ᠰᠤᠷᠪᠤᠯᠵᠢᠯᠠᠭᠴᠢ 《ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ᠢᠡᠷ ᠰᠠᠭᠤᠷᠢ ᠪᠤᠯᠭᠠᠭᠰᠠᠨ ᠭᠤᠤᠯᠳᠠᠯᠭ᠎ᠠ ᠲᠠᠢ ᠬᠦᠷᠢᠶᠡᠨ ᠤ᠋ ᠦᠬᠡᠷᠡᠴᠢᠯᠡᠯᠳᠡ ᠢ᠋ᠢ ᠬᠦᠨᠵᠡᠬᠡᠢᠷᠡᠬᠦᠯᠵᠤ ᠴᠢᠨᠠᠷ ᠰᠠᠢᠳᠡᠢ ᠬᠦᠭᠵᠢᠯᠳᠡ ᠢ᠋ᠢᠨ ᠬᠦᠳᠡᠯᠬᠡᠬᠦ ᠬᠦᠴᠤᠨ ᠢ᠋ ᠴᠢᠨᠭᠭᠠᠳᠬᠠᠬᠤ》 ᠲᠤᠰᠬᠠᠢ ᠲᠠᠯᠠᠪᠠᠢ ᠰᠤᠨᠢᠨ ᠮᠡᠲᠡᠭᠡ ᠨᠡᠢᠲᠡᠯᠡᠬᠦ᠌ ᠬᠤᠷᠠᠯ ᠡᠴᠡ ᠤᠢᠯᠠᠭᠠᠭᠰᠠᠨ ᠢ᠋ᠢᠡᠷ᠂ ᠥᠪᠥᠷ ᠮᠣᠩᠭᠣᠯᠬᠢᠨᠠᠯᠲᠠ ᠬᠠᠮᠢᠶᠠᠷᠤᠯᠲᠠ᠎ᠶ᠋ᠢ ᠵᠢᠷᠤᠮᠵᠢᠭᠤᠯᠬᠤ᠂ ᠱᠠᠩᠨᠠᠵᠤ ᠲᠣᠷᠭᠠᠬᠤ᠎ᠶ᠋ᠢ ᠪᠦᠷᠢᠨᠱᠢᠭᠦᠯᠬᠦ᠌᠂ ᠱᠢᠯᠢᠳᠡᠭ᠌ᠵᠢᠭᠦᠯᠦᠨ ᠰᠡᠷᠭᠦᠭᠡᠬᠦ᠌᠂ ᠢᠲᠡᠭᠡᠮᠵᠢ᠎ᠶ᠋ᠢ ᠠᠮᠢᠳᠤᠯᠢᠭ ᠪᠣᠯᠭᠠᠬᠤ ᠵᠡᠷᠭᠡ ᠱᠢᠷᠢᠰ ᠠᠷᠭ᠎ᠠ ᠬᠡᠮᠵᠢᠶ᠎ᠡ᠎ᠪᠡᠷ ᠳᠠᠮᠵᠢᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠪᠠ᠃
ᠦᠪᠤᠷ ᠮᠤᠨᠭᠭᠤᠯ 《ᠲᠦᠭ᠌ᠰᠢᠭᠦᠷᠢ + ᠢᠲᠡᠭᠡᠮᠵᠢ》 ᠶ᠋ᠢᠨ ᠲᠠᠰ ᠲᠥᠷᠥᠯ ᠬᠤᠪᠢᠶᠠᠨ ᠪᠠᠢᠴᠠᠭᠠᠬᠤ ᠵᠠᠭ᠍ᠪᠤᠷ᠎ᠢ ᠱᠢᠨᠡᠴᠢᠯᠡᠵᠤ᠂ ᠪᠠᠢᠴᠠᠭᠠᠯᠲᠠ᠎ᠶ᠋ᠢᠨ ᠨᠠᠷᠢᠨ ᠲᠠᠨᠭᠰᠠ ᠪᠠ 《ᠤᠴᠢᠷ ᠥᠬᠡᠶ ᠪᠣᠯ ᠬᠠᠷᠱᠢᠯᠠᠬᠤ ᠥᠬᠡᠶ》 ᠠᠵᠤ ᠠᠬᠤᠢᠯᠠᠯ᠎ᠤᠨ ᠨᠠᠷᠢᠨ ᠲᠠᠨᠭᠰᠠ ᠢ᠋ᠢ ᠬᠥᠳᠡᠯᠦᠩᠭᠦᠶ᠎ᠪᠡᠷ ᠲᠣᠬᠢᠷᠠᠭᠤᠯᠪᠡ᠃ ᠨᠠᠷᠢᠨ ᠲᠠᠨᠭᠰᠠ ᠢ᠋ᠢ ᠬᠡᠷᠡᠭ᠌ᠵᠢᠭᠦᠯᠦᠭ᠌ᠰᠡᠨ᠎ᠡᠴᠡ ᠪᠥᠬᠥ᠌ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠦᠷᠢᠶᠡᠨ᠎ᠳᠡᠬᠢ ᠪᠠᠢᠴᠠᠭᠠᠯᠳᠡ ᠢ᠋ᠢᠨ ᠡᠭᠦᠷᠭᠡ ᠠᠳᠠᠯᠢ ᠬᠤᠭᠤᠴᠠᠭᠠᠨ᠎ᠤ᠎ᠬᠢ᠎ᠡᠴᠡ 5.21% ᠪᠠᠷ ᠪᠠᠭᠠᠰᠴᠤ᠌᠂ ᠠᠵᠤ ᠠᠬᠤᠢᠯᠠᠯ᠎ᠢ᠋ ᠪᠠᠢᠴᠠᠭᠠᠬᠤ ᠪᠦᠯᠦᠭ ᠤᠳᠠᠭ᠎ᠠ 8.41% ᠪᠠᠷ ᠪᠠᠭᠠᠰᠴᠤ᠌᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠵᠤ ᠬᠠᠤᠯᠢ ᠬᠡᠷᠡᠭ᠌ᠵᠢᠭᠦᠯᠦᠭ᠌ᠰᠡᠨ ᠬᠤᠪᠢ᠎ᠶ᠋ᠢᠨ ᠵᠢᠩ᠎ᠨᠢ 41.47% ᠪᠠᠢᠭ᠍ᠰᠠᠨ᠎ᠠᠴᠠ᠎ᠪᠠᠨ 50.25% ᠪᠣᠯᠤᠨ ᠳᠡᠭᠡᠭ᠌ᠰᠢᠯᠡᠵᠦ᠍᠂ ᠠᠰᠠᠭᠤᠳᠠᠯ᠎ᠢ ᠢᠯᠡᠷᠡᠭᠦᠯᠦᠭ᠌ᠰᠡᠨ ᠨᠣᠷᠮ᠎ᠠ᠎ᠨᠢ 27.41% ᠪᠠᠢᠭ᠍ᠰᠠᠨ᠎ᠠᠴᠠ᠎ᠪᠠᠨ 41.72% ᠪᠣᠯᠤᠨ ᠨᠡᠮᠡᠭ᠌ᠳᠡᠪᠡ᠃ ᠪᠥᠬᠥ᠌ ᠣᠷᠣᠨ᠎ᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠬᠢᠨ ᠡᠵᠡᠩᠨᠡᠯᠲᠡ᠎ᠶ᠋ᠢᠨ ᠬᠡᠪ᠎ᠦᠨ ᠪᠤᠰᠤ ᠨᠡᠷᠡᠰ᠎ᠦᠨ ᠵᠢᠭ᠍ᠰᠠᠭᠠᠯᠲᠠ ᠪᠠ ᠬᠦᠨᠳᠦ ᠨᠣᠴᠢᠲᠠᠶ ᠬᠠᠤᠯᠢ᠎ᠠᠴᠠ ᠵᠥᠷᠢᠴᠡᠨ ᠢᠲᠡᠭᠡᠯ ᠠᠯᠳᠠᠭ᠍ᠰᠠᠨ ᠨᠡᠷᠡᠰ᠎ᠦᠨ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠣᠳᠣᠬᠠᠨ᠎ᠳᠤ ᠨᠢᠭᠡᠨᠲᠡ 19 ᠡᠷᠦᠬᠡ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠬᠦᠨᠳᠦ ᠨᠣᠴᠢᠲᠠᠶ ᠬᠠᠤᠯᠢ᠎ᠠᠴᠠ ᠵᠥᠷᠢᠴᠡᠨ ᠢᠲᠡᠭᠡᠯ ᠠᠯᠳᠠᠭ᠍ᠰᠠᠨ ᠨᠡᠷᠡᠰ᠎ᠲᠦ ᠵᠢᠭ᠍ᠰᠠᠭᠠᠨ ᠣᠷᠣᠭᠤᠯᠤᠭ᠍ᠰᠠᠨ ᠪᠥᠭᠡᠳ ᠢᠯᠡ ᠨᠡᠢᠲᠡᠯᠡᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢᠲᠡ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠶᠣᠰᠣᠭᠠᠷ ᠢᠲᠡᠭᠡᠯ ᠠᠯᠳᠠᠭ᠍ᠰᠠᠨ ᠭᠤᠤᠯ ᠴᠣᠭ᠍ᠴᠠ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠌᠂ ᠲᠡᠷᠢᠭᠦᠨ᠎ᠦ ᠬᠢ ᠪᠠ ᠱᠢᠯᠢᠳᠡᠭ᠎ᠢ ᠱᠢᠯᠭᠠᠷᠠᠭᠤᠯᠬᠤ ᠵᠡᠷᠭᠡ ᠲᠠᠯ᠎ᠠ᠎ᠪᠠᠷ ᠬᠢᠵᠠᠭᠠᠷᠯᠠᠭ᠍ᠳᠠᠬᠤ ᠪᠤᠶᠤ ᠣᠷᠣᠬᠤ᠎ᠶ᠋ᠢ ᠴᠠᠭᠠᠵᠠᠯᠠᠵᠤ᠂ 《ᠨᠢᠭᠡ ᠭᠠᠵᠠᠷ ᠬᠠᠤᠯᠢ᠎ᠠᠴᠠ ᠵᠥᠷᠢᠴᠡᠪᠡᠯ᠂ ᠭᠠᠵᠠᠷ ᠪᠣᠯᠭᠠᠨ᠎ᠳᠤ ᠬᠢᠵᠠᠭᠠᠷᠯᠠᠭ᠍ᠳᠠᠬᠤ》 ᠬᠠᠮᠲᠤᠷᠠᠨ ᠵᠠᠯᠬᠠᠭᠠᠨ ᠴᠡᠭᠡᠷᠯᠡᠭᠦᠯᠬᠦ᠌ ᠪᠠᠢᠷᠢᠱᠢᠯ᠎ᠢ ᠪᠤᠢ ᠪᠤᠯᠭᠠᠪᠠ᠃
ᠪᠠᠭ᠎ᠠ ᠵᠢᠵᠢᠭ ᠠᠵᠤ ᠠᠬᠤᠢᠯᠠᠯ ᠪᠤᠯᠤᠨ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠪᠠᠯᠠ ᠬᠤᠷᠠᠮᠳᠤᠭᠤᠯᠭ᠎ᠠ ᠢ᠋ᠢᠨ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠪᠡᠷᠳᠡᠬᠡᠨ ᠵᠠᠰᠠᠬᠤ ᠤᠷᠤᠨ ᠤ᠋ ᠬᠢᠨᠠᠯᠳᠡ ᠬᠠᠮᠢᠶᠠᠷᠤᠯᠳᠡ ᠢ᠋ᠢᠨ ᠰᠠᠯᠠᠭ᠎ᠠ ᠮᠦᠴᠢᠷ ᠤ᠋ᠨ ᠬᠢᠨ ᠮᠥᠩᠭᠥᠨ ᠭᠦᠶ᠋ᠯᠭᠡᠭᠡᠨ᠎ᠦ ᠰᠠᠯᠠᠭ᠎ᠠ ᠮᠥᠴᠢᠷ᠎ᠯᠦᠭᠡ ᠬᠠᠮᠳᠤᠷᠡᠨ 《ᠦᠪᠤᠷ ᠮᠤᠨᠭᠭᠤᠯ ᠤ᠋ᠨ ᠬᠤᠪᠢ ᠢ᠋ᠢᠨ ᠤᠢᠯᠡᠳᠪᠤᠷᠢ ᠬᠤᠳᠠᠯᠳᠤᠭᠠᠨ ᠤ᠋ ᠡᠷᠤᠬᠡ ᠢ᠋ᠢᠨ ᠢᠲᠡᠭᠡᠮᠵᠢᠲᠦ ᠵᠢᠭᠡᠯᠡᠯᠭᠡ》᠎ᠶ᠋ᠢ ᠭᠠᠷᠭᠠᠵᠤ᠂ ᠢᠲᠡᠭᠡᠮᠵᠢ᠎ᠶ᠋ᠢᠨ ᠦᠨᠡᠯᠡᠯᠲᠡ᠎ᠪᠡᠷ ᠰᠠᠭᠤᠷᠢ ᠪᠠᠷᠢᠮᠵᠢᠶ᠎ᠠ ᠪᠤᠯᠭᠠᠨ᠂ ᠪᠠᠷᠢᠴᠠᠭᠠᠯᠠᠨ ᠳᠠᠭᠠᠭᠠᠯᠲᠠ ᠬᠢᠬᠦ᠌ ᠴᠢᠬᠤᠯᠡ ᠦᠬᠡᠢ ᠪᠤᠯᠭᠠᠵᠤ᠂ ᠬᠦᠦ ᠮᠥᠩᠭᠥ᠎ᠶ᠋ᠢᠨ ᠨᠣᠷᠮ᠎ᠠ ᠢ᠋ᠢ 3.45% ᠪᠣᠯᠲᠠᠯ᠎ᠠ ᠪᠠᠭᠤᠷᠠᠭᠤᠯᠵᠤ᠂ ᠬᠠᠮᠤᠭ᠎ᠤᠨ ᠥᠨᠳᠥᠷ ᠢᠲᠡᠭᠡᠮᠵᠢ᠎ᠶ᠋ᠢᠨ ᠲᠣᠭ᠎ᠠ ᠬᠡᠮᠵᠢᠶᠡᠢ᠋ᠢ 500 ᠲᠦᠮᠡ ᠳ᠋ᠤ᠌ ᠬᠦᠷᠬᠡᠵᠤ᠂ ᠨᠡᠢᠲᠡ 2.4 ᠲᠦᠮᠡᠨ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠳᠦ 80 ᠳ᠋ᠦᠩᠱᠢᠭᠤᠷ ᠲᠥᠭᠥᠷᠢᠭ᠎ᠦᠨ ᠢᠲᠡᠭᠡᠮᠵᠢᠲᠦ ᠵᠢᠭᠡᠯᠡᠯᠭᠡ ᠣᠯᠭᠣᠪᠠ᠃