ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ 9 ᠳᠠᠭᠠᠭᠤᠯᠢ ᠤᠲᠤ᠎ᠶ᠋ᠢ ᠲᠣᠭᠣᠷᠢᠯᠲᠠ᠎ᠶ᠋ᠢᠨ ᠵᠠᠮ᠎ᠳᠤ ᠣᠨᠣᠪᠴᠢᠲᠠᠢ ᠬᠦᠷᠭᠡᠪᠡ
2025 ᠣᠨ᠎ᠤ 12 ᠰᠠᠷ᠎ᠠ᠎ᠶ᠋ᠢᠨ 10 ᠤ᠋ ᠡᠳᠦᠷ᠎ᠦᠨ 12 ᠴᠠᠭ 03 ᠮᠢᠨᠦ᠋ᠲ᠎ᠲᠦ᠂ ᠵᠦᠩ ᠺᠧ ᠰᠠᠨᠰᠠᠷ᠎ᠤᠨ ᠠᠶᠠᠯᠠᠯ᠎ᠤᠨ ᠺᠤᠮᠫᠠᠨᠢ ᠵᠢᠨ《ᠯᠢ ᠵᠢᠶᠠᠨ ᠨᠢᠭᠡᠳᠦᠭᠡᠷ ᠠᠯᠤᠰ ᠰᠠᠷᠡᠯ ᠠᠷᠪᠠᠨ ᠨᠢᠭᠡᠳᠦᠭᠡᠷ ᠬᠥᠯᠭᠡ ᠲᠡᠢ᠌ᠷᠦᠯᠲᠦ ᠰᠤᠮᠤ·ᠢᠷᠡᠭᠡᠳᠦᠢ ᠪᠡᠨ ᠴᠤᠭᠴᠠᠯᠠᠬᠤ ᠨᠡᠷᠡᠮᠵᠢᠲᠦ》 ᠵᠢ ᠥᠪᠥᠷ ᠮᠣᠩᠭᠣᠯ᠎ᠤᠨ ᠠᠯᠠᠱᠠ ᠠᠢᠮᠠᠭ᠎ᠤᠨ ᠡᠵᠡᠨ᠎ᠡ ᠬᠣᠱᠢᠭᠤᠨ᠎ᠳᠤ ᠪᠠᠢᠷᠢᠯᠠᠭ᠎ᠠ ᠳ᠋ᠦᠩᠹᠸᠩ ᠬᠤᠳᠠᠯᠳᠤᠭᠠᠨ᠎ᠤ ᠰᠠᠨᠰᠠᠷ᠎ᠤᠨ ᠠᠶᠠᠯᠠᠯ᠎ᠤᠨ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠲᠤᠭᠤᠷᠢᠭ ᠡᠴᠡ ᠬᠠᠷᠪᠤᠵᠤ᠂ 《ᠨᠢᠭᠡ ᠲᠡᠢ᠌ᠷᠦᠯᠳᠦ ᠰᠤᠮᠤ ᠪᠡᠷ ᠶᠢᠰᠦᠨ ᠲᠠᠭᠠᠭᠤᠯᠢ ᠤᠳᠤ ᠵᠢ ᠬᠠᠷᠪᠤᠬᠤ》 ᠬᠡᠯᠪᠡᠷᠢ᠎ᠪᠡᠷ 9 ᠳᠠᠭᠠᠭᠤᠯᠢ ᠤᠳᠤ᠎ᠶ᠋ᠢ ᠲᠣᠭᠣᠷᠢᠯᠲᠠ᠎ᠶ᠋ᠢᠨ ᠵᠠᠮ᠎ᠳᠤ ᠣᠨᠣᠪᠴᠢᠲᠠᠢ ᠬᠦᠷᠭᠡᠪᠡ᠃
