ᠥᠪᠥᠷ ᠮᠣᠩᠭᠤᠯ᠎ᠤᠨ ᠤᠯᠢᠶᠠᠰᠤᠲᠠᠢ ᠯᠢᠲ᠋ᠢ᠎ᠵᠢᠨ ᠣᠯᠠᠨ ᠲᠡᠮᠦᠷᠯᠢᠭ᠎ᠤᠨ ᠠᠭᠤᠷᠬᠠᠢ᠎ᠶ᠋ᠢᠨ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ ᠢᠳᠡ ᠬᠦᠭ ᠲᠠᠢ ᠶᠠᠪᠤᠭᠳᠠᠨ᠎ᠠ
2025-12-11 10:17:43
ᠵᠣᠬᠢᠶᠠᠭ᠍ᠴᠢ᠄
​ ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠤᠢᠷ᠎ᠠ ᠎ᠳᠤ᠂ ᠤᠯᠠᠭᠠᠨᠬᠠᠳᠠ ᠬᠤᠲᠠ᠎ᠶ᠋ᠢᠨ ᠬᠡᠱᠢᠭ᠌ᠲᠡᠨ ᠬᠤᠱᠢᠭᠤᠨ᠎ᠤ ᠪᠠᠶᠠᠨᠴᠠᠭᠠᠨ ᠰᠤᠮᠤ᠎ᠶ᠋ᠢᠨ ᠥᠪᠥᠷ ᠮᠣᠩᠭᠤᠯ᠎ᠤᠨ ᠤᠯᠢᠶᠠᠰᠤᠲᠠᠢ ᠯᠢᠲ᠋ᠢ᠎ᠵᠢᠨ ᠣᠯᠠᠨ ᠲᠡᠮᠦᠷᠯᠢᠭ᠎ᠤᠨ ᠠᠭᠤᠷᠬᠠᠶ᠎ᠶ᠋ᠢᠨ ᠲᠥᠷᠥᠯ ᠵᠦᠢᠯ᠎ᠤᠨ ᠪᠠᠷᠢᠯᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠮᠠᠱᠢᠨ ᠮᠧᠬᠠᠨᠢᠭ᠎ᠤᠨ ᠬᠦᠩᠭᠢᠨᠡᠬᠦ᠌ ᠳᠠᠭᠤᠨ ᠰᠣᠯᠪᠢᠴᠠᠵᠤ᠂ ᠠᠵᠢᠯᠴᠢᠳ ᠲᠣᠰ ᠲᠣᠰ᠎ᠤᠨ ᠡᠭᠦᠷᠭᠡ ᠲᠤᠱᠢᠶᠠᠯ᠎ᠢᠶᠠᠨ ᠭᠦᠢᠴᠡᠳᠭᠡᠵᠦ᠍᠂ ᠪᠧᠲ᠋ᠤᠨ ᠴᠢᠳᠭᠤᠬᠤ᠂ ᠪᠤᠯᠠᠭᠠᠷᠢ᠎ᠶ᠋ᠢᠨ ᠰᠠᠭᠤᠷᠢ ᠲᠠᠯᠪᠢᠬᠤ ᠵᠡᠷᠭᠡ ᠠᠵᠢᠯ᠎ᠢ ᠪᠥᠬᠦ᠌ ᠬᠦᠴᠦᠨ᠎ᠢᠶᠠᠷ᠎ᠢᠶᠠᠨ ᠠᠬᠢᠭᠤᠯᠤᠨ᠎ᠠ᠃

《ᠲᠥᠷᠥᠯ ᠵᠦᠢᠯ᠎ᠤᠨ ᠲᠥᠯᠥᠪᠵᠢᠭᠦᠯᠭᠡ ᠶᠣᠰᠣᠭᠠᠷ᠂ 2025 ᠣᠨ᠎ᠤ ᠡᠴᠦᠰ ᠪᠤᠯᠲᠠᠯ᠎ᠠ ᠬᠦᠳᠡᠷ ᠰᠣᠩᠭᠤᠬᠤ ᠦᠢᠯᠡᠳᠪᠦᠷᠢ᠎ᠶ᠋ᠢᠨ ᠶᠡᠷᠦᠩᠬᠡᠶ ᠪᠥᠲᠥᠭᠡᠨ ᠪᠠᠢᠭᠤᠯᠤᠯᠲᠠ᠎ᠶ᠋ᠢᠨ ᠬᠡᠮᠵᠢᠶ᠎ᠡ᠎ᠶ᠋ᠢᠨ 28%᠎ᠠᠴᠠ ᠳᠡᠭᠡᠭ᠌ᠰᠢᠬᠢ᠎ᠶ᠋ᠢ ᠪᠡᠶᠡᠯᠡᠭᠦᠯᠵᠦ᠍᠂ 5 ᠳ᠋ᠦᠩᠱᠢᠭᠤᠷ ᠲᠥᠭᠦᠷᠢᠭ᠎ᠤᠨ ᠶᠡᠷᠦᠩᠬᠡᠶ ᠪᠠᠯᠠ ᠣᠷᠣᠭᠤᠯᠤᠯᠲᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠵᠡᠷᠭᠡ᠎ᠳᠤᠨᠢ ᠪᠡᠶᠡᠯᠡᠭᠦᠯᠬᠦ ᠪᠤᠯᠤᠨ᠎ᠠ; 2026 ᠣᠨ᠎ᠤ 8 ᠰᠠᠷ᠎ᠠ᠎ᠶ᠋ᠢᠨ ᠰᠡᠭᠦᠯᠴᠢ ᠪᠣᠯᠬᠤ᠎ᠳᠤ᠂ ᠠᠭᠤᠷᠬᠠᠶ ᠮᠠᠯᠲᠠᠬᠤ᠂ ᠬᠦᠳᠡᠷ ᠰᠣᠩᠭᠤᠬᠤ᠂ ᠦᠯᠡᠳᠡᠭ᠌ᠳᠡᠯ ᠭᠠᠷᠭᠠᠬᠤ ᠪᠥᠬᠦ᠌ ᠶᠠᠪᠤᠴᠠ ᠳ᠋ᠤ ᠲᠤᠷᠱᠢᠨ ᠦᠢᠯᠡᠳᠪᠦᠷᠢᠯᠡᠬᠦ᠌ ᠨᠥᠬᠦᠴᠡᠯ᠎ᠢ ᠪᠦᠷᠢᠯᠳᠦᠭᠦᠯᠬᠦ᠌ ᠪᠣᠯᠤᠨ᠎ᠠ》ᠭᠡᠵᠦ ᠥᠪᠥᠷ ᠮᠣᠩᠭᠤᠯ᠎ᠤᠨ ᠤᠯᠢᠶᠠᠰᠤᠲᠠᠢ ᠠᠭᠤᠷᠬᠠᠶ᠎ᠶ᠋ᠢᠨ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠸᠠᠩ ᠺᠧ ᠱᠢᠶᠠᠩ ᠲᠠᠨᠢᠯᠴᠠᠭᠤᠯᠤᠨ᠎ᠠ᠃ ᠡᠨᠡ ᠵᠢᠯ᠎ᠤᠨ 4 ᠰᠠᠷ᠎ᠠ ᠳ᠋ᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ ᠵᠢᠡᠷ ᠬᠢᠨᠠᠨ ᠵᠦᠪᠰᠢᠶᠡᠷᠡᠭᠦᠯᠦᠭᠡᠳ᠂ ᠦᠪᠦᠷ ᠮᠤᠩᠭᠤᠯ᠎ᠤᠨ ᠤᠯᠢᠶᠠᠰᠤᠲᠠᠢ ᠠᠭᠤᠷᠬᠠᠢ ᠵᠢᠨ ᠦᠢᠯᠡᠰ᠎ᠤᠨ ᠬᠢᠵᠠᠭᠠᠷᠲᠤ ᠺᠤᠮᠫᠠᠨᠢ ᠠᠭᠤᠷᠬᠠᠢ ᠮᠠᠯᠳᠠᠬᠤ ᠵᠦᠪᠰᠢᠶᠡᠷᠡᠯ᠎ᠤᠨ ᠦᠨᠡᠮᠯᠡᠯ ᠤᠯᠤᠭᠰᠠᠨ ᠡᠴᠡ ᠨᠠᠭᠠᠰᠢ᠂ ᠥᠪᠥᠷ ᠮᠣᠩᠭᠤᠯ᠎ᠤᠨ ᠤᠯᠢᠶᠠᠰᠤᠲᠠᠢ ᠯᠢᠲ᠋ᠢ᠎ᠵᠢᠨ ᠣᠯᠠᠨ ᠲᠡᠮᠦᠷᠯᠢᠭ᠎ᠤᠨ ᠠᠭᠤᠷᠬᠠᠶ᠎ᠶ᠋ᠢᠨ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ ᠵᠢᠨ ᠠᠬᠢᠴᠠ ᠲᠠᠰᠤᠷᠠᠯᠲᠡ ᠦᠭᠡᠢ ᠰᠢᠨᠡᠳᠭᠡᠭᠳᠡᠵᠦ ᠪᠤᠢ᠃

