ᠰᠠᠭᠤᠷᠢ ᠰᠤᠳᠤᠯᠭᠠᠨ᠎ᠤ 《ᠰᠠᠭᠤᠷᠢ》 ᠵᠢ ᠪᠡᠬᠢᠵᠢᠭᠦᠯᠵᠦ᠍ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ 《ᠴᠠᠮᠬᠠᠭ》 ᠢ᠋ ᠭᠡᠷᠡᠯᠲᠦᠭᠦᠯᠪᠡ
2025-12-11 10:11:09
ᠵᠣᠬᠢᠶᠠᠭ᠍ᠴᠢ᠄
​ᠪᠠᠶ ᠯᠢᠶᠠᠨ
ᠣᠩᠱᠢᠭ᠍ᠰᠠᠨ ᠣᠳᠠᠭ᠎ᠠ᠄
★★★☆☆

ᠡᠨᠡ ᠬᠡᠳᠦᠨ ᠡᠳᠦᠷ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠠᠮᠢ ᠱᠢᠨᠵᠢᠯᠡᠬᠡᠨ᠎ᠤ ᠳᠡᠭᠡᠳᠦ ᠰᠤᠷᠭᠠᠭᠤᠯᠢ᠎ᠶ᠋ᠢᠨ ᠲᠤᠷᠱᠢᠯᠲᠠ᠎ᠶ᠋ᠢᠨ ᠲᠠᠰᠤᠭ᠎ᠲᠤ᠂ ᠶᠠᠩ ᠯᠧᠢ ᠫᠷᠤᠹᠧᠰᠰᠤᠷ᠎ᠤᠨ ᠪᠦᠯᠬᠦᠮ ᠶᠠᠭ ᠰᠠᠢᠬᠠᠨ ᠦᠬᠡᠷ ᠬᠣᠨᠢᠨ᠎ᠤ ᠭᠠᠭ᠍ᠴᠠ ᠳᠠᠬᠢᠨᠲᠦ ᠪᠡᠶ᠎ᠡ᠎ᠶ᠋ᠢᠨ ᠡᠭᠦᠯᠳᠡᠷ᠎ᠪᠤᠢᠵᠢᠭᠤᠯᠬᠤ ᠮᠡᠷᠭᠡᠵᠢᠯ᠎ᠤᠨ 2.0 ᠬᠡᠪᠯᠡᠯ᠎ᠤᠨ ᠰᠤᠳᠤᠯᠤᠨ ᠨᠡᠭᠡᠭᠡᠯᠲᠡ᠎ᠶ᠋ᠢ ᠪᠠᠴᠢᠮ ᠶᠠᠭᠠᠷᠠᠯᠲᠠᠢ ᠠᠬᠢᠭᠤᠯᠵᠤ᠂ ᠨᠢᠭᠡᠨᠲᠡ ᠱᠢᠪᠲᠤᠯᠤᠯᠲᠠ ᠭᠠᠷᠭᠠᠭ᠍ᠰᠠᠨ ᠰᠠᠭᠤᠷᠢᠨ ᠳᠡᠭᠡᠷ᠎ᠡ ᠠᠮᠢᠳᠤ ᠪᠡᠶ᠎ᠡ᠎ᠶ᠋ᠢᠨ ᠳᠦᠷᠦᠯᠲᠡ᠎ᠶ᠋ᠢᠨ ᠨᠣᠷᠮ᠎ᠠ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌᠎ᠪᠡᠷ ᠴᠢᠷᠮᠠᠢᠵᠤ ᠪᠠᠢᠨ᠎ᠠ᠃ ᠲᠦᠷᠦᠭᠦᠬᠡᠨ᠂ ᠪᠦᠯᠬᠦᠮ᠎ᠦᠨ᠎ᠬᠢᠨ ᠴᠣ ᠱᠢᠨ᠎ᠡ ᠮᠡᠷᠭᠡᠵᠢᠯ᠎ᠦᠨ ᠱᠢᠰᠲ᠋ᠧᠮ᠎ᠢ ᠠᠮᠵᠢᠯᠲᠠ᠎ᠲᠠᠶ ᠪᠠᠢᠭᠤᠯᠵᠤ᠂ ᠳᠡᠯᠡᠬᠡᠶ ᠳᠡᠭᠡᠷᠡᠬᠢ ᠠᠩᠬᠠᠳᠠᠭ᠍ᠴᠢ ᠭᠠᠭ᠍ᠴᠠ ᠳᠠᠬᠢᠨᠳᠤ ᠪᠡᠶ᠎ᠡ᠎ᠶ᠋ᠢᠨ ᠭᠤᠤᠯ ᠡᠰ᠎ᠦᠨ ᠢᠷᠡᠯᠲᠡ᠎ᠲᠡᠶ ᠦᠬᠡᠷ ᠬᠣᠨᠢ᠎ᠶ᠋ᠢ ᠪᠣᠢᠵᠢᠭᠤᠯᠤᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠤᠯᠠᠮᠵᠢᠯᠠᠯᠲᠤ 20 ᠵᠢᠯ᠎ᠦᠨ ᠡᠭᠦᠯᠳᠡᠷ ᠪᠣᠢᠵᠢᠭᠤᠯᠬᠤ ᠦᠶᠡᠯᠡᠯ᠎ᠦᠨ ᠬᠤᠭᠤᠴᠠᠭ᠎ᠠ᠎ᠶ᠋ᠢ 12 ᠰᠠᠷ᠎ᠠ ᠪᠣᠯᠭᠠᠨ ᠪᠣᠭᠣᠨᠢᠰᠭᠠᠪᠠ᠃ ᠡᠨᠡ ᠬᠦ᠌ ᠠᠵᠢᠯ ᠲᠥᠷᠥᠯ᠎ᠦᠨ ᠲᠤᠰᠭᠠᠶ ᠮᠡᠷᠭᠡᠵᠢᠯᠲᠡᠨ᠎ᠳᠦ 《ᠬᠦᠰᠢᠶ᠎ᠡ ᠳᠤᠷᠠᠰᠬᠠᠯ᠎ᠦᠨ ᠠᠴᠢ ᠬᠣᠯᠪᠣᠭ᠍ᠳᠠᠯ᠎ᠲᠠᠶ》 ᠭᠡᠵᠦ᠍ ᠦᠨᠡᠯᠡᠭ᠌ᠳᠡᠭ᠌ᠰᠡᠨ ᠦᠷ᠎ᠡ ᠪᠦᠲᠦᠭᠡᠯ᠎ᠢ ᠨᠢᠭᠡᠨᠲᠡ 《Nature Biotechnology》 ᠳ᠋ᠤ ᠨᠡᠢᠲᠡᠯᠡᠵᠦ᠍᠂ ᠮᠠᠨ᠎ᠤ ᠤᠯᠤᠰ᠎ᠤᠨ ᠦᠬᠡᠷ ᠬᠣᠨᠢᠨ᠎ᠤ ᠡᠭᠦᠯᠳᠡᠷ ᠪᠣᠢᠵᠢᠭᠤᠯᠬᠤ ᠠᠵᠤ ᠦᠢᠯᠡᠰᠵᠢᠯᠲᠡ᠎ᠶ᠋ᠢᠨ ᠲᠠᠰ ᠳᠡᠪᠱᠢᠬᠦ᠌᠎ᠳᠦ ᠴᠣ ᠱᠢᠨ᠎ᠡ ᠮᠡᠷᠭᠡᠵᠢᠯ᠎ᠦᠨ ᠠᠷᠭ᠎ᠠ ᠵᠠᠮ᠎ᠢ ᠨᠡᠭᠡᠭᠡᠵᠦ᠍ ᠥᠭ᠌ᠭᠦᠭ᠌ᠰᠡᠨ ᠪᠠᠢᠨ᠎ᠠ᠃