ᠲᠣᠰ ᠤᠳᠠᠭ᠎ᠠ ᠬᠠᠷᠪᠤᠭ᠍ᠰᠠᠨ 9 ᠳᠠᠭᠠᠭᠤᠯᠢ ᠣᠲᠣ ᠨᠢ ᠲᠣᠰ ᠲᠣᠰ ᠠᠷᠠᠪ᠎ᠤᠨ ᠬᠣᠯᠪᠣᠭᠠᠲᠤ ᠠᠬᠠᠮᠠᠳ᠎ᠲᠤ ᠤᠯᠤᠰ᠎ᠤᠨ 813 ᠳᠠᠭᠠᠭᠤᠯᠢ ᠣᠲᠣ᠂ ᠵᠢᠶ ᠱᠢᠩ ᠥᠨᠳᠥᠷ ᠢᠯᠭᠠᠮᠵᠢᠲᠤ 07B01 ᠣᠲᠣ᠂ ᠵᠢᠶ ᠱᠢᠩᠥᠨᠳᠥᠷ ᠢᠯᠭᠠᠮᠵᠢᠲᠤ 07C01 ᠣᠲᠣ᠂ ᠵᠢᠶ ᠱᠢᠩᠥᠨᠳᠥᠷ ᠢᠯᠭᠠᠮᠵᠢᠲᠤ 07D01 ᠣᠲᠣ᠂ ᠳ᠋ᠦᠩ ᠫᠦᠸᠸ 15 ᠨᠣᠮᠧᠷᠲᠤ ᠳᠠᠭᠠᠭᠤᠯᠢ ᠣᠲᠣ᠂ ᠢᠦᠶ ᠱᠢᠩ ᠬᠣᠶᠠᠳᠤᠭᠠᠷ ᠨᠣᠮᠧᠷᠲᠤ 09 ᠣᠲᠣ ᠂ ᠢ ᠱᠢᠶᠠᠨ — A ᠣᠲᠣ᠂ SPNEX ᠳᠠᠭᠠᠭᠤᠯᠢ ᠣᠲᠣ᠂ Slippers2Sat ᠳᠠᠭᠠᠭᠤᠯᠢ ᠣᠲᠣ ᠪᠤᠯᠤᠨ᠎ᠠ᠃ ᠡᠭᠦᠨ᠎ᠳᠦ ᠠᠷᠠᠪ᠎ᠤᠨ ᠬᠣᠯᠪᠣᠭᠠᠲᠤ ᠠᠬᠠᠮᠠᠳ᠎ᠲᠦ ᠤᠯᠤᠰ᠂ ᠶᠧᠵᠢᠫᠲ᠂ ᠨᠸᠫᠠᠯ ᠤ᠋ᠨ 3 ᠤᠯᠠᠨ ᠤᠯᠤᠰ᠎ᠤᠨ ᠬᠤᠳᠠᠯᠳᠤᠭᠠᠴᠢᠨ᠎ᠤ ᠵᠠᠬᠢᠶᠠᠯᠠᠭ᠎ᠠ ᠵᠢᠨ ᠬᠠᠭᠤᠳᠠᠰᠤ ᠪᠠᠭ᠍ᠲᠠᠨ᠎ᠠ᠃ ᠲᠤᠰ ᠪᠦᠯᠦᠭ ᠳᠠᠭᠠᠭᠤᠯᠢ ᠣᠳᠣ᠎ᠶ᠋ᠢ ᠭᠣᠣᠯᠳᠠᠭᠤ ᠬᠣᠲᠠ᠎ᠶ᠋ᠢᠨ ᠲᠥᠯᠥᠪᠵᠢᠭᠦᠯᠭᠡ᠂ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ᠂ ᠤᠰᠤᠨ ᠠᠱᠢᠭ᠍ᠯᠠᠯᠲᠠ ᠴᠠᠭ ᠠᠭᠤᠷ ᠵᠡᠷᠭᠡ ᠬᠦᠷᠢᠶᠡᠨ᠎ᠳᠦ ᠬᠡᠷᠡᠭ᠌ᠯᠡᠨ᠎ᠡ᠃
