ᠥᠪᠥᠷ ᠮᠣᠩᠭᠣᠯ᠎ᠤᠨ ᠤᠶᠤᠳᠠᠳ᠎ᠤᠨ ᠨᠡᠢᠭᠡᠮ᠎ᠦᠨ ᠦᠢᠯᠡᠳᠦᠯᠭᠡ᠎ᠶᠢᠨ ᠠᠵᠢᠯᠯᠠᠭ᠎ᠠ ᠦᠯᠡᠮᠵᠢ ᠦᠷ᠎ᠠ ᠪᠦᠳᠦᠮᠵᠢ ᠤᠯᠪᠠ
2025-12-11 10:25:49
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

12.3 ᠲᠦᠮᠡᠨ ᠰᠣᠷᠣᠭ᠍ᠴᠢ 3900 ᠭᠠᠷᠤᠢ ᠪᠠᠭ᠍ᠰᠢ 3694 ᠦᠢᠯᠡᠳᠦᠯᠭᠡ᠎ᠶᠢᠨ ᠪᠦᠯᠬᠦᠮ ᠢ᠋ ᠵᠤᠬᠢᠶᠠᠨ ᠪᠠᠢᠭᠤᠯᠪᠠ


12 ᠰᠠᠷ᠎ᠠ᠎ᠶᠢᠨ 7᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠣᠣᠯ ᠰᠡᠳᠦᠪᠲᠦ ᠨᠡᠢᠭᠡᠮ᠎ᠦᠨ ᠦᠢᠯᠡᠳᠦᠯᠭᠡ᠎ᠶᠢᠨ ᠳ᠋ᠦᠩᠨᠡᠯᠲᠡ᠎ᠶᠢ ᠬᠤᠪᠢᠶᠠᠯᠴᠠᠨ ᠡᠳ᠋ᠯᠡᠬᠦ ᠵᠢᠴᠢ ᠦᠷ᠎ᠡ ᠪᠦᠲᠦᠭᠡᠯ᠎ᠦᠨ ᠦᠵᠡᠭᠦᠯᠭᠡ᠎ᠶᠢᠨ ᠠᠵᠢᠯᠯᠠᠭ᠎ᠠ ᠥᠪᠥᠷ ᠮᠣᠩᠭᠣᠯ᠎ᠤᠨ ᠶᠡᠬᠡ ᠰᠤᠷᠭᠠᠭᠤᠯᠢ᠎ᠳᠤ ᠶᠠᠪᠤᠭᠳᠠᠪᠠ᠃

ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠠᠶ᠋ᠢᠭᠤᠯᠬᠤ ᠵᠢᠴᠢ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ ᠡᠨᠡ᠎ᠬᠦ ᠭᠣᠣᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠶᠡᠬᠡ ᠳᠡᠭᠡᠳᠦ ᠰᠤᠷᠭᠠᠭᠤᠯᠢ᠎ᠶᠢ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠭᠣᠣᠯ ᠰᠡᠳᠦᠪᠲᠦ ᠨᠡᠢᠭᠡᠮ᠎ᠦᠨ ᠦᠢᠯᠡᠳᠦᠯᠭᠡ᠎ᠶᠢ ᠥᠷᠨᠢᠭᠦᠯᠵᠦ᠂ 《ᠦᠵᠡᠯ ᠰᠠᠨᠠᠭ᠎ᠠ ᠤᠯᠤᠰ ᠲᠦᠷᠦ᠎ᠶᠢᠨ ᠪᠠᠭ᠎ᠠ ᠬᠢᠴᠢᠶᠡᠯ᠎ᠦᠨ ᠲᠠᠩᠬᠢᠮ》 ᠪᠠ 《ᠨᠡᠢᠭᠡᠮ᠎ᠦᠨ ᠶᠡᠬᠡ ᠬᠢᠴᠢᠶᠡᠯ᠎ᠦᠨ ᠲᠠᠩᠬᠢᠮ》 ᠤ᠋ᠨ ᠬᠥᠭᠥᠷᠭᠡ᠎ᠬᠤᠯᠪᠤᠭᠠᠰᠤ ᠵᠢ ᠪᠠᠢᠭᠤᠯᠵᠤ᠂ ᠵᠠᠯᠠᠭᠤ ᠰᠤᠷᠤᠭ᠍ᠴᠢᠳ᠎ᠢ ᠬᠠᠪᠰᠤᠷᠤᠨ ᠤᠯᠤᠰ᠎ᠤᠨ ᠪᠠᠢᠳᠠᠯ᠎ᠢ ᠣᠢᠯᠠᠭᠠᠭᠤᠯᠵᠤ᠂ ᠬᠡᠪ ᠰᠤᠷᠳᠠᠯ᠎ᠢ ᠳᠠᠪᠲᠠᠨ ᠪᠣᠯᠪᠠᠰᠤᠷᠠᠭᠤᠯᠵᠤ᠂ ᠡᠷᠳᠡᠮ ᠴᠢᠳᠠᠪᠤᠷᠢ᠎ᠶᠢ ᠨᠡᠮᠡᠭᠳᠡᠭᠦᠯᠵᠡᠢ᠃ ᠲᠤᠰ ᠤᠳᠠᠭᠠᠨ᠎ᠤ ᠨᠡᠢᠭᠡᠮ᠎ᠦᠨ ᠦᠢᠯᠡᠳᠦᠯᠭᠡ 7 ᠰᠠᠷ᠎ᠠ᠎ᠠᠴᠠ ᠡᠬᠢᠯᠡᠭᠰᠡᠨ᠎ᠡᠴᠡ ᠨᠠᠭᠠᠰᠢ᠂ ᠪᠦᠬᠦ ᠣᠷᠣᠨ᠎ᠤ 12.3 ᠲᠦᠮᠡᠨ ᠰᠤᠷᠤᠭ᠍ᠴᠢ ᠪᠣᠯᠣᠨ 3900 ᠭᠠᠷᠤᠢ ᠪᠠᠭ᠍ᠰᠢ᠎ᠶᠢ ᠥᠷᠭᠡᠨ᠎ᠢᠶᠡᠷ ᠳᠠᠶ᠋ᠢᠴᠢᠯᠠᠨ 3694 ᠦᠢᠯᠡᠳᠦᠯᠭᠡ᠎ᠶᠢᠨ ᠪᠦᠯᠬᠦᠮ᠎ᠢ ᠵᠣᠬᠢᠶᠠᠨ ᠪᠠᠢᠭᠤᠯᠵᠤ᠂ 《ᠡᠨᠧᠷᠭᠢ᠎ᠪᠡᠷ ᠤᠯᠤᠰ᠎ᠢᠶᠠᠨ ᠬᠦᠴᠦᠷᠬᠡᠭᠵᠢᠭᠦᠯᠬᠦ》 ᠤᠯᠤᠰ᠎ᠤᠨ ᠪᠠᠢᠳᠠᠯ᠎ᠤᠨ ᠲᠣᠭᠣᠷᠢᠨ᠎ᠳᠤ ᠪᠠᠢᠴᠠᠭᠠᠨ ᠰᠤᠳᠤᠯᠤᠯᠲᠠ ᠬᠢᠬᠦ᠂ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ》 ᠲᠠᠷᠢᠶᠠᠯᠠᠩ᠎ᠢ ᠲᠡᠮᠵᠢᠵᠦ ᠲᠠᠷᠢᠶᠠᠯᠠᠩ᠎ᠢ ᠬᠥᠭᠵᠢᠭᠦᠯᠬᠦ᠂ 《ᠠᠮᠢ ᠠᠬᠤᠢ᠎ᠶᠢᠨ ᠪᠣᠯᠪᠠᠰᠤᠨ》 ᠢ᠋ ᠰᠤᠷᠤᠯᠴᠠᠨ ᠰᠡᠳᠬᠢᠵᠦ ᠦᠢᠯᠡᠳᠦᠯᠭᠡᠵᠢᠭᠦᠯᠬᠦ᠂ 《ᠬᠢᠯᠢ ᠬᠢᠵᠠᠭᠠᠷ᠎ᠲᠤ ᠪᠢᠳᠡ ᠪᠤᠢ》 ᠤᠷᠢ ᠵᠠᠯᠠᠭᠤ ᠨᠠᠰᠤᠨ ᠳ᠋ᠠᠭᠠᠨ ᠤᠯᠤᠰ᠎ᠲᠠᠭᠠᠨ ᠵᠢᠳᠬᠦᠬᠦ᠂ 《ᠤᠮᠠᠷᠠᠰᠢ ᠨᠡᠭᠡᠭᠡᠯᠲᠡ ᠬᠢᠬᠦ》 ᠭᠣᠣᠯ ᠰᠡᠳᠦᠪᠲᠦ ᠪᠠᠢᠴᠠᠭᠠᠨ ᠰᠤᠳᠤᠯᠤᠯᠲᠠ ᠬᠢᠬᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠵᠠᠯᠠᠭᠤᠴᠤᠳ᠎ᠤᠨ ᠮᠡᠳᠡᠬᠦᠢ ᠬᠢᠬᠦᠢ ᠵᠡᠷᠭᠡ ᠵᠢᠷᠭᠤᠭᠠᠨ ᠶᠡᠬᠡ ᠭᠣᠣᠯ ᠰᠡᠳᠦᠪ᠎ᠦᠨ ᠲᠣᠭᠣᠷᠢᠨ᠎ᠳᠤ᠂ ᠦᠨᠳᠦᠰᠦᠨ ᠱᠠᠲᠤᠨ᠎ᠤ ᠡᠮᠦᠨ᠎ᠡ ᠹᠷᠣᠨᠲ᠂ ᠠᠵᠤ ᠦᠢᠯᠡᠰ᠎ᠤᠨ ᠬᠤᠰᠢᠭᠤᠷᠠᠯ᠂ ᠬᠢᠯᠢ᠎ᠶᠢᠨ ᠪᠣᠭᠣᠮᠲᠠ᠎ᠳᠤ ᠭᠦᠨᠵᠡᠭᠡᠢᠷᠡᠵᠦ᠂ ᠪᠠᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ᠂ ᠵᠠᠰᠠᠭ᠎ᠤᠨ ᠶᠠᠪᠤᠳᠠᠯ᠎ᠢ ᠵᠥᠪᠯᠡᠬᠦ ᠰᠠᠨᠠᠭᠤᠯᠭ᠎ᠠ᠂ ᠮᠡᠷᠭᠡᠵᠢᠯ᠎ᠦᠨ ᠲᠥᠰᠥᠯ ᠵᠡᠷᠭᠡ ᠶᠡᠬᠡ ᠬᠡᠮᠵᠢᠶᠡᠨ᠎ᠦ ᠦᠢᠯᠡᠳᠦᠯᠭᠡ᠎ᠶᠢᠨ ᠦᠷ᠎ᠡ ᠪᠦᠳᠦᠮᠵᠢ ᠭᠠᠷᠭᠠᠭᠰᠠᠨ ᠪᠠᠢᠨ᠎ᠠ᠃ 

ᠬᠤᠷᠠᠯ ᠳᠡᠭᠡᠷ᠎ᠡ᠂ ᠰᠢᠯᠢᠳᠡᠭ ᠦᠢᠯᠡᠳᠦᠯᠭᠡ᠎ᠶᠢᠨ ᠪᠦᠯᠬᠦᠮ᠂ ᠭᠡᠰᠢᠭᠦᠳ᠂ ᠵᠢᠭᠠᠨ ᠵᠢᠯᠣᠭᠣᠳᠤᠭ᠍ᠴᠢ ᠪᠠᠭ᠍ᠰᠢ᠎ᠶᠢᠨ ᠲᠥᠯᠥᠭᠡᠯᠡᠭᠴᠢ ᠨᠠᠷ ᠦᠨᠳᠦᠰᠦᠨ ᠱᠠᠲᠤᠨ᠎ᠳᠤ ᠦᠨᠳᠦᠰᠦᠯᠡᠭᠰᠡᠨ ᠦᠢᠯᠡᠳᠦᠯᠭᠡ᠎ᠶᠢᠨ ᠲᠥᠷᠥᠭᠳᠡᠯ᠂ ᠵᠠᠯᠠᠭᠤ ᠨᠠᠰᠤᠨ᠎ᠳ᠋ᠠᠭᠠᠨ ᠡᠬᠡ ᠤᠯᠤᠰ᠎ᠲᠠᠭᠠᠨ ᠵᠢᠳᠬᠦᠭᠰᠡᠨ ᠬᠦᠰᠡᠯ ᠬᠥᠭᠡᠭᠡᠴᠡᠯᠳᠦᠯ ᠵᠡᠷᠭᠡ᠎ᠪᠠᠨ ᠬᠤᠪᠢᠶᠠᠯᠴᠠᠵᠤ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠵᠠᠯᠠᠭᠤᠴᠤᠳ᠎ᠤᠨ ᠬᠠᠷᠢᠭᠤᠴᠠᠯᠭ᠎ᠠ ᠡᠭᠦᠷᠭᠡᠯᠡᠯ᠎ᠢ ᠠᠮᠢᠳᠤᠯᠢᠭ᠋᠎ᠢᠶᠠᠷ ᠢᠯᠡᠷᠡᠭᠦᠯᠪᠡ᠃ ᠦᠷ᠎ᠡ ᠪᠦᠲᠦᠭᠡᠯ᠎ᠦᠨ ᠦᠵᠡᠭᠦᠯᠭᠡ᠎ᠶᠢᠨ ᠲᠣᠭᠣᠷᠢᠭ᠋ ᠨᠢ ᠵᠢᠷᠤᠭ ᠦᠰᠦᠭ᠎ᠦᠨ ᠦᠵᠡᠭᠦᠯᠭᠡ᠎ᠶᠢᠨ ᠰᠠᠮᠪᠠᠷ᠎ᠠ᠂ ᠪᠣᠳᠠᠲᠤ ᠪᠣᠳᠠᠰ᠎ᠤᠨ ᠦᠵᠡᠭᠦᠯᠭᠡ᠂ ᠬᠠᠷᠢᠯᠴᠠᠨ ᠰᠣᠯᠢᠯᠴᠠᠬᠤ ᠵᠡᠷᠭᠡ ᠬᠡᠯᠪᠡᠷᠢ᠎ᠪᠡᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠳᠦ ᠦᠢᠯᠡᠴᠢᠯᠡᠬᠦ ᠳᠤᠮᠳᠠᠬᠢ ᠵᠢᠷᠭᠤᠭᠠᠨ ᠶᠡᠬᠡ ᠭᠣᠣᠯ ᠰᠡᠳᠦᠪᠲᠦ ᠪᠦᠯᠬᠦᠮ ᠨᠡᠶ᠋ᠢᠲᠡ᠎ᠶᠢᠨ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ ᠪᠠ ᠦᠢᠯᠡᠳᠦᠯᠭᠡ᠎ᠶᠢᠨ ᠦᠷ᠎ᠡ ᠪᠦᠲᠦᠮᠵᠢ᠎ᠶᠢ ᠪᠥᠬᠥ ᠲᠠᠯ᠎ᠠ᠎ᠪᠠᠷ ᠳᠡᠯᠭᠡᠨ ᠦᠵᠡᠭᠦᠯᠵᠦ᠂ ᠵᠠᠯᠠᠭᠤ ᠰᠤᠷᠤᠭ᠍ᠴᠢᠳ᠎ᠲᠤ ᠰᠤᠷᠤᠯᠴᠠᠵᠤ ᠰᠣᠯᠢᠯᠴᠠᠬᠤ ᠲᠠᠪᠴᠠᠩ᠎ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号