ᠣᠢᠷ᠎ᠠ᠎ᠳᠤ᠂ ᠬᠥᠬᠡᠬᠣᠲᠠ ᠶ᠋ᠢᠨ ᠨᠠᠮ ᠤᠨ ᠬᠣᠷᠢᠶᠠᠨ ᠤ ᠠᠬᠠᠮᠠᠳ ᠺᠠᠳ᠋ᠷ᠎ᠤᠨ ᠲᠣᠪᠴᠢᠶ᠎ᠠ ᠳᠤᠮᠳᠠᠴᠢ ᠨᠠᠰᠤ ᠨᠢ 95 ᠨᠠᠰᠤᠨ᠎ᠠᠴᠠ ᠳᠡᠭᠡᠭ᠌ᠰᠢᠬᠢ 11 ᠠᠵᠢᠯ᠎ᠠᠴᠠ᠎ᠪᠠᠨ ᠳᠠᠷᠬᠠᠯᠠᠬᠳᠠᠬᠰᠠᠨ ᠨᠠᠮ᠎ᠤᠨ ᠭᠡᠱᠢᠭᠦᠨ ᠢ ᠵᠣᠬᠢᠶᠠᠨ ᠪᠠᠢᠭᠤᠯᠵᠤ᠂《ᠬᠡᠷᠡᠯ ᠰᠠᠴᠤᠷᠠᠩᠭᠤᠶ ᠥᠩᠭᠡᠷᠡᠯᠲᠡ᠎ᠪᠡᠨ ᠳᠠᠬᠢᠨ ᠡᠷᠭᠢᠴᠡᠭᠦᠯᠵᠦ᠍᠂ ᠬᠤᠪᠢᠰᠭᠠᠯ᠎ᠤᠨ ᠤᠳᠤᠮᠱᠢᠯ ᠢ ᠪᠠᠳᠠᠷᠠᠭᠤᠯᠬᠤ》ᠭᠤᠤᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠵᠦ᠂ ᠤᠯᠠᠨ ᠵᠢᠡᠷ ᠵᠢᠡᠨ ᠬᠦᠬᠡᠬᠤᠲᠠ᠎ᠶᠢᠨ ᠠᠵᠢᠯ ᠡᠴᠡ ᠪᠠᠨ ᠳᠠᠷᠬᠠᠯᠠᠬᠳᠠᠬᠰᠠᠨ ᠠᠵᠢᠯ ᠡᠴᠡ ᠪᠠᠨ ᠠᠮᠠᠷᠠᠬᠰᠠᠨ ᠺᠠᠳ᠋ᠷ᠎ᠤᠨ ᠤᠯᠤᠰ ᠲᠦᠷᠦ᠎ᠶᠢᠨ ᠠᠮᠢᠳᠤᠷᠠᠯ᠎ᠤᠨ ᠰᠠᠭᠤᠷᠢᠨ᠎ᠢ ᠲᠤᠭᠤᠷᠢᠨ ᠦᠵᠡᠪᠡ᠃
ᠠᠵᠢᠯᠯᠠᠭ᠎ᠠ ᠳᠡᠭᠡᠷ᠎ᠡ᠂ ᠠᠵᠢᠯᠲᠠᠳ ᠡᠴᠡ ᠠᠬᠠᠮᠠᠳ ᠨᠥᠬᠥᠳ ᠨᠢᠭᠡ ᠪᠦᠷᠢᠳᠦ ᠰᠣᠷᠭᠣᠭ ᠴᠡᠴᠡᠭ ᠬᠦᠷᠭᠡᠨ᠂ ᠨᠠᠮ᠎ᠤᠨ ᠭᠡᠱᠢᠭᠦᠨ᠎ᠦ ᠰᠦᠯᠳᠡ ᠲᠡᠮᠳᠡᠭ ᠢ ᠲᠥᠪ ᠴᠢᠩᠭ᠎ᠠ᠎ᠪᠠᠷ ᠵᠡᠭᠦᠯᠭᠡᠵᠦ᠂ ᠡᠮᠴᠢ ᠰᠤᠪᠢᠯᠠᠭ᠍ᠴᠢᠳ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠬᠢᠪᠡ᠃ ᠠᠵᠢᠯᠯᠠᠭ᠎ᠠ ᠳᠤᠮᠳᠠ᠂ ᠠᠵᠢᠯᠲᠠᠨ ᠡᠴᠡ ᠪᠥᠬᠥ᠌ ᠶᠠᠪᠤᠴᠠ᠎ᠳᠤ ᠬᠦᠯᠢᠴᠡᠩᠭᠦᠶ᠎ᠪᠡᠷ ᠬᠥᠲᠥᠯᠥᠨ ᠵᠢᠯᠣᠭᠣᠳᠴᠤ᠌᠂ ᠠᠬᠠᠮᠠᠳ ᠨᠥᠬᠥᠳ᠎ᠢ ᠨᠠᠷᠢᠨ ᠨᠢᠮᠪᠠᠶ ᠬᠠᠷᠠᠭᠠᠯᠵᠠᠬᠤ᠎ᠶ᠋ᠢᠨ ᠬᠠᠮᠲᠤᠳᠡᠳᠡᠨᠡᠷᠤᠨ ᠪᠡᠶ᠎ᠡ᠎ᠶ᠋ᠢᠨ ᠪᠠᠢᠳᠠᠯ᠎ᠢ ᠦᠨᠳᠦᠰᠦᠯᠡᠨ ᠲᠣᠭᠣᠷᠢᠨ ᠦᠵᠡᠵᠦ ᠰᠤᠷᠤᠯᠴᠠᠬᠤ ᠠᠢᠵᠠᠮ᠎ᠢᠶᠠᠨ ᠠᠮᠢᠳᠤᠯᠢᠭ᠎ᠢᠶᠠᠷ ᠲᠣᠬᠢᠷᠠᠭᠤᠯᠪᠠ᠃《ᠬᠤᠪᠢᠰᠭᠠᠯ᠎ᠤᠨ ᠳᠤᠷᠠᠳᠭᠠᠯ·ᠬᠥᠬᠡᠬᠣᠲᠠ᠎ᠶ᠋ᠢᠨ ᠢᠮ ᠲᠠᠮᠠᠭ᠎ᠠ》 ᠦᠵᠡᠭᠦᠯᠭᠡ᠎ᠶ᠋ᠢᠨ ᠲᠣᠭᠣᠷᠢᠭᠲᠡᠬᠢ ᠠᠵᠢᠯ᠎ᠠᠴᠠ᠎ᠪᠠᠨ ᠳᠠᠷᠬᠠᠯᠠᠭ᠍ᠳᠠᠭ᠍ᠰᠠᠨ ᠺᠠᠳ᠋ᠷᠴᠤᠳ᠎ᠤᠨ ᠬᠤᠪᠢᠰᠭᠠᠯ᠎ᠤᠨ ᠠᠮᠢᠳᠤᠷᠠᠯ᠎ᠢ ᠲᠡᠮᠳᠡᠭ᠌ᠯᠡᠭ᠌ᠰᠡᠨ ᠲᠠᠩᠰᠠ ᠡᠪᠬᠡᠮᠡᠯ ᠪᠣᠯᠤᠨ ᠳᠦᠷᠰᠦ ᠱᠢᠩᠭᠡᠭᠡᠯᠲᠡ᠎ᠶ᠋ᠢᠨ ᠡᠮᠦᠨ᠎ᠡ᠂ ᠠᠬᠠᠮᠠᠳ ᠨᠥᠬᠥᠳ ᠤᠳᠠᠲᠠᠯ᠎ᠠ ᠵᠣᠭ᠍ᠰᠣᠵᠦ᠂ ᠲᠠᠨᠢᠯ ᠲᠠᠰᠤᠯ ᠲᠡᠦᠬᠡ᠎ᠶ᠋ᠢᠨ ᠵᠢᠷᠤᠭ ᠳᠦᠷᠰᠦ᠂ ᠳᠠᠢᠴᠢᠨ ᠬᠠᠨᠢ᠎ᠶ᠋ᠢᠨ ᠪᠠᠭᠠᠲᠤᠷᠯᠢᠭ ᠦᠢᠯᠡ ᠶᠠᠪᠤᠳᠠᠯ ᠨᠢ ᠰᠡᠳᠭᠢᠯ᠎ᠳᠦ ᠬᠠᠳᠠᠩᠱᠢᠭ᠍ᠰᠠᠨ ᠬᠤᠪᠢᠰᠬᠠᠯ᠎ᠤᠨ ᠳᠤᠷᠠᠰᠤᠮᠵᠢ᠎ᠶ᠋ᠢ ᠨᠢ ᠰᠡᠷᠡᠭᠡᠪᠡ᠃