《ᠥᠪᠡᠷᠲᠡᠭᠡᠨ ᠵᠠᠰᠠᠬᠤ ᠣᠷᠣᠨ᠎ᠤ ᠠᠯᠢ ᠤᠯᠠᠨ ᠠᠱᠢᠭ᠍ᠲᠠᠢ ᠲᠦᠷᠦ᠍᠎ᠶ᠋ᠢᠨ ᠪᠤᠳᠤᠯᠭ᠎ᠠ᠎ᠶ᠋ᠢᠨ ᠬᠦᠴᠦᠲᠡᠢ ᠳᠡᠮᠵᠢᠯᠭᠡ ᠨᠢ ᠮᠠᠨ᠎ᠤ ᠪᠦᠯᠬᠦᠮ᠎ᠢ ᠨᠢᠭᠡ ᠰᠡᠳᠭᠢᠯ ᠨᠢᠭᠡ ᠵᠣᠷᠢᠭ᠎ᠢᠶᠠᠷ ᠰᠤᠳᠤᠯᠭᠠᠨ᠎ᠢ ᠰᠠᠢᠲᠤᠷ ᠬᠢᠯᠭᠡᠵᠡᠢ᠃ ᠢᠷᠡᠭᠡᠳᠦᠶ᠎ᠳᠦ᠂ ᠪᠢᠳᠡ ᠮᠡᠷᠭᠡᠵᠢᠯ᠎ᠦᠨ ᠱᠢᠰᠲ᠋ᠧᠮ᠎ᠢ ᠡᠪᠡᠳᠴᠢᠨ᠎ᠢ ᠡᠰᠡᠷᠭᠦᠴᠡᠬᠦ᠌᠂ ᠰᠦ᠎ᠵᠢᠨ ᠭᠠᠷᠤᠯᠲᠠ ᠵᠡᠷᠭᠡ ᠴᠢᠬᠤᠯᠠ ᠭᠧᠨ᠎ᠦ ᠬᠠᠨᠳᠤᠯᠭᠠᠲᠤ ᠨᠠᠢᠷᠠᠭᠤᠯᠤᠭ᠍ᠴᠢ᠎ᠳᠤ ᠤᠯᠠᠮ ᠨᠢᠭᠡ ᠠᠯᠬᠤᠮ ᠬᠡᠷᠡᠭ᠌ᠯᠡᠬᠦ᠌᠎ᠶ᠋ᠢ ᠠᠬᠢᠭᠤᠯᠵᠤ᠂ ᠥᠨᠳᠥᠷ ᠤᠨᠠᠯᠲᠠ᠎ᠲᠠᠶ᠂ ᠴᠢᠨᠠᠷ ᠰᠠᠢᠲᠠᠶ ᠶᠡᠷᠦᠩᠬᠡᠢᠯᠡᠭ᠌ᠰᠡᠨ ᠴᠢᠨᠠᠷᠲᠠᠶ ᠱᠢᠯᠢᠳᠡᠭ ᠰᠠᠢᠨ ᠦᠬᠡᠷ ᠬᠣᠨᠢᠨ᠎ᠤ ᠡᠭᠦᠯᠳᠡᠷ᠎ᠢ ᠴᠢᠷᠮᠠᠢᠨ ᠪᠣᠢᠵᠢᠭᠤᠯᠵᠤ᠂ ᠮᠡᠷᠭᠡᠵᠢᠯ ᠪᠠ ᠮᠠᠲ᠋ᠧᠷᠢᠶᠠᠯ᠎ᠤᠨ ᠲᠠᠯ᠎ᠠ᠎ᠡᠴᠡ ᠤᠯᠤᠰ᠎ᠤᠨ ᠮᠢᠬ᠎ᠠ ᠰᠦ᠎ᠵᠢᠨ ᠬᠠᠩᠭᠠᠯᠭ᠎ᠠ᠎ᠶ᠋ᠢᠨ ᠠᠮᠤᠷ ᠲᠦᠪᠱᠢᠨ᠎ᠦ ᠰᠠᠭᠤᠷᠢ᠎ᠶ᠋ᠢ ᠪᠡᠬᠢᠵᠢᠭᠦᠯᠦᠨ᠎ᠡ》 ᠭᠡᠵᠦ᠍ ᠶᠠᠩ ᠯᠸᠢ ᠬᠡᠯᠡᠪᠡ᠃

ᠡᠨᠡ ᠪᠣᠯ ᠥᠪᠥᠷ ᠮᠣᠩᠭᠣᠯ᠎ᠤᠨ ᠤᠢ᠍ᠢᠷ᠎ᠠ᠎ᠶ᠋ᠢᠨ ᠵᠢᠯ᠎ᠦᠨ ᠲᠤᠷᠰᠢ ᠰᠠᠭᠤᠷᠢ ᠰᠤᠳᠤᠯᠭᠠᠨ᠎ᠳᠠᠬᠢ ᠣᠷᠣᠭᠤᠯᠤᠯᠲᠠ᠎ᠪᠠᠨ ᠦᠷᠭᠦᠯᠵᠢᠯᠡᠨ ᠨᠡᠮᠡᠭ᠌ᠳᠡᠭᠦᠯᠵᠦ᠍᠂ ᠬᠦᠴᠦ᠍᠎ᠪᠡᠨ ᠲᠥᠪᠯᠡᠷᠡᠭᠦᠯᠦᠨ ᠭᠦᠨ ᠳᠠᠪᠬᠤᠷᠭ᠎ᠠ᠎ᠶ᠋ᠢᠨ ᠱᠢᠨᠵᠢᠯᠡᠬᠦ᠌ ᠤᠬᠠᠭᠠᠨ᠎ᠤ ᠠᠰᠠᠭᠤᠳᠠᠯ᠎ᠢ ᠱᠢᠢᠳᠪᠦᠷᠢᠯᠡᠭ᠌ᠰᠡᠨ᠎ᠦ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠡ ᠬᠤᠷᠠᠯ᠎ᠡᠴᠡ 《 ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌》 ᠶ᠋ᠢ ᠲᠣᠳᠣᠷᠬᠠᠢ ᠳᠤᠷᠠᠳᠤᠨ ᠭᠠᠷᠭᠠᠭ᠍ᠰᠠᠨ ᠪᠥᠭᠡᠳ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠲᠦᠪᠱᠢᠨ᠎ᠢ ᠶᠡᠬᠡ᠎ᠪᠡᠷ ᠳᠡᠭᠡᠭ᠌ᠰᠢᠯᠡᠭᠦᠯᠬᠦ᠌ 》 ᠶ᠋ᠢ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ᠎ᠶ᠋ᠢᠨ ᠨᠢᠭᠡ᠎ᠳᠦ ᠣᠷᠣᠭᠤᠯᠪᠠ᠃ ᠥᠪᠥᠷ ᠮᠣᠩᠭᠣᠯ ᠶᠠᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠬᠥᠭ᠌ᠵᠢᠯᠲᠡ᠎ᠶ᠋ᠢᠨ ᠪᠥᠬᠥ᠌ ᠲᠠᠯ᠎ᠠ᠎ᠶ᠋ᠢᠨ ᠭᠤᠤᠯ ᠪᠠᠢᠷᠢᠨ᠎ᠳᠤ ᠲᠠᠯᠪᠢᠵᠤ᠂ ᠰᠠᠭᠤᠷᠢ ᠰᠤᠳᠤᠯᠭᠠᠨ ᠭᠡᠬᠦ᠌ ᠡᠨᠡ ᠬᠦ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢᠨ ᠡᠬᠢ ᠪᠤᠯᠠᠭ ᠪᠣᠯᠤᠨ ᠪᠠᠢᠯᠳᠤᠬᠤ ᠪᠣᠳᠣᠯᠭ᠎ᠠ᠎ᠶ᠋ᠢᠨ ᠰᠠᠭᠤᠷᠢ ᠴᠢᠯᠠᠭᠤ᠎ᠶ᠋ᠢ ᠲᠠᠰᠤᠷᠠᠯᠲᠠ ᠥᠬᠡᠶ ᠴᠢᠩᠭᠠᠳᠭᠠᠵᠤ ᠪᠣᠶ᠃

《ᠠᠷᠪᠠᠨ ᠳᠥᠷᠪᠡᠳᠦᠭᠡᠷ ᠲᠠᠪᠤᠨ ᠵᠢᠯ》ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠰᠠᠭᠤᠷᠢ ᠰᠤᠳᠤᠯᠭᠠᠨ᠎ᠤ ᠵᠠᠷᠤᠳᠠᠯ ᠬᠦᠴᠦᠲᠡᠶ ᠨᠡᠮᠡᠭ᠌ᠳᠡᠬᠦ᠌ ᠬᠠᠨᠳᠤᠰᠢ ᠢᠯᠡᠷᠡᠪᠡ᠃ 《2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠠᠷᠤᠳᠠᠯ᠎ᠤᠨ ᠣᠷᠣᠭᠤᠯᠤᠯᠲᠠ᠎ᠶ᠋ᠢᠨ ᠪᠦᠷᠢᠳᠭᠡᠯ᠎ᠦᠨ ᠠᠯᠪᠠᠨ ᠮᠡᠳᠡᠭᠡ》 ᠳ᠋ᠤ ᠬᠠᠷᠠᠭᠤᠯᠤᠭᠰᠠᠨ᠎ᠢᠶᠡᠷ᠂ ᠪᠥᠬᠥ᠌ ᠣᠷᠣᠨ᠎ᠤ ᠰᠠᠭᠤᠷᠢ ᠰᠤᠳᠤᠯᠭᠠᠨ᠎ᠤ ᠵᠠᠷᠤᠳᠠᠯ 9.2 ᠳ᠋ᠦᠩᠱᠢᠭᠤᠷ ᠲᠥᠭᠥᠷᠢᠭ᠎ᠲᠦ ᠬᠦᠷᠴᠦ᠍᠂ ᠳᠡᠭᠡᠷ᠎ᠡ ᠵᠢᠯ᠎ᠦᠨ᠎ᠬᠢ᠎ᠡᠴᠡ 20.1% ᠎ᠪᠠᠷ ᠨᠡᠮᠡᠭ᠌ᠳᠡᠵᠦ᠍᠂ ᠪᠥᠬᠥ᠌ ᠤᠯᠤᠰ᠎ᠤᠨ 10.7% ᠎ᠶ᠋ᠢᠨ ᠳᠤᠮᠳᠠᠴᠢ ᠨᠡᠮᠡᠭ᠌ᠳᠡᠯ᠎ᠦᠨ ᠬᠤᠷᠳᠤᠴᠠ᠎ᠡᠴᠡ ᠬᠣᠯᠠ ᠥᠨᠳᠥᠷ ᠪᠣᠯᠵᠠᠶ᠃ ᠠᠩᠬᠠᠷᠤᠭᠤᠱᠢᠲᠠᠶ᠎ᠨᠢ ᠂ 2021 ᠣᠨ᠎ᠡᠴᠡ 2024 ᠣᠨ᠎ᠤ ᠬᠣᠭᠣᠷᠣᠨᠳᠣ᠂ ᠪᠥᠬᠥ᠌ ᠣᠷᠣᠨ᠎ᠤ ᠰᠠᠭᠤᠷᠢ ᠰᠤᠳᠤᠯᠭᠠᠨ᠎ᠤ ᠵᠠᠷᠤᠳᠠᠯ ᠨᠡᠢᠲᠡ 69.8% ᠎ᠪᠠᠷ ᠨᠡᠮᠡᠭ᠌ᠳᠡᠵᠦ᠍᠂ ᠨᠡᠮᠡᠭ᠌ᠳᠡᠯ᠎ᠦᠨ ᠬᠤᠷᠳᠤᠴᠠ᠎ᠨᠢ ᠦᠷᠭᠦᠯᠵᠢᠯᠡᠨ ᠪᠥᠬᠥ᠌ ᠨᠡᠢᠭᠡᠮ᠎ᠦᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠪᠦᠬᠦᠯᠢ ᠴᠣᠭ᠍ᠴᠠ᠎ᠶ᠋ᠢᠨ ᠲᠦᠪᠱᠢᠨ᠎ᠡᠴᠡ ᠥᠨᠳᠥᠷ ᠪᠣᠯᠵᠠᠶ᠃ ᠡᠳᠡᠭᠡᠷ ᠠᠯᠢ ᠤᠯᠠᠨ ᠲᠣᠭ᠎ᠠ ᠪᠠᠷᠢᠮᠲᠠ᠎ᠶ᠋ᠢᠨ ᠠᠷᠤ᠎ᠳᠤ᠂ ᠥᠪᠥᠷ ᠮᠣᠩᠭᠣᠯ᠎ᠤᠨ ᠤᠤᠭᠠᠯ ᠱᠢᠨ᠎ᠡ ᠡᠭᠦᠳᠦᠯᠲᠡ᠎ᠵᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ ᠣᠷᠣᠨ ᠪᠦᠰᠡ᠎ᠶ᠋ᠢᠨ ᠠᠵᠤ ᠦᠢᠯᠡᠰ᠎ᠦᠨ ᠵᠠᠩᠭᠢᠯᠠᠭ᠎ᠠ᠎ᠶ᠋ᠢᠨ ᠠᠰᠠᠭᠤᠳᠠᠯ᠎ᠢ ᠱᠢᠢᠳᠪᠦᠷᠢᠯᠡᠬᠦ᠌ ᠡᠷᠡᠰ ᠪᠠᠲᠤ ᠣᠷᠣᠭᠤᠯᠤᠯᠲᠠ ᠪᠤᠢ᠃

ᠰᠠᠭᠤᠷᠢ ᠰᠤᠳᠤᠯᠭᠠᠨ᠎ᠢ ᠮᠥᠨ ᠴᠢᠨᠠᠷ᠎ᠤᠨ ᠱᠢᠪᠲᠤᠯᠤᠯᠲᠠ᠎ᠲᠠᠶ ᠪᠣᠯᠭᠠᠬᠤ᠎ᠳᠤ ᠠᠮᠢᠳᠤᠯᠢᠭ ᠪᠥᠭᠡᠳ ᠥᠨᠳᠥᠷ ᠪᠦᠲᠦᠮᠵᠢᠲᠡᠢ ᠪᠠᠢᠭᠤᠯᠤᠯ ᠲᠣᠭ᠍ᠲᠡᠴᠡ᠎ᠶ᠋ᠢᠨ ᠪᠠᠲᠤᠯᠠᠭ᠎ᠠ᠎ᠡᠴᠡ ᠰᠠᠯᠵᠤ ᠴᠢᠳᠠᠬᠤ ᠦᠭᠡᠢ ᠶᠤᠮ᠃ ᠥᠩᠭᠡᠷᠡᠭ᠌ᠰᠡᠨ 5 ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠰᠠᠭᠤᠷᠢ ᠰᠤᠳᠤᠯᠭᠠᠨ᠎ᠤ ᠬᠦᠷᠢᠶᠡᠨ᠎ᠳᠡᠬᠢ 《ᠲᠦᠭ᠌ᠰᠢᠭᠦᠷᠢ᠎ᠶ᠋ᠢ ᠳᠤᠭᠤᠯᠬᠤ ᠣᠷᠣᠨ》 ᠤ᠋ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ᠂ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠶ᠋ᠢᠨ 《ᠳᠠᠭᠠᠭᠠᠴᠢᠯᠠᠯᠲᠠ᠎ᠶ᠋ᠢᠨ ᠲᠦᠷᠢᠮ + ᠨᠠᠵᠠᠭᠠᠶ ᠲᠠᠯ᠎ᠠ᠎ᠶ᠋ᠢᠨ ᠨᠠᠷᠢᠨ ᠲᠠᠩᠰᠠ》ᠶ᠋ᠢᠨ ᠬᠠᠮᠢᠶᠠᠷᠤᠯᠲᠠ᠎ᠶ᠋ᠢᠨ ᠵᠠᠭ᠍ᠪᠤᠷ᠎ᠢ ᠬᠡᠷᠡᠭ᠌ᠵᠢᠭᠦᠯᠵᠦ᠍᠂ ᠵᠠᠷᠤᠳᠠᠯ ᠬᠡᠷᠡᠭ᠌ᠯᠡᠬᠦ᠌ ᠡᠵᠡᠨ ᠮᠡᠳᠡᠬᠦ᠌ ᠡᠷᠬᠡ᠎ᠶ᠋ᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠳᠤ ᠭᠦᠶ᠋ᠴᠡᠳ ᠣᠯᠭᠣᠭ᠍ᠰᠠᠨ ᠪᠥᠭᠡᠳ ᠣᠯᠠᠨ ᠵᠦᠶ᠋ᠯ᠎ᠦᠨ ᠬᠠᠮᠢᠶᠠᠷᠤᠯᠲᠠ᠎ᠶ᠋ᠢᠨ ᠠᠷᠭ᠎ᠠ᠎ᠳᠤ ᠵᠠᠰᠠᠪᠤᠷᠢ ᠣᠷᠣᠭᠤᠯᠬᠤ᠂ ᠲᠥᠷᠥᠯ ᠵᠦᠶ᠋ᠯ᠎ᠦᠨ ᠵᠣᠬᠢᠶᠠᠨ ᠪᠠᠢᠭᠤᠯᠬᠤ ᠲᠣᠭ᠍ᠲᠡᠴᠡ ᠪᠠ ᠴᠢᠳᠠᠪᠤᠷᠢᠲᠠᠨ᠎ᠤ ᠱᠠᠲᠤᠯᠢᠭ ᠡᠩᠨᠡᠭᠡ᠎ᠶ᠋ᠢᠨ ᠪᠠᠢᠭᠤᠯᠤᠯᠲᠠ᠎ᠶ᠋ᠢ ᠱᠢᠯᠢᠳᠡᠭ᠌ᠵᠢᠭᠦᠯᠬᠦ ᠪᠡᠷ ᠳᠠᠮᠵᠢᠭᠤᠯᠤᠨ᠂ ᠰᠠᠭᠤᠷᠢ ᠰᠤᠳᠤᠯᠭᠠᠨ᠎ᠤ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠲᠦᠷᠢᠮ᠎ᠦᠨ ᠪᠣᠭᠣᠮᠢ᠎ᠶ᠋ᠢ ᠱᠢᠰᠲ᠋ᠧᠮ᠎ᠲᠡᠶ ᠱᠢᠶ᠋ᠳᠪᠦᠷᠢᠯᠡᠪᠡ᠃

ᠥᠭᠡᠷᠡᠴᠢᠯᠡᠯᠲᠡ᠎ᠶ᠋ᠢᠨ ᠦᠷ᠎ᠡ ᠪᠦᠲᠦᠮᠵᠢ ᠠᠯᠬᠤᠮ ᠠᠯᠬᠤᠮ᠎ᠢᠶᠠᠷ ᠦᠨᠡᠨ ᠪᠣᠳᠠᠲᠠᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠲᠦᠭᠡᠭ᠌ᠳᠡᠬᠦᠨ ᠪᠣᠯᠵᠤ ᠬᠤᠪᠢᠷᠠᠵᠤ ᠪᠠᠢᠨ᠎ᠠ᠃ ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ᠎ᠳᠤ ᠨᠢᠭᠡ ᠪᠦᠯᠦᠭ ᠴᠢᠬᠤᠯᠠ ᠨᠥᠯᠥᠭᠡᠯᠡᠬᠦ᠌ ᠬᠦᠴᠦᠨ᠎ᠲᠡᠶ ᠦᠷ᠎ᠡ ᠪᠦᠲᠦᠭᠡᠯ ᠢᠯᠡᠷᠡᠨ ᠭᠠᠷᠴᠤ᠌᠂ ᠤᠯᠤᠰ᠎ᠤᠨ ᠳᠣᠲᠣᠭᠠᠳᠤ᠎ᠶ᠋ᠢᠨ ᠲᠦᠷᠦᠭᠦᠦ ᠢᠵᠢ ᠬᠠᠬᠢᠷ ᠬᠦᠶ᠋ᠲᠡᠨ ᠭᠠᠵᠠᠷ ᠣᠷᠣᠨ᠎ᠳᠤ ᠬᠡᠷᠡᠭ᠌ᠯᠡᠬᠦ᠌ ᠰᠠᠯᠬᠢᠨ ᠬᠦᠴᠦᠨ᠎ᠦ ᠮᠠᠱᠢᠨ᠎ᠤ ᠱᠢᠩᠭᠡᠨ ᠲᠠᠷᠤᠴᠠᠳᠤ ᠲᠣᠰᠣ᠎ᠶ᠋ᠢ ᠬᠥᠳᠡᠯᠦᠩᠭᠦᠶ᠎ᠪᠡᠷ ᠬᠢᠨᠠᠨ ᠬᠡᠮᠵᠢᠬᠦ᠌ ᠱᠢᠰᠲ᠋ᠧᠮ ᠨᠢ ᠱᠢᠨ᠎ᠡ ᠡᠨᠧᠷᠭᠢ᠎ᠶ᠋ᠢᠨ ᠲᠣᠨᠣᠭ᠍ᠯᠠᠯ᠎ᠤᠨ ᠬᠡᠲᠦᠷᠡᠮᠡᠬᠡᠶ ᠣᠷᠴᠢᠨ᠎ᠳᠤ ᠠᠵᠢᠯᠯᠠᠬᠤ ᠪᠡᠷᠬᠡ ᠰᠡᠳᠦᠪ᠎ᠢ ᠪᠦᠲᠦᠮᠵᠢᠲᠡᠶ ᠱᠢᠶ᠋ᠳᠪᠦᠷᠢᠯᠡᠪᠡ;《 ᠬᠤᠤᠰ ᠪᠤᠯᠴᠢᠩᠲᠤ ᠦᠬᠡᠷ 》 ᠤ᠋ᠨ ᠱᠢᠨ᠎ᠡ ᠡᠭᠦᠯᠳᠡᠷ᠎ᠢ ᠠᠮᠵᠢᠯᠲᠠ᠎ᠲᠠᠶ ᠪᠣᠢᠵᠢᠭᠤᠯᠤᠭ᠍ᠰᠠᠨ᠎ᠨᠢ ᠮᠠᠨ᠎ᠤ ᠤᠯᠤᠰ᠎ᠤᠨ ᠮᠢᠬᠠᠨ ᠤ᠋ ᠦᠬᠡᠷ᠎ᠦᠨ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠱᠢᠨ᠎ᠡ ᠠᠷᠭ᠎ᠠ ᠵᠠᠮ᠎ᠢ ᠨᠡᠭᠡᠭᠡᠵᠦ᠍ ᠥᠭ᠌ᠴᠡᠶ; ᠥᠨᠳᠡᠭᠡᠨ ᠡᠬᠡ ᠡᠰ᠎ᠦᠨ ᠦᠶᠡᠯᠡᠯ᠎ᠦᠨ ᠬᠤᠭᠤᠴᠠᠭ᠎ᠠ ᠰᠣᠯᠢᠭ᠍ᠳᠠᠬᠤ ᠱᠢᠨ᠎ᠡ ᠲᠣᠭ᠍ᠲᠠᠴᠠ᠎ᠶ᠋ᠢ ᠢᠯᠡᠷᠡᠭᠦᠯᠦᠭ᠌ᠰᠡᠨ᠎ᠨᠢ ᠦᠷᠡᠵᠢᠯ᠎ᠦᠨ ᠡᠷᠡᠭᠦᠯ ᠮᠡᠨᠳᠦ᠍᠎ᠶ᠋ᠢᠨ ᠰᠤᠳᠤᠯᠭᠠᠨ᠎ᠳᠤ ᠴᠣ ᠱᠢᠨ᠎ᠡ ᠴᠢᠭ᠌ᠯᠡᠯ᠎ᠢ ᠥᠷᠭᠡᠳᠭᠡᠵᠦ᠍ ᠥᠭ᠌ᠴᠡᠶ ᠁ ᠡᠲᠡᠭᠡᠷ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠶ᠋ᠢᠨ ᠳᠡᠮᠵᠢᠵᠦ᠍ ᠪᠠᠢᠭ᠎ᠠ ᠴᠢᠬᠤᠯᠠ ᠶᠡᠬᠡ ᠬᠡᠷᠡᠭ᠌ᠯᠡᠭᠡᠨ᠎ᠦ ᠰᠠᠭᠤᠷᠢ ᠰᠤᠳᠤᠯᠭᠠᠨ᠎ᠤ ᠲᠥᠷᠥᠯ ᠵᠦᠶ᠋ᠯ᠎ᠨᠢ ᠬᠥᠮᠦᠨ ᠲᠥᠷᠥᠯᠬᠢᠲᠡᠨ᠎ᠦ ᠲᠠᠨᠢᠨ ᠮᠡᠳᠡᠬᠦᠶ᠎ᠶ᠋ᠢᠨ ᠵᠠᠭᠠᠭ ᠬᠢᠵᠠᠭᠠᠷ᠎ᠢ ᠥᠷᠭᠡᠳᠭᠡᠭ᠌ᠰᠡᠨ᠎ᠢᠶᠡᠷ ᠪᠠᠷᠠᠬᠤ ᠥᠬᠡᠶ᠂ ᠪᠠᠰᠠ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠦᠷᠭᠦᠯᠵᠢᠯᠡᠭ᠌ᠰᠡᠨ ᠬᠥᠳᠡᠯᠭᠡᠬᠦ᠌  ᠬᠥᠴᠤᠨ  ᠨᠡᠮᠡᠷᠢᠯᠡᠭ᠌ᠰᠡᠨ ᠪᠠᠢᠨ᠎ᠠ᠃

ᠡᠳ᠋᠎ᠦᠨ ᠵᠠᠰᠠᠭ᠎ᠤᠨ ᠪᠠᠯᠠ ᠮᠥᠩᠭᠥ᠎ᠶ᠋ᠢᠨ 《ᠲᠤᠬᠳᠠᠪᠤᠷᠢᠵᠢᠭᠤᠯᠤᠬᠴᠢ 》 ᠦᠶ᠋ᠯᠡᠳᠦᠯ᠎ᠢ ᠦᠷᠭᠦᠯᠵᠢᠯᠡᠨ ᠴᠢᠩᠭᠠᠳᠭᠠᠬᠤ᠎ᠶ᠋ᠢᠨ ᠬᠠᠮᠲᠤ᠂ ᠥᠪᠥᠷ ᠮᠣᠩᠭᠣᠯ ᠣᠯᠠᠨ ᠡᠱᠢᠲᠦ ᠣᠷᠣᠭᠤᠯᠤᠯᠲᠠ᠎ᠶ᠋ᠢᠨ ᠲᠣᠭ᠍ᠲᠠᠴᠠ᠎ᠶ᠋ᠢ ᠢᠳᠡᠪᠬᠢᠲᠡᠶ ᠰᠦᠪᠡᠭ᠌ᠴᠢᠯᠡᠨ ᠪᠠᠢᠭᠤᠯᠵᠤ᠂ ᠨᠠᠩ ᠣᠯᠠᠨ ᠨᠡᠢᠭᠡᠮ᠎ᠦᠨ ᠬᠦᠴᠦᠨ᠎ᠢ ᠬᠥᠲᠥᠯᠥᠨ ᠵᠢᠯᠣᠭᠣᠳᠴᠤ᠌ ᠰᠠᠭᠤᠷᠢ ᠰᠤᠳᠤᠯᠭᠠᠨ᠎ᠳᠤ ᠣᠷᠣᠯᠴᠠᠭᠤᠯᠪᠠ᠃ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠶ᠋ᠢᠨ ᠭᠣᠣᠯᠳᠠᠯᠭ᠎ᠠ᠎ᠲᠠᠶ ᠬᠠᠮᠲᠤᠷᠠᠭ᠍ᠰᠠᠨ ᠰᠠᠭᠤᠷᠢ ᠮᠥᠩᠭᠥ᠎ᠶ᠋ᠢ ᠪᠠᠢᠭᠤᠯᠬᠤ᠂ ᠬᠠᠮᠲᠤᠷᠠᠨ ᠲᠤᠰᠠᠯᠠᠬᠤ ᠬᠡᠪᠴᠢᠶ᠎ᠡ᠎ᠶ᠋ᠢ ᠥᠷᠭᠡᠳᠭᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ 《ᠵᠠᠰᠠᠭ᠎ᠤᠨ ᠣᠷᠳᠣᠨ ᠬᠥᠲᠥᠯᠥᠨ ᠵᠢᠯᠣᠭᠣᠳᠭᠤ᠂ ᠠᠵᠤ ᠠᠬᠤᠢᠯᠠᠯ ᠣᠷᠣᠯᠴᠠᠬᠤ᠂ ᠳᠡᠭᠡᠳᠦ ᠰᠤᠷᠭᠠᠭᠤᠯᠢ ᠪᠤᠭᠤᠮᠳᠠ ᠰᠢᠪᠳᠤᠯᠬᠤ》ᠬᠠᠮᠵᠢᠯᠴᠠᠨ ᠱᠢᠨ᠎ᠡ᠎ᠶ᠋ᠢ ᠡᠭᠦᠳᠬᠦ᠌ ᠪᠠᠢᠷᠢᠱᠢᠯ᠎ᠢ ᠠᠯᠬᠤᠮ ᠠᠯᠬᠤᠮ᠎ᠢᠶᠠᠷ ᠪᠤᠶ ᠪᠣᠯᠭᠠᠪᠠ᠃ 2025 ᠣᠨ᠎ᠳᠤ᠂ ᠥᠪᠡᠷᠲᠡᠭᠡᠨ ᠵᠠᠰᠠᠬᠤ ᠣᠷᠣᠨ ᠡᠨᠧᠷᠭᠢ ᠬᠢᠮᠢ᠎ᠶ᠋ᠢᠨ ᠠᠵᠤ ᠦᠶ᠋ᠯᠡᠳᠪᠦᠷᠢ᠂ ᠱᠢᠨ᠎ᠡ ᠮᠠᠲ᠋ᠧᠷᠢᠶᠠᠯ ᠬᠢᠭᠡᠳ ᠲᠡᠷᠢᠭᠦᠨ᠎ᠦ ᠦᠶ᠋ᠯᠡᠳᠬᠦ᠌ ᠦᠶ᠋ᠯᠡᠰ᠂ ᠡᠯᠧᠺᠲ᠋ᠷᠣᠨ ᠮᠡᠳᠡᠭᠡ ᠵᠠᠩᠭᠢ᠂ ᠠᠮᠢᠳᠤ ᠪᠣᠳᠠᠰ ᠬᠢᠭᠡᠳ ᠮᠠᠯ ᠠᠵᠤ ᠠᠬᠤᠶ ᠲᠠᠷᠢᠶᠠᠯᠠᠩ᠂ ᠠᠮᠢ ᠠᠬᠤᠶ ᠣᠷᠴᠢᠨ ᠲᠣᠭᠣᠷᠢᠨ᠂ ᠬᠥᠮᠦᠨ ᠠᠮᠠ᠎ᠶ᠋ᠢᠨ ᠡᠷᠡᠭᠦᠯ ᠮᠡᠨᠳᠦ ᠵᠡᠷᠭᠡ ᠵᠢᠷᠭᠤᠭᠠᠨ ᠶᠡᠬᠡ ᠭᠤᠤᠯᠳᠠᠯᠭ᠎ᠠ᠎ᠲᠠᠶ ᠬᠦᠷᠢᠶ᠎ᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠲᠠᠯ᠎ᠠ᠎ᠶ᠋ᠢᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍ ᠪᠠᠢᠭᠠᠳ 20 ᠵᠦᠶ᠋ᠯ᠎ᠦᠨ ᠬᠠᠮᠲᠤᠷᠠᠭ᠍ᠰᠠᠨ ᠰᠠᠭᠤᠷᠢ ᠮᠥᠩᠭᠥ᠎ᠶ᠋ᠢᠨ ᠲᠥᠷᠥᠯ ᠵᠦᠶ᠋ᠯ᠎ᠢ ᠳᠡᠮᠵᠢᠵᠦ᠍᠂ 1600 ᠲᠦᠮᠡᠨ ᠲᠥᠭᠥᠷᠢᠭ᠎ᠦᠨ ᠪᠠᠯᠠ ᠣᠷᠣᠭᠤᠯᠵᠤ᠂ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠤᠨ ᠠᠵᠤ ᠦᠶ᠋ᠯᠡᠰ᠎ᠦᠨ ᠲᠦᠪᠡᠭᠳᠡᠯ ᠬᠦᠴᠢᠷᠳᠡᠯ ᠪᠠ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠲᠠᠶ ᠣᠨᠣᠴᠠᠲᠠᠶ ᠵᠣᠯᠭᠠᠭᠤᠯᠬᠤ᠎ᠶ᠋ᠢ ᠠᠬᠢᠭᠤᠯᠪᠠ᠃ ᠪᠦᠷᠢᠳᠭᠡᠯ᠎ᠢ ᠦᠨᠳᠦᠰᠦᠯᠡᠪᠡᠯ᠂ ᠪᠥᠬᠥ᠌ ᠣᠷᠣᠨ᠎ᠤ ᠬᠠᠮᠳᠤᠷᠠᠭᠰᠠᠨ ᠰᠠᠭᠤᠷᠢ ᠮᠥᠩᠭᠥ᠎ᠶ᠋ᠢᠨ ᠡᠩ᠎ᠦᠨ ᠬᠠᠮᠲᠤᠷᠠᠨ ᠲᠤᠰᠠᠯᠠᠬᠤ ᠡᠲᠡᠭᠡᠳ᠎ᠦᠨ ᠬᠡᠪᠴᠢᠶ᠎ᠡ᠎ᠨᠢ ᠨᠢᠳᠤᠨᠤᠨ᠎ᠤ᠎ᠬᠢ᠎ᠡᠴᠡ 26% ᠎ᠪᠠᠷ ᠨᠡᠮᠡᠭ᠌ᠳᠡᠵᠦ᠍᠂ ᠨᠡᠢᠭᠡᠮ᠎ᠦᠨ ᠬᠦᠴᠦᠨ᠎ᠨᠢ ᠨᠠᠩ ᠣᠯᠠᠨ ᠶᠠᠩᠵᠤ᠎ᠶ᠋ᠢᠨ ᠠᠷᠭ᠎ᠠ ᠮᠠᠶᠢᠭ᠎ᠢᠶᠠᠷ ᠰᠠᠭᠤᠷᠢ ᠰᠤᠳᠤᠯᠭᠠᠨ ᠳ᠋ᠤ ᠬᠦᠴᠦᠨ ᠨᠡᠮᠡᠷᠢᠯᠡᠪᠡ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠠᠯᠠᠭᠤ ᠴᠢᠳᠠᠪᠤᠷᠢᠲᠠᠨ ᠪᠣᠯ ᠰᠠᠭᠤᠷᠢ ᠰᠤᠳᠤᠯᠭᠠᠨ᠎ᠤ ᠢᠷᠡᠭᠡᠳᠦᠢ ᠮᠥᠨ᠃ ᠨᠠᠩ ᠪᠦᠷᠢᠨ ᠪᠦᠲᠦᠨ ᠴᠢᠳᠠᠪᠤᠷᠢᠲᠠᠨ᠎ᠤ ᠱᠠᠲᠤᠯᠵᠢᠨ ᠡᠩᠨᠡᠭᠡ᠎ᠶ᠋ᠢ ᠪᠠᠢᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠣᠢᠷ᠎ᠠ᠎ᠶ᠋ᠢᠨ ᠵᠢᠯ᠎ᠦᠨ ᠲᠤᠷᠰᠢ ᠠᠯᠢ ᠣᠯᠠᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠨᠡᠢᠲᠡᠯᠡᠵᠦ᠍᠂ ᠴᠢᠳᠠᠪᠤᠷᠢᠲᠠᠨ᠎ᠢ ᠬᠥᠮᠦᠵᠢᠭᠦᠯᠬᠦ᠌ 《ᠪᠥᠬᠥ᠌ ᠦᠶᠡᠯᠡᠯ᠎ᠦᠨ ᠬᠤᠭᠤᠴᠠᠭ᠎ᠠ》ᠶ᠋ᠢᠨ ᠱᠢᠰᠲ᠋ᠧᠮ᠎ᠢ ᠪᠠᠢᠭᠤᠯᠪᠠ᠄ ᠭᠠᠷᠮᠠᠭᠠᠶ ᠵᠠᠯᠠᠭᠤᠴᠤᠳ᠎ᠤᠨ ᠲᠥᠷᠥᠯ ᠵᠦᠶ᠋ᠯ᠎ᠢ ᠭᠤᠶᠤᠴᠢᠯᠠᠨ ᠮᠡᠳᠡᠭᠦᠯᠬᠦ᠌ ᠨᠠᠰᠤᠨ᠎ᠤ ᠬᠢᠵᠠᠭᠠᠷᠯᠠᠯ᠎ᠢ ᠠᠭᠤᠵᠢᠭᠤ ᠲᠠᠯᠪᠢᠵᠤ᠂ ᠱᠢᠯᠢᠳᠡᠭ ᠵᠠᠯᠠᠭᠤᠴᠤᠳ᠎ᠤᠨ ᠰᠠᠭᠤᠷᠢ ᠮᠥᠩᠭᠥ᠎ᠶ᠋ᠢᠨ ᠲᠥᠷᠥᠯ ᠵᠦᠶ᠋ᠯ᠎ᠢ ᠱᠢᠨ᠎ᠡ᠎ᠪᠡᠷ ᠨᠡᠮᠡᠭ᠌ᠳᠡᠭᠦᠯᠵᠦ᠍᠂ 45 ᠨᠠᠰᠤᠨ᠎ᠡᠴᠡ ᠳᠣᠷᠣᠭ᠍ᠰᠢᠬᠢ ᠵᠠᠯᠠᠭᠤ ᠴᠢᠳᠠᠪᠤᠷᠢᠲᠠᠨ᠎ᠳᠤ ᠲᠤᠰᠭᠠᠶ ᠵᠠᠮ ᠨᠡᠭᠡᠭᠡᠵᠦ᠍ ᠥᠭ᠌ᠪᠡ᠃ 2025 