ᠦᠪᠦᠷ ᠮᠤᠩᠭᠤᠯ ᠴᠢᠳᠠᠪᠤᠷᠢᠲᠠᠨ ᠬᠥᠮᠥᠵᠢᠭᠦᠯᠬᠦ ᠬᠠᠩᠭᠠᠯᠭ᠎ᠠ ᠬᠡᠷᠡᠭᠴᠡᠭᠡ᠎ᠶᠢ ᠵᠤᠬᠢᠴᠠᠭᠤᠯᠬᠤ ᠳᠤᠷᠰᠢᠯᠳᠠ ᠵᠢᠨ ᠴᠡᠭ᠎ᠤᠨ ᠠᠵᠢᠯ᠎ᠢ ᠠᠬᠢᠭᠤᠯᠵᠤ ᠪᠠᠢᠨ᠎ᠠ
2025-12-11 09:25:09
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠴᠢᠳᠠᠪᠤᠷᠢᠲᠠᠨ ᠬᠥᠮᠥᠵᠢᠭᠦᠯᠬᠦ ᠬᠠᠩᠭᠠᠯᠭ᠎ᠠ ᠬᠡᠷᠡᠭᠴᠡᠭᠡ᠎ᠶᠢ ᠵᠤᠬᠢᠴᠠᠭᠤᠯᠬᠤ ᠲᠣᠭᠲᠠᠴᠠ᠎ᠶᠢᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠤᠨ ᠰᠣᠯᠢᠯᠴᠠᠨ ᠠᠬᠢᠭᠤᠯᠬᠤ ᠬᠤᠷᠠᠯ ᠬᠤᠷᠠᠯᠳᠤᠭᠤᠯᠪᠠ ᠃

ᠰᠤᠷᠭᠠᠨ ᠬᠥᠮᠦᠵᠢᠯ᠎ᠦᠨ ᠶᠠᠮᠤᠨ᠎ᠤ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ᠎ᠶᠢᠨ ᠵᠤᠷᠭᠠᠨ (ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠠᠵᠢᠯ ᠣᠯᠭᠣᠬᠤ ᠦᠢᠯᠡᠴᠢᠯᠡᠭᠡᠨ᠎ᠦ ᠵᠤᠷᠭᠠᠨ) ᠤ᠋ ᠠᠵᠢᠯ ᠣᠯᠭᠣᠯᠲᠠ᠎ᠶᠢᠨ ᠡᠬᠢ ᠪᠠᠶᠠᠯᠢᠭ᠋᠎ᠤᠨ ᠨᠡᠭᠡᠭᠡᠯᠲᠡ᠎ᠶᠢᠨ ᠭᠠᠵᠠᠷ᠎ᠤᠨ ᠳᠠᠷᠤᠭ᠎ᠠ ᠵᠧᠦ ᠭᠦᠸᠧ ᠯᠢᠶᠠᠩ ᠬᠤᠷᠠᠯ᠎ᠳᠤ ᠣᠷᠣᠯᠴᠠᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠳᠤᠬᠠᠢ ᠲᠥᠷᠥ᠎ᠶᠢᠨ ᠪᠣᠳᠣᠯᠭ᠎ᠠ᠎ᠶᠢᠨ ᠱᠠᠭᠠᠷᠳᠠᠯᠭ᠎ᠠ᠎ᠶᠢ ᠲᠠᠢᠯᠪᠤᠷᠢᠯᠠᠵᠤ᠂ ᠾᠧᠪᠧᠢ ᠶᠡᠬᠡ ᠰᠤᠷᠭᠠᠭᠤᠯᠢ᠂ ᠵᠢᠶᠠᠩᠰᠤ᠎ᠶᠢᠨ ᠮᠡᠳᠡᠭᠡ ᠵᠠᠩᠭᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ  ᠨᠡᠢᠲᠡᠯᠢᠭ ᠲᠤᠷᠰᠢᠯᠭ᠎ᠠ᠎ᠪᠠᠨ ᠬᠤᠪᠢᠶᠠᠯᠴᠠᠪᠠ᠃