ᠲᠠᠷᠠᠭᠠᠴᠢ᠎ᠶ᠋ᠢᠨ ᠠᠯᠬᠤᠮ᠎ᠳᠤ᠂ ᠬᠥᠬᠡᠬᠣᠲᠠ᠎ᠶ᠋ᠢᠨ ᠨᠠᠮ᠎ᠤᠨ ᠬᠣᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ ᠲᠣᠰ ᠤᠳᠠᠭᠠᠨ᠎ᠤ ᠠᠵᠢᠯᠯᠠᠭ᠎ᠠ᠎ᠶ᠋ᠢᠨ ᠲᠤᠷᠱᠢᠯᠭ᠎ᠠ᠎ᠪᠠᠨ ᠨᠠᠷᠢᠨ ᠬᠢᠨᠠᠮᠠᠭᠠᠶ ᠳ᠋ᠦᠩᠨᠡᠵᠦ᠍᠂《ᠨᠢᠭᠡ ᠬᠥᠮᠦᠨ᠎ᠳᠦ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠬᠦ᠌》ᠲᠤᠢᠯ᠎ᠤᠨ ᠣᠨᠣᠪᠴᠢᠲᠠᠶ ᠦᠶ᠋ᠯᠡᠴᠢᠯᠡᠭᠡ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠤᠯᠤᠰ ᠲᠥᠷᠥ᠎ᠶ᠋ᠢᠨ ᠬᠠᠯᠠᠮᠵᠢᠯᠠᠯ᠂ ᠡᠷᠡᠭᠦᠯ ᠮᠡᠨᠳᠦ᠍ ᠶ᠋ᠢᠨ ᠬᠠᠮᠢᠶᠠᠷᠤᠯᠲᠠ᠂ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ᠂ ᠣᠶᠤᠨ ᠰᠠᠨᠠᠭᠠᠨ᠎ᠤ ᠲᠠᠢᠳᠭᠤᠷᠠᠭᠤᠯᠤᠯ ᠵᠡᠷᠭᠡ ᠲᠠᠯ᠎ᠠ᠎ᠪᠠᠷ ᠠᠷᠭ᠎ᠠ ᠬᠡᠮᠵᠢᠶ᠎ᠡ᠎ᠪᠡᠨ ᠤᠯᠠᠮ ᠴᠢᠨᠠᠭ᠍ᠰᠢᠳᠠ ᠨᠠᠷᠢᠯᠢᠭ᠍ᠵᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠢᠷ᠎ᠠ ᠬᠠᠯᠠᠮᠵᠢ᠎ᠶ᠋ᠢ ᠠᠬᠠᠮᠠᠳ ᠨᠥᠬᠥᠳ᠎ᠦᠨ ᠰᠡᠳᠭᠢᠯ᠎ᠳᠦ ᠦᠨᠡᠨ ᠬᠦ᠌ ᠬᠦᠷᠭᠡᠬᠦ ᠪᠤᠯᠤᠨ᠎ᠠ᠃