ᠲᠣᠰ ᠤᠳᠠᠭᠠᠨ᠎ᠤ ᠡᠭᠦᠷᠭᠡ ᠪᠣᠯ ᠯᠢ ᠵᠢᠶᠠᠨ ᠨᠢᠭᠡᠳᠦᠭᠡᠷ ᠬᠥᠯᠭᠡ ᠲᠡᠢᠷᠦᠯᠲᠦ ᠰᠤᠮᠤ᠎ᠶ᠋ᠢᠨ 11 ᠳ᠋ᠤᠭᠡᠷ ᠤᠳᠠᠭᠠᠨ᠎ᠤ ᠨᠢᠰᠦᠯᠲᠡ ᠪᠣᠯᠤᠨ᠎ᠠ᠂ ᠣᠲᠣ ᠪᠣᠯᠲᠠᠯ᠎ᠠ᠂ ᠯᠢ ᠵᠢᠶᠠᠨ ᠨᠢᠭᠡᠳᠦᠭᠡᠷ ᠨᠢ ᠨᠡᠢᠲᠡ 32 ᠳᠠᠭᠠᠭᠤᠯᠢ ᠣᠲᠣᠨᠤ ᠬᠡᠷᠡᠭᠯᠡᠭᠴᠢ᠎ᠳᠤ ᠦᠶ᠋ᠯᠡᠴᠢᠯᠡᠪᠡ᠂ ᠡᠭᠦᠨ᠎ᠳᠦ ᠤᠯᠤᠰ᠎ᠤᠨ ᠳᠣᠲᠣᠭᠠᠳᠤ᠎ᠶ᠋ᠢᠨ 26 ᠬᠡᠷᠡᠭᠯᠡᠭ᠌ᠴᠢ᠂ ᠣᠯᠠᠨ ᠤᠯᠤᠰ᠎ᠤᠨ 6 ᠬᠡᠷᠡᠭᠯᠡᠭ᠌ᠴᠢ ᠪᠠᠢᠵᠤ᠂ 84 ᠳᠠᠭᠠᠭᠤᠯᠢ ᠣᠲᠣ᠎ᠶ᠋ᠢ ᠠᠮᠵᠢᠯᠲᠠ᠎ᠲᠠᠶ᠎ᠪᠠᠷ ᠰᠠᠨᠰᠠᠷ᠎ᠲᠤ ᠬᠦᠷᠭᠡᠵᠦ᠍᠂ ᠲᠣᠭᠣᠷᠢᠯᠲᠠ᠎ᠶ᠋ᠢᠨ ᠵᠠᠮ᠎ᠳᠤ ᠣᠷᠣᠭᠤᠯᠤᠭ᠍ᠰᠠᠨ ᠠᠴᠢᠶᠠᠨ᠎ᠤ ᠶᠡᠷᠦᠩᠬᠡᠶ ᠮᠠᠰ᠎ᠨᠢ 11 ᠲᠣᠨ᠎ᠢ ᠳᠠᠪᠠᠵᠤ᠂ ᠬᠠᠷᠪᠤᠯᠲᠠ᠎ᠶ᠋ᠢᠨ ᠦᠶ᠋ᠯᠡᠴᠢᠯᠡᠭᠡᠨ᠎ᠦ ᠲᠤᠬᠠᠢᠯᠠᠭ᠍ᠰᠠᠨ ᠠᠵᠢᠯ᠎ᠨᠢ ᠳᠤᠮᠳᠠᠳᠤ ᠤᠯᠤᠰ᠂ ᠧᠦ᠋ᠷᠣᠫᠠ ᠲᠢᠪ᠂ ᠤᠮᠠᠷᠠᠲᠤ ᠠᠮᠧᠷᠢᠺᠠ᠂ ᠡᠮᠦᠨᠡᠲᠦ ᠠᠽᠢᠶ᠎ᠠ᠂ ᠳᠤᠮᠳᠠᠳᠤ ᠳᠣᠷᠣᠨᠠᠲᠤ᠂ ᠤᠮᠠᠷᠠᠲᠤ ᠠᠹᠷᠢᠺᠠ ᠵᠡᠷᠭᠡ ᠤᠯᠤᠰ ᠪᠠ ᠣᠷᠣᠨ ᠪᠦᠰᠡ᠎ᠶ᠋ᠢ ᠬᠠᠮᠤᠷᠴᠠᠶ᠃
ᠯᠢ ᠵᠢᠶᠠᠨ ᠨᠢᠭᠡᠳᠦᠭᠡᠷ᠎ᠤᠨ ᠶᠡᠷᠦᠩᠬᠡᠢ ᠲᠥᠯᠥᠪᠯᠡᠭ᠌ᠴᠢ ᠱ᠌ᠢ ᠱᠢᠶᠤᠤ ᠨᠢᠩ᠂ ᠯᠢ ᠵᠢᠶᠠᠨ ᠨᠢᠭᠡᠳᠦᠭᠡᠷᠢ 《ᠰᠡᠳᠭᠢᠵᠦ ᠴᠢᠳᠠᠬᠤ ᠲᠡᠢ᠌ᠷᠦᠯᠳᠦ ᠰᠤᠮᠤ》 ᠬᠡᠮᠡᠵᠤ᠂ ᠬᠡᠮᠵᠢᠬᠦ ᠡᠵᠡᠮᠳᠡᠬᠦ᠌ ᠠᠭᠤᠰᠤᠯᠴᠠᠭᠰᠠᠨ ᠨᠢᠭᠡ ᠴᠤᠬ᠍ᠴᠠᠵᠢᠭᠤᠯᠤᠬ᠍ᠰᠠᠨ ᠵᠢᠷᠤᠭ ᠲᠥᠯᠥᠪᠯᠡᠭᠡᠨ᠎ᠦ ᠮᠡᠷᠭᠡᠵᠢᠯ᠎ᠢᠶᠡᠷ ᠳᠠᠮᠵᠢᠨ᠂ ᠵᠠᠬᠢᠶᠠᠯᠠᠨ ᠦᠢᠯᠡᠳᠬᠦ᠎ᠡᠴᠡ ᠨᠡᠢᠳᠡᠮ ᠬᠡᠷᠡᠭᠯᠡᠬᠦ᠌ ᠬᠦᠷᠲᠡᠯᠡᠬᠢ ᠱᠢᠰᠲ᠋ᠧᠮ᠎ᠤᠨ ᠱᠢᠯᠵᠢᠯᠲᠡ᠎ᠶ᠋ᠢ ᠪᠡᠶᠡᠯᠡᠭᠦᠯᠪᠡ᠃ ᠲᠡᠭᠦᠨ᠎ᠦ ᠡᠵᠡᠮᠰᠢᠯ᠎ᠦᠨ ᠰᠢᠰᠲᠧᠮ ᠨᠢ ᠵᠥᠭᠡᠯᠡᠨ ᠳᠤᠨᠤᠭ᠎ᠢ ᠥᠭᠡᠷᠡᠴᠢᠯᠡᠬᠦ᠎ᠪᠡᠷ ᠳᠠᠮᠵᠢᠨ ᠠᠳᠠᠯᠢ ᠪᠤᠰᠤ ᠴᠢᠳᠠᠪᠤᠷᠢ᠎ᠶᠢ ᠪᠡᠶᠡᠯᠡᠭᠦᠯᠵᠦ᠂ ᠡᠭᠦᠨ᠎ᠦ ᠤᠯᠠᠮ᠎ᠡᠴᠡ《ᠵᠥᠭᠡᠯᠡᠨ ᠳᠤᠨᠤᠭ᠎ᠤᠨ ᠲᠣᠮᠢᠶᠠᠯᠠᠯ᠎ᠤᠨ ᠲᠡᠢᠷᠦᠯᠲᠦ ᠰᠤᠮᠤ 》 ᠶ᠋ᠢ ᠪᠡᠶᠡᠯᠡᠭᠦᠯᠵᠠᠢ᠃ ᠰᠢᠨ᠎ᠡ ᠬᠡᠯᠪᠡᠷᠢ᠎ᠶᠢᠨ ᠪᠦᠲᠦᠴᠡ ᠳᠣᠣᠷ᠎ᠠ᠂ ᠰᠤᠮᠤᠨ ᠳᠡᠭᠡᠷᠡᠬᠢ ᠪᠠ ᠭᠠᠵᠠᠷ ᠳᠡᠭᠡᠷᠡᠬᠢ ᠲᠥᠬᠦᠭᠡᠷᠦᠮᠵᠢ᠎ᠶᠢᠨ ᠲᠣᠭ᠎ᠠ᠎ᠶᠢ ᠲᠤᠰ ᠲᠤᠰ 50% ᠪᠠ 80%᠎ᠡᠴᠡ ᠳᠡᠭᠡᠭᠰᠢ ᠪᠠᠭᠠᠰᠬᠠᠪᠠ᠃ ᠲᠡᠢᠷᠦᠯᠲᠦ ᠰᠤᠮᠤ᠎ᠶᠢ ᠵᠢᠵᠢᠭᠦᠷᠯᠡᠨ ᠰᠠᠬᠢᠬᠤ ᠬᠥᠮᠥᠨ ᠦᠭᠡᠢ ᠪᠡᠷ ᠠᠯᠤᠰ᠎ᠡᠴᠡ ᠳᠠᠷᠤᠪᠴᠢ ᠪᠡᠷ ᠬᠠᠷᠪᠤᠬᠤ᠎ᠶᠢ ᠪᠡᠶᠡᠯᠡᠭᠦᠯᠵᠦ᠂ ᠥᠨᠳᠥᠷ ᠨᠡᠢᠳᠡᠮ ᠬᠡᠷᠡᠭᠯᠡᠭᠡᠨ᠎ᠦ ᠴᠢᠨᠠᠷ᠂ ᠴᠢᠩᠭ᠎ᠠ ᠰᠢᠯᠵᠢᠭᠦᠯᠦᠨ ᠰᠠᠭᠤᠯᠭᠠᠬᠤ ᠴᠢᠨᠠᠷ ᠪᠠ ᠥᠨᠳᠥᠷ ᠠᠵᠤ ᠠᠬᠤᠢ᠎ᠶᠢᠨ ᠴᠢᠨᠠᠷᠲᠠᠢ ᠪᠠᠢᠵᠤ᠂ ᠦᠷ᠎ᠠ ᠠᠰᠢᠭᠲᠦ ᠴᠢᠨᠠᠷ᠂ ᠨᠠᠢᠳᠠᠪᠤᠷᠢᠲᠤ ᠴᠢᠨᠠᠷ ᠪᠠ ᠭᠡᠷ᠎ᠡ᠎ᠶᠢ ᠭᠦᠢᠴᠡᠳᠬᠡᠬᠦ ᠴᠢᠳᠠᠪᠤᠷᠢ ᠪᠡᠷ ᠳᠤᠮᠳᠠᠳᠤ ᠤᠯᠤᠰ᠎ᠤᠨ ᠠᠷᠠᠳ᠎ᠤᠨ ᠬᠤᠳᠠᠯᠳᠤᠭᠠᠨ᠎ᠤ ᠲᠡᠢᠷᠦᠯᠲᠦ ᠰᠤᠮᠤ᠎ᠶᠢᠨ ᠬᠠᠷᠪᠤᠯᠲᠠ᠎ᠶᠢᠨ ᠦᠢᠯᠡᠴᠢᠯᠡᠭᠡᠨ᠎ᠦ ᠵᠠᠬ᠎ᠠ ᠳᠡᠯᠭᠡᠭᠦᠷ᠎ᠦᠨ ᠡᠵᠡᠯᠡᠬᠦ ᠨᠤᠷᠮ᠎ᠠ᠎ᠪᠠᠷ ᠨᠢᠭᠡᠳᠦᠭᠡᠷ᠎ᠲᠦ ᠣᠷᠣᠵᠤ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠳᠡᠯᠡᠬᠡᠢ᠎ᠳᠦ ᠬᠠᠨᠳᠤᠬᠤ᠂ ᠪᠦᠬᠦ ᠪᠥᠮᠪᠥᠷᠴᠡᠭ᠎ᠲᠦ ᠦᠢᠯᠡᠴᠢᠯᠡᠬᠦ ᠴᠢᠬᠤᠯᠠ ᠠᠴᠢᠶᠠᠯᠠᠪᠤᠷᠢ ᠪᠣᠯᠤᠭᠰᠠᠨ ᠪᠠᠢᠨ᠎ᠠ᠃ ᠢᠷᠡᠭᠡᠳᠦᠢ᠎ᠳᠦ᠂ ᠯᠢ ᠵᠢᠶᠠᠨ ᠨᠢᠭᠡᠳᠦᠭᠡᠷ᠎ᠦᠨ ᠲᠥᠯᠥᠪᠯᠡᠭᠡ᠎ᠳᠦ ᠰᠢᠬᠦᠷ᠎ᠢᠶᠡᠷ ᠪᠠᠭᠤᠯᠭᠠᠵᠤ ᠡᠭᠡᠭᠦᠯᠦᠨ ᠬᠤᠷᠢᠶᠠᠬᠤ ᠵᠡᠷᠭᠡ ᠮᠡᠷᠭᠡᠵᠢᠯ᠎ᠢ ᠣᠷᠣᠭᠤᠯᠤᠨ ᠠᠪᠴᠢᠷᠠᠵᠤ᠂ ᠡᠭᠦᠷᠭᠡ᠎ᠶᠢᠨ ᠵᠣᠬᠢᠴᠠᠬᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠪᠤᠯᠲᠠ᠎ᠶᠢᠨ ᠥᠪᠡᠷ᠎ᠦᠨ ᠥᠷᠲᠡᠭ᠎ᠢ ᠪᠠᠭᠤᠷᠠᠭᠤᠯᠬᠤ ᠪᠤᠯᠤᠨ᠎ᠠ ᠭᠡᠵᠦ ᠲᠠᠨᠢᠯᠴᠠᠭᠤᠯᠪᠠ᠃