ ᠴᠢᠨᠠᠷ ᠰᠠᠢᠲᠠᠶ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠣᠭ᠍ᠲᠠᠴᠠ᠎ᠶ᠋ᠢ ᠴᠢᠨᠠᠬᠰᠢᠳᠠ ᠲᠡᠭᠦᠯᠳᠡᠷᠵᠢᠭᠦᠯᠵᠦ᠍᠂ ᠣᠷᠣᠨ ᠨᠤᠲᠤᠭ᠎ᠤᠨ ᠬᠥᠭ᠌ᠵᠢᠯᠲᠡ᠎ᠳ᠋ᠤ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ ᠤ᠋ᠨ ᠬᠦᠴᠦᠨ ᠴᠢᠳᠠᠯ ᠢ᠋ ᠨᠡᠮᠡᠷᠢᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号