ᠶᠠᠭᠠᠷᠠᠨ ᠮᠤᠨᠭᠭᠠᠨᠢᠬᠤ ᠲᠠᠷᠢᠶᠠᠯᠠᠩ ᠤ᠋ᠨ ᠬᠦᠷᠢᠶᠡᠯᠡᠩ ᠲᠣᠭᠣᠷᠢᠭ ᠡᠴᠡ ᠬᠦᠷᠴᠢᠭᠢᠨᠡᠨ ᠠᠵᠢᠯᠯᠠᠬᠤ ᠪᠠᠷᠢᠯᠭ᠎ᠠ ᠶ᠋ᠢᠨ ᠭᠠᠵᠠᠷ ᠬᠦᠷᠲᠡᠯ᠎ᠡ᠂ ᠠᠮᠢᠵᠢᠷᠠᠯ ᠤ᠋ᠨ ᠬᠦᠴᠦᠨ ᠢ᠋ᠶ᠋ᠡᠷ ᠪᠢᠯᠬᠠᠬᠰᠠᠨ ᠠᠮᠢ ᠠᠬᠤᠢ ᠶ᠋ᠢᠨ ᠲᠦᠷᠦᠯ ᠵᠦᠢᠯ ᠡᠴᠡ ᠠᠴᠢᠶ᠎ᠠ ᠲᠡᠷᠭᠡ ᠰᠦᠯᠵᠢᠯᠳᠦᠭ᠌ᠰᠡᠨ ᠭᠠᠭ᠍ᠴᠠᠮᠤᠳᠤ ᠬᠢᠯᠢ ᠶ᠋ᠢᠨ ᠪᠣᠭᠣᠮᠲᠠ ᠬᠦᠷᠲᠡᠯ᠎ᠡ᠂ ᠠᠯᠢ ᠤᠯᠠᠨ ᠠᠮᠢᠳᠤᠯᠢᠭ ᠬᠥᠭ᠌ᠵᠢᠯᠲᠡ ᠶ᠋ᠢᠨ ᠪᠠᠢᠳᠠᠯ ᠨᠢ ᠡᠭᠡᠭᠡ ᠯᠡ 《ᠰᠤᠳᠠᠯ ᠤ᠋ᠨ ᠯᠤᠭ᠍ᠰᠢᠯᠳᠠ》 ᠱᠢᠭ᠋ ᠪᠠᠶᠠᠨᠨᠠᠭᠤᠷ ᠬᠤᠳᠠ ᠶ᠋ᠢᠨ ᠴᠢᠨᠠᠷ ᠰᠠᠢᠲᠠᠢ ᠬᠥᠭ᠌ᠵᠢᠯᠲᠡ ᠶ᠋ᠢᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠢ᠋ ᠠᠮᠢᠳᠤᠯᠢᠭ ᠢᠯᠡᠷᠡᠭᠦᠯᠤᠨ᠎ᠠ᠃
ᠤᠮᠠᠷᠠᠲᠤ ᠬᠢᠯᠢ ᠳ᠋ᠤ ᠬᠠᠯᠬᠠᠪᠴᠢ ᠪᠠᠢᠭᠤᠯᠵᠤ ᠠᠭᠤᠯᠠ ᠤᠰᠤ ᠨᠤᠭᠤᠭᠠᠷᠠᠨ ᠴᠡᠨᠭᠭᠡᠷᠳᠦᠨᠠ
11 ᠰᠠᠷ᠎ᠠ ᠶ᠋ᠢᠨ ᠤᠷᠠᠳ ᠤ᠋ᠨ ᠲᠠᠯ᠎ᠠ ᠨᠤᠲᠤᠭ ᠲᠦ᠍ ᠲᠩᠷᠢ ᠴᠡᠯᠮᠡᠭ ᠡᠭᠦᠯᠡ ᠰᠡᠢᠷᠡᠭ᠃ ᠤᠷᠠᠳ ᠤ᠋ᠨ ᠬᠣᠢᠲᠤ ᠬᠣᠱᠢᠭᠤᠨ ᠤ᠋ ᠤᠯᠠᠭᠠᠨᠬᠤᠱᠢᠭᠤ ᠭᠠᠴᠠᠭᠠᠨ ᠤ᠋ ᠵᠡᠷᠯᠢᠭ ᠴᠢᠪᠠᠭ᠎ᠠ ᠶ᠋ᠢᠨ ᠬᠦᠷᠢᠶᠡᠯᠡᠩ ᠳ᠋ᠤ᠂ ᠴᠢᠪᠠᠭ᠎ᠠ ᠰᠠᠯᠠᠭ᠎ᠠ ᠳᠦᠭᠦᠷᠡᠩ ᠮᠠᠨᠤ ᠮᠡᠲᠦ ᠤᠯᠠᠢᠳᠠᠯᠠ ᠰᠠᠭᠤᠵᠠᠢ᠃ ᠡᠨᠡ 2400 ᠭᠠᠷᠤᠢ ᠮᠦ᠍ ᠠᠮᠢ ᠠᠬᠤᠢ ᠶ᠋ᠢᠨ ᠠᠵᠤ ᠠᠬᠤᠢ ᠶ᠋ᠢᠨ ᠤᠢ ᠱᠢᠭᠤᠢ ᠪᠣᠯ 《ᠤᠯᠤᠰ ᠤ᠋ᠨ ᠤᠢ ᠱᠢᠭᠤᠢ ᠨᠤᠲᠤᠭ ᠪᠡᠯᠴᠢᠭᠡᠷ ᠤ᠋ᠨ ᠲᠤᠰᠭᠠᠢ ᠮᠡᠷᠭᠡᠵᠢᠯᠲᠡᠨ》 ᠷᠧᠨ ᠡᠯ ᠬᠤᠸᠠᠨ ᠪᠤᠯᠤᠨ ᠨᠤᠲᠤᠭ ᠤ᠋ᠨ ᠠᠬ᠎ᠠ ᠳᠡᠭᠦᠦ᠍ᠨᠡᠷ ᠤ᠋ᠨ ᠠᠷᠪᠠ ᠭᠠᠷᠤᠢ ᠵᠢᠯ ᠤ᠋ᠨ ᠬᠦᠴᠦ᠍ ᠬᠥᠯᠥᠰᠥ ᠶ᠋ᠢᠨ ᠦᠷ᠎ᠡ ᠪᠦᠲᠦᠭᠡᠯ ᠪᠣᠯᠤᠨ᠎ᠠ᠃
《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠬᠠᠳᠤᠨ ᠭᠣᠣᠯ ᠤ᠋ᠨ ᠶᠡᠬᠡ ᠲᠤᠬᠤᠢ ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠢᠯᠠᠯᠲᠠ ᠵᠢ ᠤᠯᠬᠤ ᠶ᠋ᠢᠨ ᠲᠥᠯᠥᠭᠡ᠂ ᠪᠠᠶᠠᠨᠨᠠᠭᠤᠷ ᠬᠤᠳᠠ 《ᠡᠯᠡᠰᠦᠨ ᠴᠦᠯ ᠳ᠋ᠤ ᠨᠣᠭᠣᠭᠠᠨ ᠪᠦᠷᠢᠳᠦ᠍ ᠵᠢ ᠪᠤᠢ ᠪᠤᠯᠭᠠᠬᠤ》 ᠵᠣᠷᠢᠭ ᠡᠪᠤᠷᠯᠡᠨ᠂ ᠠᠵᠤ ᠦᠢᠯᠡᠰ ᠢ᠋ᠶ᠋ᠡᠷ ᠡᠯᠡᠰᠦ ᠵᠢ ᠵᠠᠰᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠢ᠋ᠶ᠋ᠡᠷ ᠡᠯᠡᠰᠦ ᠵᠢ ᠵᠠᠰᠠᠬᠤ᠂ ᠪᠦᠬᠦ᠌ ᠠᠷᠠᠳ ᠢ᠋ᠶ᠋ᠡᠷ ᠢ᠋ᠶ᠋ᠡᠨ ᠡᠯᠡᠰᠦ ᠵᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠍᠂ ᠵᠠᠰᠠᠭ ᠤ᠋ᠨ ᠣᠷᠳᠣᠨ ᠢ᠋ᠶ᠋ᠡᠷ ᠭᠣᠣᠯ ᠤᠳᠤᠷᠢᠳᠤᠮᠵᠢ ᠪᠣᠯᠭᠠᠭ᠍ᠰᠠᠨ᠂ ᠤᠯᠠᠨ ᠡᠱᠢᠴᠢᠯᠡᠨ ᠣᠷᠣᠯᠴᠠᠭ᠍ᠰᠠᠨ᠂ ᠪᠦᠬᠦ᠌ ᠠᠷᠠᠳ ᠢ᠋ᠶ᠋ᠡᠷ ᠢ᠋ᠶ᠋ᠡᠨ ᠭᠠᠪᠱᠢᠭᠠᠢᠯᠠᠭ᠍ᠰᠠᠨ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠱᠢᠨ᠎ᠡ ᠪᠠᠢᠷᠢᠱᠢᠯ ᠢ᠋ ᠪᠤᠢ ᠪᠤᠯᠭᠠᠪᠠ᠃
2024 ᠣᠨ ᠳ᠋ᠤ᠂ ᠪᠥᠬᠥ᠌ ᠬᠣᠲᠠ ᠶ᠋ᠢᠨ ᠣᠶ ᠱᠢᠭᠤᠶ ᠶ᠋ᠢᠨ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠬᠤᠷᠳᠤᠴᠠ ᠪᠠᠨ ᠳᠡᠭᠡᠭ᠌ᠰᠢᠯᠡᠭᠦᠯᠦᠨ ᠦᠷ᠎ᠡ ᠠᠱᠢᠭ ᠢ᠋ᠶ᠋ᠡᠨ ᠨᠡᠮᠡᠭ᠌ᠳᠡᠭᠦᠯᠵᠦ᠍᠂ 390.6 ᠲᠦᠮᠡᠨ ᠮᠦ᠍ ᠶ᠋ᠢᠨ ᠪᠣᠷᠣᠲᠣᠬᠣᠶ ᠶ᠋ᠢᠨ ᠡᠬᠡ ᠭᠠᠵᠠᠷ ᠢ᠋ ᠨᠣᠭᠣᠭᠠᠷᠠᠭᠤᠯᠪᠠ; 6 ᠪᠥᠬᠥ᠌ ᠤᠯᠤᠰ ᠤ᠋ᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠵᠢᠱ᠌ᠢᠶ᠎ᠡ ᠦᠵᠡᠭᠦᠯᠬᠦ᠌ ᠣᠶ ᠱᠢᠭᠤᠶ ᠶ᠋ᠢᠨ ᠲᠠᠯᠠᠪᠠᠶ ᠶ᠋ᠢᠨ ᠪᠥᠲᠥᠭᠡᠨ ᠪᠠᠢᠭᠤᠯᠤᠯᠲᠠ ᠵᠢ ᠲᠦᠷᠭᠡᠳᠭᠡᠵᠦ᠍᠂ 《ᠣᠶ ᠱᠢᠭᠤᠶ ᠭᠡᠷᠡᠯᠴᠢ ᠴᠡᠨᠡᠭ ᠬᠢᠲᠠᠳ ᠮᠤᠨᠭᠭᠤᠯ ᠡᠮ ᠤ᠋ᠨ ᠮᠠᠲᠸᠷᠢᠶᠠᠯ ᠮᠠᠯ ᠠᠵᠤ ᠠᠬᠤᠶ ᠵᠢ ᠨᠢᠭᠡ ᠴᠤᠬᠴᠠᠵᠢᠭᠤᠯᠬᠤ》᠂ ᠮᠧᠬᠠᠨᠢᠭ ᠢ᠋ᠶ᠋ᠡᠷ ᠡᠯᠡᠰᠦ ᠵᠢ ᠵᠠᠰᠠᠬᠤ ᠵᠡᠷᠭᠡ ᠱᠢᠨ᠎ᠡ ᠵᠢ ᠡᠭᠦᠳᠬᠦ᠌ ᠵᠠᠭ᠍ᠪᠤᠷ ᠢ᠋ ᠴᠤᠬᠴᠠᠯᠠᠪᠠ᠃ ᠮᠸᠬᠠᠨᠢᠭ ᠢ᠋ᠶ᠋ᠡᠷ ᠡᠯᠡᠰᠦ ᠵᠢ ᠵᠠᠰᠠᠭ᠍ᠰᠠᠨ ᠨᠣᠷᠮ᠎ᠠ 60% ᠵᠢ ᠳᠠᠪᠠᠵᠤ᠂ ᠮᠦ᠍ ᠳᠤᠮᠳᠠᠴᠢ ᠵᠢᠨ ᠥᠪᠡᠷ ᠤ᠋ᠨ ᠥᠷᠲᠡᠭ ᠵᠠᠭᠤᠨ ᠲᠥᠭᠥᠷᠢᠭ ᠪᠠᠭᠤᠷᠠᠵᠤ᠂ ᠣᠶ ᠱᠢᠭᠤᠶ ᠡᠪᠡᠰᠦᠨ ᠤ᠋ ᠠᠵᠤ ᠦᠢᠯᠡᠰ ᠤ᠋ᠨ ᠦᠢᠯᠡᠳᠬᠦᠨ ᠤ᠋ ᠶᠡᠷᠦᠩᠬᠡᠶ ᠥᠷᠲᠡᠭ 40 ᠳ᠋ᠦᠩᠱᠢᠭᠤᠷ ᠲᠥᠭᠥᠷᠢᠭᠢ ᠲᠠᠪᠠᠪᠠ᠃