ᠥᠪᠥᠷ ᠮᠣᠩᠭᠤᠯ᠎ᠤᠨ ᠤᠯᠢᠶᠠᠰᠤᠲᠠᠢ ᠯᠢᠲ᠋ᠢ᠎ᠵᠢᠨ ᠣᠯᠠᠨ ᠲᠡᠮᠦᠷᠯᠢᠭ᠎ᠤᠨ ᠠᠭᠤᠷᠬᠠᠢ ᠪᠣᠯ ᠠᠽᠢᠶ᠎ᠠ ᠲᠢᠪ᠎ᠤᠨ ᠬᠠᠮᠤᠭ᠎ᠤᠨ ᠲᠣᠮᠣ ᠬᠠᠲᠠᠭᠤ ᠴᠢᠯᠠᠭᠤᠯᠢᠭ ᠬᠡᠯᠪᠡᠷᠢᠲᠦ ᠯᠢᠲ᠋ᠢ᠎ᠵᠢᠨ ᠠᠭᠤᠷᠬᠠᠢ᠂ ᠬᠥᠬᠡᠮᠥ᠋ᠷᠡᠨ᠎ᠠᠴᠠ ᠤᠮᠠᠷᠠᠰᠢᠬᠢ ᠬᠠᠮᠤᠭ ᠲᠣᠮᠣ ᠲᠠᠩ ᠪᠠᠶᠡᠲᠦ ᠴᠠᠭᠠᠨ ᠲᠤᠭᠤᠯᠭ᠎ᠠ᠎ᠶ᠋ᠢᠨ ᠠᠭᠤᠷᠬᠠᠢ ᠪᠣᠯᠣᠨ᠎ᠠ᠃ ᠲᠦᠷᠦᠯ ᠵᠦᠢᠯ᠎ᠤᠨ ᠪᠦᠲᠦᠭᠡᠨ ᠪᠠᠢᠭᠤᠯᠤᠯᠲᠠ ᠲᠦᠷᠬᠡᠨ ᠠᠬᠢᠭᠤᠯᠤᠭᠳᠠᠵᠤ ᠪᠠᠢᠭ᠎ᠠ ᠨᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠤᠨᠢᠨ ᠳᠡᠭᠡᠷ᠎ᠡ᠎ᠨᠢ ᠦᠢᠯᠡᠴᠢᠯᠡᠬᠦ᠌ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ ᠶᠤᠮ᠃ ᠬᠡᠱᠢᠭ᠌ᠲᠡᠨ ᠬᠤᠱᠢᠭᠤ ᠲᠣᠰ ᠲᠥᠷᠥᠯ ᠵᠦᠢᠯ᠎ᠤᠨ ᠪᠠᠢᠳᠠᠯ᠎ᠳᠤ ᠲᠣᠬᠢᠷᠠᠭᠤᠯᠤᠨ᠂ 《ᠨᠢᠭᠡ᠎ᠳᠤ ᠨᠢᠭᠡ》 ᠶ᠋ᠢᠨ ᠪᠥᠬᠦ᠌ ᠦᠶᠡᠯᠡᠯ᠎ᠤᠨ ᠬᠤᠭᠤᠴᠠᠭᠠᠨ᠎ᠤ ᠮᠥᠷᠳᠡᠯᠲᠡ᠎ᠶ᠋ᠢᠨ ᠦᠢᠯᠡᠴᠢᠯᠡᠭᠡᠨ᠎ᠤ ᠲᠣᠭ᠍ᠲᠠᠴᠠ᠎ᠶ᠋ᠢ ᠲᠣᠭ᠍ᠲᠠᠭᠠᠵᠤ᠂ ᠲᠤᠰᠭᠠᠶ ᠲᠤᠱᠢᠶᠠᠯᠲᠤ 《ᠠᠷᠠᠯᠵᠢᠶᠡᠴᠢᠨ᠎ᠢ ᠳᠣᠲᠣᠨᠣᠴᠢᠯᠠᠬᠤ ᠬᠠᠮᠢᠶᠠᠷᠤᠭ᠍ᠴᠢ》 ᠳᠣᠭᠢᠷᠠᠭᠤᠯᠤᠨ ᠠᠵᠤ ᠠᠬᠤᠢᠯᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠵᠣᠯᠭᠠᠭᠤᠯᠵᠤ᠂ 