ᠣᠨ᠎ᠳᠤ᠂ ᠪᠥᠬᠥ᠌ ᠣᠷᠣᠨ᠎ᠤ ᠵᠠᠯᠠᠭᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠲᠥᠷᠥᠯ ᠵᠦᠶ᠋ᠯ ᠲᠣᠭ᠍ᠲᠠᠭᠠᠭ᠍ᠰᠠᠨ ᠲᠣᠭ᠎ᠠ 1500 ᠎ᠶ᠋ᠢ ᠳᠠᠪᠠᠵᠤ᠂ ᠶᠡᠷᠦᠩᠬᠡᠶ ᠲᠥᠷᠥᠯ ᠵᠦᠶ᠋ᠯ ᠲᠣᠭ᠍ᠲᠠᠭᠠᠭ᠍ᠰᠠᠨ ᠲᠣᠭ᠎ᠠ᠎ᠳᠤ ᠡᠵᠡᠯᠡᠬᠦ᠌ ᠬᠠᠷᠢᠴᠠᠯ᠎ᠨᠢ 80%᠎ᠳ᠋ᠤ ᠬᠦᠷᠴᠦ᠍᠂ ᠨᠡᠩ ᠣᠯᠠᠨ ᠵᠠᠯᠠᠭᠤ ᠭᠤᠤᠯᠯᠠᠭ᠍ᠴᠢ ᠬᠦᠴᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠮᠦᠨ᠎ᠡ ᠹᠷᠣᠨᠲ᠎ᠲᠤ ᠭᠤᠤᠯ ᠡᠭᠦᠷᠭᠡ᠎ᠶ᠋ᠢ ᠡᠭᠦᠷᠭᠡᠯᠡᠵᠦ᠍᠂ ᠭᠤᠤᠯ ᠳᠦᠷᠢ᠎ᠶ᠋ᠢ ᠲᠣᠭ᠍ᠯᠠᠵᠤ᠂ ᠥᠪᠥᠷ ᠮᠣᠩᠭᠣᠯ᠎ᠤᠨ ᠰᠠᠭᠤᠷᠢ ᠰᠤᠳᠤᠯᠭᠠᠨ᠎ᠤ ᠡᠩᠨᠡᠭᠡ᠎ᠳᠦ ᠳᠤᠲᠠᠭ᠍ᠳᠠᠵᠤ ᠪᠣᠯᠤᠰᠢ ᠥᠬᠡᠶ ᠬᠦᠴᠦᠨ ᠪᠣᠯᠵᠠᠶ᠃

ᠰᠠᠭᠤᠷᠢ ᠰᠤᠳᠤᠯᠭᠠᠨ᠎ᠤ ᠲᠦᠷᠢᠮ᠎ᠦᠨ ᠱᠢᠰᠲ᠋ᠧᠮ᠎ᠦᠨ ᠡᠳᠦᠷ ᠢᠷᠡᠬᠦᠶ᠎ᠡ ᠲᠡᠭᠦᠯᠳᠡᠷᠵᠢᠬᠦ᠌ ᠪᠠ ᠲᠥᠷᠥ᠎ᠶ᠋ᠢᠨ ᠪᠣᠳᠣᠯᠭ᠎ᠠ᠎ᠶ᠋ᠢᠨ ᠠᠱᠢᠭ  ᠦᠷᠭᠦᠯᠵᠢᠯᠡᠨ ᠰᠠᠢᠵᠢᠷᠠᠬᠤ ᠶ᠋ᠢ ᠳᠠᠭᠠᠯᠳᠤᠨ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠯ᠎ᠠ᠎ᠪᠠᠷ᠎ᠬᠢ ᠳᠠᠯᠳᠠ ᠬᠦᠴᠦᠨ ᠶᠠᠭ ᠲᠠᠰᠤᠷᠠᠯᠲᠠ ᠥᠬᠡᠶ ᠢᠯᠡᠷᠡᠵᠦ᠍ ᠪᠣᠶ᠃ 2025 ᠣᠨ᠎ᠳᠤ᠂ ᠪᠥᠬᠥ᠌ ᠣᠷᠣᠨ᠎ᠤ ᠨᠡᠢᠲᠡ 360 ᠲᠥᠷᠥᠯ ᠵᠦᠶ᠋ᠯ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠶ᠋ᠢᠨ ᠲᠥᠷᠥᠯ ᠵᠦᠶ᠋ᠯ ᠲᠣᠭ᠍ᠲᠠᠭᠠᠬᠤ ᠳᠡᠮᠵᠢᠯᠭᠡ᠎ᠶ᠋ᠢ ᠣᠯᠵᠤ᠂ ᠵᠠᠷᠤᠳᠠᠯ᠎ᠤᠨ ᠶᠡᠷᠦᠩᠬᠡᠶ ᠲᠣᠭ᠎ᠠ᠎ᠨᠢ 1.22 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠥᠷᠥᠯ ᠵᠦᠶ᠋ᠯ ᠲᠣᠭ᠍ᠲᠠᠭᠠᠭ᠍ᠰᠠᠨ ᠲᠣᠭ᠎ᠠ ᠬᠡᠮᠵᠢᠶ᠎ᠡ ᠪᠠ ᠲᠤᠰᠠᠯᠠᠮᠵᠢ᠎ᠶ᠋ᠢᠨ ᠵᠣᠭᠣᠰ᠎ᠤᠨ ᠲᠣᠭ᠎ᠠ᠎ᠨᠢ ᠴᠥᠮ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠳᠡᠭᠡᠷ᠎ᠡ ᠵᠢᠯ᠎ᠦᠨ᠎ᠬᠢ᠎ᠡᠴᠡ 11% ᠎ᠪᠠᠷ ᠨᠡᠮᠡᠭ᠌ᠳᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号