《ᠤᠮᠠᠷᠠᠲᠤ ᠬᠢᠯᠢ ᠳ᠋ᠤ ᠡᠢᠮᠦ᠍ ᠭᠤᠶᠤ ᠵᠢᠷᠭᠠᠯ ᠤ᠋ᠨ ᠤᠷᠤᠨ ᠪᠠᠢᠨ᠎ᠠ!》 ᠡᠨᠡ ᠵᠢᠯ ᠤ᠋ᠨ ᠤᠯᠤᠰ ᠤ᠋ᠨ ᠪᠠᠶᠠᠷ ᠪᠠ ᠨᠠᠢ᠍ᠮᠠᠨ ᠰᠠᠷ᠎ᠠ ᠶ᠋ᠢᠨ ᠲᠡᠷᠭᠡᠯ ᠪᠠᠶᠠᠷ ᠤ᠋ᠨ ᠬᠤᠭᠤᠴᠠᠭᠠᠨ ᠳ᠋ᠤ᠂ ᠾᠸᠪᠸᠢ ᠡᠴᠡ ᠢᠷᠡᠬᠰᠡᠨ ᠵᠢᠭᠤᠯᠴᠢᠯᠠᠬᠴᠢ ᠵᠤᠤ ᠵᠢᠶᠠᠨ ᠵᠦᠩ ᠤᠯᠠᠭᠠᠨᠰᠤᠬᠠᠢ ᠪᠡᠷ ᠵᠤᠭᠠᠴᠠᠨ ᠲᠤᠭᠤᠷᠢᠬᠤ ᠳ᠋ᠠᠭᠠᠨ ᠡᠢᠨ ᠬᠦ᠌ ᠪᠠᠬᠠᠷᠬᠠᠨ ᠰᠤᠨᠢᠷᠬᠠᠪᠠ᠃ ᠡᠨᠡ ᠬᠦ᠌ ᠭᠤᠶᠤ ᠦᠵᠡᠮᠵᠢ ᠶ᠋ᠢᠨ ᠠᠷᠤ ᠳ᠋ᠤ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠱᠢᠰᠲ᠋ᠧᠮ ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠭ᠌ᠰᠡᠨ ᠤᠮᠠᠷᠠᠲᠤ ᠬᠢᠯᠢ ᠶ᠋ᠢᠨ ᠦᠢᠯᠡᠳᠦᠯᠭᠡ ᠪᠤᠢ᠂ ᠪᠦᠬᠦ᠌ ᠰᠠᠪᠠ ᠭᠠᠵᠠᠷ ᠤ᠋ᠨ ᠶᠡᠷᠦᠩᠬᠡᠢᠯᠡᠭ᠌ᠰᠡᠨ ᠵᠠᠰᠠᠯᠲᠠ ᠨᠢ ᠤᠯᠠᠭᠠᠨᠰᠤᠬᠠᠢ ᠵᠢᠨ ᠤᠰᠤᠨ ᠤ᠋ ᠴᠢᠨᠠᠷ ᠢ᠋ ᠮᠠᠭᠤ V ᠲᠦᠷᠦᠯ ᠡᠴᠡ ᠪᠦᠬᠦᠯᠢ ᠴᠤᠬᠴᠠ ᠶ᠋ᠢᠨ V ᠲᠦᠷᠦᠯ᠂ ᠬᠡᠰᠡᠭ ᠭᠠᠵᠠᠷ ᠤ᠋ᠨⅥ ᠲᠦᠷᠦᠯ ᠪᠣᠯᠭᠠᠨ ᠳᠡᠭᠡᠭ᠌ᠰᠢᠯᠡᠭᠦᠯᠵᠦ᠍᠂ 293 ᠲᠡᠭ᠌ᠰᠢ ᠳᠥᠷᠪᠡᠯᠵᠢᠨ ᠺᠢᠯᠤᠮᠸᠲᠷ ᠤ᠋ᠨ ᠤᠰᠤᠨ ᠣᠷᠣᠨ ᠳ᠋ᠤ ᠨᠣᠮᠢᠨ ᠳᠣᠯᠭᠢᠶᠠᠨ ᠬᠠᠶᠠᠯᠠᠵᠤ᠂ 264 ᠲᠦᠷᠦᠯ ᠤ᠋ᠨ ᠱᠢᠪᠠᠭᠤᠨ ᠤ᠋ ᠲᠦᠷᠦᠯ᠂ 29 ᠲᠦᠷᠦᠯ ᠤ᠋ᠨ ᠵᠢᠭᠠᠰᠤᠨ ᠤ᠋ ᠲᠦᠷᠦᠯ ᠡᠨᠳᠡ ᠦᠷᠡᠵᠢᠨ ᠲᠥᠯᠵᠢᠵᠦ᠍᠂ 《ᠪᠣᠭᠣᠮᠲᠠ ᠶ᠋ᠢᠨ ᠭᠠᠳᠠᠨᠠᠬᠢ ᠭᠡᠷᠡᠯᠲᠦ ᠰᠤᠪᠤᠳ》 ᠲᠠᠬᠢᠨ ᠤᠮᠠᠷᠠᠲᠤ ᠬᠢᠯᠢ ᠳ᠋ᠤ ᠭᠡᠷᠡᠯᠲᠦᠪᠡ᠃
ᠠᠵᠤ ᠦᠢᠯᠡᠰ ᠤ᠋ᠨ ᠱᠢᠨ᠎ᠡ ᠬᠠᠭᠤᠳᠠᠰᠤ ᠵᠢ ᠰᠡᠬᠦᠵᠦ᠍ ᠬᠥᠳᠡᠯᠭᠡᠬᠦ᠌ ᠡᠨᠧᠷᠭᠢ ᠪᠡᠷ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ᠋ ᠬᠦᠴᠦᠷᠬᠡᠭ᠌ᠵᠢᠭᠦᠯᠪᠡ
ᠠᠯᠳᠠᠨ ᠨᠠᠮᠤᠷ ᠤ᠋ᠨ ᠤᠯᠠᠷᠢᠯ ᠳ᠋ᠤ᠂ ᠪᠣᠷᠣᠲᠣᠬᠣᠢ ᠶ᠋ᠢᠨ ᠲᠠᠯ᠎ᠠ ᠭᠠᠵᠠᠷ ᠲᠦ᠍ ᠰᠢᠷᠭᠠᠯ ᠳᠠᠪᠠᠯᠭᠠᠨ ᠳᠠᠪᠠᠯᠭᠠᠯᠠᠵᠤ᠂ ᠲᠡᠷᠢᠶᠡᠨ ᠭᠠᠵᠠᠷ ᠲᠦ᠍ ᠡᠷᠳᠡᠨᠢ ᠱᠢᠰᠢ ᠶ᠋ᠢᠨ ᠡᠯᠪᠡᠭ ᠬᠤᠷᠢᠶᠠᠯᠲᠠ ᠶ᠋ᠢᠨ ᠪᠠᠶᠠᠷ ᠪᠠᠬᠠᠳᠤᠯ ᠪᠢᠯᠬᠠᠨ᠎ᠠ᠃ ᠤᠷᠠᠳ ᠤ᠋ᠨ ᠡᠮᠦᠨᠡᠲᠦ ᠬᠣᠱᠢᠭᠤᠨ ᠤ᠋ ᠡᠷᠳᠡᠨᠢᠪᠤᠯᠠᠭ ᠰᠤᠮᠤ ᠶ᠋ᠢᠨ ᠮᠢᠩᠭᠠᠨ ᠮᠥ᠍ ᠶ᠋ᠢᠨ ᠪᠤᠭᠤᠮᠲᠠ ᠰᠢᠪᠲᠤᠯᠬᠤ ᠡᠷᠳᠡᠨᠢ ᠱᠢᠰᠢ ᠶ᠋ᠢᠨ ᠲᠠᠷᠢᠶᠠᠨ ᠤ᠋ ᠮᠥ᠍ ᠳᠤᠮᠳᠠᠴᠢ ᠵᠢᠨ ᠤᠨᠠᠯᠲᠠ ᠨᠢ 1421.77 ᠺᠢᠯᠣᠭ᠌ᠷᠠᠮ ᠳᠤ ᠬᠦᠷᠴᠦ᠂ ᠰᠤᠳᠠᠯ ᠤ᠋ᠨ ᠬᠤᠳᠳᠤᠭ ᠪᠠᠯᠭᠠᠰᠤ ᠶ᠋ᠢᠨ ᠵᠠᠭᠤᠨ ᠮᠥ᠍ ᠶ᠋ᠢᠨ ᠦᠨᠳᠦᠷ ᠤᠨᠠᠯᠳᠠᠳᠤ ᠡᠷᠳᠡᠨᠢ ᠱᠢᠰᠢ ᠶ᠋ᠢᠨ ᠲᠠᠷᠢᠶᠠᠨ ᠤ᠋ ᠮᠥ᠍ ᠳᠤᠮᠳᠠᠴᠢ ᠵᠢᠨ ᠤᠨᠠᠯᠲᠠ ᠨᠢ 1480.34 ᠺᠢᠯᠣᠭ᠌ᠷᠠᠮ ᠳᠤ ᠬᠦᠷᠴᠦ᠂ ᠴᠦᠮ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠮᠦ᠍ ᠳᠤᠮᠳᠠᠴᠢ ᠵᠢᠨ ᠤᠨᠠᠯᠲᠠ ᠶ᠋ᠢᠨ ᠲᠡᠮᠲᠡᠭᠯᠡᠯ ᠢ᠋ ᠰᠢᠨᠡᠳᠭᠡᠪᠡ; ᠳ᠋ᠸᠩᠺᠸᠤ ᠱᠢᠶᠠᠨ ᠤ᠋ ᠱᠠᠵᠢᠨᠲᠤᠬᠤᠢ ᠰᠤᠮᠤ ᠶ᠋ᠢᠨ 530 ᠮᠦ᠍ ᠡᠯᠡᠰᠦᠷᠬᠡᠭ ᠭᠠᠵᠠᠷ ᠤ᠋ᠨ ᠡᠷᠳᠡᠨᠢ ᠱᠢᠰᠢ ᠶ᠋ᠢᠨ ᠮᠦ᠍ ᠳᠤᠮᠳᠠᠴᠢ ᠵᠢᠨ ᠤᠨᠠᠯᠲᠠ 1348.07 ᠺᠢᠯᠣᠭ᠌ᠷᠠᠮ ᠳ᠋ᠤ ᠬᠦᠷᠴᠦ᠍᠂ ᠨᠢᠭᠡ ᠯᠡ ᠳᠡᠭᠡᠷ᠎ᠡ ᠪᠦᠬᠦ᠌ ᠤᠯᠤᠰ ᠤ᠋ᠨ ᠡᠯᠡᠰᠦᠷᠬᠡᠭ ᠭᠠᠵᠠᠷ ᠤ᠋ᠨ ᠡᠷᠳᠡᠨᠢ ᠰᠢᠰᠢ ᠶ᠋ᠢᠨ ᠮᠦ᠍ ᠨᠢᠭᠡᠴᠢ ᠶ᠋ᠢᠨ ᠭᠠᠷᠤᠯᠲᠠ ᠶ᠋ᠢᠨ ᠱᠢᠨ᠎ᠡ ᠬᠡᠪ ᠳᠠᠭᠤᠷᠢᠶᠠᠯ ᠪᠣᠯᠪᠠ᠃
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠢ᠋ᠶ᠋ᠡᠷ ᠲᠠᠷᠢᠶᠠᠯᠠᠩ ᠢ᠋ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ ᠶ᠋ᠢᠨ ᠳᠠᠭᠠᠭᠤᠯᠭ᠎ᠠ ᠳᠤᠤᠷ᠎ᠠ᠂ ᠪᠠᠶᠠᠨᠨᠠᠭᠤᠷ ᠬᠣᠲᠠ ᠶ᠋ᠢᠨ ᠠᠮᠤ ᠪᠤᠳᠠᠭᠠᠨ ᠤ᠋ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠠᠵᠢᠯᠯᠠᠭ᠎ᠠ ᠡᠯᠪᠡᠭ ᠪᠠᠶᠠᠯᠢᠭ ᠦᠷ᠎ᠡ ᠪᠦᠲᠦᠮᠵᠢ ᠤᠯᠪᠠ᠃ 2024 ᠣᠨ ᠳ᠋ᠤ᠂ ᠨᠢᠭᠡᠳᠦᠭᠡᠷ ᠠᠵᠤ ᠦᠶ᠋ᠯᠡᠰ ᠤ᠋ᠨ ᠨᠡᠮᠡᠭ᠌ᠳᠡᠯ ᠥᠷᠲᠡᠭ 328.6 ᠳ᠋ᠦᠩᠱᠢᠭᠤᠷ ᠲᠥᠭᠥᠷᠢᠭ ᠲᠦ᠍ ᠬᠦᠷᠴᠦ᠍᠂ 2020 ᠣᠨ ᠤ᠋ ᠬᠢ ᠡᠴᠡ 48.4% ᠪᠡᠷ ᠡᠷᠴᠢᠮᠲᠡᠶ ᠨᠡᠮᠡᠭ᠌ᠳᠡᠪᠡ; ᠮᠠᠯ ᠠᠵᠤ ᠠᠬᠤᠶ ᠶ᠋ᠢᠨ ᠦᠶ᠋ᠯᠡᠳᠬᠦᠨ ᠤ᠋ ᠥᠷᠲᠡᠭ 93.4 ᠳ᠋ᠦᠩᠱᠢᠭᠤᠷ ᠲᠥᠭᠥᠷᠢᠭ ᠢ᠋ ᠳᠠᠪᠠᠵᠤ᠂ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ 5.6% ᠪᠡᠷ ᠨᠡᠮᠡᠭ᠌ᠳᠡᠪᠡ᠃
ᠨᠢᠭᠡᠳᠦᠭᠡᠷ ᠠᠵᠤ ᠦᠢᠯᠡᠰ ᠥᠷᠨᠢᠨ ᠬᠥᠭ᠌ᠵᠢᠵᠦ᠍᠂ ᠬᠣᠶᠠᠳᠤᠭᠠᠷ ᠠᠵᠤ ᠦᠢᠯᠡᠰ ᠨᠡᠩ ᠢᠳᠡᠷᠡᠭᠦᠨ ᠢ᠋ᠶ᠋ᠡᠷ ᠬᠥᠭ᠌ᠵᠢᠪᠡ᠃
ᠶᠤᠸᠠᠨ ᠵᠢᠩ ᠮᠸᠩ ᠱᠢᠨ ᠪᠦᠯᠦᠭ᠌ᠯᠡᠯ ᠺᠤᠮᠫᠠᠨᠢ ᠶ᠋ᠢᠨ ᠪᠠᠶᠠᠨᠨᠠᠭᠤᠷ ᠲᠡᠬᠢ ᠲᠣᠮᠣ ᠬᠡᠯᠪᠡᠷᠢ ᠶ᠋ᠢᠨ ᠰᠠᠯᠬᠢᠨ ᠤ᠋ ᠬᠦᠴᠦ ᠪᠡᠷ ᠴᠠᠬᠢᠯᠭᠠᠨ ᠭᠠᠷᠭᠠᠬᠤ ᠰᠠᠨᠭᠰᠠ ᠶ᠋ᠢᠨ ᠰᠠᠷᠭᠢᠷᠠᠭᠤᠯ ᠦᠶ᠋ᠯᠡᠳᠬᠦ᠌ ᠰᠠᠭᠤᠷᠢᠨ ᠳ᠋ᠤ ᠬᠦᠷᠬᠦᠳᠤ᠂ 4 ᠦᠶ᠋ᠯᠡᠳᠪᠦᠷᠢᠯᠡᠯ ᠤ᠋ᠨ ᠱᠤᠭᠤᠮ ᠪᠥᠬᠥ᠌ ᠬᠤᠷᠳᠤᠴᠠ ᠪᠡᠷ ᠠᠵᠢᠯᠯᠠᠵᠤ ᠪᠠᠢᠪᠠ᠃ 《ᠪᠢᠳᠡ ᠨᠢᠭᠡᠨᠲᠡ 〈ᠭᠤᠤᠯ ᠮᠠᠱᠢᠨ + ᠳᠡᠯᠪᠢ〉 ᠬᠤᠤᠰ ᠬᠡᠯᠬᠢᠶᠡᠲᠦ ᠬᠥᠳᠡᠯᠭᠡᠭᠦᠷ ᠢ᠋ ᠪᠦᠷᠢᠯᠳᠦᠭᠦᠯᠵᠦ᠍᠂ ᠵᠢᠯ ᠳ᠋ᠤ 400 ᠢᠵᠢ ᠬᠡᠲᠦ ᠲᠣᠮᠣ ᠬᠡᠯᠪᠡᠷᠢ ᠶ᠋ᠢᠨ ᠣᠶᠤᠨᠴᠢ ᠰᠠᠷᠭᠢᠷᠠᠭᠤᠯ ᠦᠶ᠋ᠯᠡᠳᠪᠦᠷᠢᠯᠡᠵᠦ᠍᠂ ᠦᠶ᠋ᠯᠡᠳᠬᠦᠨ ᠤ᠋ ᠥᠷᠲᠡᠭ ᠨᠢ 10 ᠳ᠋ᠦᠩᠱᠢᠭᠤᠷ ᠲᠥᠭᠥᠷᠢᠭ ᠲᠦ᠍ ᠬᠦᠷᠴᠦ ᠪᠠᠢᠨ᠎ᠠ》 ᠭᠡᠵᠦ ᠲᠤᠰ ᠰᠠᠭᠤᠷᠢᠨ ᠤ᠋ ᠶᠡᠷᠦᠩᠬᠡᠶ ᠳᠠᠭᠠᠭᠠᠮᠠᠯ ᠾᠧᠦ ᠵᠣᠣ ᠶᠦᠨ ᠤ᠋ ᠬᠡᠯᠡᠨ᠎ᠠ᠃ ᠣᠳᠣᠬᠠᠨ ᠳ᠋ᠤ᠂ ᠮᠠᠰᠢ ᠤᠯᠠᠨ ᠢᠵᠢ ᠪᠦᠷᠢᠳᠦᠭ᠌ᠰᠡᠨ ᠠᠵᠤ ᠠᠬᠤᠢᠯᠠᠯ ᠬᠣᠢᠨ᠎ᠠ ᠬᠣᠢᠨ᠎ᠠ ᠡᠴᠡ ᠪᠠᠨ ᠡᠨᠳᠡ ᠨᠤᠳᠤᠭᠰᠢᠵᠤ᠂ ᠱᠢᠨ᠎ᠡ ᠡᠨᠧᠷᠭᠢ ᠶ᠋ᠢᠨ ᠲᠣᠨᠣᠭ᠍ᠯᠠᠯ ᠦᠢᠯᠡᠳᠬᠦ᠌ ᠠᠵᠤ ᠦᠢᠯᠡᠰ ᠤ᠋ᠨ ᠪᠦᠯᠦᠭ᠌ᠵᠢᠯ ᠬᠦᠴᠦᠷᠬᠡᠭ᠌ᠵᠢᠨ ᠮᠠᠨᠳᠤᠪᠠ᠃
8 ᠰᠠᠷ᠎ᠠ ᠶ᠋ᠢᠨ ᠰᠡᠭᠦᠯᠴᠢ ᠪᠣᠯᠲᠠᠯ᠎ᠠ᠂ ᠪᠥᠬᠥ᠌ ᠬᠣᠲᠠ ᠶ᠋ᠢᠨ ᠴᠠᠬᠢᠯᠭᠠᠨ ᠬᠦᠴᠦᠨ ᠤ᠋ ᠶᠡᠷᠦᠩᠬᠡᠶ ᠮᠠᠱᠢᠨ ᠴᠣᠭ᠍ᠴᠠᠯᠠᠪᠤᠷᠢ 1899.42 ᠲᠦᠮᠡᠨ ᠺᠢᠯᠦᠸᠠᠲ ᠲᠦ᠍ ᠬᠦᠷᠪᠠ᠂ ᠡᠭᠦᠨ ᠳ᠋ᠤ ᠳᠠᠬᠢᠨ ᠡᠭᠦᠰᠴᠦ᠍ ᠪᠣᠯᠬᠤ ᠡᠨᠧᠷᠭᠢ ᠶ᠋ᠢᠨ ᠮᠠᠱᠢᠨ ᠴᠣᠭ᠍ᠴᠠᠯᠠᠪᠤᠷᠢ 1659.11 ᠲᠦᠮᠡᠨ ᠺᠢᠯᠦᠸᠠᠲ ᠲᠦ᠍ ᠬᠦᠷᠴᠦ᠍᠂ ᠡᠵᠡᠯᠡᠬᠦ᠌ ᠬᠠᠷᠢᠴᠠᠯᠨᠢ 87.35%ᠳ᠋ᠤ ᠬᠦᠷᠴᠡᠢ᠃ 2024 ᠣᠨ ᠳ᠋ᠤ᠂ ᠬᠣᠶᠠᠳᠤᠭᠠᠷ ᠠᠵᠤ ᠦᠶ᠋ᠯᠡᠰ ᠤ᠋ᠨ ᠨᠡᠮᠡᠭ᠌ᠳᠡᠯ ᠥᠷᠲᠡᠭ 362.4 ᠳ᠋ᠦᠩᠱᠢᠭᠤᠷ ᠲᠥᠭᠥᠷᠢᠭ ᠲᠦ᠍ ᠬᠦᠷᠴᠦ᠍᠂ 2020 ᠣᠨ ᠤ᠋ ᠬᠢ ᠡᠴᠡ 41.2% ᠢ᠋ᠶ᠋ᠡᠷ ᠨᠡᠮᠡᠭ᠌ᠳᠡᠪᠡ᠃ ᠡᠭᠦᠨ ᠤ᠋ ᠬᠠᠮᠲᠤ᠂ ᠦᠶ᠋ᠯᠡᠴᠢᠯᠡᠭᠡᠨ ᠤ᠋ ᠦᠶ᠋ᠯᠡᠰ ᠤ᠋ᠨ ᠠᠮᠢᠵᠢᠷᠠᠯ ᠤ᠋ᠨ ᠬᠦᠴᠦᠨ ᠪᠠᠳᠠᠷᠠᠵᠤ᠂ 2024 ᠣᠨ ᠳ᠋ᠤ᠂ ᠪᠥᠬᠥ᠌ ᠬᠣᠲᠠ ᠶ᠋ᠢᠨ ᠭᠠᠳᠠᠭᠠᠳᠤ ᠠᠷᠠᠯᠵᠢᠶᠠᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠶ᠋ᠢᠨ ᠶᠡᠷᠦᠩᠬᠡᠶ ᠲᠣᠭ᠎ᠠ 445.1 ᠳ᠋ᠦᠩᠱᠢᠭᠤᠷ ᠲᠥᠭᠥᠷᠢᠭ ᠪᠣᠯᠤᠨ ᠳᠡᠭᠡᠭ᠌ᠰᠢᠯᠡᠵᠦ᠍᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠰᠡᠭᠦᠯᠴᠢ ᠶ᠋ᠢᠨ ᠬᠢ ᠡᠴᠡ 61.3% ᠪᠡᠷ ᠨᠡᠮᠡᠭ᠌ᠳᠡᠪᠡ᠃
ᠠᠷᠠᠳ ᠤ᠋ᠨ ᠠᠮᠢᠳᠤᠷᠠᠯ ᠳ᠋ᠤ ᠠᠰᠢᠭ ᠬᠦᠷᠲᠡᠭᠡᠵᠦ ᠤᠯᠠᠨ ᠲᠦᠮᠡᠨᠳᠤ ᠠᠵᠠ ᠵᠢᠷᠭᠠᠯ ᠡᠳ᠋ᠯᠡᠬᠦᠯᠪᠠ
ᠡᠨᠡ ᠵᠢᠯ ᠪᠠᠶᠠᠨᠨᠠᠭᠤᠷ ᠤ᠋ᠨ ᠵᠠᠰᠠᠮᠠᠯ ᠵᠠᠮ ᠤ᠋ᠨ ᠪᠥᠬᠥ᠌ ᠣᠷᠳᠣ 23786 ᠺᠢᠯᠣᠮᠧᠲ᠋ᠷ ᠲᠦ᠍ ᠬᠦᠷᠴᠦ᠍᠂ ᠲᠦᠷᠭᠡᠨ ᠤ᠋ ᠲᠡᠮᠦᠷ ᠵᠠᠮ ᠤ᠋ᠨ ᠪᠠᠶᠠᠨᠨᠠᠭᠤᠷ ᠥᠷᠲᠡᠭᠡ ᠵᠢᠩᠬᠢᠨᠢ ᠪᠡᠷ ᠡᠵᠡᠩᠨᠡᠯᠲᠡ ᠪᠠᠨ ᠡᠬᠢᠯᠡᠭᠦᠯᠵᠦ᠍᠂ ᠭᠠᠬᠴᠠᠮᠤᠳᠤ — ᠬᠠᠯᠢᠭᠤᠲᠤ ᠬᠦᠷᠬᠦ ᠲᠦᠷᠭᠡᠨ ᠤ᠋ ᠵᠠᠰᠠᠮᠠᠯ ᠵᠠᠮ ᠪᠥᠬᠥ᠌ ᠱᠤᠭᠤᠮ ᠢ᠋ᠶ᠋ᠡᠷ ᠨᠡᠪᠲᠡᠷᠡᠵᠦ᠍᠂ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ ᠤ᠋ ᠲᠤᠤᠷ ᠬᠥᠨᠳᠡᠯᠡᠨ ᠭᠤᠯᠳᠤ ᠰᠦᠯᠵᠢᠯᠳᠦᠪᠡ᠃
ᠣᠳᠣᠬᠠᠨ ᠳ᠋ᠤ ᠪᠥᠬᠥ᠌ ᠬᠣᠲᠠ ᠬᠣᠱᠢᠭᠤ ᠲᠣᠭᠣᠷᠢᠭ ᠤ᠋ᠨ ᠲᠠᠰ ᠤ᠋ᠨ ᠣᠨᠴᠠ ᠬᠦᠴᠢᠷᠳᠡᠯᠲᠡᠶ ᠬᠦᠮᠦᠰ ᠢ᠋ ᠠᠰᠠᠷᠠᠨ ᠲᠡᠵᠢᠭᠡᠬᠦ᠌ ᠪᠠᠢᠭᠤᠯᠤᠮᠵᠢ ᠵᠢ 11᠂ ᠱᠢᠶᠠᠩ ᠪᠠᠯᠭᠠᠰᠤᠨ ᠤ᠋ ᠨᠠᠰᠤᠵᠢᠯ ᠤ᠋ᠨ ᠠᠰᠠᠷᠠᠮᠵᠢ ᠶ᠋ᠢᠨ ᠦᠶ᠋ᠯᠡᠴᠢᠯᠡᠭᠡᠨ ᠤ᠋ ᠲᠥᠪ ᠢ 48᠂ ᠲᠣᠰᠭᠣᠨ ᠤ᠋ ᠲᠠᠰ ᠤ᠋ᠨ ᠨᠠᠰᠤᠵᠢᠯ ᠤ᠋ᠨ ᠠᠰᠠᠷᠠᠮᠵᠢ ᠶ᠋ᠢᠨ ᠦᠶ᠋ᠯᠡᠴᠢᠯᠡᠭᠡᠨ ᠤ᠋ ᠥᠷᠲᠡᠭᠡ ᠵᠢ 156 ᠪᠠᠢᠭᠤᠯᠵᠦ᠂ ᠦᠢᠯᠡᠴᠢᠯᠡᠭᠡ ᠨᠢ 80% ᠡᠴᠡ ᠳᠡᠭᠡᠭ᠌ᠰᠢᠬᠢ ᠬᠣᠲᠠ ᠪᠠᠯᠭᠠᠰᠤᠨ ᠤ᠋ ᠨᠡᠢᠭᠡᠮ ᠲᠣᠭᠣᠷᠢᠭ ᠪᠠ 67.02% ᠤ᠋ᠨ ᠵᠠᠰᠠᠭ ᠵᠠᠬᠢᠷᠭᠠᠨ ᠤ᠋ ᠲᠣᠰᠭᠣᠨ ᠢ᠋ ᠬᠠᠮᠤᠷᠤᠭ᠍ᠰᠠᠨ ᠪᠠᠢᠨ᠎ᠠ᠃
ᠲᠦᠷᠦᠭᠦᠬᠡᠨ ᠪᠠᠶᠠᠨᠨᠠᠭᠤᠷ ᠬᠣᠲᠠ ᠶ᠋ᠢᠨ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠲᠤᠭ᠎ᠠ ᠪᠠᠷᠢᠮᠲᠠ ᠶ᠋ᠢᠨ ᠬᠠᠮᠢᠶᠠᠷᠤᠯᠲᠠ ᠶ᠋ᠢᠨ ᠲᠣᠪᠴᠢᠶᠠᠨ ᠤ᠋ ᠣᠷᠣᠯᠠᠨ ᠭᠦᠶ᠋ᠴᠡᠳᠭᠡᠬᠦ᠌ ᠲᠤᠰᠭᠠᠶ ᠲᠤᠱᠢᠶᠠᠯᠲᠠᠨ ᠣᠯᠠᠨ ᠠᠵᠤ ᠠᠬᠤᠢᠯᠠᠯ ᠳ᠋ᠤ ᠬᠦᠷᠴᠦ 《ᠤᠳᠤᠷᠢᠳᠤᠮᠵᠢ ᠪᠤᠯᠵᠤ ᠬᠠᠮᠲᠤ ᠪᠡᠷ ᠪᠠᠢᠭᠤᠯᠬᠤ᠂ ᠠᠵᠤ ᠠᠬᠤᠢᠯᠠᠯ ᠢ᠋ ᠲᠤᠰᠠᠯᠠᠬᠤ ᠬᠣᠱᠢᠭᠤᠴᠢ ᠪᠤᠯᠬᠤ》 ᠠᠵᠢᠯᠯᠠᠭ᠎ᠠ ᠥᠷᠨᠢᠭᠦᠯᠵᠦ᠍᠂ ᠠᠵᠤ ᠠᠬᠤᠢᠯᠠᠯ ᠤ᠋ᠨ ᠳᠤᠷᠠᠳᠤᠭ᠍ᠰᠠᠨ ᠡᠯ᠎ᠡ ᠵᠦᠶ᠋ᠯ ᠤ᠋ᠨ ᠠᠰᠠᠭᠤᠳᠠᠯ ᠳ᠋ᠤ ᠴᠢᠭ᠌ᠯᠡᠭᠦᠯᠦᠨ᠂ ᠲᠤᠬᠠᠶ ᠶ᠋ᠢᠨ ᠲᠠᠯᠠᠪᠠᠶ ᠳ᠋ᠤ ᠠᠯᠪᠠᠯᠠᠵᠤ ᠱᠢᠶ᠋ᠳᠪᠦᠷᠢᠯᠡᠬᠦ᠌ ᠵᠢ ᠠᠬᠢᠭᠤᠯᠪᠠ᠃ 《ᠥᠩᠭᠡᠷᠡᠭ᠌ᠰᠡᠨ ᠳ᠋ᠤ ᠪᠢᠳᠡ ᠰᠠᠯᠠᠭ᠎ᠠ ᠮᠥᠴᠢᠷ ᠢ᠋ ᠡᠷᠢᠵᠦ ᠭᠦᠶᠦᠵᠦ᠍ ᠪᠠᠢᠭ᠍ᠰᠠᠨ᠂ ᠣᠲᠣ ᠲᠤᠰᠭᠠᠶ ᠮᠡᠷᠭᠡᠵᠢᠯᠲᠡᠨ ᠢᠷᠡᠭᠡᠳ ᠰᠢᠢᠳᠪᠦᠷᠢᠯᠡᠬᠦ ᠲᠥᠰᠦᠯ ᠭᠠᠷᠭᠠᠵᠦ ᠦᠭᠭᠦᠯ᠎ᠠ》 ᠭᠡᠵᠦ᠍ ᠥᠪᠥᠷ ᠮᠣᠩᠭᠣᠯ ᠤ᠋ᠨ ᠮᠸᠩ ᠶᠤᠸᠠᠨ ᠺᠤᠸᠠᠨ ᠢᠳᠡᠭᠡᠨ ᠤ᠋ ᠬᠢᠵᠠᠭᠠᠷᠲᠤ ᠺᠣᠮᠫᠠᠨᠢ ᠶ᠋ᠢᠨ ᠠᠯᠪᠠᠨ ᠬᠡᠷ ᠤ᠋ᠨ ᠡᠷᠬᠢᠯᠡᠭ᠌ᠴᠢ ᠬᠤᠤ ᠱᠤᠸᠠᠩ ᠬᠡᠯᠡᠯ᠎ᠠ᠃