ᠬᠤᠷᠠᠯ ᠠ᠋ᠴᠠ᠂ ᠡᠯ᠎ᠡ ᠲᠤᠷᠰᠢᠯᠲᠠ᠎ᠶᠢᠨ ᠨᠢᠭᠡᠴᠢ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠭᠣᠣᠯᠳᠠᠯᠭ᠎ᠠ᠎ᠲᠠᠢ ᠡᠭᠦᠷᠭᠡ᠎ᠶᠢ ᠯᠠᠪᠳᠠᠭᠤᠨ᠎ᠢᠶᠠᠷ ᠠᠬᠢᠭᠤᠯᠬᠤ ᠬᠡᠷᠡᠭᠲᠡᠢ᠃ ᠲᠣᠭ᠎ᠠ ᠪᠠᠷᠢᠮᠲᠠ᠎ᠪᠠᠷ ᠬᠥᠳᠡᠯᠭᠡᠭᠦᠷ ᠪᠣᠯᠭᠠᠭᠰᠠᠨ ᠴᠢᠳᠠᠪᠤᠷᠢᠲᠠᠨ ᠬᠥᠮᠥᠵᠢᠭᠦᠯᠬᠦ ᠬᠠᠩᠭᠠᠯᠭ᠎ᠠ ᠬᠡᠷᠡᠭᠴᠡᠭᠡ᠎ᠶᠢ ᠵᠣᠬᠢᠴᠠᠭᠤᠯᠬᠤ ᠲᠣᠭᠲᠠᠴᠠ᠎ᠶᠢ ᠨᠠᠷᠢᠯᠢᠭ᠋ ᠣᠨᠣᠴᠠᠲᠠᠢ᠎ᠪᠠᠷ ᠪᠠᠶ᠋ᠢᠭᠤᠯᠬᠤ᠂ ᠴᠢᠳᠠᠪᠤᠷᠢᠲᠠᠨ᠎ᠤ ᠬᠠᠩᠭᠠᠯᠭ᠎ᠠ ᠬᠡᠷᠡᠭᠴᠡᠭᠡ᠎ᠶᠢᠨ ᠰᠠᠯᠠᠭ᠎ᠠ ᠮᠥᠴᠢᠷ ᠬᠢᠭᠡᠳ ᠣᠷᠣᠨ ᠨᠤᠲᠤᠭ᠎ᠤᠨ ᠬᠠᠮᠲᠤᠷᠠᠨ ᠠᠵᠢᠯᠯᠠᠬᠤ ᠲᠣᠭᠲᠠᠴᠠ᠎ᠶᠢ ᠪᠠᠶ᠋ᠢᠭᠤᠯᠬᠤ᠂ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ︱ ᠬᠥᠮᠥᠵᠢᠭᠦᠯᠬᠦ ︱ᠠᠵᠢᠯ ᠣᠯᠭᠣᠬᠤ ᠬᠣᠯᠪᠤᠭᠠᠯᠠᠨ ᠬᠥᠳᠡᠯᠦᠯᠴᠡᠬᠦ ᠪᠦᠲᠦᠮᠵᠢᠲᠡᠶ ᠲᠣᠭᠲᠠᠴᠠ᠎ᠶᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷ᠎ᠦᠨ ᠬᠡᠷᠡᠭᠴᠡᠭᠡ᠎ᠲᠠᠢ ᠵᠤᠬᠢᠴᠠᠯᠳᠤᠭᠰᠠᠨ ᠴᠢᠳᠠᠪᠤᠷᠢᠲᠠᠨ ᠬᠥᠮᠥᠵᠢᠭᠦᠯᠬᠦ ᠬᠠᠩᠭᠠᠯᠭ᠎ᠠ᠎ᠶᠢᠨ ᠲᠣᠭᠲᠠᠴᠠ᠎ᠶᠢ ᠪᠠᠶ᠋ᠢᠭᠤᠯᠬᠤ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠲᠸ᠋ ᠴᠢᠨᠠᠷ ᠰᠠᠢᠲᠠᠢ ᠠᠵᠢᠯ ᠤᠯᠭᠤᠬᠤ ᠵᠢᠯᠣᠭᠣᠳᠤᠯᠭ᠎ᠠ ᠦᠢᠯᠡᠴᠢᠯᠡᠭᠡ᠎ᠶᠢ ᠪᠥᠬᠥ ᠬᠡᠯᠬᠢᠶ᠎ᠡ᠎ᠪᠡᠷ ᠳᠡᠭᠡᠭᠰᠢᠯᠡᠭᠦᠯᠬᠦ ᠵᠡᠷᠭᠡ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠡᠭᠦᠷᠭᠡ᠎ᠶᠢ ᠭᠦᠢᠴᠡᠳᠬᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠢᠯ᠎ᠤᠨ ᠠᠢᠵᠠᠮ᠎ᠢ ᠲᠦᠷᠭᠡᠳᠬᠡᠨ᠂ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠤᠨ ᠠᠵᠢᠯ᠎ᠤᠨ ᠪᠦᠬᠦᠯᠢ ᠴᠣᠭᠴᠠ᠎ᠶᠢᠨ ᠦᠷ᠎ᠡ ᠪᠦᠲᠦᠮᠵᠢ᠎ᠶᠢ ᠬᠠᠮᠤᠭ᠎ᠤᠨ ᠶᠡᠬᠡ ᠬᠡᠮᠵᠢᠶᠡᠨ ᠳ᠋ᠤ ᠬᠦᠷᠬᠡᠬᠦ ᠵᠢ ᠪᠠᠳᠤᠯᠠᠬᠤ ᠬᠡᠷᠡᠭᠳᠡᠢ᠃ ᠲᠤᠷᠰᠢᠯᠲᠠ᠎ᠶᠢᠨ ᠴᠡᠭ᠎ᠤᠨ ᠲᠦᠷᠦ᠎ᠶᠢᠨ ᠪᠣᠳᠣᠯᠭ᠎ᠠ᠎ᠶᠢ ᠰᠠᠢᠲᠤᠷ ᠬᠡᠷᠡᠭᠯᠡᠵᠦ᠂ ᠵᠠᠩᠭᠢᠯᠠᠭ᠎ᠠ᠎ᠶᠢᠨ ᠭᠣᠭᠴᠣᠭ᠎ᠠ᠎ᠳᠤ ᠰᠢᠪᠲᠤᠯᠤᠯᠲᠠ ᠭᠠᠷᠭᠠᠵᠤ᠂ ᠲᠤᠷᠰᠢᠯᠲᠠ᠎ᠶᠢᠨ ᠴᠡᠭ᠎ᠤᠨ ᠦᠷ᠎ᠡ ᠪᠦᠲᠦᠭᠡᠯ᠎ᠢ ᠴᠠᠭ ᠲᠤᠬᠠᠢ ᠳ᠋ᠤᠨᠢ ᠳ᠋ᠦᠩᠨᠡᠨ ᠤᠬᠠᠭᠤᠯᠵᠤ᠂ ᠥᠭᠡᠷᠡᠴᠢᠯᠡᠯᠲᠡ᠎ᠶᠢᠨ ᠲᠣᠭᠲᠠᠭᠤᠨ᠎ᠢᠶᠠᠷ ᠤᠷᠤᠭᠰᠢᠲᠠᠢ ᠶᠠᠪᠤᠭᠳᠠᠬᠤ᠎ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃

ᠪᠤᠭᠤᠲᠤ ᠬᠤᠳᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠂ ᠣᠷᠳᠣᠰ ᠬᠤᠳᠠ᠎ᠶᠢᠨ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ ᠵᠢᠴᠢ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠡᠷᠭᠡ 15 ᠲᠤᠷᠰᠢᠯᠲᠠ᠎ᠶᠢᠨ ᠴᠡᠭ᠎ᠤᠨ ᠶᠡᠬᠡ ᠳᠡᠭᠡᠳᠦ ᠰᠤᠷᠭᠠᠭᠤᠯᠢ ᠰᠣᠯᠢᠯᠴᠠᠭᠠᠨ᠎ᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠭᠠᠵᠠᠷ ᠳᠠᠰᠤᠭ ᠪᠣᠯᠣᠨ ᠰᠢᠭᠤᠳ ᠬᠠᠷᠢᠶ᠎ᠠ ᠨᠢᠭᠡᠴᠢ᠎ᠶᠢᠨ ᠬᠠᠷᠢᠭᠤᠴᠠᠯᠭᠠᠲᠠᠨ ᠬᠤᠷᠠᠯ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号