ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠤᠷᠢ ᠶ᠋ᠢᠨ ᠲᠢᠩᠬᠢᠮ ᠡᠴᠡ ᠤᠢᠯᠠᠭᠠᠭᠰᠠᠨ ᠶ᠋ᠢᠡᠷ᠂ ᠪᠤᠭᠤᠳᠤ — ᠢᠷᠭᠠᠢ ᠬᠦᠷᠬᠦ ᠲᠦᠷᠭᠡᠨ ᠤ᠋ ᠲᠡᠮᠦᠷ ᠵᠠᠮ ᠤ᠋ᠨ ᠪᠤᠭᠤᠳᠤ ᠡᠴᠡ ᠬᠤᠢ ᠨᠦᠩ ᠬᠦᠷᠬᠦ ᠬᠡᠰᠡᠭ ᠤ᠋ᠨ ᠪᠠᠷᠢᠯᠭ᠎ᠠ ᠤᠢᠷ᠎ᠠ ᠳ᠋ᠤ ᠤᠯᠤᠰ ᠤ᠋ᠨ ᠲᠡᠮᠦᠷ ᠵᠠᠮ ᠤ᠋ᠨ ᠪᠦᠯᠦᠭᠯᠡᠯ ᠡᠴᠡ ᠵᠤᠬᠢᠶᠠᠨ ᠪᠠᠢᠭᠤᠯᠤᠭᠰᠠᠨ ᠬᠦᠳᠡᠯᠦᠩᠭᠦᠢ ᠰᠢᠯᠭᠠᠨ ᠪᠠᠢᠴᠠᠭᠠᠯᠳᠠ ᠶ᠋ᠢ ᠠᠮᠵᠢᠯᠳᠠ ᠲᠠᠢ ᠦᠩᠭᠡᠷᠡᠭᠦᠯᠵᠦ᠂ ᠰᠢᠯᠭᠠᠨ ᠪᠠᠢᠴᠠᠭᠠᠬᠤ ᠶ᠋ᠢ ᠬᠦᠯᠢᠶᠡᠨ ᠠᠪᠬᠤ ᠨᠦᠬᠦᠴᠡᠯ ᠢ᠋ ᠠᠩᠬ᠎ᠠ ᠠᠯᠬᠤᠮ ᠪᠦᠷᠢᠯᠳᠦᠭᠦᠯᠵᠠᠢ᠃ ᠡᠨᠡ ᠨᠢ ᠳᠤᠮᠳᠠᠳᠤ ᠤᠯᠤᠰ ᠤ᠋ᠨ ᠤᠮᠠᠷᠠᠳᠦ ᠤᠷᠤᠨ ᠪᠠ ᠪᠠᠷᠠᠭᠤᠨ ᠬᠤᠢᠳᠤ ᠤᠷᠤᠨ ᠢ᠋ ᠬᠤᠯᠪᠤᠭᠰᠠᠨ ᠵᠠᠮ ᠬᠠᠷᠢᠯᠴᠠᠭᠠᠨ ᠤ᠋ ᠴᠢᠬᠤᠯᠠ ᠬᠦᠢᠰᠦ ᠪᠤᠯᠬᠤ ᠪᠤᠭᠤᠳᠤ — ᠢᠷᠭᠠᠢ ᠬᠦᠷᠬᠦ ᠲᠦᠷᠭᠡᠨ ᠤ᠋ ᠲᠡᠮᠦᠷ ᠵᠠᠮ ᠤ᠋ᠨ ᠡᠵᠡᠩᠨᠡᠯᠳᠡ ᠵᠢ ᠡᠬᠢᠯᠡᠭᠦᠯᠬᠦ ᠠᠵᠢᠯ ᠡᠴᠤᠰ ᠤ᠋ᠨ ᠰᠢᠪᠳᠤᠯᠤᠯᠳᠠ ᠶ᠋ᠢᠨ ᠱᠠᠳᠤᠨ ᠳ᠋ᠤ ᠤᠷᠤᠭᠰᠠᠨ ᠢ᠋ ᠬᠠᠷᠠᠭᠤᠯᠵᠤ ᠪᠠᠢᠨ᠎ᠠ᠃
ᠬᠦᠳᠡᠯᠦᠩᠭᠦᠢ ᠰᠢᠯᠭᠠᠨ ᠪᠠᠢᠴᠠᠭᠠᠯᠳᠠ ᠪᠤᠯ ᠲᠦᠷᠭᠡᠨ ᠤ᠋ ᠲᠡᠮᠦᠷ ᠵᠠᠮ ᠤ᠋ᠨ ᠪᠠᠷᠢᠯᠭ᠎ᠠ ᠶ᠋ᠢᠨ ᠶᠠᠰᠤ ᠴᠢᠨᠠᠷ ᠢ᠋ ᠰᠢᠯᠭᠠᠨ ᠦᠨᠡᠯᠡᠬᠦ ᠠᠵᠢᠯ ᠤ᠋ᠨ ᠴᠢᠬᠤᠯᠠ ᠪᠦᠷᠢᠯᠳᠦᠭᠦᠨ ᠬᠡᠰᠡᠭ ᠪᠠᠢᠵᠤ᠂ ᠭᠤᠤᠯᠳᠠᠭᠤ ᠬᠠᠮᠳᠤᠷᠠᠭᠰᠠᠨ ᠳᠤᠬᠢᠷᠠᠭᠤᠯᠤᠯᠳᠠ ᠬᠠᠮᠳᠤᠷᠠᠭᠰᠠᠨ ᠲᠤᠷᠰᠢᠯᠳᠠ ᠬᠢᠬᠦ᠂ ᠬᠦᠳᠡᠯᠦᠩᠬᠦᠢ ᠪᠡᠷ ᠰᠢᠯᠭᠠᠨ ᠪᠠᠢᠴᠠᠭᠠᠬᠤ ᠵᠡᠷᠭᠡ ᠠᠷᠭ᠎ᠠ ᠬᠡᠯᠪᠡᠷᠢ ᠪᠡᠷ ᠭᠠᠯᠳᠦ ᠲᠡᠷᠭᠡ ᠠᠶᠠᠯᠠᠵᠤ ᠪᠠᠢᠬᠤ ᠪᠠᠢᠳᠠᠯ ᠳ᠋ᠤ ᠲᠡᠮᠦᠷ ᠵᠠᠮ᠂ ᠬᠦᠭᠦᠷᠭᠡ᠂ ᠨᠦᠭᠡᠨ ᠵᠠᠮ ᠵᠢᠴᠢ ᠴᠢᠮᠡᠭᠡ ᠨᠡᠪᠳᠡᠷᠡᠯᠭᠡ᠂ ᠳᠤᠬᠢᠶ᠎ᠠ᠂ ᠴᠠᠬᠢᠯᠭᠠᠨ ᠬᠦᠴᠦ᠂ ᠴᠠᠬᠢᠯᠭᠠᠨ ᠮᠠᠰᠢᠨ ᠵᠡᠷᠭᠡ 《ᠳᠦᠷᠪᠡᠨ ᠵᠦᠢᠯ ᠤ᠋ᠨ ᠴᠠᠬᠢᠯᠭᠠᠨ ᠤ᠋ ᠰᠢᠰᠲ᠋ᠧᠮ》 ᠤ᠋ᠨ ᠶᠠᠰᠤ ᠴᠢᠨᠠᠷ ᠢ᠋ ᠪᠦᠬᠦ ᠲᠠᠯ᠎ᠠ ᠪᠡᠷ ᠰᠢᠯᠭᠠᠨ ᠨᠤᠳᠠᠯᠠᠳᠠᠭ᠃ ᠲᠡᠭᠦᠨᠴᠢᠯᠡᠨ ᠠᠶᠠᠯᠠᠯ ᠤ᠋ᠨ ᠲᠤᠷᠰᠢᠯᠳᠠ ᠬᠢᠬᠦ ᠪᠡᠷ ᠳᠠᠮᠵᠢᠨ ᠪᠦᠬᠦᠢᠯᠡ ᠰᠢᠰᠲ᠋ᠧᠮ ᠤ᠋ᠨ ᠬᠡᠪ ᠤ᠋ᠨ ᠪᠤᠶᠤ ᠬᠡᠪ ᠤ᠋ᠨ ᠪᠤᠰᠤ ᠡᠵᠡᠩᠨᠡᠯᠳᠡ ᠶ᠋ᠢᠨ ᠨᠦᠬᠦᠴᠡᠯ ᠪᠠᠢᠳᠠᠯ ᠳ᠋ᠡᠬᠢ ᠵᠤᠬᠢᠶᠠᠨ ᠪᠠᠢᠭᠤᠯᠬᠤ ᠴᠢᠳᠠᠪᠤᠷᠢ᠂ ᠠᠶᠠᠨᠴᠢᠳ ᠤ᠋ᠨ ᠦᠢᠯᠡᠴᠢᠯᠡᠭᠡ ᠵᠢᠴᠢ ᠪᠠᠴᠢᠮ ᠪᠠᠢᠳᠠᠯ ᠢ᠋ ᠠᠷᠭᠠᠴᠠᠭᠠᠨ ᠠᠪᠤᠷᠠᠨ ᠲᠤᠰᠠᠯᠠᠬᠤ ᠴᠢᠳᠠᠪᠤᠷᠢ ᠶ᠋ᠢ ᠰᠢᠯᠭᠠᠨ ᠪᠠᠢᠴᠠᠭᠠᠵᠤ᠂ ᠲᠦᠷᠭᠡᠨ ᠤ᠋ ᠭᠠᠯᠳᠦ ᠲᠡᠷᠭᠡ ᠶ᠋ᠢᠨ ᠠᠮᠦᠷ ᠲᠦᠪᠰᠢᠨ ᠶ᠋ᠢᠡᠷ ᠡᠵᠡᠩᠨᠡᠯᠳᠡ ᠬᠢᠬᠦ ᠶ᠋ᠢ ᠪᠠᠳᠤᠯᠠᠨ᠎ᠠ᠃ ᠤᠯᠤᠰ ᠤ᠋ᠨ 《ᠨᠠᠶ᠋ᠮᠠᠨ ᠬᠦᠨᠳᠡᠯᠡᠨ ᠨᠠᠶ᠋ᠮᠠᠨ ᠭᠤᠯᠳᠤ》 ᠲᠦᠷᠭᠡᠨ ᠤ᠋ ᠲᠡᠮᠦᠷ ᠵᠠᠮ ᠤ᠋ᠨ ᠲᠤᠤᠷ ᠤ᠋ᠨ ᠪᠡᠭᠡᠵᠢᠩ ᠡᠴᠡ ᠯᠠᠨᠵᠧᠤ ᠬᠦᠷᠬᠦ ᠲᠦᠷᠭᠡᠨ ᠤ᠋ ᠲᠡᠮᠦᠷ ᠵᠠᠮ ᠤ᠋ᠨ ᠴᠢᠬᠤᠯᠠ ᠪᠦᠷᠢᠯᠳᠦᠭᠦᠨ ᠬᠡᠰᠡᠭ ᠪᠤᠯᠤᠭᠰᠠᠨ ᠤ᠋ ᠬᠤᠪᠢ ᠳ᠋ᠤ᠂ ᠪᠤᠭᠤᠳᠤ — ᠢᠷᠭᠠᠢ ᠬᠦᠷᠬᠦ ᠲᠦᠷᠭᠡᠨ ᠤ᠋ ᠲᠡᠮᠦᠷ ᠵᠠᠮ ᠤ᠋ᠨ ᠪᠦᠲᠦᠭᠡᠨ ᠪᠠᠢᠭᠤᠯᠤᠯᠳᠠ ᠪᠦᠬᠦ ᠲᠠᠯ᠎ᠠ ᠪᠡᠷ ᠳᠠᠭᠤᠰᠴᠤ ᠠᠰᠢᠭᠯᠠᠯᠳᠠ ᠳ᠋ᠤ ᠤᠷᠤᠬᠤ ᠨᠢ ᠨᠢᠩᠰᠢᠶᠠ᠂ ᠦᠪᠦᠷ ᠮᠤᠩᠭᠤᠯ ᠵᠡᠷᠭᠡ ᠮᠠᠨ ᠤ᠋ ᠤᠯᠤᠰ ᠤ᠋ᠨ ᠪᠠᠷᠠᠭᠤᠨ ᠪᠡᠶ᠎ᠠ ᠶ᠋ᠢᠨ ᠮᠤᠵᠢ ᠤᠷᠤᠨ ᠬᠢᠭᠡᠳ ᠤᠮᠠᠷᠠᠳᠦ ᠤᠷᠤᠨ ᠤ᠋ ᠲᠦᠷᠭᠡᠨ ᠬᠤᠷᠳᠤᠴᠠᠳᠤ ᠠᠶᠠᠨᠴᠢᠨ ᠤ᠋ ᠵᠦᠭᠡᠭᠡᠪᠤᠷᠢ ᠶ᠋ᠢᠨ ᠵᠠᠮ ᠢ᠋ ᠪᠦᠷᠢᠮᠦᠰᠦᠨ ᠰᠢᠯᠤᠭᠤᠳᠬᠠᠵᠤ᠂ ᠤᠯᠤᠰ ᠤ᠋ᠨ ᠲᠦᠷᠭᠡᠨ ᠤ᠋ ᠲᠡᠮᠦᠷ ᠵᠠᠮ ᠤ᠋ᠨ ᠲᠤᠤᠷ ᠤ᠋ᠨ ᠪᠦᠲᠦᠴᠡ ᠶ᠋ᠢ ᠲᠡᠭᠦᠯᠳᠡᠷᠵᠢᠭᠦᠯᠦᠨ᠂ ᠪᠠᠷᠠᠭᠤᠨ ᠤᠷᠤᠨ ᠢ᠋ ᠶᠡᠬᠡ ᠪᠡᠷ ᠨᠡᠭᠡᠭᠡᠨ ᠬᠦᠭᠵᠢᠭᠦᠯᠬᠦ ᠪᠠᠢᠯᠳᠤᠬᠤ ᠪᠤᠳᠤᠯᠭ᠎ᠠ ᠶ᠋ᠢᠨ ᠬᠡᠷᠡᠭᠵᠢᠭᠦᠯᠦᠯᠳᠡ ᠶ᠋ᠢ ᠠᠬᠢᠭᠤᠯᠬᠤ᠂ ᠲᠡᠮᠦᠷ ᠵᠠᠮ ᠳᠠᠭᠠᠤ ᠭᠠᠵᠠᠷ ᠤᠷᠤᠨ ᠤ᠋ ᠠᠵᠤ ᠠᠬᠤᠢ ᠨᠡᠢᠭᠡᠮ ᠤ᠋ᠨ ᠵᠤᠬᠢᠴᠠᠩᠭᠤᠢ ᠬᠦᠭᠵᠢᠯᠳᠡ ᠶ᠋ᠢ ᠠᠬᠢᠭᠤᠯᠬᠤ ᠳ᠋ᠤ ᠴᠢᠬᠤᠯᠠ ᠶᠡᠬᠡ ᠪᠠᠢᠯᠳᠤᠬᠤ ᠪᠤᠳᠤᠯᠭ᠎ᠠ ᠶ᠋ᠢᠨ ᠠᠴᠢ ᠬᠤᠯᠪᠤᠭᠳᠠᠯ ᠲᠠᠢ ᠶᠤᠮ᠃ ᠤᠢᠯᠠᠭᠠᠭᠰᠠᠨ ᠵᠢᠡᠷ᠂ ᠡᠨᠡ ᠵᠢᠯ ᠤ᠋ᠨ ᠰᠡᠭᠦᠯᠴᠢ ᠪᠡᠷ ᠪᠤᠭᠤᠳᠤ — ᠢᠷᠭᠠᠢ ᠬᠦᠷᠬᠦ ᠲᠦᠷᠭᠡᠨ ᠤ᠋ ᠲᠡᠮᠦᠷ ᠵᠠᠮ ᠵᠢᠡᠷ ᠲᠡᠷᠭᠡ ᠨᠡᠪᠳᠡᠷᠡᠭᠦᠯᠬᠦ ᠪᠡᠷ ᠲᠦᠯᠦᠪᠯᠡᠵᠦ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号