《ᠨᠢᠭᠡ ᠠᠭᠤᠷᠬᠠᠶ᠎ᠳᠤ ᠨᠢᠭᠡ ᠠᠷᠭ᠎ᠠ ᠪᠣᠳᠣᠯᠭ᠎ᠠ》 ᠪᠡᠷ ᠨᠠᠷᠢᠯᠢᠭ ᠣᠨᠣᠪᠴᠢᠲᠠᠶ᠎ᠪᠠᠷ ᠱᠢᠢᠳᠪᠦᠷᠢᠯᠡᠵᠦ᠍᠂ ᠭᠠᠵᠠᠷ ᠬᠡᠷᠡᠭ᠌ᠯᠡᠬᠦ᠂ ᠤᠰᠤ ᠬᠡᠷᠡᠭ᠌ᠯᠡᠬᠦ᠂ ᠴᠠᠬᠢᠯᠭᠠᠨ ᠬᠡᠷᠡᠭ᠌ᠯᠡᠬᠦ᠌ ᠵᠡᠷᠭᠡ ᠭᠤᠤᠯ ᠡᠯᠧᠮᠧᠨ᠋ᠲ᠎ᠢ ᠪᠠᠲᠤᠯᠠᠵᠤ᠂ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠳᠤ 《ᠰᠠᠭᠠᠳ ᠥᠬᠡᠶ ᠨᠡᠪᠲᠡᠷᠡᠬᠦ᠌ ᠵᠠᠮ》 ᠢ᠋ ᠨᠡᠭᠡᠭᠡᠵᠦ᠍ ᠥᠭ᠌ᠪᠡ᠃

ᠣᠢᠯᠠᠭᠠᠭ᠍ᠰᠠᠨ᠎ᠢᠶᠠᠷ᠂ ᠥᠪᠥᠷ ᠮᠣᠩᠭᠤᠯ᠎ᠤᠨ ᠤᠯᠢᠶᠠᠰᠤᠲᠠᠢ ᠯᠢᠲ᠋ᠢ᠎ᠵᠢᠨ ᠣᠯᠠᠨ ᠲᠡᠮᠦᠷᠯᠢᠭ᠎ᠤᠨ ᠠᠭᠤᠷᠬᠠᠶ᠎ᠶ᠋ᠢᠨ ᠲᠥᠷᠥᠯ ᠵᠦᠢᠯ᠎ᠤᠨ ᠶᠡᠷᠦᠩᠬᠡᠶ ᠪᠠᠯᠠ ᠣᠷᠣᠭᠤᠯᠤᠯᠲᠠ 50.6 ᠳ᠋ᠦᠩᠱᠢᠭᠤᠷ ᠲᠥᠭᠦᠷᠢᠭ᠎ᠲᠤ ᠬᠦᠷᠴᠡᠶ᠃ ᠡᠭᠦᠨ᠎ᠳᠤ᠂ ᠨᠢᠭᠡᠳᠦᠭᠡᠷ ᠬᠤᠭᠤᠴᠠᠭᠠᠨ᠎ᠳᠤ 20.6 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠵᠤ᠂ ᠵᠢᠯ᠎ᠳᠤ 240 ᠲᠦᠮᠡᠨ ᠲᠣᠨ ᠵᠠᠳᠠᠭᠠᠶ ᠮᠠᠯᠲᠠᠬᠤ ᠲᠥᠷᠥᠯ ᠵᠦᠢᠯ᠎ᠢ ᠪᠥᠲᠥᠭᠡᠨ ᠪᠠᠢᠭᠤᠯᠵᠤ᠂ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ ᠵᠢᠱ᠌ᠢᠯᠲᠡ᠎ᠪᠠᠷ ᠵᠢᠯ᠎ᠤᠨ ᠦᠢᠯᠡᠳᠬᠦᠨ᠎ᠤ ᠥᠷᠲᠡᠭ᠎ᠨᠢ 23 ᠳ᠋ᠦᠩᠱᠢᠭᠤᠷ ᠲᠥᠭᠦᠷᠢᠭ ᠪᠣᠯᠤᠨ᠎ᠠ; ᠬᠤᠶᠠᠳᠤᠭᠠᠷ ᠬᠤᠭᠤᠴᠠᠭᠠᠨ᠎ᠳᠤ ᠱᠢᠨ᠎ᠡ ᠡᠨᠧᠷᠭᠢ ᠪᠣᠯᠤᠨ ᠬᠠᠭᠠᠰ ᠳᠠᠮᠵᠢᠭᠤᠯᠤᠭ᠍ᠴᠢ᠎ᠶ᠋ᠢᠨ ᠤᠷᠤᠯᠳᠤᠭᠠᠨ᠎ᠤ ᠵᠠᠮ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 30 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠵᠤ᠂ ᠦᠢᠯᠡᠳᠪᠦᠷᠢᠯᠡᠯ᠎ᠤᠨ ᠴᠢᠳᠠᠪᠤᠷᠢ᠎ᠪᠠᠨ 1000 ᠲᠦᠮᠡᠨ ᠲᠣᠨ ᠪᠣᠯᠭᠠᠨ ᠥᠷᠭᠡᠳᠭᠡᠵᠦ᠍ ᠂ ᠤᠯᠤᠰ᠎ᠤᠨ ᠳᠣᠲᠣᠭᠠᠳᠤ᠎ᠶ᠋ᠢᠨ ᠬᠠᠮᠤᠭ᠎ᠤᠨ ᠶᠡᠭᠡ ᠯᠢᠲ᠋ᠢ ᠨᠠᠷᠢᠯᠢᠭ ᠬᠦᠳᠡᠷ᠎ᠤᠨ ᠰᠠᠭᠤᠷᠢᠨ ᠭᠠᠵᠠᠷ᠎ᠢ ᠵᠡᠷᠭᠡ᠎ᠪᠠᠷ ᠪᠠᠢᠭᠤᠯᠵᠤ᠂ ᠵᠢᠯ᠎ᠤᠨ ᠦᠢᠯᠡᠳᠬᠦᠨ᠎ᠤ ᠥᠷᠲᠡᠭ᠎ᠨᠢ 80 ᠳ᠋ᠦᠩᠱᠢᠭᠤᠷ ᠲᠥᠭᠦᠷᠢᠭ᠎ᠢ ᠳᠠᠪᠠᠵᠤ᠂ ᠵᠢᠯ᠎ᠳᠤ ᠪᠠᠷᠤᠭ 14 ᠳ᠋ᠦᠩᠱᠢᠭᠤᠷ ᠲᠥᠭᠦᠷᠢᠭ᠎ᠤᠨ ᠭᠠᠢᠯᠢ ᠲᠠᠲᠠᠪᠤᠷᠢ ᠡᠭᠦᠳᠬᠦ ᠪᠤᠯᠤᠨ᠎ᠠ᠃

ᠲᠥᠷᠥᠯ ᠵᠦᠢᠯ᠎ᠢ ᠪᠦᠬᠦᠨ᠎ᠢ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ᠂ ᠯᠢᠲ᠋ᠢ ᠴᠠᠬᠢᠯᠭᠠᠨ᠎ᠤ ᠮᠠᠲ᠋ᠧᠷᠢᠶᠠᠯ᠂ ᠴᠠᠭᠠᠨ ᠲᠤᠭᠤᠯᠭ᠎ᠠ᠎ᠶ᠋ᠢᠨ ᠰᠠᠭᠤᠷᠢ ᠭᠠᠩᠨᠠᠬᠤ ᠮᠠᠲ᠋ᠧᠷᠢᠶᠠᠯ ᠵᠡᠷᠭᠡ ᠠᠵᠤ ᠦᠢᠯᠡᠰ᠎ᠤᠨ ᠬᠡᠯᠬᠢᠶ᠎ᠡ᠎ᠶ᠋ᠢᠨ ᠰᠦᠷᠦᠭ᠌ᠵᠢᠨ ᠬᠥᠭ᠌ᠵᠢᠬᠦ᠌᠎ᠶ᠋ᠢ ᠳᠠᠢᠴᠢᠯᠠᠵᠤ᠂ 《ᠡᠬᠢ ᠪᠠᠶᠠᠯᠢᠭ — ᠮᠠᠲ᠋ᠧᠷᠢᠶᠠᠯ — ᠬᠡᠷᠡᠭ᠌ᠯᠡᠯᠲᠡ》 ᠶ᠋ᠢᠨ ᠪᠥᠬᠦ᠌ ᠬᠡᠯᠬᠢᠶᠡᠨ᠎ᠤ ᠠᠵᠤ ᠦᠢᠯᠡᠰ᠎ᠤᠨ ᠪᠠᠢᠷᠢᠱᠢᠯ᠎ᠢ ᠪᠣᠶ ᠪᠣᠯᠭᠠᠨ᠎ᠠ᠃ ᠬᠤᠶᠠᠳᠤᠭᠠᠷ ᠬᠤᠭᠤᠴᠠᠭᠠᠨ᠎ᠤ ᠢᠨᠵᠸᠨ᠋ᠸᠷᠢᠩ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠵᠢᠯ᠎ᠤᠨ ᠬᠠᠩᠭᠠᠬᠤ ᠯᠢᠲ᠋ᠢ᠎ᠶ᠋ᠢᠨ ᠨᠠᠷᠢᠯᠢᠭ ᠠᠭᠤᠷᠬᠠᠶ᠎ᠨᠢ ᠵᠠᠭᠤᠨ ᠲᠦᠮᠡᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠦᠢᠯᠡᠳᠪᠦᠷᠢᠯᠡᠯ᠎ᠤᠨ ᠬᠡᠷᠡᠭ᠌ᠴᠡᠭᠡ᠎ᠶ᠋ᠢ ᠬᠠᠩᠭᠠᠵᠤ᠂ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠤᠨ ᠪᠥᠬᠦ᠌ ᠪᠥᠮᠪᠥᠷᠴᠡᠭ᠎ᠤᠨ ᠥᠷᠢᠰᠥᠯᠳᠦᠭᠡᠨ᠎ᠤ ᠪᠠᠢᠷᠢ᠎ᠶ᠋ᠢ ᠡᠵᠡᠯᠡᠬᠦ᠌᠎ᠳᠤ ᠪᠠᠲᠤ ᠪᠠᠬᠢ ᠡᠬᠢ ᠪᠠᠶᠠᠯᠢᠭ᠎ᠤᠨ ᠲᠤᠯᠭᠠᠭᠤᠷᠢᠯᠠᠯ ᠬᠠᠩᠭᠠᠵᠤ ᠴᠢᠳᠠᠨ᠎ᠠ᠃《ᠪᠢᠳᠡ ᠦᠢᠯᠡᠴᠢᠯᠡᠭᠡᠨ᠎ᠤ ᠪᠠᠲᠤᠯᠠᠭ᠎ᠠ᠎ᠪᠠᠨ ᠦᠷᠭᠦᠯᠵᠢᠯᠡᠨ ᠴᠢᠩᠭᠠᠳᠭᠠᠵᠤ᠂ ᠲᠦᠷᠦᠯ ᠵᠦᠢᠯ᠎ᠢ ᠡᠷᠲᠡ ᠪᠠᠢᠭᠤᠯᠵᠤ᠂ ᠡᠷᠲᠡ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠴᠢᠨᠠᠷ ᠰᠠᠢᠲᠠᠢ ᠡᠬᠢ ᠪᠠᠶᠠᠯᠢᠭ᠎ᠢ ᠴᠢᠨᠠᠷ ᠰᠠᠢᠲᠠᠢ ᠬᠥᠭ᠌ᠵᠢᠯᠲᠡ᠎ᠶ᠋ᠢᠨ ᠪᠣᠳᠠᠲᠤ ᠬᠦᠴᠦᠨ ᠪᠣᠯᠭᠠᠨ ᠬᠤᠪᠢᠷᠠᠭᠤᠯᠤᠨ᠎ᠠ》 ᠭᠡᠵᠦ᠍  ᠬᠡᠱᠢᠭ᠌ᠲᠡᠨ ᠬᠤᠱᠢᠭᠤᠨ᠎ᠤ ᠠᠵᠤ ᠦᠢᠯᠡᠳᠪᠦᠷᠢ ᠮᠡᠳᠡᠭᠡ ᠵᠠᠩᠭᠢ ᠪᠠ ᠱᠢᠨᠵᠢᠯᠡᠬᠦ᠌ ᠤᠬᠠᠭᠠᠨ  ᠲᠸᠭᠨᠢᠭ ᠮᠡᠷᠭᠡᠵᠢᠯ᠎ᠤᠨ ᠲᠣᠪᠴᠢᠶᠠᠨ᠎ᠤ ᠳᠡᠳ᠋ ᠳᠠᠷᠤᠭ᠎ᠠ ᠵᠠᠩ ᠬᠤᠸᠠ ᠳ᠋ᠦᠩ ᠢᠯᠡᠷᠬᠡᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号