ᠡᠨᠡ ᠵᠢᠯ ᠪᠠᠶᠠᠨᠨᠠᠭᠤᠷ ᠤ᠋ᠨ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠲᠤᠭ᠎ᠠ ᠪᠠᠷᠢᠮᠲᠠ ᠶ᠋ᠢᠨ ᠬᠠᠮᠢᠶᠠᠷᠤᠯᠲᠠ ᠶ᠋ᠢᠨ ᠲᠣᠪᠴᠢᠶ᠎ᠠ 《ᠨᠢᠭᠡ ᠺᠤᠳ᠋ ᠨᠢᠭᠡ ᠬᠠᠯᠠᠮᠰᠢᠯ ᠤᠲᠠᠰᠤ ᠨᠢᠭᠡ ᠲᠥᠪ》 ᠤ᠋ᠨ ᠲᠦᠷᠦᠯ ᠲᠡᠮᠲᠡᠭ ᠢ᠋ ᠴᠤᠬᠴᠠᠯᠠᠵᠤ᠂ ᠠᠵᠤ ᠠᠬᠤᠢᠯᠠᠯ ᠪᠠᠢᠭᠤᠯᠬᠤ᠂ ᠮᠡᠳᠡᠭᠡ ᠵᠠᠩᠭᠢ ᠵᠢ ᠬᠤᠪᠢᠷᠠᠭᠤᠯᠬᠤ ᠵᠡᠷᠭᠡ ᠵᠦᠶ᠋ᠯᠡᠰ ᠢ᠋ 0.5 ᠠᠵᠢᠯᠯᠠᠬᠤ ᠡᠳᠦᠷ ᠲᠦ᠍ ᠭᠦᠶ᠋ᠴᠡᠳᠭᠡᠵᠦ᠍᠂ 《ᠶᠡᠬᠡᠳᠡᠬᠦ᠌ ᠳ᠋ᠡᠭᠡᠨ ᠨᠢᠭᠡ ᠯᠡ ᠤᠳᠠᠭ᠎ᠠ ᠣᠴᠢᠵᠤ ᠭᠦᠶ᠋ᠴᠡᠳᠭᠡᠬᠦ᠌》᠂ 《ᠨᠢᠭᠡ ᠰᠦᠯᠵᠢᠶ᠎ᠡ ᠳ᠋ᠤ ᠪᠦᠬᠦᠨ ᠢ᠋ ᠭᠦᠶ᠋ᠴᠡᠳᠭᠡᠬᠦ᠌》᠂ 《ᠥᠪᠡᠷ ᠤ᠋ᠨ ᠥᠷᠲᠡᠭ ᠥᠬᠡᠶ》 ᠪᠠᠢᠬᠤ ᠵᠢ ᠪᠡᠶᠡᠯᠡᠭᠦᠯᠪᠡ; 《ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠵᠢ ᠠᠵᠤ ᠠᠬᠤᠢᠯᠠᠯ ᠪᠣᠯᠭᠠᠨ ᠬᠤᠪᠢᠷᠠᠭᠤᠯᠬᠤ》 ᠪᠥᠬᠥ᠌ ᠶᠠᠪᠤᠴᠠ ᠶ᠋ᠢᠨ ᠭᠦᠶᠦᠬᠦ᠌ ᠤᠳᠠᠭ᠎ᠠ ᠵᠢ 6 ᠤᠳᠠᠭ᠎ᠠ ᠪᠠᠢᠭ᠍ᠰᠠᠨᠢ 1 ᠤᠳᠠᠭ᠎ᠠ ᠪᠣᠯᠭᠠᠨ ᠴᠣᠮᠬᠠᠳᠭᠠᠵᠤ᠂ 274 ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠠᠵᠤ ᠠᠬᠤᠢᠯᠠᠯ ᠪᠣᠯᠵᠤ ᠠᠮᠵᠢᠯᠲᠠ ᠲᠠᠢ ᠲᠠᠰ ᠳᠡᠪᠱᠢᠵᠦ᠂ ᠵᠠᠬ᠎ᠠ ᠳᠡᠯᠭᠡᠭᠦᠷ ᠲᠦ᠍ ᠬᠦᠴᠦᠷᠬᠡᠭ ᠶᠡᠬᠡ ᠠᠮᠢᠵᠢᠷᠠᠯ ᠤ᠋ᠨ ᠬᠦᠴᠦᠨ ᠣᠯᠭᠣᠪᠠ᠃
ᠪᠠᠶᠠᠨᠨᠠᠭᠤᠷ ᠬᠣᠲᠠ ᠪᠣᠳᠠᠲᠠᠶ ᠠᠵᠢᠯᠯᠠᠬᠤ ᠪᠡᠷ ᠡᠭᠦᠷᠭᠡ ᠬᠠᠷᠢᠭᠤᠴᠠᠯᠭ᠎ᠠ ᠪᠠᠨ ᠦᠶ᠋ᠯᠡᠳᠦᠯᠭᠡᠵᠢᠭᠦᠯᠵᠦ᠍᠂ ᠲᠡᠮᠡᠴᠡᠯ ᠢ᠋ᠶ᠋ᠡᠷ ᠬᠡᠷᠡᠯ ᠰᠠᠴᠤᠷᠠᠩᠭᠤᠶ ᠠᠮᠵᠢᠯᠲᠠ ᠵᠢ ᠡᠭᠦᠳᠤᠨ᠎ᠠ᠃ ᠱᠢᠨ᠎ᠡ ᠲᠡᠦᠬᠡ ᠶ᠋ᠢᠨ ᠭᠠᠷᠤᠭ᠎ᠠ ᠳ᠋ᠤ᠂ ᠪᠣᠷᠣᠲᠣᠬᠣᠢ ᠶ᠋ᠢᠨ ᠬᠥᠪᠡᠭᠦᠳ ᠥᠬᠢᠳ ᠨᠡᠩ ᠴᠤᠭ ᠪᠠᠳᠠᠷᠠᠩᠭᠤᠢ ᠳᠦᠷᠰᠦ ᠪᠠᠢᠳᠠᠯ ᠢ᠋ᠶ᠋ᠡᠷ᠂ ᠳᠤᠮᠳᠠᠳᠤ ᠤᠯᠤᠰ ᠤ᠋ᠨ ᠮᠠᠶ᠍ᠢᠭ ᠤ᠋ᠨ ᠣᠳᠣᠬᠢᠴᠢᠯᠠᠯᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠰᠦᠷ ᠳᠠᠯᠠᠢᠴᠠᠲᠠᠢ ᠠᠶᠠᠨ ᠳ᠋ᠤ᠂ ᠱᠢᠨ᠎ᠡ ᠴᠠᠭ ᠦᠶ᠎ᠡ ᠶ᠋ᠢᠨ ᠬᠠᠭᠤᠳᠠᠰᠤ ᠵᠢ ᠦᠷᠭᠦᠯᠵᠢᠯᠡᠨ ᠪᠢᠴᠢᠭ᠌ᠯᠡᠬᠦ᠌ ᠪᠣᠯᠤᠨ᠎ᠠ᠃